ᠳᠣᠯᠣᠳᠡᠬᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠬᠦᠷᠴᠦ ᠢᠷᠡᠬᠦ ᠲᠠᠰᠢᠷᠠᠮ ᠢᠶᠠᠷ ᠰᠢ ᠶᠢᠨ ᠫᠢᠩ ᠪᠥᠬᠦ ᠤᠯᠤᠰ ᠤᠨ ᠥᠷᠭᠡᠨ ᠣᠯᠠᠨ ᠲᠠᠷᠢᠶᠠᠴᠢᠨ ᠪᠣᠯᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠹᠷᠣᠨᠲ ᠲᠠᠬᠢ ᠨᠥᠬᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ ᠴᠢᠩ ᠰᠡᠳᠭᠢᠯ ᠠᠴᠠ ᠪᠠᠨ ᠳᠤᠬᠤᠨᠢᠭᠤᠯᠪᠠ
ᠨᠡᠶᠢᠲᠡᠯᠡᠭᠰᠡᠨ ᠴᠠᠭ᠄
2024/9/24
      ᠳᠣᠯᠣᠳᠡᠬᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ ᠪᠥᠬᠦ ᠤᠯᠤᠰ ᠤᠨ ᠥᠷᠭᠡᠨ ᠣᠯᠠᠨ ᠲᠠᠷᠢᠶᠠᠴᠢᠨ ᠪᠣᠯᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠹᠷᠣᠨᠲ ᠲᠠᠬᠢ ᠨᠥᠬᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ ᠴᠢᠩ ᠰᠡᠳᠭᠢᠯ ᠠᠴᠠ ᠪᠠᠨ ᠳᠤᠬᠤᠨᠢᠭᠤᠯᠪᠠ᠂ ᠠᠷᠭ᠎ᠠ ᠪᠦᠬᠦᠨ ᠢ ᠰᠦᠪᠡᠭᠴᠢᠯᠡᠵᠥ ᠪᠠᠶᠢᠭᠠᠳ ᠬᠦᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠵᠥ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠥ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠵᠥ ᠲᠠᠷᠢᠶᠠᠴᠢᠨ ᠲᠦᠮᠡᠨ ᠳᠤ ᠮᠡᠳᠡᠷᠡᠭᠳᠡᠬᠦᠢ ᠪᠤᠳᠠᠳᠠᠢ ᠠᠰᠢᠭ ᠬᠦᠷᠲᠡᠭᠡᠬᠦ ᠬᠡᠷᠡᠭᠲᠡᠢ ᠭᠡᠵᠦ ᠴᠢᠬᠤᠯᠠᠴᠢᠯᠠᠵᠠᠢ᠃      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 21 ᠤ ᠴᠠᠬᠢᠯᠭᠠᠨ ᠮᠡᠳᠡᠭᠡ ᠳᠣᠯᠣᠳᠡᠬᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠥᠬᠦ ᠤᠯᠤᠰ ᠤᠨ ᠥᠷᠭᠡᠨ ᠣᠯᠠᠨ ᠲᠠᠷᠢᠶᠠᠴᠢᠨ ᠪᠣᠯᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠹᠷᠣᠨᠲ ᠲᠠᠬᠢ ᠨᠥᠬᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ ᠴᠢᠩ ᠰᠡᠳᠭᠢᠯ ᠠᠴᠠ ᠪᠠᠨ ᠳᠤᠬᠤᠨᠢᠭᠤᠯᠪᠠ᠃      ᠰᠢ ᠶᠢᠨ ᠫᠢᠩ᠂ ᠡᠨᠡ ᠵᠢᠯ ᠪᠢᠳᠡ ᠨᠡᠯᠢᠶᠡᠳ ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ ᠵᠡᠷᠭᠡ ᠠᠰᠢᠭ ᠥᠬᠡᠶ ᠨᠥᠯᠥᠭᠡ ᠶᠢ ᠢᠯᠡᠨ ᠳᠠᠪᠠᠵᠤ᠂ ᠵᠣᠨ ᠤ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠡᠷᠲᠡ ᠶᠢᠨ ᠲᠣᠳᠣᠷᠭ᠎ᠠ ᠶᠢᠨ ᠤᠨᠠᠯᠲᠠ ᠶᠢ ᠲᠣᠭᠲᠠᠭᠤᠨ ᠪᠠᠶᠢᠯᠭᠠᠬᠤ ᠶᠢ ᠪᠡᠶᠡᠯᠡᠭᠦᠯᠵᠦ᠂ ᠪᠥᠬᠦ ᠵᠢᠯ ᠤᠨ ᠠᠮᠤ ᠪᠤᠳᠠᠭ᠎ᠠ ᠳᠠᠬᠢᠨᠲᠠ ᠡᠯᠪᠡᠭ ᠬᠤᠷᠢᠶᠠᠯᠲᠠ ᠤᠯᠬᠤ ᠪᠣᠯᠤᠮᠵᠢ ᠲᠠᠢ ᠪᠤᠯᠵᠦ᠂ ᠠᠵᠤ ᠠᠬᠤᠶ ᠶᠢᠨ ᠰᠡᠷᠭᠦᠨ ᠳᠡᠭᠡᠭᠰᠢᠯᠡᠬᠦ ᠰᠠᠶᠢᠨ ᠪᠠᠶᠢᠳᠠᠯ ᠢ ᠪᠠᠬᠢᠵᠢᠭᠦᠯᠦᠨ ᠴᠢᠩᠭᠠᠳᠬᠠᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠪᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠲᠠᠷᠢᠶᠠᠯᠠᠩ ᠤᠨ ᠰᠠᠭᠤᠷᠢ ᠶᠢ ᠴᠥᠬᠦᠷᠡᠰᠢ ᠦᠭᠡᠢ ᠪᠠᠬᠢᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠬᠠᠩᠭᠠᠯᠭ᠎ᠠ ᠶᠢ ᠦᠨᠡᠨ ᠬᠦ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠦᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠴᠢᠨ ᠤᠯᠠᠨ ᠲᠦᠮᠡᠨ ᠳᠤ ᠮᠡᠳᠡᠷᠡᠭᠳᠡᠬᠦᠢ ᠪᠤᠳᠠᠳᠠᠢ ᠠᠰᠢᠭ ᠬᠦᠷᠲᠡᠭᠡᠬᠦ ᠬᠡᠷᠡᠭᠲᠡᠢ᠃ ᠥᠷᠭᠡᠨ ᠤᠯᠠᠨ ᠲᠠᠷᠢᠶᠠᠴᠢᠨ ᠲᠦᠮᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠢᠳᠡᠪᠬᠢᠲᠡᠢ ᠬᠥᠳᠡᠯᠦᠯᠴᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠰᠦᠪ ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠡᠶᠡᠯᠡᠭᠦᠯᠬᠦ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠰᠠᠭᠤᠷᠢ ᠲᠠᠯᠪᠢᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号