ᠪᠦᠭᠦ ᠤᠯᠤᠰ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠢᠭᠡᠳᠦᠯᠲᠡᠢ ᠨᠡᠶᠢᠭᠡᠮ ᠤᠨ | ᠢᠲᠡᠭᠡᠮᠵᠢ ᠶᠢᠨ ᠺᠣᠳ᠋ ᠤᠨ ᠲᠤᠭ᠎ᠠ ᠪᠠᠷᠢᠮᠲᠠ ᠶᠢᠨ ᠦᠢᠯᠡᠴᠢᠯᠡᠭᠡᠨ ᠤ ᠲᠥᠪ ᠤᠨ ᠪᠦᠷᠢᠳᠬᠡᠯ ᠢ ᠦᠨᠳᠦᠰᠦᠯᠡᠪᠡᠯ᠂ | ᠮᠠᠨ ᠤ ᠤᠯᠤᠰ ᠤᠨ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠶᠡᠷᠦᠩᠬᠡᠢ ᠬᠡᠮᠵᠢᠶ᠎ᠡ 600 ᠲᠦᠮᠡ ᠶᠢ ᠳᠠᠪᠠᠪᠠ᠃ | | ᠡᠭᠦᠨ ᠢ ᠰᠤᠷᠪᠤᠯᠵᠢᠯᠠᠬᠴᠢ 23 ᠤ ᠡᠳᠦᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ᠠᠴᠠ ᠣᠶᠢᠯᠠᠭᠠᠭᠰᠠᠨ ᠶᠤᠮ᠃ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ 2024 ᠣᠨ ᠤ 1 ᠠᠴᠠ | 8 ᠰᠠᠷ᠎ᠠ ᠪᠤᠯᠲᠠᠯ᠎ᠠ᠂ ᠮᠠᠨ ᠤ ᠤᠯᠤᠰ ᠤᠨ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ | ᠲᠣᠭᠲᠠᠭᠤᠨ ᠢᠶᠠᠷ ᠨᠡᠮᠡᠭᠳᠡᠬᠦ ᠬᠠᠨᠳᠤᠰᠢ ᠢᠯᠡᠷᠡᠪᠡ᠃ ᠵᠡᠭᠦᠨ ᠬᠡᠰᠡᠭ ᠤᠨ ᠭᠠᠵᠠᠷ ᠣᠷᠣᠨ ᠤ ᠠᠵᠤ ᠦᠢᠯᠡᠰ ᠤᠨ | ᠲᠥᠪᠯᠡᠷᠡᠯ ᠤᠨ ᠬᠡᠮᠵᠢᠶ᠎ᠡ ᠵᠢᠴᠢ ᠠᠵᠤ ᠦᠢᠯᠡᠰ ᠤᠨ ᠬᠡᠯᠬᠢᠶ᠎ᠡ ᠶᠢᠨ ᠪᠣᠯᠪᠠᠰᠤᠷᠠᠩᠭᠤᠢ ᠪᠠᠶᠢᠬᠤ ᠬᠡᠮᠵᠢᠶ᠎ᠡ ᠶᠢᠨ | ᠳᠠᠪᠠᠭᠤᠯᠢᠭ ᠨᠢ ᠢᠯᠡᠷᠬᠡᠢ ᠪᠠᠶᠢᠵᠤ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠶᠡᠷᠦᠩᠬᠡᠢ ᠬᠡᠮᠵᠢᠶᠡᠨ ᠳᠠᠬᠢ | ᠡᠵᠡᠯᠡᠬᠦ ᠬᠠᠷᠢᠴᠠᠯ ᠨᠢ ᠬᠠᠮᠤᠭ ᠤᠨ ᠥᠨᠳᠥᠷ ᠪᠠᠶᠢᠨ᠎ᠠ᠃ ᠳᠤᠮᠳᠠ ᠬᠡᠰᠡᠭ ᠤᠨ ᠭᠠᠵᠠᠷ ᠣᠷᠣᠨ ᠨᠢ ᠵᠡᠭᠦᠨᠳᠡᠬᠢ ᠶᠢ | ᠵᠠᠯᠭᠠᠮᠵᠢᠯᠠᠨ ᠪᠠᠷᠠᠭᠤᠨᠳᠡᠬᠢ ᠶᠢ ᠳᠠᠭᠠᠭᠤᠯᠵᠤ᠂ ᠡᠮᠦᠨᠡᠲᠦ ᠤᠮᠠᠷᠠᠲᠤ ᠣᠷᠣᠨ ᠢ ᠬᠤᠯᠪᠣᠭᠰᠠᠨ ᠣᠷᠣᠨ ᠪᠠᠶᠢᠷᠢ ᠶᠢᠨ | ᠳᠠᠪᠠᠭᠤᠯᠢᠭ ᠲᠠᠯ᠎ᠠ ᠨᠢ ᠥᠪᠡᠷᠮᠢᠴᠡ ᠪᠠᠶᠢᠵᠤ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠲᠤᠭ᠎ᠠ ᠬᠡᠮᠵᠢᠶᠡᠨ ᠤ | ᠨᠡᠮᠡᠭᠳᠡᠯ ᠤᠨ ᠬᠡᠮᠵᠢᠶ᠎ᠡ ᠨᠢ ᠬᠠᠮᠤᠭ ᠤᠨ ᠶᠡᠭᠡ ᠪᠠᠶᠢᠨ᠎ᠠ᠃ ᠮᠠᠨ ᠤ ᠤᠯᠤᠰ ᠤᠨ ᠦᠢᠯᠡᠳᠬᠦ ᠦᠢᠯᠡᠰ ᠤᠨ ᠠᠵᠤ | ᠠᠬᠤᠶᠢᠯᠠᠯ ᠤᠨ ᠬᠡᠪᠴᠢᠶ᠎ᠡ ᠪᠠ ᠶᠠᠰᠤ ᠴᠢᠨᠠᠷ ᠠᠯᠭᠤᠷ ᠢᠶᠠᠷ ᠳᠡᠭᠡᠭᠰᠢᠯᠡᠵᠦ᠂ ᠠᠵᠤ ᠠᠬᠤᠢ ᠶᠢᠨ ᠪᠦᠲᠦᠴᠡ ᠶᠢ | ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠬᠤ ᠤᠯᠤᠰ ᠤᠨ ᠲᠦᠷᠦ ᠶᠢᠨ ᠪᠣᠳᠣᠯᠭ᠎ᠠ ᠶᠢᠨ ᠦᠷ᠎ᠡ ᠪᠦᠲᠦᠮᠵᠢ | ᠡᠬᠢᠯᠡᠨ ᠢᠯᠡᠷᠡᠪᠡ᠃ | ᠪᠦᠷᠢᠳᠬᠡᠯ ᠢ ᠦᠨᠳᠦᠰᠦᠯᠡᠪᠡᠯ᠂ 2024 ᠣᠨ ᠤ 8 ᠰᠠᠷ᠎ᠠ ᠶᠢᠨ 31 ᠤ ᠡᠳᠦᠷ ᠪᠤᠯᠲᠠᠯ᠎ᠠ᠂ ᠮᠠᠨ ᠤ | ᠤᠯᠤᠰ ᠤᠨ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠶᠡᠷᠦᠩᠬᠡᠢ ᠬᠡᠮᠵᠢᠶ᠎ᠡ 603 ᠲᠦᠮᠡ ᠳᠤ ᠬᠦᠷᠴᠦ᠂ | 2023 ᠣᠨ ᠤ ᠡᠴᠦᠰ ᠲᠠᠢ ᠬᠠᠷᠢᠴᠠᠭᠤᠯᠪᠠᠯ 5.53% ᠪᠠᠷ ᠨᠡᠮᠡᠭᠳᠡᠵᠡᠢ᠂ ᠡᠭᠦᠨ ᠳᠤ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠲᠠᠢ ᠬᠤᠯᠪᠣᠭᠳᠠᠬᠤ ᠠᠵᠤ ᠠᠬᠤᠶᠢᠯᠠᠯ 51.53 ᠲᠦᠮᠡ | ᠪᠠᠶᠢᠵᠤ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠶᠡᠷᠦᠩᠬᠡᠢ ᠬᠡᠮᠵᠢᠶᠡᠨ ᠤ 8.55% ᠶᠢ ᠡᠵᠡᠯᠡᠵᠦ᠂ | 2023 ᠣᠨ ᠤ ᠡᠴᠦᠰ ᠲᠠᠢ ᠬᠠᠷᠢᠴᠠᠭᠤᠯᠪᠠᠯ 6.35% ᠪᠠᠷ ᠨᠡᠮᠡᠭᠳᠡᠵᠡᠢ᠃ | ᠡᠭᠦᠨ ᠳᠤ᠂ ᠵᠡᠭᠦᠨ ᠬᠡᠰᠡᠭ ᠤᠨ ᠭᠠᠵᠠᠷ ᠣᠷᠣᠨ ᠤ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠶᠡᠷᠦᠩᠬᠡᠢ | ᠬᠡᠮᠵᠢᠶ᠎ᠡ 387.2 ᠲᠦᠮᠡ ᠳᠤ ᠬᠦᠷᠴᠦ᠂ ᠮᠠᠨ ᠤ ᠤᠯᠤᠰ ᠤᠨ ᠦᠢᠯᠡᠳᠬᠦ ᠦᠢᠯᠡᠰ ᠤᠨ ᠠᠵᠤ ᠠᠬᠤᠶᠢᠯᠠᠯ ᠤᠨ | ᠶᠡᠷᠦᠩᠬᠡᠢ ᠬᠡᠮᠵᠢᠶᠡᠨ ᠤ 64.21% ᠶᠢ ᠡᠵᠡᠯᠡᠪᠡ᠃ ᠭᠤᠸᠠᠩᠳᠦ᠋ᠩ᠂ ᠵᠧᠵᠢᠶᠠᠩ᠂ ᠵᠢᠶᠠᠩᠰᠤ᠂ ᠱᠠᠨᠳᠦ᠋ᠩ᠂ ᠾᠧᠪᠧᠢ | ᠵᠡᠷᠭᠡ ᠲᠠᠪᠤᠨ ᠮᠤᠵᠢ ᠶᠢᠨ ᠦᠢᠯᠡᠳᠬᠦ ᠦᠢᠯᠡᠰ ᠤᠨ ᠠᠵᠤ ᠠᠬᠤᠶᠢᠯᠠᠯ ᠨᠡᠶᠢᠲᠡ 339.05 ᠲᠦᠮᠡ ᠪᠠᠶᠢᠵᠤ᠂ | ᠮᠠᠨ ᠤ ᠤᠯᠤᠰ ᠤᠨ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠶᠡᠷᠦᠩᠬᠡᠢ ᠬᠡᠮᠵᠢᠶᠡᠨ ᠤ 56.22% ᠢ | ᠡᠵᠡᠯᠡᠵᠦ ᠪᠠᠶᠢᠨ᠎ᠠ᠃ | ᠳᠤᠮᠳᠠ ᠬᠡᠰᠡᠭ ᠤᠨ ᠭᠠᠵᠠᠷ ᠣᠷᠣᠨ ᠤ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠶᠡᠷᠦᠩᠬᠡᠢ ᠬᠡᠮᠵᠢᠶ᠎ᠡ | 113.39 ᠲᠦᠮᠡ ᠳᠤ ᠬᠦᠷᠴᠦ᠂ ᠮᠠᠨ ᠤ ᠤᠯᠤᠰ ᠤᠨ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠶᠡᠷᠦᠩᠬᠡᠢ | ᠬᠡᠮᠵᠢᠶᠡᠨ ᠤ 18.8% ᠶᠢ ᠡᠵᠡᠯᠡᠪᠡ᠃ 2024 ᠣᠨ ᠤ 1 ᠠᠴᠠ 8 ᠰᠠᠷ᠎ᠠ ᠪᠤᠯᠲᠠᠯ᠎ᠠ᠂ ᠳᠤᠮᠳᠠ ᠬᠡᠰᠡᠭ ᠤᠨ | ᠭᠠᠵᠠᠷ ᠣᠷᠣᠨ ᠳᠤ ᠦᠢᠯᠡᠳᠬᠦ ᠦᠢᠯᠡᠰ ᠤᠨ ᠠᠵᠤ ᠠᠬᠤᠶᠢᠯᠠᠯ ᠰᠢᠨ᠎ᠡ ᠪᠠᠷ 6.97 ᠲᠦᠮᠡ ᠨᠡᠮᠡᠭᠳᠡᠵᠦ᠂ 2023 | ᠣᠨ ᠤ ᠡᠴᠦᠰ ᠲᠠᠢ ᠬᠠᠷᠢᠴᠠᠭᠤᠯᠪᠠᠯ 6.55% ᠪᠠᠷ ᠨᠡᠮᠡᠭᠳᠡᠵᠦ᠂ ᠪᠤᠰᠤᠳ ᠭᠠᠵᠠᠷ ᠣᠷᠣᠨ ᠲᠠᠢ ᠬᠠᠷᠢᠴᠠᠭᠤᠯᠪᠠᠯ | ᠨᠡᠮᠡᠭᠳᠡᠯ ᠤᠨ ᠬᠡᠮᠵᠢᠶ᠎ᠡ ᠪᠠᠷ ᠬᠠᠮᠤᠭ ᠤᠨ ᠶᠡᠭᠡ ᠪᠣᠯᠵᠠᠢ᠃ | ᠪᠠᠷᠠᠭᠤᠨ ᠬᠡᠰᠡᠭ ᠤᠨ ᠭᠠᠵᠠᠷ ᠣᠷᠣᠨ ᠤ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠶᠡᠷᠦᠩᠬᠡᠢ ᠬᠡᠮᠵᠢᠶ᠎ᠡ | 75.59 ᠲᠦᠮᠡ ᠳᠤ ᠬᠦᠷᠴᠦ᠂ ᠮᠠᠨ ᠤ ᠤᠯᠤᠰ ᠤᠨ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠶᠡᠷᠦᠩᠬᠡᠢ | ᠬᠡᠮᠵᠢᠶᠡᠨ ᠤ 12.54% ᠶᠢ ᠡᠵᠡᠯᠡᠪᠡ᠃ 2024 ᠣᠨ ᠤ 1 ᠠᠴᠠ 8 ᠰᠠᠷ᠎ᠠ ᠪᠤᠯᠲᠠᠯ᠎ᠠ᠂ ᠪᠠᠷᠠᠭᠤᠨ ᠬᠡᠰᠡᠭ ᠤᠨ | ᠭᠠᠵᠠᠷ ᠣᠷᠣᠨ ᠳᠤ ᠦᠢᠯᠡᠳᠬᠦ ᠦᠢᠯᠡᠰ ᠤᠨ ᠠᠵᠤ ᠠᠬᠤᠶᠢᠯᠠᠯ ᠰᠢᠨ᠎ᠡ ᠪᠠᠷ 3.76 ᠲᠦᠮᠡ ᠨᠡᠮᠡᠭᠳᠡᠵᠦ᠂ 2023 | ᠣᠨ ᠤ ᠡᠴᠦᠰ ᠲᠠᠢ ᠬᠠᠷᠢᠴᠠᠭᠤᠯᠪᠠᠯ 5.23% ᠪᠠᠷ ᠨᠡᠮᠡᠭᠳᠡᠪᠡ᠃ | ᠵᠡᠭᠦᠨ ᠬᠤᠶᠢᠲᠤ ᠣᠷᠣᠨ ᠤ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠶᠡᠷᠦᠩᠬᠡᠢ ᠬᠡᠮᠵᠢᠶ᠎ᠡ 26.83 | ᠲᠦᠮᠡ ᠳᠤ ᠬᠦᠷᠴᠦ᠂ ᠮᠠᠨ ᠤ ᠤᠯᠤᠰ ᠤᠨ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠶᠡᠷᠦᠩᠬᠡᠢ ᠬᠡᠮᠵᠢᠶᠡᠨ ᠤ | 4.45% ᠶᠢ ᠡᠵᠡᠯᠡᠪᠡ᠃ 2024 ᠣᠨ ᠤ 1 ᠠᠴᠠ 8 ᠰᠠᠷ᠎ᠠ ᠪᠤᠯᠲᠠᠯ᠎ᠠ᠂ ᠵᠡᠭᠦᠨ ᠬᠤᠶᠢᠲᠤ ᠣᠷᠣᠨ ᠳᠤ | ᠦᠢᠯᠡᠳᠬᠦ ᠦᠢᠯᠡᠰ ᠤᠨ ᠠᠵᠤ ᠠᠬᠤᠶᠢᠯᠠᠯ ᠰᠢᠨ᠎ᠡ ᠪᠠᠷ 0.99 ᠲᠦᠮᠡ ᠨᠡᠮᠡᠭᠳᠡᠵᠦ᠂ 2023 ᠣᠨ ᠤ ᠡᠴᠦᠰ ᠲᠠᠢ | ᠬᠠᠷᠢᠴᠠᠭᠤᠯᠪᠠᠯ 3.87% ᠪᠠᠷ ᠨᠡᠮᠡᠭᠳᠡᠵᠡᠢ᠃ | | | |