ᠲᠠᠷᠢᠶᠠᠨ ᠭᠠᠵᠠᠷ ᠢ ᠬᠠᠮᠠᠭᠠᠯᠠᠵᠤ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠭᠦ ᠲᠤᠬᠠᠢ ᠨᠠᠮ ᠤᠨ | ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ | | ︵2024 ᠣᠨ ᠤ 2 ᠰᠠᠷ᠎ᠠ ᠶᠢᠨ 5 ᠤ ᠡᠳᠦᠷ︶ | | | | ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ︾ ᠮᠥᠨ᠂ ᠲᠠᠷᠢᠶᠠᠨ ᠭᠠᠵᠠᠷ ᠪᠣᠯ | ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠠᠯᠢ ᠣᠯᠠᠨ | ᠬᠠᠲᠠᠭᠤ ᠠᠷᠭ᠎ᠠ ᠬᠡᠮᠵᠢᠶ᠎ᠡ ᠠᠪᠴᠤ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠪᠠᠲᠤ ᠰᠠᠬᠢᠪᠠ᠃ | ᠡᠭᠦᠨ ᠤ ᠬᠠᠮᠲᠤ᠂ ᠮᠠᠨ ᠤ ᠤᠯᠤᠰ ᠤᠨ ᠬᠥᠮᠥᠨ ᠣᠯᠠᠨ ᠭᠠᠵᠠᠷ ᠪᠠᠭ᠎ᠠ ᠪᠠᠶᠢᠭ᠎ᠠ ᠤᠯᠤᠰ ᠤᠨ ᠪᠠᠶᠢᠳᠠᠯ ᠬᠤᠪᠢᠷᠠᠭ᠎ᠠ | ᠦᠭᠡᠢ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠤᠯᠭᠠᠬᠤ︾᠂ ︽ᠠᠮᠤ ᠪᠤᠳᠠᠭᠠᠨ ᠤ ᠪᠤᠰᠤ ᠪᠤᠯᠭᠠᠬᠤ︾ | ᠠᠰᠠᠭᠤᠳᠠᠯ ᠮᠥᠨ ᠬᠦ ᠨᠡᠯᠢᠶᠡᠳ ᠲᠣᠪᠣᠶᠢᠮ᠎ᠠ ᠪᠠᠶᠢᠵᠤ᠂ ᠲᠠᠷᠢᠶᠠᠨ ᠭᠠᠵᠠᠷ ᠢ ᠬᠠᠮᠠᠭᠠᠯᠠᠬᠤ ᠪᠠᠶᠢᠳᠠᠯ ᠮᠥᠨ ᠬᠦ | ᠬᠠᠲᠠᠭᠤ ᠴᠢᠩᠭ᠎ᠠ ᠪᠠᠶᠢᠵᠤ᠂ ᠡᠭᠦᠷᠭᠡ ᠨᠡᠩ ᠬᠠᠲᠠᠭᠤ ᠪᠡᠷᠬᠡ ᠪᠠᠶᠢᠨ᠎ᠠ᠃ ᠲᠠᠷᠢᠶᠠᠨ ᠭᠠᠵᠠᠷ ᠤᠨ ᠬᠠᠮᠠᠭᠠᠯᠠᠯᠲᠠ ᠶᠢ | ᠴᠢᠩᠭᠠᠳᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ ᠲᠡᠭᠦᠯᠳᠡᠷᠵᠢᠭᠦᠯᠬᠦ ᠶᠢᠨ ᠲᠤᠰᠠᠳᠠ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ | ᠳᠡᠭᠡᠭᠰᠢᠯᠡᠭᠦᠯᠵᠦ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ ᠲᠡᠭᠦᠯᠳᠡᠷᠵᠢᠭᠦᠯᠬᠦ | ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ | ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠰᠢᠰᠲ᠋ᠧᠮᠲᠦ ᠢᠨᠵᠧᠨᠧᠷᠢᠩ ᠪᠤᠯᠭᠠᠵᠤ᠂ ᠲᠠᠷᠢᠶᠠᠨ | ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢᠨ ︽ᠭᠤᠷᠪᠠ ᠶᠢ ᠨᠢᠭᠡ ᠴᠣᠭᠴᠠᠵᠢᠭᠤᠯᠬᠤ︾ | ᠬᠠᠮᠠᠭᠠᠯᠠᠯᠲᠠ ᠶᠢ ᠪᠠᠷᠢᠮᠲᠠᠯᠠᠵᠤ᠂ ᠵᠢᠮ᠎ᠡ ᠶᠣᠰᠣ ᠶᠢ ᠬᠦᠨᠳᠦᠳᠬᠡᠬᠦ᠂ ᠪᠠᠶᠢᠳᠠᠯ ᠳᠤᠨᠢ ᠲᠣᠬᠢᠷᠠᠭᠤᠯᠤᠨ ᠵᠢᠯᠤᠭᠤᠳᠬᠤ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠤᠳᠠᠭᠠᠨ ᠳᠠᠭᠠᠭᠠᠮᠠᠭᠠᠢ ᠵᠢᠳᠬᠦᠨ ᠴᠢᠷᠮᠠᠶᠢᠬᠤ ᠶᠢ ᠪᠠᠷᠢᠮᠲᠠᠯᠠᠵᠤ᠂ | ᠡᠯ᠎ᠡ ᠲᠥᠷᠥᠯ ᠤᠨ ᠭᠤᠣᠯ ᠴᠣᠭᠴᠠ ᠶᠢᠨ ᠲᠠᠷᠢᠶᠠᠨ ᠭᠠᠵᠠᠷ ᠢ ᠬᠠᠮᠠᠭᠠᠯᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ | ᠲᠠᠷᠢᠶᠠᠨ ᠭᠠᠵᠠᠷ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠤᠨ | ᠦᠢᠯᠡᠳᠪᠦᠷᠢᠯᠡᠯ ᠤᠨ ᠣᠷᠣᠨ ᠵᠠᠢ ᠶᠢ ᠯᠠᠪᠳᠠᠭᠤᠨ ᠢᠶᠠᠷ ᠥᠷᠭᠡᠳᠬᠡᠵᠦ᠂ ᠠᠮᠤ ᠪᠤᠳᠠᠭᠠᠨ ᠤ ᠠᠮᠤᠷ ᠲᠦᠪᠰᠢᠨ ᠤ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠲᠤ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ | ᠠᠵᠢᠯ ᠤᠨ ᠳᠤᠮᠳᠠ ᠪᠠᠨ ᠳᠣᠣᠷᠠᠬᠢ ᠵᠦᠢᠯᠡᠰ ᠢ ᠪᠡᠶᠡᠯᠡᠭᠦᠯᠬᠦ ᠬᠡᠷᠡᠭᠲᠡᠢ᠄ | - ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠎ᠠ᠃ ᠲᠠᠷᠢᠶᠠᠨ | ᠭᠠᠵᠠᠷ ᠤᠨ ᠲᠤᠭ᠎ᠠ ᠬᠡᠮᠵᠢᠶ᠎ᠡ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠭᠰᠠᠨ ᠤᠷᠢᠲᠠᠯ ᠳᠣᠣᠷ᠎ᠠ᠂ | ᠲᠠᠷᠢᠶᠠᠨ ᠭᠠᠵᠠᠷ ᠤᠨ ᠶᠠᠰᠤ ᠴᠢᠨᠠᠷ ᠢ ᠪᠦᠭᠦ ᠬᠦᠴᠦᠨ ᠢᠶᠠᠷ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠬᠢᠭᠡᠳ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠦᠨᠡᠨ ᠬᠦ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ᠃ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠭ᠎ᠠ ᠬᠡᠮᠵᠢᠶ᠎ᠡ ᠶᠢ | ᠲᠡᠩᠴᠡᠭᠦᠷᠢᠰᠢᠭᠦᠯᠬᠦ᠂ ᠶᠠᠰᠤ ᠴᠢᠨᠠᠷ ᠢ ᠲᠡᠩᠴᠡᠭᠦᠷᠢᠰᠢᠭᠦᠯᠬᠦ᠂ ᠦᠢᠯᠡᠳᠪᠦᠷᠢᠯᠡᠬᠦ ᠴᠢᠳᠠᠪᠤᠷᠢ ᠶᠢ ᠲᠡᠩᠴᠡᠭᠦᠷᠢᠰᠢᠭᠦᠯᠬᠦ ᠶᠢ | ᠦᠨᠡᠨ ᠬᠦ ᠪᠡᠶᠡᠯᠡᠭᠦᠯᠵᠦ᠂ ᠲᠠᠷᠢᠶᠠᠨ ᠭᠠᠵᠠᠷ ᠢ ᠢᠯᠡᠭᠦᠦ ᠡᠵᠡᠯᠡᠬᠦ ᠪᠠ ᠳᠤᠲᠠᠭᠤ ᠨᠥᠬᠦᠪᠦᠷᠢᠯᠡᠬᠦ᠂ ᠰᠠᠶᠢᠨ ᠢ ᠨᠢ | ᠡᠵᠡᠯᠡᠵᠦ ᠮᠠᠭᠤ ᠪᠠᠷ ᠨᠢ ᠨᠥᠬᠦᠪᠦᠷᠢᠯᠡᠬᠦ᠂ ᠪᠦᠬᠦᠯᠢ ᠶᠢ ᠨᠢ ᠡᠵᠡᠯᠡᠵᠦ ᠲᠠᠷᠠᠬᠠᠢ ᠪᠠᠷ ᠨᠢ ᠨᠥᠬᠦᠪᠦᠷᠢᠯᠡᠬᠦ ᠶᠢ ᠡᠷᠡᠰ | ᠬᠤᠷᠢᠭᠯᠠᠨ᠎ᠠ᠃ | - ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ | ᠴᠢᠩᠭ᠎ᠠ ᠳᠦᠷᠢᠮ ᠢ ᠬᠡᠷᠡᠭᠵᠢᠭᠦᠯᠵᠦ᠂ ᠬᠠᠲᠠᠭᠤ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠨ ᠭᠠᠵᠠᠷ ᠢ ᠰᠠᠶᠢᠲᠤᠷ | ᠬᠠᠮᠠᠭᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠱᠠᠲᠤ ᠬᠤᠪᠢᠶᠠᠨ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠴᠤ ᠬᠠᠤᠯᠢ | ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠵᠦ᠂ ᠠᠵᠢᠯ ᠤᠨ ᠨᠡᠶᠢᠯᠡᠯ ᠬᠦᠴᠦᠨ ᠢ ᠪᠤᠶ ᠪᠣᠯᠭᠠᠨ᠂ ᠲᠠᠷᠢᠶᠠᠨ | ᠭᠠᠵᠠᠷ ᠢ ︽ᠲᠠᠷᠢᠶᠠᠯᠠᠩ ᠤᠨ ᠪᠤᠰᠤ ᠪᠤᠯᠭᠠᠬᠤ︾ ᠶᠢ ᠡᠷᠡᠰ ᠬᠤᠷᠢᠭᠯᠠᠵᠤ᠂ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠢ ︽ᠠᠮᠤ ᠪᠤᠳᠠᠭᠠᠨ ᠤ ᠪᠤᠰᠤ ᠪᠤᠯᠭᠠᠬᠤ︾ ᠶᠢ ᠰᠡᠷᠭᠡᠶᠢᠯᠡᠨ ᠬᠤᠷᠢᠭᠯᠠᠨ᠎ᠠ᠃ | - ᠰᠢᠰᠲ᠋ᠧᠮ ᠲᠠᠢ ᠠᠬᠢᠭᠤᠯᠬᠤ ᠶᠢ ᠪᠠᠷᠢᠮᠲᠠᠯᠠᠨ᠎ᠠ᠃ ᠲᠠᠷᠢᠶᠠᠨ ᠭᠠᠵᠠᠷ ᠤᠨ ᠬᠠᠮᠠᠭᠠᠯᠠᠯᠲᠠ ᠶᠢ ᠬᠥᠮᠥᠨ ᠬᠢᠭᠡᠳ | ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠳᠤᠮᠳᠠ ᠲᠠᠯᠪᠢᠨ ᠪᠣᠳᠣᠯᠬᠢᠯᠠᠵᠤ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠤᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ | ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠶᠢ ᠪᠠᠷᠢᠮᠲᠠᠯᠠᠨ᠎ᠠ᠃ | - ᠡᠭᠦᠷᠢᠳᠡ ᠦᠷᠭᠦᠯᠵᠢᠯᠡᠨ ᠠᠰᠢᠭᠯᠠᠬᠤ ᠶᠢ ᠪᠠᠷᠢᠮᠲᠠᠯᠠᠨ᠎ᠠ᠃ ᠣᠶᠢᠷ᠎ᠠ ᠶᠢᠨ ᠬᠤᠭᠤᠴᠠᠭ᠎ᠠ ᠪᠣᠯᠣᠨ ᠠᠯᠤᠰ | ᠭᠡᠳᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠲᠠᠷᠢᠶᠠᠨ ᠭᠠᠵᠠᠷ ᠢ ᠬᠡᠷᠡᠭᠯᠡᠬᠦ ᠪᠠ ᠠᠷᠠᠴᠢᠯᠠᠬᠤ ᠶᠢ | ᠤᠶᠠᠯᠳᠤᠭᠤᠯᠬᠤ ᠪᠠ ᠦᠷᠭᠦᠯᠵᠢᠯᠡᠨ ᠠᠰᠢᠭᠯᠠᠬᠤ ᠶᠢ ᠠᠬᠢᠭᠤᠯᠵᠤ᠂ ᠲᠠᠷᠢᠶᠠᠨ ᠭᠠᠵᠠᠷ ᠤᠨ ᠬᠦᠴᠦ ᠰᠢᠮ᠎ᠡ ᠶᠢ | ᠪᠠᠲᠤᠯᠠᠨ ᠳᠡᠭᠡᠭᠰᠢᠯᠡᠭᠦᠯᠵᠦ᠂ ᠣᠳᠣ ᠦᠶ᠎ᠡ ᠶᠢᠨ ᠬᠥᠮᠥᠰ ᠤᠨ ᠬᠡᠷᠡᠭᠴᠡᠭᠡ ᠶᠢ ᠬᠠᠩᠭᠠᠬᠤ ᠪᠠᠷ ᠪᠠᠷᠠᠬᠤ ᠦᠭᠡᠢ᠂ ᠦᠷ᠎ᠡ | ᠬᠤᠶᠢᠴᠢᠰ ᠲᠠᠭᠠᠨ ᠨᠡᠩ ᠢᠯᠡᠭᠦᠦ ᠬᠥᠭᠵᠢᠯᠲᠡ ᠶᠢᠨ ᠣᠷᠣᠨ ᠵᠠᠢ ᠦᠯᠡᠳᠡᠭᠡᠨ᠎ᠡ᠃ | ᠭᠤᠣᠯ ᠬᠠᠷᠠᠯᠲᠠ ᠪᠣᠯ᠄ ᠰᠢᠨ᠎ᠡ ᠨᠢᠭᠡ ᠡᠭᠡᠯᠵᠢ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠳᠤ ᠲᠣᠳᠣᠷᠬᠠᠶᠢᠯᠠᠭᠰᠠᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ | ᠬᠠᠮᠠᠭᠠᠯᠠᠬᠤ ᠡᠭᠦᠷᠭᠡ ᠶᠢ ᠨᠠᠶᠢᠳᠠᠪᠤᠷᠢᠵᠢᠭᠤᠯᠵᠤ᠂ ᠪᠦᠭᠦ ᠤᠯᠤᠰ ᠤᠨ ᠲᠠᠷᠢᠶᠠᠨ ᠭᠠᠵᠠᠷ ᠤᠨ ᠬᠡᠮᠵᠢᠶ᠎ᠡ ᠶᠢ 18.65 | ᠳ᠋ᠦᠩᠰᠢᠭᠤᠷ ᠮᠦ ᠠᠴᠠ ᠳᠣᠣᠷ᠎ᠠ ᠪᠠᠶᠢᠯᠭᠠᠵᠤ ᠪᠤᠯᠬᠤ ᠦᠭᠡᠢ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠲᠠᠯᠠᠪᠠᠶ ᠶᠢ 15.46 ᠳ᠋ᠦᠩᠰᠢᠭᠤᠷ ᠮᠦ ᠠᠴᠠ ᠳᠣᠣᠷ᠎ᠠ ᠪᠠᠶᠢᠯᠭᠠᠵᠤ ᠪᠤᠯᠬᠤ ᠦᠭᠡᠢ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠲᠠᠷᠢᠶᠠᠯᠠᠬᠤ ᠳᠤ ᠲᠣᠬᠢᠷᠠᠮᠵᠢᠲᠠᠢ᠂ ᠭᠠᠩᠳᠠᠵᠤ ᠤᠰᠤᠲᠤᠪᠠᠴᠤ | ᠬᠤᠷᠢᠶᠠᠯᠲᠠ ᠶᠢ ᠪᠠᠲᠤᠯᠠᠬᠤ᠂ ᠥᠨᠳᠥᠷ ᠲᠣᠭᠲᠠᠭᠤᠨ ᠬᠤᠷᠢᠶᠠᠯᠲᠠ ᠲᠠᠢ ᠣᠳᠣᠬᠢᠴᠢᠯᠠᠭᠰᠠᠨ ᠰᠠᠶᠢᠨ ᠲᠠᠷᠢᠶᠠᠨ ᠭᠠᠵᠠᠷ | ᠪᠣᠯᠭᠠᠨ ᠠᠯᠬᠤᠮ ᠠᠯᠬᠤᠮ ᠢᠶᠠᠷ ᠪᠠᠶᠢᠭᠤᠯᠤᠨ᠎ᠠ;ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠦᠭᠦ | ᠲᠠᠯ᠎ᠠ ᠪᠠᠷ ᠪᠣᠳᠠᠲᠠᠶᠢᠵᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠭᠦᠯᠵᠦ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠳᠦᠷᠢᠮ ᠢ ᠴᠢᠩᠭ᠎ᠠ | ᠵᠢᠷᠤᠮᠵᠢᠭᠤᠯᠵᠤ᠂ ᠡᠯ᠎ᠡ ᠲᠥᠷᠥᠯ ᠤᠨ ᠭᠤᠣᠯ ᠴᠣᠭᠴᠠ ᠶᠢᠨ ᠲᠠᠷᠢᠶᠠᠨ ᠭᠠᠵᠠᠷ ᠢ ᠬᠠᠮᠠᠭᠠᠯᠠᠬᠤ᠂ ᠠᠮᠤ ᠪᠤᠳᠠᠭ᠎ᠠ | ᠳᠠᠷᠢᠬᠤ ᠪᠠ ᠠᠮᠤ ᠪᠤᠳᠠᠭ᠎ᠠ ᠶᠢ ᠴᠢᠬᠤᠯᠠᠴᠢᠯᠠᠬᠤ ᠢᠳᠡᠪᠬᠢᠵᠢᠯ ᠢ ᠨᠡᠶᠢᠳᠡᠮ ᠳᠡᠭᠡᠭᠰᠢᠯᠡᠭᠦᠯᠵᠦ᠂ ᠡᠯ᠎ᠡ ᠲᠥᠷᠥᠯ ᠤᠨ | ᠲᠠᠷᠢᠶᠠᠨ ᠭᠠᠵᠠᠷ ᠤᠨ ᠡᠬᠢ ᠪᠠᠶᠠᠯᠢᠭ ᠢ ᠪᠦᠲᠦᠮᠵᠢᠲᠡᠶ ᠠᠰᠢᠭᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠪᠠ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ | ᠴᠢᠩᠭᠠᠳᠬᠠᠬᠤ ᠶᠢ ᠲᠤᠯᠭᠠᠭᠤᠷᠢᠯᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ | ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | ᠬᠤᠶᠠᠷ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠪᠣᠳᠠᠲᠠᠶᠢᠵᠢᠭᠤᠯᠤᠨ᠎ᠠ | ︵ᠨᠢᠭᠡ︶ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢ ᠡᠷᠡᠰ ᠲᠣᠭᠲᠠᠭᠤᠨ ᠪᠠᠶᠢᠯᠭᠠᠨ᠎ᠠ᠃ ᠲᠠᠷᠢᠶᠠᠨ ᠭᠠᠵᠠᠷ | ᠪᠣᠯᠣᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠱᠠᠲᠤ ᠳᠠᠷᠠᠭᠠᠯᠠᠨ ᠵᠠᠳᠠᠯᠵᠤ᠂ ᠡᠯ᠎ᠡ | ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠣᠷᠣᠭᠤᠯᠤᠨ᠂ ᠲᠠᠷᠢᠶᠠᠨ | ᠭᠠᠵᠠᠷ ᠤᠨ ᠬᠡᠰᠡᠭ ᠲᠤ ᠭᠦᠷᠲᠡᠯ᠎ᠡ ᠨᠠᠶᠢᠳᠠᠪᠤᠷᠢᠵᠢᠭᠤᠯᠬᠤ ᠶᠢᠨ ᠬᠠᠮᠲᠤ ᠵᠢᠷᠤᠭ ᠣᠷᠣᠭᠤᠯᠵᠤ ᠬᠥᠮᠥᠷᠭᠡ ᠳᠤ | ᠣᠷᠣᠭᠤᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠲᠠᠷᠢᠶᠠᠨ ᠭᠠᠵᠠᠷ ᠪᠠ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠡᠷᠬᠡᠪᠰᠢ ᠪᠡᠶᠡᠯᠡᠭᠦᠯᠬᠦ ᠴᠢᠬᠤᠯᠠ ᠶᠡᠭᠡ ᠤᠯᠤᠰ | ᠲᠥᠷᠥ ᠶᠢᠨ ᠡᠭᠦᠷᠭᠡ ᠪᠤᠯᠭᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠶᠠᠭᠠᠬᠢᠭᠰᠠᠨ ᠴᠤ | ᠳᠠᠪᠠᠭ᠋ᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠡᠮᠦᠨᠡᠲᠦ | ᠣᠷᠣᠨ ᠤ ᠮᠤᠵᠢ ᠬᠡᠰᠡᠭ ᠠᠯᠳᠠᠭᠳᠠᠵᠤ ᠭᠡᠭᠡᠭᠳᠡᠭᠰᠡᠨ ᠲᠠᠷᠢᠶᠠᠨ ᠭᠠᠵᠠᠷ ᠢᠶᠠᠨ ᠡᠮᠬᠢ ᠵᠢᠷᠤᠮ ᠲᠠᠢ ᠪᠠᠷ ᠰᠡᠷᠭᠦᠭᠡᠵᠦ᠂ | ︽ᠤᠮᠠᠷᠠᠲᠤ ᠶᠢᠨ ᠠᠮᠤ ᠪᠤᠳᠠᠭ᠎ᠠ ᠶᠢ ᠡᠮᠦᠨᠡᠲᠦ ᠣᠷᠣᠨ ᠳᠤ ᠵᠥᠭᠡᠭᠡᠪᠦᠷᠢᠯᠡᠬᠦ︾ᠬᠠᠨᠳᠤᠰᠢ ᠶᠢᠨ ᠰᠢᠷᠦᠭᠦᠰᠬᠦ ᠶᠢ | ᠬᠤᠷᠢᠭᠯᠠᠨ᠎ᠠ᠃ ᠡᠯ᠎ᠡ ᠭᠠᠵᠠᠷ ᠤᠨ ᠬᠢᠨ ᠭᠤᠷᠪᠠᠳᠤᠭᠠᠷ ᠤᠳᠠᠭᠠᠨ ᠤ ᠪᠦᠭᠦ ᠤᠯᠤᠰ ᠤᠨ ᠬᠥᠷᠥᠰᠥ ᠰᠢᠷᠣᠢ ᠶᠢᠨ | ᠨᠡᠶᠢᠳᠡᠮ ᠪᠠᠶᠢᠴᠠᠭᠠᠯᠲᠠ ᠲᠠᠢ ᠤᠶᠠᠯᠳᠤᠭᠤᠯᠤᠨ᠂ ᠬᠥᠷᠥᠰᠥ ᠰᠢᠷᠣᠢ ᠶᠢᠨ ᠲᠠᠷᠢᠶᠠᠯᠠᠩ ᠤᠨ ᠠᠰᠢᠭᠯᠠᠯᠲᠠ ᠶᠢᠨ | ᠲᠣᠬᠢᠷᠠᠮᠵᠢᠲᠠᠢ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠪᠦᠭᠦ ᠣᠷᠣᠨ ᠪᠦᠰᠡ ᠶᠢᠨ ᠭᠠᠵᠠᠷ ᠰᠢᠷᠣᠢ ᠶᠢ | ᠶᠡᠷᠦᠩᠬᠡᠶᠢᠯᠡᠨ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠴᠢᠨᠠᠷ ᠰᠠᠶᠢᠲᠠᠢ | ᠲᠠᠷᠢᠶᠠᠨ ᠭᠠᠵᠠᠷ ᠢ ᠰᠡᠷᠭᠦᠭᠡᠨ ᠨᠥᠬᠦᠪᠦᠷᠢᠯᠡᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ | ᠲᠠᠷᠢᠶᠠᠨ ᠭᠠᠵᠠᠷ ᠪᠠ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠤᠨ | ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠨᠢ ᠬᠥᠳᠡᠭᠡ | ᠠᠵᠤ ᠠᠬᠤᠢ ᠬᠥᠳᠡᠭᠡ ᠲᠣᠰᠬᠤᠨ ᠤ ᠶᠠᠮᠤᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ | ᠬᠡᠰᠡᠭ ᠪᠤᠰᠠᠭ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠮᠬᠢᠯᠡᠨ ᠨᠡᠶᠢᠯᠡᠭᠦᠯᠵᠦ | ᠲᠣᠬᠢᠷᠠᠭᠤᠯᠬᠤ ᠶᠢ ᠠᠬᠢᠭᠤᠯᠤᠨ᠂ ᠲᠥᠪᠯᠡᠷᠡᠨ ᠵᠠᠯᠭᠠᠯᠳᠤᠬᠤ ᠶᠢ ᠠᠬᠢᠭᠤᠯᠬᠤ ᠬᠡᠷᠡᠭᠲᠡᠢ᠃ | ︵ᠭᠤᠷᠪᠠ︶ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠬᠢᠨᠠᠨ ᠰᠢᠯᠭᠠᠬᠤ ᠶᠢ ᠴᠢᠩᠭ᠎ᠠ | ᠥᠷᠨᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠠᠴᠠ ᠵᠢᠯ ᠪᠦᠷᠢ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠰᠢᠯᠭᠠᠵᠤ᠂ ᠲᠠᠷᠢᠶᠠᠨ ᠭᠠᠵᠠᠷ ᠢ | ᠬᠠᠮᠠᠭᠠᠯᠠᠬᠤ ᠤᠯᠠᠭᠠᠨ ᠱᠤᠭᠤᠮ ᠢ ᠳᠠᠪᠠᠭᠰᠠᠨ ᠵᠡᠷᠭᠡ ᠴᠢᠬᠤᠯᠠ ᠶᠡᠭᠡ ᠠᠰᠠᠭᠤᠳᠠᠯ ᠳᠤ ︽ᠨᠢᠭᠡ ᠪᠢᠯᠧᠲ ᠢᠶᠠᠷ | ᠦᠭᠡᠶᠢᠰᠭᠡᠭᠦ︾ ᠶᠢ ᠬᠡᠷᠡᠭᠵᠢᠭᠦᠯᠵᠦ᠂ ᠴᠢᠩᠭ᠎ᠠ ᠬᠠᠷᠢᠭᠤᠴᠠᠯᠭ᠎ᠠ ᠲᠤᠯᠭᠠᠵᠤ᠂ ᠨᠠᠰᠤᠨ ᠲᠤᠷᠰᠢᠲᠠ ᠬᠠᠷᠢᠭᠤᠴᠠᠯᠭ᠎ᠠ | ᠨᠡᠬᠡᠮᠵᠢᠯᠡᠨ᠎ᠡ᠃ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠲᠣᠰ ᠮᠤᠵᠢ ᠶᠢᠨ | ᠬᠡᠪᠴᠢᠶᠡᠨ ᠳᠠᠬᠢ ᠲᠠᠷᠢᠶᠠᠨ ᠭᠠᠵᠠᠷ ᠤᠨ ᠬᠠᠮᠠᠭᠠᠯᠠᠯᠲᠠ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠮᠤᠵᠢ ᠶᠢᠨ | ᠬᠡᠪᠴᠢᠶᠡᠨ ᠳᠠᠬᠢ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠠᠷᠢᠶᠠᠨ ᠭᠠᠵᠠᠷ ᠤᠨ | ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠬᠢᠨᠠᠨ ᠰᠢᠯᠭᠠᠨ᠎ᠠ᠃ | ᠭᠤᠷᠪᠠ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠭᠦ ᠬᠦᠴᠦᠨ ᠢᠶᠠᠷ ᠳᠡᠭᠡᠭᠰᠢᠯᠡᠭᠦᠯᠦᠨ᠎ᠡ | ︵ᠳᠥᠷᠪᠡ︶ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠪᠦᠭᠦ ᠤᠯᠤᠰ ᠲᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ ᠢ ᠨᠡᠶᠢᠲᠡᠯᠡᠵᠦ᠂ ᠪᠦᠲᠦᠭᠡᠨ | ᠪᠠᠶᠢᠭᠤᠯᠤᠯᠲᠠ ᠶᠢᠨ ᠠᠭᠤᠯᠭ᠎ᠠ᠂ ᠣᠷᠣᠭᠤᠯᠤᠯᠲᠠ ᠶᠢᠨ ᠪᠠᠷᠢᠮᠵᠢᠶ᠎ᠠ ᠪᠠ ᠤᠷᠢᠳ ᠢᠶᠠᠷ ᠬᠢᠬᠦ ᠲᠠᠰ ᠳᠠᠷᠠᠭᠠᠯᠠᠯ ᠢ | ᠲᠣᠳᠣᠷᠬᠠᠶᠢᠯᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠯᠤᠭ᠎ᠠ ᠵᠣᠬᠢᠴᠠᠯᠳᠤᠭᠰᠠᠨ | ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠣᠷᠣᠭᠤᠯᠤᠯᠲᠠ ᠪᠠ ᠬᠠᠮᠢᠶᠠᠷᠴᠤ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠪᠦᠬᠦᠯᠢ ᠣᠷᠣᠨ | ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ ᠶᠢ ᠥᠷᠨᠢᠭᠦᠯᠵᠦ᠂ ᠵᠡᠭᠦᠨ ᠬᠤᠶᠢᠲᠤ ᠶᠢᠨ ᠬᠠᠷ᠎ᠠ | ᠬᠥᠷᠥᠰᠥᠲᠦ ᠣᠷᠣᠨ᠂ ᠲᠠᠯ᠎ᠠ ᠭᠠᠵᠠᠷ ᠤᠨ ᠣᠷᠣᠨ᠂ ᠤᠰᠤᠨ ᠠᠰᠢᠭᠯᠠᠯᠲᠠ ᠶᠢᠨ ᠤᠰᠤᠯᠠᠯᠲᠠ ᠶᠢᠨ ᠨᠥᠬᠦᠴᠡᠯ ᠢ | ᠪᠦᠷᠢᠯᠳᠦᠭᠦᠯᠦᠭᠰᠡᠨ ᠭᠠᠵᠠᠷ ᠣᠷᠣᠨ ᠤ ᠲᠠᠷᠢᠶᠠᠨ ᠭᠠᠵᠠᠷ ᠢ ᠡᠩ ᠲᠡᠷᠢᠭᠦᠨ ᠳᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ᠃ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ | ᠬᠠᠷᠢᠭᠤᠴᠠᠯᠭ᠎ᠠ ᠡᠭᠦᠷᠭᠡᠯᠡᠬᠦ᠂ ᠬᠤᠲᠠ ᠰᠢᠶᠠᠨ ᠠᠴᠠ ᠨᠠᠶᠢᠳᠠᠪᠤᠷᠢᠵᠢᠭᠤᠯᠬᠤ ᠶᠢ ᠠᠳᠬᠤᠬᠤ᠂ ᠤᠯᠠᠨ ᠲᠦᠮᠡᠨ | ᠣᠷᠤᠯᠴᠠᠬᠤ ᠲᠣᠭᠲᠠᠴᠠ ᠶᠢ ᠴᠢᠩᠭᠠᠳᠬᠠᠵᠤ᠂ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠵᠤ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠵᠥᠪ ᠭᠦᠢᠴᠡᠳᠬᠡᠬᠦ ᠦᠭᠡᠢ ᠠᠴᠠ ᠪᠣᠯᠵᠤ ᠣᠨ ᠤ ᠪᠦᠲᠦᠭᠡᠨ | ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠦᠭᠡᠢ ᠭᠠᠵᠠᠷ ᠣᠷᠣᠨ ᠠᠴᠠ ᠳᠦᠷᠢᠮ ᠲᠣᠭᠲᠠᠭᠠᠯ ᠰᠠᠬᠢᠯᠭ᠎ᠠ | ᠪᠠᠲᠤ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠤᠨ | ᠪᠦᠷᠢᠨᠰᠢᠭᠦᠯᠵᠦ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠷᠭ᠎ᠠ ᠪᠠᠷᠢᠯ ᠢ | ᠲᠡᠭᠦᠯᠳᠡᠷᠵᠢᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠦ ᠪᠦᠷᠢ ᠶᠢ ᠴᠥᠮ ᠠᠮᠵᠢᠯᠲᠠ ᠲᠠᠢ | ᠪᠠᠶᠢᠭᠤᠯᠬᠤ ᠶᠢ ᠦᠨᠡᠨ ᠬᠦ ᠪᠠᠲᠤᠯᠠᠨ᠎ᠠ᠃ ᠡᠯ᠎ᠡ ᠭᠠᠵᠠᠷ ᠤᠨ ᠬᠢᠨ ᠬᠠᠮᠢᠶᠠᠷᠴᠤ ᠬᠠᠮᠠᠭᠠᠯᠠᠬᠤ ᠲᠣᠭᠲᠠᠴᠠ ᠶᠢ | ᠪᠦᠷᠢᠨᠰᠢᠭᠦᠯᠵᠦ᠂ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢ ᠲᠣᠳᠣᠷᠬᠠᠶᠢᠯᠠᠨ᠂ ᠬᠠᠮᠢᠶᠠᠷᠴᠤ ᠬᠠᠮᠠᠭᠠᠯᠠᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶᠠᠷᠴᠤ ᠬᠠᠮᠠᠭᠠᠯᠠᠬᠤ ᠵᠠᠷᠤᠳᠠᠯ ᠢ ᠵᠦᠢ ᠵᠣᠬᠢᠰᠲᠠᠢ ᠪᠠᠲᠤᠯᠠᠨ᠂ | ᠬᠠᠮᠢᠶᠠᠷᠴᠤ ᠬᠠᠮᠠᠭᠠᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠪᠦᠭᠦ ᠤᠯᠤᠰ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ | ᠲᠠᠪᠴᠠᠩ ᠳᠤ ᠨᠢᠭᠡᠳᠦᠯᠲᠡᠢ ᠣᠷᠣᠭᠤᠯᠵᠤ᠂ ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠡᠯ᠎ᠡ | ᠭᠠᠵᠠᠷ ᠤᠨ ᠨᠢᠭᠡᠨᠲᠡ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠭᠠᠰᠬᠠᠬᠤ ᠦᠭᠡᠢ ᠪᠠᠶᠢᠬᠤ ᠶᠢ | ᠦᠨᠡᠨ ᠬᠦ ᠪᠠᠲᠤᠯᠠᠨ᠎ᠠ᠃ | ︵ᠲᠠᠪᠤ︶ ᠲᠠᠷᠢᠶᠠᠨ ᠭᠠᠵᠠᠷ ᠤᠨ ᠤᠰᠤᠯᠠᠵᠤ ᠤᠰᠤ ᠵᠠᠯᠠᠬᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠨ᠎ᠠ᠃ ᠪᠦᠭᠦ ᠤᠯᠤᠰ ᠤᠨ ᠲᠠᠷᠢᠶᠠᠨ ᠭᠠᠵᠠᠷ ᠤᠨ ᠤᠰᠤᠯᠠᠯᠲᠠ ᠶᠢᠨ ᠬᠥᠭᠵᠢᠯᠲᠡ ᠶᠢᠨ | ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠥᠷᠥᠰᠥ ᠰᠢᠷᠣᠢ ᠶᠢᠨ ᠡᠬᠢ | ᠪᠠᠶᠠᠯᠢᠭ ᠤᠨ ᠨᠥᠬᠦᠴᠡᠯ ᠢ ᠨᠢᠭᠡᠳᠦᠯᠲᠡᠢ ᠲᠥᠯᠥᠪᠵᠢᠭᠦᠯᠦᠨ᠂ ᠤᠰᠤᠯᠠᠯᠲᠠ ᠶᠢᠨ ᠲᠠᠯᠠᠪᠠᠶ ᠶᠢᠨ ᠨᠡᠮᠡᠭᠳᠡᠯ ᠢ | ᠠᠬᠢᠭᠤᠯᠤᠨ᠎ᠠ᠃ ᠤᠯᠤᠰ ᠤᠨ ᠭᠤᠣᠯᠯᠠᠬᠤ ᠲᠣᠣᠷ ᠤᠨ ᠤᠰᠤᠨ ᠰᠤᠷᠪᠤᠯᠵᠢ ᠶᠢᠨ ᠢᠨᠵᠧᠨᠧᠷᠢᠩ ᠪᠣᠯᠣᠨ ᠤᠰᠤ | ᠳᠠᠮᠵᠢᠭᠤᠯᠤᠨ ᠲᠦᠭᠡᠭᠡᠬᠦ ᠢᠨᠵᠧᠨᠧᠷᠢᠩ ᠢ ᠠᠬᠢᠭᠤᠯᠬᠤ ᠲᠠᠢ ᠤᠶᠠᠯᠳᠤᠭᠤᠯᠤᠨ᠂ ᠤᠰᠤ ᠠᠷᠪᠢᠯᠠᠬᠤ ᠭᠡᠯᠪᠡᠷᠢ ᠶᠢᠨ᠂ | ᠠᠮᠢ ᠠᠬᠤᠢ ᠶᠢᠨ ᠭᠡᠯᠪᠡᠷᠢ ᠶᠢᠨ ᠨᠢᠭᠡ ᠪᠦᠯᠦᠭ ᠤᠰᠤᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠤᠨ᠎ᠠ᠃ ᠲᠣᠮᠣ | ᠳᠤᠮᠳᠠ ᠭᠡᠯᠪᠡᠷᠢ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠵᠦ᠂ | ᠤᠰᠤᠯᠠᠬᠤ ᠪᠠ ᠤᠰᠤ ᠵᠠᠯᠠᠬᠤ ᠢᠨᠵᠧᠨᠧᠷᠢᠩ ᠤᠨ ᠰᠢᠰᠲ᠋ᠧᠮ ᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ | ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ | ᠤᠰᠤᠯᠠᠯᠲᠠ ᠶᠢᠨ ᠤᠰᠤᠨ ᠰᠤᠷᠪᠤᠯᠵᠢ ᠶᠢ ᠡᠵᠡᠯᠡᠨ ᠬᠡᠷᠡᠭᠯᠡᠬᠦ᠂ ᠤᠰᠤᠯᠠᠬᠤ ᠪᠠ ᠤᠰᠤ ᠵᠠᠯᠠᠬᠤ ᠪᠠᠷᠢᠯᠭ᠎ᠠ ᠶᠢᠨ | ᠲᠥᠬᠦᠭᠡᠷᠦᠮᠵᠢ ᠳᠤ ᠨᠥᠬᠦᠪᠦᠷᠢ ᠥᠭᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃ | ︵ᠵᠢᠷᠭᠤᠭ᠎ᠠ︶ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠢᠳᠡᠭᠳᠡᠮᠡᠯ | ᠭᠤᠤ ᠶᠢ ᠵᠠᠰᠠᠬᠤ᠂ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠥᠩ ᠰᠢᠮᠡᠯᠢᠭ | ᠲᠠᠷᠢᠶᠠᠨ ᠭᠠᠵᠠᠷ ᠢ ᠪᠠᠶᠢᠭᠤᠯᠬᠤ ᠵᠡᠷᠭᠡ ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠭᠦ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠬᠠᠷ᠎ᠠ ᠬᠥᠷᠥᠰᠥᠲᠦ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠭᠦ ᠲᠣᠣᠷ ᠢ ᠲᠡᠭᠦᠯᠳᠡᠷᠵᠢᠭᠦᠯᠵᠦ᠂ ᠢᠨᠵᠧᠨᠧᠷᠢᠩ ᠤᠨ ᠬᠡᠷᠡᠭᠵᠢᠭᠦᠯᠦᠯᠲᠡ ᠶᠢ ᠦᠨᠡᠯᠡᠨ | ᠵᠢᠱᠢᠬᠦ ᠪᠠ ᠦᠷ᠎ᠡ ᠪᠦᠲᠦᠮᠵᠢ ᠶᠢ ᠬᠢᠨᠠᠨ ᠬᠡᠮᠵᠢᠬᠦ ᠶᠢ ᠴᠢᠩᠭᠠᠳᠬᠠᠨ᠎ᠠ᠃ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ | ᠬᠡᠪᠴᠢᠶ᠎ᠡ ᠶᠢ ᠴᠠᠭ ᠲᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠬᠠᠮᠠᠭᠠᠯᠠᠬᠤ ᠶᠣᠰᠣᠲᠠᠢ ᠶᠢ ᠨᠢ ᠪᠦᠭᠦᠨ ᠢ | ᠬᠠᠮᠠᠭᠠᠯᠠᠬᠤ ᠶᠢ ᠪᠡᠶᠡᠯᠡᠭᠦᠯᠦᠨ᠎ᠡ᠃ ᠣᠷᠣᠨ ᠨᠤᠲᠤᠭ ᠤᠨ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠤᠨ᠎ᠠ᠃ ᠰᠠᠯᠠᠭ᠎ᠠ ᠮᠥᠴᠢᠷ ᠤᠨ ᠬᠠᠮᠵᠢᠯᠴᠠᠬᠤ | ᠲᠣᠭᠲᠠᠴᠠ ᠶᠢ ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠪᠡᠯᠡ ᠮᠥᠩᠭᠦ ᠶᠢᠨ ᠲᠥᠷᠥᠯ ᠵᠦᠢᠯ | ᠵᠡᠷᠭᠡ ᠶᠢ ᠨᠢᠭᠡᠳᠦᠯᠲᠡᠢ ᠲᠥᠯᠥᠪᠵᠢᠭᠦᠯᠦᠨ᠂ ᠬᠠᠮᠠᠭᠠᠯᠠᠬᠤ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠬᠠᠷ᠎ᠠ | ᠬᠥᠷᠥᠰᠥᠲᠦ ᠭᠠᠵᠠᠷ ᠢ ᠡᠪᠳᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠨ᠎ᠠ᠃ | ︵ᠳᠣᠯᠤᠭ᠎ᠠ︶ ᠲᠠᠴᠢᠷᠳᠠᠭᠰᠠᠨ ᠲᠠᠷᠢᠶᠠᠨ ᠭᠠᠵᠠᠷ ᠢ ᠵᠠᠰᠠᠬᠤ ᠶᠢ ᠴᠢᠩᠭᠠᠳᠬᠠᠨ᠎ᠠ᠃ ᠭᠦᠴᠢᠯᠵᠢᠭᠰᠡᠨ ᠵᠡᠷᠭᠡ | ᠲᠠᠴᠢᠷᠳᠠᠭᠰᠠᠨ ᠲᠠᠷᠢᠶᠠᠨ ᠭᠠᠵᠠᠷ ᠢ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠭᠦᠴᠢᠯᠵᠢᠭᠰᠡᠨ᠂ ᠳᠠᠯᠳᠠ | ᠪᠤᠶᠢᠵᠢᠯᠳᠠ ᠲᠠᠢ ᠵᠡᠷᠭᠡ ᠲᠠᠴᠢᠷᠳᠠᠭᠰᠠᠨ ᠲᠠᠷᠢᠶᠠᠨ ᠭᠠᠵᠠᠷ ᠲᠤ ᠲᠠᠷᠢᠶᠠᠨ ᠭᠠᠵᠠᠷ ᠤᠨ ᠲᠥᠬᠦᠭᠡᠷᠦᠮᠵᠢ ᠶᠢ | ᠲᠡᠭᠦᠯᠳᠡᠷᠵᠢᠭᠦᠯᠬᠦ᠂ ᠲᠠᠷᠢᠶᠠᠯᠠᠬᠤ ᠳᠦᠷᠢᠮ ᠢ ᠰᠠᠶᠢᠵᠢᠷᠠᠭᠤᠯᠬᠤ᠂ ᠪᠣᠷᠳᠣᠭᠤᠷ ᠣᠷᠣᠭᠤᠯᠵᠤ ᠲᠠᠷᠢᠶᠠᠯᠠᠬᠤ ᠳᠠᠪᠬᠤᠷᠭ᠎ᠠ | ᠪᠠᠶᠢᠭᠤᠯᠬᠤ᠂ ᠬᠥᠷᠥᠰᠥ ᠰᠢᠷᠣᠢ ᠲᠣᠬᠢᠷᠠᠭᠤᠯᠬᠤ ᠹᠢᠽᠢᠺ ᠤᠨ ᠮᠠᠲ᠋ᠧᠷᠢᠶᠠᠯ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠵᠠᠰᠠᠯᠲᠠ ᠬᠢᠨ᠎ᠡ᠃ ᠬᠥᠷᠥᠰᠥ ᠰᠢᠷᠣᠢ ᠶᠢᠨ ᠭᠦᠴᠢᠯᠵᠢᠭᠰᠡᠨ ᠭᠤᠣᠯᠳᠠᠯᠭ᠎ᠠ ᠲᠠᠢ ᠰᠢᠶᠠᠨ ᠤ ᠪᠦᠭᠦ | ᠣᠷᠣᠨ ᠪᠦᠰᠡ ᠶᠢᠨ ᠵᠠᠰᠠᠯᠲᠠ ᠶᠢ ᠲᠦᠷᠭᠡᠳᠬᠡᠨ᠎ᠡ᠃ ᠡᠯᠡᠰᠦᠷᠬᠡᠭᠵᠢᠭᠰᠡᠨ᠂ ᠰᠠᠯᠬᠢᠨ ᠳᠤ ᠢᠳᠡᠭᠳᠡᠭᠰᠡᠨ᠂ ᠤᠰᠤᠨ ᠳᠤ | ᠢᠳᠡᠭᠳᠡᠭᠰᠡᠨ ᠲᠠᠷᠢᠶᠠᠨ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠬᠥᠷᠥᠰᠥ ᠰᠢᠷᠣᠢ ᠶᠢᠨ | ᠢᠳᠡᠭᠳᠡᠯ ᠢ ᠰᠡᠷᠭᠡᠶᠢᠯᠡᠨ ᠵᠠᠰᠠᠨ᠎ᠠ᠃ | ︵ᠨᠠᠢᠮᠠ︶ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ ᠠᠰᠢᠭᠯᠠᠬᠤ ᠶᠢ ᠰᠠᠶᠢᠲᠤᠷ ᠠᠳᠬᠤᠨ᠎ᠠ᠃ | ᠬᠤᠵᠢᠷᠯᠢᠭ ᠭᠠᠵᠠᠷ ᠤᠨ ᠡᠬᠢ ᠪᠠᠶᠠᠯᠢᠭ ᠤᠨ ᠪᠠᠶᠢᠳᠠᠯ ᠢ ᠪᠦᠭᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠬᠤᠵᠢᠷᠯᠢᠭ | ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠎ᠠ᠃ ᠬᠤᠵᠢᠷᠰᠢᠭᠰᠠᠨ ᠲᠠᠷᠢᠶᠠᠨ | ᠭᠠᠵᠠᠷ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠬᠤᠵᠢᠷᠰᠢᠭᠰᠠᠨ ᠲᠠᠷᠢᠶᠠᠨ ᠭᠠᠵᠠᠷ ᠢ ᠵᠠᠰᠠᠵᠤ ᠰᠠᠶᠢᠵᠢᠷᠠᠭᠤᠯᠬᠤ | ᠠᠵᠢᠯ ᠢ ᠣᠷᠣᠨ ᠬᠤᠪᠢᠶᠠᠨ ᠲᠦᠷᠦᠯ ᠬᠤᠪᠢᠶᠠᠨ ᠥᠷᠨᠢᠭᠦᠯᠵᠦ᠂ ᠲᠠᠷᠢᠶᠠᠨ ᠭᠠᠵᠠᠷ ᠤᠨ ᠬᠤᠵᠢᠷᠰᠢᠬᠤ ᠶᠢ | ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠬᠤᠵᠢᠷᠯᠢᠭ ᠭᠠᠵᠠᠷ ᠵᠡᠷᠭᠡ ᠲᠠᠷᠢᠶᠠᠨ ᠭᠠᠵᠠᠷ ᠤᠨ ᠪᠡᠯᠡᠳᠬᠡᠯ ᠡᠬᠢ | ᠪᠠᠶᠠᠯᠢᠭ ᠢ ᠨᠡᠭᠡᠭᠡᠨ ᠠᠰᠢᠭᠯᠠᠬᠤ ᠶᠢ ᠱᠠᠲᠤ ᠳᠠᠷᠠᠭᠠᠯᠠᠨ ᠠᠬᠢᠭᠤᠯᠤᠨ᠎ᠠ᠃ ︽ᠲᠠᠷᠢᠶᠠᠨ ᠭᠠᠵᠠᠷ ᠲᠤ ᠲᠣᠬᠢᠷᠠᠭᠤᠯᠤᠨ | ᠲᠠᠷᠢᠬᠤ︾ ᠪᠠ ︽ᠲᠠᠷᠢᠶᠠᠨ ᠭᠠᠵᠠᠷ ᠢ ᠲᠠᠷᠢᠬᠤ ᠳᠤ ᠲᠣᠬᠢᠷᠠᠮᠵᠢᠲᠠᠢ ᠪᠤᠯᠭᠠᠬᠤ︾ ᠶᠢ ᠬᠠᠷᠢᠯᠴᠠᠨ ᠤᠶᠠᠯᠳᠤᠭᠤᠯᠬᠤ ᠶᠢ | ᠪᠠᠷᠢᠮᠲᠠᠯᠠᠵᠤ᠂ ᠳᠠᠪᠤᠰᠤ ᠬᠤᠵᠢᠷ ᠲᠤ ᠳᠠᠭᠠᠭᠠᠮᠠᠭᠠᠢ ᠲᠥᠷᠥᠯ ᠵᠦᠢᠯ ᠪᠠ ᠬᠤᠵᠢᠷᠯᠢᠭ ᠭᠠᠵᠠᠷ ᠢ ᠵᠠᠰᠠᠬᠤ | ᠬᠡᠷᠡᠭᠯᠡᠭᠡᠨ ᠤ ᠮᠡᠷᠭᠡᠵᠢᠯ ᠢ ᠪᠣᠶᠢᠵᠢᠭᠤᠯᠤᠨ ᠳᠡᠯᠭᠡᠷᠡᠭᠦᠯᠦᠨ᠎ᠡ᠃ | ︵ᠶᠢᠰᠦ︶ ᠣᠷᠭᠠᠨᠢᠭ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ | ᠣᠷᠭᠠᠨᠢᠭ ᠴᠢᠨᠠᠷ ᠢ ᠳᠡᠭᠡᠭᠰᠢᠯᠡᠭᠦᠯᠭᠦ ᠠᠵᠢᠯᠯᠠᠭᠠᠨ ᠤ ᠲᠥᠰᠥᠯ ᠢ ᠲᠣᠭᠲᠠᠭᠠᠨ ᠬᠡᠷᠡᠭᠵᠢᠭᠦᠯᠵᠦ᠂ ᠪᠣᠷᠳᠣᠭᠤᠷ | ᠣᠷᠣᠭᠤᠯᠬᠤ ᠬᠥᠷᠥᠰᠥ ᠰᠢᠷᠣᠢ ᠶᠢ ᠰᠠᠶᠢᠵᠢᠷᠠᠭᠤᠯᠤᠨ᠂ ᠲᠠᠷᠢᠶᠠᠨ ᠭᠠᠵᠠᠷ ᠤᠨ ᠬᠥᠷᠥᠰᠥ ᠰᠢᠷᠣᠢ ᠶᠢ ᠰᠠᠶᠢᠵᠢᠷᠠᠭᠤᠯᠵᠤ᠂ | ᠲᠠᠷᠢᠶᠠᠨ ᠭᠠᠵᠠᠷ ᠤᠨ ᠣᠷᠭᠠᠨᠢᠭ ᠴᠢᠨᠠᠷ ᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠦᠨᠡᠨ | ᠬᠦ ᠪᠠᠲᠤᠯᠠᠨ᠎ᠠ᠃ ᠣᠷᠭᠠᠨᠢᠭ ᠪᠣᠷᠳᠣᠭᠤᠷ ᠢᠶᠠᠷ ᠬᠢᠮᠢ ᠶᠢᠨ ᠪᠣᠷᠳᠣᠭᠤᠷ ᠢ ᠣᠷᠣᠯᠠᠭᠤᠯᠬᠤ ᠶᠢ ᠲᠦᠷᠭᠡᠳᠬᠡᠨ | ᠳᠡᠯᠭᠡᠷᠡᠭᠦᠯᠵᠦ᠂ ᠮᠠᠯ ᠵᠢᠭᠦᠷᠲᠡᠨ ᠤ ᠬᠥᠷᠵᠡᠩ ᠪᠣᠷᠳᠣᠭᠤᠷ ᠢ ᠲᠤᠬᠠᠢ ᠶᠢᠨ ᠭᠠᠵᠠᠷ ᠲᠤᠨᠢ ᠣᠶᠢᠷ᠎ᠠ ᠬᠠᠪᠢ ᠳᠤᠨᠢ | ᠲᠠᠷᠢᠶᠠᠨ ᠳᠤ ᠪᠤᠴᠠᠭᠠᠵᠤ ᠠᠰᠢᠭᠯᠠᠬᠤ ᠵᠡᠷᠭᠡ ᠭᠠᠵᠠᠷ ᠬᠡᠷᠡᠭᠯᠡᠵᠦ ᠲᠠᠷᠢᠶ᠎ᠠ ᠰᠢᠮᠡᠵᠢᠭᠦᠯᠬᠦ ᠠᠷᠭ᠎ᠠ ᠬᠡᠮᠵᠢᠶ᠎ᠡ ᠶᠢ | ᠠᠬᠢᠭᠤᠯᠤᠨ᠎ᠠ᠃ ᠲᠠᠷᠢᠶᠠᠨ ᠭᠠᠵᠠᠷ ᠤᠨ ᠣᠷᠭᠠᠨᠢᠭ ᠴᠢᠨᠠᠷ ᠢ ᠳᠡᠭᠡᠭᠰᠢᠯᠡᠭᠦᠯᠭᠦ ᠪᠠᠷᠢᠮᠵᠢᠶᠠᠵᠢᠭᠤᠯᠤᠯᠲᠠ ᠶᠢᠨ | ᠰᠢᠰᠲ᠋ᠧᠮ ᠢ ᠪᠠᠶᠢᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ | ︵ᠠᠷᠪᠠ︶ ᠲᠠᠷᠢᠶᠠᠨ ᠭᠠᠵᠠᠷ ᠤᠨ ᠶᠠᠰᠤ ᠴᠢᠨᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ | ᠳᠦᠷᠢᠮ ᠢ ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠬᠠᠤᠯᠢ ᠲᠣᠭᠲᠠᠭᠠᠯᠲᠠ ᠶᠢ | ᠲᠦᠷᠭᠡᠳᠬᠡᠨ᠎ᠡ᠃ ᠲᠠᠷᠢᠶᠠᠨ ᠭᠠᠵᠠᠷ ᠤᠨ ᠶᠠᠰᠤ ᠴᠢᠨᠠᠷ ᠢ ᠪᠠᠶᠢᠴᠠᠭᠠᠨ ᠦᠨᠡᠯᠡᠬᠦ ᠳᠦᠷᠢᠮ ᠢ ᠲᠡᠭᠦᠯᠳᠡᠷᠵᠢᠭᠦᠯᠵᠦ᠂ | ᠲᠠᠷᠢᠶᠠᠨ ᠭᠠᠵᠠᠷ ᠤᠨ ᠶᠠᠰᠤ ᠴᠢᠨᠠᠷ ᠢ ᠦᠨᠡᠯᠡᠬᠦ ᠨᠢᠭᠡᠳᠦᠯᠲᠡᠢ ᠠᠷᠭ᠎ᠠ᠂ ᠪᠠᠷᠢᠮᠵᠢᠶ᠎ᠠ᠂ ᠭᠦᠢᠴᠡᠳᠬᠡᠯ ᠲᠤᠭ᠎ᠠ ᠶᠢ | ᠲᠣᠭᠲᠠᠭᠠᠨ᠎ᠠ᠃ ᠵᠢᠯ ᠪᠦᠷᠢ ᠲᠠᠷᠢᠶᠠᠨ ᠭᠠᠵᠠᠷ ᠤᠨ ᠶᠠᠰᠤ ᠴᠢᠨᠠᠷ ᠤᠨ ᠬᠤᠪᠢᠷᠠᠯᠲᠠ ᠳᠤ ᠪᠠᠶᠢᠴᠠᠭᠠᠯᠲᠠ ᠦᠨᠡᠯᠡᠯᠲᠡ | ᠬᠢᠵᠦ᠂ 5 ᠵᠢᠯ ᠪᠦᠷᠢ ᠳᠤ ᠲᠠᠷᠢᠶᠠᠨ ᠭᠠᠵᠠᠷ ᠤᠨ ᠶᠠᠰᠤ ᠴᠢᠨᠠᠷ ᠤᠨ ᠶᠡᠷᠦᠩᠬᠡᠶᠢᠯᠡᠭᠰᠡᠨ ᠦᠨᠡᠯᠡᠯᠲᠡ ᠬᠢᠵᠦ᠂ ᠴᠠᠭ | ᠲᠤᠨᠢ ᠲᠣᠬᠢᠷᠠᠭᠤᠯᠤᠨ ᠪᠦᠭᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠨ᠎ᠡ᠃ | ᠤᠯᠤᠰ᠂ ᠮᠤᠵᠢ᠂ ᠬᠤᠲᠠ᠂ ᠰᠢᠶᠠᠨ ᠳᠥᠷᠪᠡᠨ ᠱᠠᠲᠤᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ | ᠲᠣᠣᠷ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠠᠭᠠᠯᠠᠯᠲᠠ | ᠬᠢᠭᠡᠳ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠲᠥᠪ ᠤᠨ ᠪᠠ | ᠣᠷᠣᠨ ᠨᠤᠲᠤᠭ ᠤᠨ ᠡᠳ᠋ ᠤᠨ ᠵᠠᠰᠠᠭ ᠠᠴᠠ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠭᠦ ᠳᠤ ᠪᠡᠯᠡ | ᠮᠥᠩᠭᠦ ᠶᠢᠨ ᠪᠠᠲᠤᠯᠠᠭ᠎ᠠ ᠬᠠᠩᠭᠠᠨ᠎ᠠ᠃ | ᠳᠥᠷᠪᠡ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠳᠦᠷᠢᠮ ᠢ | ᠥᠭᠡᠷᠡᠴᠢᠯᠡᠨ ᠲᠡᠭᠦᠯᠳᠡᠷᠵᠢᠭᠦᠯᠦᠨ᠎ᠡ | ︵ᠠᠷᠪᠠᠨ ᠨᠢᠭᠡ︶ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠬᠠᠮᠢᠶᠠᠷᠤᠯᠲᠠ ᠶᠢᠨ ᠠᠷᠭ᠎ᠠ ᠮᠠᠶ᠋ᠢᠭ ᠢ | ᠥᠭᠡᠷᠡᠴᠢᠯᠡᠨ᠎ᠡ᠃ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ᠂ ᠣᠶᠢᠵᠢᠭᠤᠯᠵᠤ ᠮᠣᠳᠣ ᠲᠠᠷᠢᠬᠤ᠂ ᠵᠢᠮᠢᠰ ᠴᠠᠢ | ᠲᠠᠷᠢᠬᠤ ᠵᠡᠷᠭᠡ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠲᠠᠷᠢᠶᠠᠨ | ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠬᠠᠮᠢᠶᠠᠷᠤᠯᠲᠠ ᠳᠤ ᠨᠢᠭᠡᠳᠦᠯᠲᠡᠢ ᠣᠷᠣᠭᠤᠯᠤᠨ᠎ᠠ᠃ | ᠲᠠᠷᠢᠶᠠᠨ ᠭᠠᠵᠠᠷ ᠢ ᠨᠥᠬᠦᠪᠦᠷᠢᠯᠡᠬᠦ ᠳᠤ ᠴᠢᠨᠠᠷ ᠰᠠᠶᠢᠲᠠᠢ ᠲᠠᠷᠢᠶᠠᠨ ᠭᠠᠵᠠᠷ ᠢ ᠰᠡᠷᠭᠦᠭᠡᠬᠦ ᠪᠠᠷ ᠭᠤᠣᠯ ᠪᠤᠯᠭᠠᠵᠤ᠂ | ᠲᠠᠷᠢᠶᠠᠨ ᠭᠠᠵᠠᠷ ᠢ ᠰᠢᠨ᠎ᠡ ᠪᠠᠷ ᠬᠠᠭᠠᠯᠪᠤᠷᠢᠯᠠᠬᠤ ᠪᠠᠷ ᠬᠠᠪᠰᠤᠷᠤᠮᠵᠢ ᠪᠤᠯᠭᠠᠬᠤ ᠵᠠᠷᠴᠢᠮ ᠢ ᠪᠠᠷᠢᠮᠲᠠᠯᠠᠨ᠂ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷ᠎ᠠ | ᠲᠠᠷᠢᠶᠠᠨ ᠭᠠᠵᠠᠷ ᠢ ᠰᠢᠨ᠎ᠡ ᠪᠠᠷ ᠬᠠᠭᠠᠯᠪᠤᠷᠢᠯᠠᠬᠤ ᠶᠢ ᠴᠠᠭᠠᠵᠠᠯᠠᠵᠤ᠂ ᠬᠦᠨᠳᠦ ᠨᠣᠴᠢᠲᠠᠢ ᠡᠯᠡᠰᠦᠷᠬᠡᠭᠵᠢᠭᠰᠡᠨ ᠭᠠᠵᠠᠷ | ᠰᠢᠷᠣᠢ᠂ ᠬᠦᠨᠳᠦ ᠨᠣᠴᠢᠲᠠᠢ ᠬᠠᠶᠢᠷ ᠴᠢᠯᠠᠭᠤᠵᠢᠭᠰᠠᠨ ᠭᠠᠵᠠᠷ ᠰᠢᠷᠣᠢ᠂ ᠭᠤᠣᠯᠳᠠᠯᠭ᠎ᠠ ᠲᠠᠢ ᠡᠯᠡᠰᠦᠨ ᠤ ᠡᠬᠢ ᠶᠢᠨ | ᠣᠷᠣᠨ᠂ ᠡᠯᠡᠰᠦ ᠲᠣᠭᠤᠰᠣ ᠳᠠᠮᠵᠢᠭᠤᠯᠬᠤ ᠵᠠᠮ᠂ 25 ᠭᠷᠡᠳᠦ᠋ᠰ ᠠᠴᠠ ᠳᠡᠭᠡᠭᠰᠢᠬᠢ ᠡᠭᠴᠡ ᠬᠥᠲᠥᠯ᠂ ᠭᠤᠣᠯ ᠮᠥᠷᠡᠨ | ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶ᠎ᠡ ᠵᠢᠴᠢ ᠭᠤᠣᠯᠳᠠᠯᠭ᠎ᠠ ᠲᠠᠢ ᠰᠢᠭᠤᠶᠢᠲᠤ ᠣᠷᠣᠨ᠂ ᠤᠯᠤᠰ ᠤᠨ | ᠥᠮᠴᠢᠯᠡᠯ ᠤᠨ ᠣᠶ ᠰᠢᠭᠤᠢ ᠶᠢᠨ ᠲᠠᠯᠠᠪᠠᠶ ᠵᠡᠷᠭᠡ ᠣᠷᠣᠨ ᠪᠦᠰᠡ ᠶᠢ ᠵᠠᠷᠴᠢᠮ ᠳᠡᠭᠡᠷ᠎ᠡ ᠪᠠᠨ ᠲᠠᠷᠢᠶᠠᠨ ᠭᠠᠵᠠᠷ ᠢ | ᠨᠥᠬᠦᠪᠦᠷᠢᠯᠡᠬᠦ ᠢᠷᠡᠯᠲᠡ ᠪᠤᠯᠭᠠᠬᠤ ᠦᠭᠡᠢ᠃ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ | ᠨᠠᠶᠢᠳᠠᠪᠤᠷᠢᠵᠢᠭᠤᠯᠬᠤ ᠠᠷᠭ᠎ᠠ ᠮᠠᠶ᠋ᠢᠭ ᠢ ᠰᠠᠶᠢᠵᠢᠷᠠᠭᠤᠯᠵᠤ᠂ ᠡᠯ᠎ᠡ ᠲᠥᠷᠥᠯ ᠤᠨ ᠬᠡᠷᠡᠭᠵᠢᠭᠦᠯᠬᠦ ᠭᠤᠣᠯ ᠴᠣᠭᠴᠠ ᠨᠢ | ᠲᠠᠷᠢᠶᠠᠨ ᠪᠤᠰᠤ ᠭᠠᠵᠠᠷ ᠢ ᠬᠠᠭᠠᠯᠪᠤᠷᠢᠯᠠᠬᠤ᠂ ᠲᠠᠷᠢᠶᠠᠨ ᠭᠠᠵᠠᠷ ᠪᠣᠯᠭᠠᠨ ᠰᠡᠷᠭᠦᠭᠡᠭᠰᠡᠨ ᠪᠠᠶᠢᠪᠠᠯ᠂ ᠲᠣᠭᠲᠠᠭᠠᠯ ᠳᠤ | ᠨᠡᠶᠢᠴᠡᠪᠡᠯ ᠨᠥᠬᠦᠪᠦᠷᠢ ᠲᠠᠷᠢᠶᠠᠨ ᠭᠠᠵᠠᠷ ᠪᠤᠯᠭᠠᠵᠤ ᠪᠣᠯᠣᠨ᠎ᠠ᠃ ︽ᠨᠥᠬᠦᠪᠦᠷᠢᠯᠡᠬᠦ ᠪᠠᠷ ᠡᠵᠡᠯᠡᠬᠦ ᠶᠢ ᠲᠣᠭᠲᠠᠭᠠᠬᠤ︾ ᠶᠢ | ᠪᠠᠷᠢᠮᠲᠠᠯᠠᠨ᠂ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢᠨ ᠬᠥᠳᠡᠯᠦᠩᠭᠦᠢ ᠲᠡᠩᠴᠡᠭᠦᠷᠢ ᠶᠢ ᠪᠡᠶᠡᠯᠡᠭᠦᠯᠦᠭᠰᠡᠨ | ᠤᠷᠢᠲᠠᠯ ᠳᠣᠣᠷ᠎ᠠ᠂ ᠮᠤᠵᠢ ᠶᠢᠨ ᠬᠡᠪᠴᠢᠶᠡᠨ ᠳᠣᠲᠣᠷᠠᠬᠢ ᠲᠠᠷᠢᠶᠠᠨ ᠭᠠᠵᠠᠷ ᠢ ᠲᠣᠭᠲᠠᠭᠤᠨ ᠢᠶᠠᠷ ᠠᠰᠢᠭᠯᠠᠭᠰᠠᠨ | ᠴᠡᠪᠡᠷ ᠨᠡᠮᠡᠭᠳᠡᠯ ᠤᠨ ᠬᠡᠮᠵᠢᠶ᠎ᠡ ᠶᠢ ᠳᠠᠷᠠᠭ᠎ᠠ ᠵᠢᠯ ᠤᠨ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠶᠢᠨ | ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠵᠥᠪᠰᠢᠶᠡᠷᠡᠬᠦ ᠬᠡᠪᠴᠢᠶ᠎ᠡ ᠶᠢᠨ ᠳᠡᠭᠡᠷ᠎ᠡ ᠬᠢᠵᠠᠭᠠᠷ ᠪᠤᠯᠭᠠᠵᠤ᠂ ᠬᠠᠤᠯᠢ ᠠᠴᠠ | ᠵᠥᠷᠢᠴᠡᠭᠰᠡᠨ ᠪᠦᠲᠦᠭᠡᠨ ᠪᠠᠶᠢᠭᠤᠯᠤᠯᠲᠠ ᠳᠤ ᠬᠠᠨᠳᠤᠭᠤᠯᠤᠨ ᠲᠠᠷᠢᠶᠠᠨ ᠭᠠᠵᠠᠷ ᠨᠥᠬᠦᠪᠦᠷᠢᠯᠡᠬᠦ ᠭᠦᠢᠴᠡᠳᠬᠡᠯ ᠲᠤᠭ᠎ᠠ | ᠶᠢ ᠵᠣᠬᠢᠴᠠᠩᠭᠤᠢ ᠪᠠᠷ ᠬᠥᠯᠳᠡᠭᠡᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠬᠠᠮᠢᠶᠠᠷᠤᠯᠲᠠ | ᠶᠢᠨ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠦᠨ᠎ᠡ᠃ | ︵ᠠᠷᠪᠠᠨ ᠬᠤᠶᠠᠷ︶ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ ᠨᠠᠶᠢᠳᠠᠪᠤᠷᠢᠵᠢᠭᠤᠯᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠵᠤ᠂ ᠤᠯᠤᠰ ᠠᠴᠠ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ︶ ᠶᠢᠨ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠵᠦ᠂ ᠪᠦᠭᠦ | ᠤᠯᠤᠰ ᠤᠨ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠ ᠠᠴᠠ ᠳᠠᠪᠠᠭᠤᠯᠬᠤ ᠦᠭᠡᠢ ᠪᠠᠶᠢᠬᠤ ᠶᠢ ᠪᠠᠲᠤᠯᠠᠨ᠎ᠠ; ᠡᠯ᠎ᠡ | ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠬᠢᠨ ᠮᠤᠵᠢ ᠶᠢᠨ ᠬᠡᠪᠴᠢᠶᠡᠨ ᠳᠣᠲᠣᠷᠠᠬᠢ | ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠨᠥᠬᠦᠪᠦᠷᠢᠯᠡᠬᠦ ᠠᠵᠢᠯ ᠢ ᠨᠢᠭᠡᠳᠦᠯᠲᠡᠢ ᠲᠥᠯᠥᠪᠵᠢᠭᠦᠯᠬᠦ ᠪᠠᠨ | ᠴᠢᠩᠭᠠᠳᠬᠠᠵᠤ᠂ ᠣᠨ ᠤ ᠲᠠᠷᠢᠶᠠᠨ ᠭᠠᠵᠠᠷ ᠤᠨ ᠶᠡᠷᠦᠩᠬᠡᠢ ᠬᠡᠮᠵᠢᠶᠡᠨ ᠤ ᠬᠥᠳᠡᠯᠦᠩᠭᠦᠢ ᠲᠡᠩᠴᠡᠭᠦᠷᠢ ᠶᠢ ᠪᠠᠲᠤᠯᠠᠨ᠎ᠠ; | ᠬᠤᠲᠠ ᠰᠢᠶᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ᠂ | ᠰᠢᠯᠢᠳᠡᠭ ᠲᠠᠷᠢᠶᠠᠨ ᠭᠠᠵᠠᠷ ᠢᠶᠠᠷ ᠭᠦᠢᠴᠡᠳ ᠨᠥᠬᠦᠪᠦᠷᠢᠯᠡᠬᠦ ᠶᠢ ᠴᠢᠩᠭ᠎ᠠ ᠬᠠᠮᠢᠶᠠᠷᠤᠨ ᠡᠵᠡᠮᠳᠡᠨ᠎ᠡ᠃ ᠡᠯ᠎ᠡ ᠮᠤᠵᠢ | ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠬᠢᠨ ᠨᠥᠬᠦᠪᠦᠷᠢᠯᠡᠬᠦ ᠲᠠᠷᠢᠶᠠᠨ ᠭᠠᠵᠠᠷ ᠤᠨ | ᠭᠦᠢᠴᠡᠳᠬᠡᠯ ᠲᠤᠭ᠎ᠠ ᠶᠢ ᠮᠤᠵᠢ ᠶᠢᠨ ᠱᠠᠲᠤᠨ ᠤ ᠬᠠᠮᠢᠶᠠᠷᠤᠯᠲᠠ ᠶᠢᠨ ᠲᠠᠪᠴᠠᠩ ᠳᠤ ᠨᠢᠭᠡᠳᠦᠯᠲᠡᠢ ᠣᠷᠣᠭᠤᠯᠵᠤ᠂ | ᠲᠣᠬᠢᠷᠠᠭᠤᠯᠬᠤ ᠲᠠᠰ ᠳᠠᠷᠠᠭᠠᠯᠠᠯ ᠢ ᠵᠢᠷᠤᠮᠵᠢᠭᠤᠯᠤᠨ᠂ ᠲᠣᠬᠢᠷᠠᠭᠤᠯᠵᠤ ᠨᠥᠬᠦᠪᠦᠷᠢᠯᠡᠬᠦ ᠪᠠᠷᠢᠮᠵᠢᠶ᠎ᠠ ᠶᠢ ᠵᠦᠢ ᠵᠣᠬᠢᠰᠲᠠᠢ | ᠲᠣᠭᠲᠠᠭᠠᠵᠤ᠂ ᠲᠣᠬᠢᠷᠠᠭᠤᠯᠬᠤ ᠬᠡᠪᠴᠢᠶ᠎ᠡ ᠶᠢ ᠴᠢᠩᠭ᠎ᠠ ᠬᠠᠮᠢᠶᠠᠷᠤᠨ ᠡᠵᠡᠮᠳᠡᠵᠦ᠂ ᠭᠦᠢᠴᠡᠳᠬᠡᠯ ᠲᠤᠭ᠎ᠠ ᠶᠢ | ᠲᠣᠬᠢᠷᠠᠭᠤᠯᠬᠤ ᠪᠡᠯᠡ ᠮᠥᠩᠭᠦ ᠶᠢ ᠲᠥᠰᠥᠪ ᠤᠨ ᠬᠠᠮᠢᠶᠠᠷᠤᠯᠲᠠ ᠳᠤ ᠣᠷᠣᠭᠤᠯᠤᠨ᠎ᠠ᠃ ᠲᠠᠷᠢᠶᠠᠨ ᠭᠠᠵᠠᠷ ᠢ | ᠨᠥᠬᠦᠪᠦᠷᠢᠯᠡᠬᠦ ᠭᠦᠢᠴᠡᠳᠬᠡᠯ ᠲᠤᠭ᠎ᠠ ᠶᠢ ᠯᠡ ᠬᠥᠭᠡᠭᠡᠴᠡᠯᠳᠦᠬᠦ᠂ ᠪᠠᠶᠢᠭᠠᠯᠢ ᠶᠢᠨ ᠨᠥᠬᠦᠴᠡᠯ ᠢ ᠬᠠᠶᠢᠬᠤᠷᠬᠤ | ᠦᠭᠡᠢ ᠪᠠᠷ ᠠᠯᠪᠠᠳᠠᠯᠭ᠎ᠠ ᠪᠠᠷ ᠨᠥᠬᠦᠪᠦᠷᠢᠯᠡᠬᠦ ᠦᠢᠯᠡ ᠠᠵᠢᠯᠯᠠᠭ᠎ᠠ ᠶᠢ ᠡᠷᠡᠰ ᠰᠡᠷᠭᠡᠶᠢᠯᠡᠨ ᠵᠠᠯᠠᠷᠠᠭᠤᠯᠤᠨ᠎ᠠ᠃ ᠠᠮᠢ | ᠠᠬᠤᠢ ᠬᠡᠪᠡᠷᠡᠭ᠂ ᠠᠮᠢ ᠠᠬᠤᠢ ᠶᠢᠨ ᠬᠠᠮᠠᠭᠠᠯᠠᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠡᠭᠦᠷᠭᠡᠯᠡᠵᠦ ᠪᠠᠶᠢᠭ᠎ᠠ ᠭᠠᠵᠠᠷ | ᠣᠷᠣᠨ ᠤ ᠤᠯᠤᠰ ᠤᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠤᠯᠤᠰ ᠠᠴᠠ | ᠨᠢᠭᠡᠳᠦᠯᠲᠡᠢ ᠲᠥᠯᠥᠪᠵᠢᠭᠦᠯᠦᠨ ᠮᠤᠵᠢ ᠣᠷᠣᠨ ᠠᠯᠤᠰᠯᠠᠨ ᠲᠥᠪᠯᠡᠷᠡᠭᠦᠯᠦᠨ ᠬᠠᠭᠠᠯᠪᠤᠷᠢᠯᠠᠵᠤ᠂ ᠲᠠᠷᠢᠶᠠᠨ ᠭᠠᠵᠠᠷ ᠢ | ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ ᠬᠠᠨᠳᠤᠯᠭ᠎ᠠ ᠲᠠᠢ ᠪᠠᠷ ᠲᠡᠮᠵᠢᠨ᠎ᠠ᠃ | ︵ᠠᠷᠪᠠᠨ ᠭᠤᠷᠪᠠ︶ ᠲᠠᠷᠢᠶᠠᠨ ᠭᠠᠵᠠᠷ ᠨᠥᠬᠦᠪᠦᠷᠢᠯᠡᠬᠦ ᠭᠤᠣᠯ ᠴᠣᠭᠴᠠ ᠳᠤ ᠨᠥᠬᠦᠪᠦᠷᠢ ᠥᠭᠴᠦ | ᠤᠷᠮᠠᠰᠢᠭᠤᠯᠬᠤ ᠶᠢ ᠴᠢᠩᠭᠠᠳᠬᠠᠨ᠎ᠠ᠃ ᠡᠯ᠎ᠡ ᠲᠥᠷᠥᠯ ᠤᠨ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ᠂ | ᠣᠶᠢᠵᠢᠭᠤᠯᠵᠤ ᠮᠣᠳᠣ ᠲᠠᠷᠢᠬᠤ᠂ ᠵᠢᠮᠢᠰ ᠴᠠᠢ ᠲᠠᠷᠢᠬᠤ ᠵᠡᠷᠭᠡ ᠳᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ | ᠡᠷᠬᠡᠪᠰᠢ ᠲᠠᠷᠢᠶᠠᠨ ᠭᠠᠵᠠᠷ ᠨᠥᠬᠦᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠥᠪᠡᠰᠦᠪᠡᠨ ᠨᠥᠬᠦᠪᠦᠷᠢᠯᠡᠬᠦ | ᠨᠥᠬᠦᠴᠡᠯ ᠦᠭᠡᠢ ᠪᠣᠯ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠨᠢ ᠲᠣᠭᠲᠠᠭᠠᠯ ᠶᠣᠰᠣᠭᠠᠷ ᠲᠠᠷᠢᠶᠠᠨ | ᠭᠠᠵᠠᠷ ᠬᠠᠭᠠᠯᠪᠤᠷᠢᠯᠠᠬᠤ ᠰᠦᠢᠳᠬᠡᠯ ᠲᠤᠰᠢᠶᠠᠨ᠎ᠠ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ︶ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠠᠷᠢᠶᠠᠨ ᠭᠠᠵᠠᠷ ᠢ ᠬᠠᠭᠠᠯᠪᠤᠷᠢᠯᠠᠬᠤ ᠵᠠᠷᠤᠳᠠᠯ ᠵᠡᠷᠭᠡ | ᠵᠠᠷᠤᠳᠠᠯ ᠤᠨ ᠪᠠᠷᠢᠮᠵᠢᠶ᠎ᠠ ᠶᠢ ᠲᠥᠷᠥᠯ ᠪᠠ ᠭᠤᠣᠯ ᠴᠣᠭᠴᠠ ᠬᠤᠪᠢᠶᠠᠨ ᠲᠣᠭᠲᠠᠭᠠᠬᠤ ᠶᠢᠨ ᠬᠠᠮᠲᠤ ᠴᠠᠭ ᠲᠤᠬᠠᠢ | ᠳᠤᠨᠢ ᠲᠣᠬᠢᠷᠠᠭᠤᠯᠤᠯᠲᠠ ᠬᠢᠵᠦ᠂ ᠪᠡᠯᠡ ᠮᠥᠩᠭᠦ ᠶᠢ ᠲᠠᠷᠢᠶᠠᠨ ᠭᠠᠵᠠᠷ ᠤᠨ ᠬᠠᠮᠠᠭᠠᠯᠠᠯᠲᠠ ᠬᠢᠭᠡᠳ ᠶᠠᠰᠤ ᠴᠢᠨᠠᠷ ᠤᠨ | ᠪᠦᠲᠦᠭᠡᠨ ᠪᠠᠶᠢᠭᠤᠯᠤᠯᠲᠠ ᠳᠤ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠬᠡᠷᠡᠭᠲᠡᠢ᠃ ᠡᠯ᠎ᠡ ᠭᠠᠵᠠᠷ ᠤᠨ ᠬᠢᠨ | ᠲᠠᠷᠢᠶᠠᠨ ᠭᠠᠵᠠᠷ ᠢ ᠡᠵᠡᠯᠡᠭᠡᠳᠦᠢ ᠪᠤᠯᠪᠠᠴᠤ ᠨᠢᠭᠡᠨᠲᠡ ᠬᠠᠭᠠᠯᠪᠤᠷᠢᠯᠠᠭᠰᠠᠨ ᠪᠤᠶᠤ ᠲᠠᠷᠢᠶᠠᠨ ᠭᠠᠵᠠᠷ ᠢ ᠰᠡᠷᠭᠦᠭᠡᠭᠰᠡᠨ | ᠭᠤᠣᠯ ᠴᠣᠭᠴᠠ ᠳᠤ ᠵᠣᠬᠢᠰᠲᠠᠢ ᠨᠥᠬᠦᠪᠦᠷᠢ ᠥᠭᠴᠦ ᠪᠣᠯᠣᠨ᠎ᠠ᠃ | ︵ᠠᠷᠪᠠᠨ ᠳᠥᠷᠪᠡ︶ ᠨᠥᠬᠦᠪᠦᠷᠢᠯᠡᠬᠦ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠳᠦᠷᠢᠮ ᠢ | ᠪᠦᠷᠢᠨᠰᠢᠭᠦᠯᠦᠨ᠎ᠡ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠨᠢ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠲᠠᠢ ᠬᠠᠮᠲᠤᠷᠠᠨ ᠨᠥᠬᠦᠪᠦᠷᠢᠯᠡᠬᠦ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠠᠷᠭ᠎ᠠ ᠶᠢ | ᠨᠡᠶᠢᠲᠡᠯᠡᠵᠦ᠂ ᠰᠢᠯᠭᠠᠨ ᠠᠪᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠂ ᠬᠠᠲᠠᠭᠤ ᠬᠢᠵᠠᠭᠠᠷᠯᠠᠯ ᠢ ᠴᠢᠩᠭᠠᠷᠠᠭᠤᠯᠬᠤ | ᠬᠡᠷᠡᠭᠲᠡᠢ᠃ ᠬᠠᠭᠠᠯᠪᠤᠷᠢᠯᠠᠬᠤ ᠪᠠ ᠰᠡᠷᠭᠦᠭᠡᠬᠦ ᠲᠠᠷᠢᠶᠠᠨ ᠭᠠᠵᠠᠷ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠵᠦ᠂ ᠲᠠᠷᠢᠶᠠᠯᠠᠬᠤ ᠳᠤ ᠲᠣᠬᠢᠷᠠᠬᠤ᠂ ᠭᠠᠩᠳᠠᠵᠤ | ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠤᠨᠠᠯᠳᠠ ᠶᠢ ᠥᠨᠳᠥᠷ ᠪᠤᠶᠤ ᠲᠣᠭᠲᠠᠭᠤᠨ ᠪᠠᠶᠢᠯᠭᠠᠬᠤ ᠪᠠᠷᠢᠮᠵᠢᠶ᠎ᠠ ᠳᠤ | ᠬᠦᠷᠬᠦ ᠪᠥᠭᠡᠳ ᠲᠥᠪᠯᠡᠷᠡᠨ ᠵᠠᠯᠭᠠᠯᠳᠤᠭᠰᠠᠨ᠂ ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ ᠠᠰᠢᠭᠯᠠᠵᠤ ᠪᠤᠯᠬᠤ | ᠪᠤᠯᠭᠠᠵᠤ᠂ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ ᠶᠢ ᠨᠢ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ | ᠨᠥᠬᠦᠪᠦᠷᠢ ᠪᠤᠯᠭᠠᠵᠤ ᠪᠤᠯᠬᠤ ᠦᠭᠡᠢ᠃ ᠲᠠᠷᠢᠶᠠᠨ ᠭᠠᠵᠠᠷ ᠢ ᠨᠥᠬᠦᠪᠦᠷᠢᠯᠡᠭᠰᠡᠨ ᠤ ᠳᠠᠷᠠᠭᠠᠬᠢ ᠬᠠᠮᠢᠶᠠᠷᠴᠤ | ᠬᠠᠮᠠᠭᠠᠯᠠᠬᠤ᠂ ᠳᠠᠭᠢᠨ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ ᠨᠥᠬᠦᠪᠦᠷᠢᠯᠡᠭᠰᠡᠨ ᠤ | ᠳᠠᠷᠠᠭᠠᠬᠢ ᠰᠢᠮ᠎ᠡ ᠬᠦᠴᠦ ᠶᠢ ᠨᠡᠮᠡᠭᠳᠡᠭᠦᠯᠬᠦ ᠪᠡᠯᠡ ᠮᠥᠩᠭᠦ ᠶᠢ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠥᠪᠡᠷ ᠤᠨ | ᠥᠷᠲᠡᠭ ᠲᠤ ᠣᠷᠣᠭᠤᠯᠤᠨ᠎ᠠ᠃ ᠲᠠᠷᠢᠶᠠᠨ ᠭᠠᠵᠠᠷ ᠤᠨ ᠭᠤᠣᠯ ᠴᠣᠭᠴᠠ ᠨᠢ ᠰᠢᠮ᠎ᠡ ᠬᠦᠴᠦ ᠶᠢ ᠨᠡᠮᠡᠭᠳᠡᠭᠦᠯᠬᠦ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠥᠷᠥᠰᠥ ᠰᠢᠷᠣᠢ ᠶᠢ ᠦᠷᠭᠦᠯᠵᠢᠯᠡᠨ ᠰᠠᠶᠢᠵᠢᠷᠠᠭᠤᠯᠵᠤ᠂ ᠭᠠᠵᠠᠷ ᠤᠨ | ᠰᠢᠮ᠎ᠡ ᠬᠦᠴᠦ ᠶᠢ ᠨᠡᠮᠡᠭᠳᠡᠭᠦᠯᠬᠦ ᠬᠡᠷᠡᠭᠲᠡᠢ᠃ | ᠲᠠᠪᠤ᠂ ᠲᠠᠷᠢᠶᠠᠴᠢᠨ ᠪᠣᠯᠣᠨ ᠣᠷᠣᠨ ᠨᠤᠲᠤᠭ ᠤᠨ ᠲᠠᠷᠢᠶᠠᠨ ᠭᠠᠵᠠᠷ ᠢ ᠬᠠᠮᠠᠭᠠᠯᠠᠬᠤ᠂ ᠠᠮᠤ ᠪᠤᠳᠠᠭ᠎ᠠ ᠲᠠᠷᠢᠵᠤ | ᠠᠮᠤ ᠪᠤᠳᠠᠭ᠎ᠠ ᠶᠢ ᠠᠳᠬᠤᠬᠤ ᠢᠳᠡᠪᠬᠢᠵᠢᠯ ᠢ ᠳᠠᠶᠢᠴᠢᠯᠠᠨ᠎ᠠ | ︵ᠠᠷᠪᠠᠨ ᠲᠠᠪᠤ︶ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠳᠡᠭᠡᠭᠰᠢᠯᠡᠭᠦᠯᠦᠨ᠎ᠠ᠃ | ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠦᠨ᠎ᠡ ᠬᠠᠩᠰᠢ᠂ ᠨᠥᠬᠦᠪᠦᠷᠢ᠂ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠣᠳᠣᠬᠢᠴᠢᠯᠠᠭᠰᠠᠨ ᠡᠷᠴᠢᠮᠵᠢᠭᠦᠯᠦᠭᠰᠡᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠵᠤ᠂ ᠤᠯᠠᠨ ᠵᠦᠢᠯ ᠤᠨ | ᠭᠡᠯᠪᠡᠷᠢ ᠶᠢᠨ ᠵᠣᠬᠢᠰᠲᠠᠢ ᠬᠡᠪᠴᠢᠶᠡᠲᠦ ᠡᠵᠡᠩᠨᠡᠯᠲᠡ ᠶᠢ ᠬᠡᠷᠡᠭᠵᠢᠭᠦᠯᠦᠨ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠬᠤ ᠬᠠᠷᠢᠴᠠᠭᠤᠯᠤᠭᠰᠠᠨ ᠠᠰᠢᠭ ᠣᠷᠣᠯᠭ᠎ᠠ ᠶᠢ ᠨᠡᠮᠡᠭᠳᠡᠭᠦᠯᠦᠨ᠂ | ᠲᠠᠷᠢᠶᠠᠴᠢᠳ ᠤᠨ ᠲᠠᠷᠢᠶᠠᠨ ᠭᠠᠵᠠᠷ ᠢᠶᠠᠨ ᠬᠠᠮᠠᠭᠠᠯᠠᠬᠤ ᠪᠠ ᠠᠮᠤ ᠪᠤᠳᠠᠭ᠎ᠠ ᠲᠠᠷᠢᠬᠤ ᠢᠳᠡᠪᠬᠢᠵᠢᠯ ᠢ ᠲᠠᠶᠢᠴᠢᠯᠠᠨ᠎ᠠ᠃ | ︵ᠠᠷᠪᠠᠨ ᠵᠢᠷᠭᠤᠭ᠎ᠠ︶ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠦᠢᠯᠡᠳᠪᠦᠷᠢᠯᠡᠯ ᠤᠨ ᠠᠰᠢᠭ | ᠲᠤᠰᠠ ᠶᠢ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠠᠮᠤ ᠪᠤᠳᠠᠭᠠᠨ ᠤ ᠭᠤᠣᠯ ᠤᠨᠠᠯᠳᠠ ᠶᠢᠨ ᠣᠷᠣᠨ ᠢ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠨᠤᠲᠤᠭ ᠤᠨ ᠬᠢᠨ ᠤ ᠲᠠᠷᠢᠶᠠᠨ ᠭᠠᠵᠠᠷ ᠤᠨ ᠬᠠᠮᠠᠭᠠᠯᠠᠯᠲᠠ ᠪᠠ | ᠠᠮᠤ ᠪᠤᠳᠠᠭᠠᠨ ᠤ ᠦᠢᠯᠡᠳᠪᠦᠷᠢᠯᠡᠯ ᠢ ᠠᠳᠬᠤᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠠᠮᠤ ᠪᠤᠳᠠᠭᠠᠨ ᠤ ᠭᠤᠣᠯ | ᠤᠨᠠᠯᠳᠠ ᠶᠢᠨ ᠣᠷᠣᠨ᠂ ᠭᠤᠣᠯ ᠪᠣᠷᠤᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠣᠷᠤᠯᠠᠭᠤᠯᠭ᠎ᠠ ᠲᠡᠩᠴᠡᠭᠦᠷᠢᠲᠡᠢ | ᠣᠷᠣᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠲᠠᠷᠢᠶᠠᠨ | ᠭᠠᠵᠠᠷ ᠢ ᠬᠠᠮᠠᠭᠠᠯᠠᠬᠤ ᠠᠵᠤ ᠠᠬᠤᠢ ᠶᠢᠨ ᠱᠠᠩᠨᠠᠵᠤ ᠲᠣᠷᠭᠠᠬᠤ ᠲᠣᠭᠲᠠᠴᠠ ᠶᠢ ᠬᠡᠷᠡᠭᠵᠢᠭᠦᠯᠵᠦ᠂ ᠲᠠᠷᠢᠶᠠᠨ ᠭᠠᠵᠠᠷ ᠢ | ᠬᠠᠮᠠᠭᠠᠯᠠᠬᠤ ᠡᠭᠦᠷᠭᠡ ᠲᠤᠲᠠᠭᠳᠠᠵᠤ ᠪᠠᠶᠢᠭ᠎ᠠ ᠮᠤᠵᠢ ᠠᠴᠠ ᠠᠵᠤ ᠠᠬᠤᠢ ᠶᠢᠨ ᠨᠥᠬᠦᠪᠦᠷᠢ ᠠᠪᠴᠤ᠂ ᠲᠠᠷᠢᠶᠠᠨ | ᠭᠠᠵᠠᠷ ᠢ ᠬᠠᠮᠠᠭᠠᠯᠠᠬᠤ ᠬᠠᠷᠠᠯᠲᠠ ᠡᠭᠦᠷᠭᠡ ᠶᠢ ᠢᠯᠡᠭᠦᠦ ᠡᠭᠦᠷᠭᠡᠯᠡᠭᠰᠡᠨ ᠮᠤᠵᠢ ᠳᠤ ᠠᠵᠤ ᠠᠬᠤᠢ ᠶᠢᠨ ᠱᠠᠩᠨᠠᠯ | ᠣᠯᠭᠤᠨ᠎ᠠ᠃ | ︵ᠠᠷᠪᠠᠨ ᠳᠣᠯᠤᠭ᠎ᠠ︶ ᠠᠲᠠᠷᠰᠢᠭᠰᠠᠨ ᠭᠠᠵᠠᠷ ᠢ ᠵᠠᠰᠠᠵᠤ ᠠᠰᠢᠭᠯᠠᠬᠤ ᠶᠢ ᠴᠢᠩᠭᠠᠳᠬᠠᠨ᠎ᠠ᠃ ᠪᠦᠭᠦ ᠤᠯᠤᠰ ᠤᠨ | ᠤᠯᠤᠰ ᠤᠨ ᠭᠠᠵᠠᠷ ᠰᠢᠷᠣᠢ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠷ ᠰᠠᠭᠤᠷᠢ ᠪᠤᠯᠭᠠᠵᠤ᠂ | ᠪᠣᠳᠠᠲᠠᠢ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠲᠠᠢ ᠤᠶᠠᠯᠳᠤᠭᠤᠯᠤᠨ᠂ ᠠᠲᠠᠷᠰᠢᠭᠰᠠᠨ ᠭᠠᠵᠠᠷ ᠤᠨ ᠪᠠᠶᠢᠳᠠᠯ ᠢ | ᠲᠣᠳᠣᠷᠬᠠᠢ ᠣᠶᠢᠯᠠᠭᠠᠵᠤ᠂ ᠵᠠᠰᠠᠵᠤ ᠠᠰᠢᠭᠯᠠᠬᠤ ᠶᠢ ᠲᠥᠷᠥᠯ ᠬᠤᠪᠢᠶᠠᠨ ᠠᠬᠢᠭᠤᠯᠤᠨ᠎ᠠ᠃ ᠭᠠᠵᠠᠷ ᠰᠢᠷᠣᠢ ᠶᠢ | ᠨᠠᠶᠢᠳᠠᠨ ᠬᠠᠮᠢᠶᠠᠷᠤᠭᠤᠯᠬᠤ᠂ ᠣᠷᠣᠯᠠᠨ ᠲᠠᠷᠢᠬᠤ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠦᠢᠯᠡᠳᠪᠦᠷᠢᠯᠡᠯ ᠢ ᠲᠦᠷᠭᠡᠨ | ᠰᠡᠷᠭᠦᠭᠡᠨ᠎ᠡ᠃ | ᠵᠢᠷᠭᠤᠭ᠎ᠠ᠂ ᠡᠯ᠎ᠡ ᠲᠥᠷᠥᠯ ᠤᠨ ᠤᠯᠠᠮᠵᠢᠯᠠᠯᠲᠤ ᠪᠤᠰᠤ ᠲᠠᠷᠢᠶᠠᠨ ᠭᠠᠵᠠᠷ ᠤᠨ ᠡᠬᠢ ᠪᠠᠶᠠᠯᠢᠭ ᠢ | ᠢᠳᠡᠪᠬᠢᠲᠡᠢ ᠪᠠᠷ ᠨᠡᠭᠡᠭᠡᠨ ᠬᠥᠭᠵᠢᠭᠦᠯᠦᠨ᠎ᠡ | ︵ᠠᠷᠪᠠᠨ ᠨᠠᠢᠮᠠ︶ ᠲᠠᠷᠢᠶᠠᠨ ᠭᠠᠵᠠᠷ ᠤᠨ ᠪᠤᠰᠤ ᠡᠬᠢ ᠪᠠᠶᠠᠯᠢᠭ ᠢ ᠭᠦᠢᠴᠡᠳ ᠠᠰᠢᠭᠯᠠᠨ ᠥᠨᠳᠥᠷ ᠦᠷ᠎ᠡ | ᠪᠦᠲᠦᠮᠵᠢᠲᠡᠶ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠦᠨ᠎ᠡ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠰᠤᠳᠤᠯᠤᠨ ᠨᠡᠭᠡᠭᠡᠬᠦ ᠪᠠ ᠦᠢᠯᠡᠳᠪᠦᠷᠢᠯᠡᠯ ᠤᠨ ᠪᠡᠯᠡ ᠣᠷᠣᠭᠤᠯᠤᠯᠲᠠ ᠶᠢ ᠴᠢᠩᠭᠠᠳᠬᠠᠨ᠂ ᠲᠠᠷᠢᠶᠠᠯᠠᠩ ᠤᠨ | ᠦᠢᠯᠡᠳᠪᠦᠷᠢᠯᠡᠯ ᠤᠨ ᠮᠡᠷᠭᠡᠵᠢᠯ ᠤᠨ ᠥᠭᠡᠷᠡᠴᠢᠯᠡᠯᠲᠡ ᠪᠣᠯᠣᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠤᠰᠤᠨ ᠤ ᠡᠬᠢ ᠪᠠᠶᠠᠯᠢᠭ ᠤᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠣᠷᠣᠨ ᠳᠤ ᠭᠤᠪᠢ᠂ ᠴᠥᠯ | ᠵᠡᠷᠭᠡ ᠶᠢ ᠰᠢᠨᠵᠢᠯᠡᠬᠦ ᠤᠬᠠᠭᠠᠨᠴᠢ ᠪᠠᠷ ᠠᠰᠢᠭᠯᠠᠨ ᠦᠷᠭᠦᠯᠵᠢᠯᠡᠨ ᠬᠥᠭᠵᠢᠭᠦᠯᠬᠦ ᠣᠳᠣ ᠦᠶ᠎ᠡ ᠶᠢᠨ ᠲᠥᠬᠦᠭᠡᠷᠦᠮᠵᠢᠲᠦ | ᠲᠠᠷᠢᠶᠠᠯᠠᠩ ᠢ ᠬᠠᠶᠢᠨ ᠰᠦᠪᠡᠭᠴᠢᠯᠡᠵᠦ᠂ ᠶᠡᠭᠡ ᠳᠤᠮᠳᠠ ᠬᠤᠲᠠ ᠶᠢᠨ ᠣᠳᠣᠬᠢᠴᠢᠯᠠᠭᠰᠠᠨ ᠬᠤᠲᠠ ᠶᠢᠨ | ᠲᠥᠬᠦᠭᠡᠷᠦᠮᠵᠢᠲᠦ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ | ︵ᠠᠷᠪᠠ ᠶᠢᠰᠦ︶ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ᠃ ᠵᠥᠪ ᠤᠯᠤᠰ ᠲᠥᠷᠥ ᠶᠢᠨ ᠴᠢᠭᠯᠡᠯ ᠢ | ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠪᠦᠭᠦ ᠶᠠᠪᠤᠴᠠ ᠡᠯ᠎ᠡ | ᠲᠠᠯ᠎ᠠ ᠳᠤ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠲᠠᠷᠢᠶᠠᠨ | ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠠᠶᠢᠭᠠᠯᠢ ᠶᠢᠨ ᠡᠬᠢ ᠪᠠᠶᠠᠯᠢᠭ᠂ | ᠬᠥᠳᠡᠭᠡ ᠠᠵᠤ ᠠᠬᠤᠢ ᠬᠥᠳᠡᠭᠡ ᠲᠣᠰᠬᠤᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠠᠮᠢ | ᠠᠬᠤᠢ ᠣᠷᠴᠢᠨ ᠲᠣᠭᠤᠷᠢᠨ᠂ ᠤᠰᠤᠨ ᠠᠰᠢᠭᠯᠠᠯᠲᠠ᠂ ᠤᠢ ᠰᠢᠭᠤᠢ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ | ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠰᠠᠨᠠᠯ ᠤᠨ ᠵᠣᠷᠢᠭ ᠰᠠᠨᠠᠭ᠎ᠠ ᠶᠣᠰᠣᠭᠠᠷ᠂ | ᠪᠣᠳᠠᠲᠠᠢ ᠲᠠᠢ ᠪᠠᠨ ᠤᠶᠠᠯᠳᠤᠭᠤᠯᠤᠨ ᠢᠵᠢ ᠲᠥᠬᠦᠷ ᠪᠢᠴᠢᠭ ᠮᠠᠲ᠋ᠧᠷᠢᠶᠠᠯ ᠢ ᠲᠣᠭᠲᠠᠭᠠᠬᠤ ᠶᠢᠨ ᠬᠠᠮᠲᠤ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ | ︵ᠬᠤᠷᠢ︶ ᠬᠠᠤᠯᠢ ᠬᠡᠷᠡᠭᠵᠢᠭᠦᠯᠬᠦ ᠶᠢ ᠴᠢᠩᠭ᠎ᠠ ᠱᠠᠯᠠᠪᠳᠠᠭᠤᠯᠤᠨ ᠪᠠᠶᠢᠴᠠᠭᠠᠨ᠎ᠠ᠃ ᠲᠠᠷᠢᠶᠠᠨ ᠭᠠᠵᠠᠷ ᠢ | ᠬᠠᠮᠠᠭᠠᠯᠠᠬᠤ ᠬᠠᠲᠠᠭᠤ ᠠᠷᠭ᠎ᠠ ᠬᠡᠮᠵᠢᠶ᠎ᠡ ᠶᠢᠨ ᠠᠵᠢᠯ ᠤᠨ ᠲᠣᠭᠲᠠᠴᠠ ᠶᠢ ᠰᠠᠶᠢᠲᠤᠷ ᠪᠠᠶᠢᠭᠤᠯᠤᠨ ᠪᠦᠷᠢᠨᠰᠢᠭᠦᠯᠵᠦ᠂ | ︽ᠣᠬᠲᠣ ᠠᠭᠤᠴᠢᠯᠠᠬᠤ ᠦᠭᠡᠢ︾ ᠣᠪᠣᠷ ᠢᠶᠠᠷ ᠡᠯ᠎ᠡ ᠲᠥᠷᠥᠯ ᠤᠨ ᠬᠠᠤᠯᠢ ᠠᠴᠠ ᠵᠥᠷᠢᠴᠡᠨ ᠲᠠᠷᠢᠶᠠᠨ ᠭᠠᠵᠠᠷ ᠢ | ᠡᠵᠡᠯᠡᠨ ᠬᠡᠷᠡᠭᠯᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠤᠯᠤᠰ ᠤᠨ ᠪᠠᠶᠢᠭᠠᠯᠢ ᠶᠢᠨ | ᠡᠬᠢ ᠪᠠᠶᠠᠯᠢᠭ ᠢ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠣᠷᠣᠨ ᠨᠤᠲᠤᠭ ᠤᠨ ᠲᠠᠷᠢᠶᠠᠨ ᠭᠠᠵᠠᠷ ᠢ | ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠪᠠᠶᠢᠴᠠᠭᠠᠵᠤ᠂ | ᠱᠠᠯᠠᠪᠳᠠᠭᠤᠯᠤᠨ ᠪᠠᠶᠢᠴᠠᠭᠠᠬᠤ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠᠶᠢᠭᠤᠯᠭ᠎ᠠ᠂ ᠱᠠᠯᠠᠪᠳᠠᠭᠤᠯᠤᠨ ᠪᠠᠶᠢᠴᠠᠭᠠᠬᠤ ᠪᠠᠶᠢᠭᠤᠯᠤᠮᠵᠢ ᠬᠢᠭᠡᠳ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠠ ᠬᠢᠨᠠᠨ ᠪᠤᠳᠤᠬᠤ᠂ ᠵᠣᠬᠢᠶᠠᠨ ᠪᠠᠶᠢᠭᠤᠯᠬᠤ ᠪᠠ ᠠᠵᠢᠯᠲᠠᠨ ᠤ | ᠶᠠᠪᠤᠳᠠᠯ ᠵᠡᠷᠭᠡ ᠰᠠᠯᠠᠭ᠎ᠠ ᠮᠥᠴᠢᠷ ᠤᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠺᠠᠳ᠋ᠷ ᠤᠨ | ᠬᠢᠨᠠᠯᠲᠠ ᠶᠢ ᠴᠢᠩᠭᠠᠳᠬᠠᠨ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠨ᠎ᠠ; ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ᠂ ᠱᠠᠯᠠᠪᠳᠠᠭᠤᠯᠤᠨ ᠪᠠᠶᠢᠴᠠᠭᠠᠬᠤ ᠪᠠᠶᠢᠭᠤᠯᠤᠮᠵᠢ ᠬᠢᠭᠡᠳ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠵᠡᠷᠭᠡ ᠶᠢᠨ | ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠵᠠᠰᠠᠭ | ᠵᠠᠬᠢᠷᠭᠠᠨ ᠤ ᠰᠢᠭᠦᠨ ᠲᠠᠰᠤᠯᠤᠯᠲᠠ᠂ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠠᠵᠢᠯ ᠤᠨ ᠵᠣᠯᠭᠠᠯᠴᠠᠭ᠎ᠠ ᠶᠢ | ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠬᠠᠤᠯᠢ ᠴᠠᠭᠠᠵᠠ ᠶᠢᠨ ᠲᠠᠰᠤᠯᠤᠯᠳᠠ ᠶᠢᠨ | ᠬᠠᠤᠯᠢ ᠴᠠᠭᠠᠵᠠ ᠶᠢ ᠬᠡᠷᠡᠭᠯᠡᠬᠦ ᠪᠠᠷᠢᠮᠵᠢᠶ᠎ᠠ ᠶᠢ ᠨᠢᠭᠡᠳᠦᠯᠲᠡᠢ ᠪᠤᠯᠭᠠᠵᠤ᠂ ᠨᠡᠶᠢᠲᠡ ᠶᠢᠨ ᠠᠰᠠᠷᠠᠮᠵᠢ ᠶᠢᠨ ᠵᠠᠷᠭᠤ᠂ ᠬᠠᠤᠯᠢ | ᠪᠠᠷᠢᠬᠤ ᠰᠠᠨᠠᠭᠤᠯᠭ᠎ᠠ ᠵᠡᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠲᠠᠷᠢᠶᠠᠨ ᠭᠠᠵᠠᠷ ᠢ ᠴᠡᠭᠴᠡᠯᠡᠨ | ᠰᠠᠶᠢᠵᠢᠷᠠᠭᠤᠯᠵᠤ ᠰᠡᠷᠭᠦᠭᠡᠬᠦ ᠳᠤ ᠦᠨᠡᠨ ᠠᠴᠠ ᠵᠥᠪ ᠢ ᠡᠷᠢᠵᠦ᠂ ᠵᠢᠮ᠎ᠡ ᠶᠣᠰᠣ ᠶᠢ ᠬᠦᠨᠳᠦᠳᠬᠡᠨ᠂ ᠲᠠᠷᠢᠶᠠᠴᠢᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠰᠢᠯᠵᠢᠯᠲᠡ ᠶᠢᠨ ᠬᠤᠭᠤᠴᠠᠭ᠎ᠠ ᠶᠢ ᠵᠣᠬᠢᠰᠲᠠᠢ ᠦᠯᠡᠳᠡᠭᠡᠵᠦ᠂ | ᠠᠯᠬᠤᠮ ᠲᠠᠷᠠᠭ᠎ᠠ ᠲᠠᠢ ᠪᠠᠷ ᠠᠬᠢᠭᠤᠯᠬᠤ ᠬᠡᠷᠡᠭᠲᠡᠢ᠃ | ︵ᠬᠤᠷᠢᠨ ᠨᠢᠭᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠲᠠᠷᠢᠶᠠᠨ ᠭᠠᠵᠠᠷ ᠢ | ᠬᠠᠮᠠᠭᠠᠯᠠᠬᠤ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠨ᠎ᠡ᠃ | ᠨᠡᠶᠢᠭᠡᠮ ᠤᠨ ᠬᠢᠨᠠᠯᠲᠠ ᠲᠠᠯᠪᠢᠬᠤ ᠠᠷᠭ᠎ᠠ ᠵᠠᠮ ᠢ ᠰᠢᠯᠤᠭᠤᠳᠬᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ | ᠶᠠᠪᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠪᠦᠭᠦ ᠨᠡᠶᠢᠭᠡᠮ ᠢ ᠬᠥᠲᠥᠯᠥᠨ ᠵᠢᠯᠤᠭᠤᠳᠴᠤ ᠪᠠᠶᠢᠭᠠᠳ | ᠲᠠᠷᠢᠶᠠᠨ ᠭᠠᠵᠠᠷ ᠢ ᠴᠢᠩᠭ᠎ᠠ ᠬᠠᠮᠠᠭᠠᠯᠠᠬᠤ ᠦᠵᠡᠯ ᠤᠬᠠᠮᠰᠠᠷ ᠢ ᠪᠤᠶ ᠪᠤᠯᠭᠠᠵᠤ᠂ ᠤᠬᠠᠮᠰᠠᠷ ᠠᠴᠠ ᠪᠠᠨ | ᠰᠠᠨᠠᠭᠠᠴᠢᠯᠠᠭ᠎ᠠ ᠠᠴᠠ ᠪᠠᠨ ᠲᠠᠷᠢᠶᠠᠨ ᠭᠠᠵᠠᠷ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠬᠤ | ᠬᠡᠷᠡᠭᠲᠡᠢ᠃ | | |