9 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ | ᠴᠠᠭᠠᠵᠠ ᠶᠢᠨ ᠬᠤᠷᠢᠶᠠᠨ ᠤ ᠱᠦᠵᠢ ᠶᠠᠩ ᠶᠦᠩ ᠭᠠᠩ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ | 2024 ᠣᠨ ᠤ 29 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠳᠠ ᠶᠢᠨ | ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠬᠤᠳᠠ ᠶᠢᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠤᠨ | ᠪᠠᠶᠠᠷ ᠤᠨ ᠬᠤᠭᠤᠴᠠᠭᠠᠨ ᠳᠠᠬᠢ ᠮᠠᠨ ᠤ ᠰᠢᠶᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ᠂ ᠭᠤᠷᠪᠠᠳᠤᠭᠠᠷ ᠤᠯᠠᠷᠢᠯ ᠪᠣᠯ ᠪᠦᠬᠦ ᠵᠢᠯ ᠤᠨ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ | ᠬᠤᠭᠤᠴᠠᠭ᠎ᠠ ᠪᠣᠯᠣᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠣᠯᠣᠨ | ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠵᠤ ᠠᠬᠤᠢ ᠶᠢᠨ | ᠠᠵᠢᠯ ᠢ ᠰᠠᠶᠢᠲᠤᠷ ᠬᠢᠬᠦ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠪᠡᠷᠲᠡᠭᠡᠨ | ᠵᠠᠰᠠᠬᠤ ᠣᠷᠣᠨ᠂ ᠬᠤᠳᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠠᠯᠲᠠ | ᠡᠭᠦᠷᠭᠡ ᠪᠠᠨ ᠲᠣᠭᠲᠠᠭᠠᠵᠤ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠬᠦ | ᠠᠵᠢᠯ ᠤᠨ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠠᠵᠢᠯ ᠤᠨ ᠠᠬᠢᠴᠠ ᠪᠠᠨ ᠲᠦᠷᠭᠡᠳᠬᠡᠵᠦ᠂ ᠤᠶᠤᠨ ᠴᠢᠳᠠᠯ ᠢᠶᠠᠨ | ᠲᠥᠪᠯᠡᠷᠡᠭᠦᠯᠦᠨ ᠳᠠᠪᠠᠭᠤᠯᠢᠭ ᠢᠶᠠᠨ ᠪᠠᠲᠤᠳᠬᠠᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ | ᠬᠦᠴᠦᠷᠬᠡᠭᠵᠢᠭᠦᠯᠵᠦ᠂ ᠪᠦᠬᠦ ᠬᠦᠴᠦᠨ ᠢᠶᠠᠷ ᠢᠶᠠᠨ ᠭᠤᠷᠪᠠᠳᠤᠭᠠᠷ ᠤᠯᠠᠷᠢᠯ ᠳᠤ ᠡᠷᠡᠯᠬᠡᠭᠯᠡᠨ ᠲᠡᠮᠡᠴᠡᠵᠦ᠂ ᠦᠨᠡᠨ ᠬᠦ | ᠠᠵᠢᠯ ᠤᠨ ᠦᠷ᠎ᠡ ᠪᠦᠲᠦᠮᠵᠢ ᠪᠠᠷ ᠪᠦᠬᠦ ᠵᠢᠯ ᠤᠨ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠤᠯᠤᠰ ᠤᠨ ᠪᠠᠶᠠᠷ ᠤᠨ ᠬᠤᠭᠤᠴᠠᠭᠠᠨ ᠳᠤ ᠶᠠᠭ ᠰᠠᠶᠢᠬᠠᠨ ᠨᠠᠮᠤᠷ ᠤᠨ ᠬᠤᠷᠢᠶᠠᠯᠲᠠ᠂ ᠰᠣᠶᠣᠯ | ᠵᠤᠭᠠᠴᠠᠯ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠦᠢᠯᠡᠳᠪᠦᠷᠢᠯᠡᠯ ᠡᠵᠡᠩᠨᠡᠯᠲᠡ ᠬᠥᠭᠵᠢᠶᠡᠨ ᠲᠠᠢ ᠤᠯᠠᠷᠢᠯ ᠪᠣᠯᠣᠨ᠎ᠠ᠂ | ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢᠨ ᠶᠡᠭᠡ | ᠪᠠᠶᠠᠷ ᠲᠣᠬᠢᠶᠠᠯᠳᠤᠬᠤ ᠳᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭᠠᠲᠤ | ᠰᠡᠳᠬᠢᠯᠭᠡ ᠪᠠᠨ ᠴᠢᠨᠠᠭᠰᠢᠳᠠ ᠴᠢᠩᠭᠠᠳᠬᠠᠬᠤ ᠬᠡᠷᠡᠭᠲᠡᠢ᠃ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ | ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ | ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ | ᠦᠨᠡᠨ ᠬᠦ ᠭᠦᠢᠴᠡᠳᠬᠡᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠢ ᠴᠢᠩᠭ᠎ᠠ | ᠬᠠᠮᠢᠶᠠᠷᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠬᠤ ᠤᠳᠠᠭ᠎ᠠ ᠪᠣᠯᠣᠨ | ︽ᠡᠷᠬᠢᠨ ᠬᠠᠷᠠᠬᠤ︾ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠶᠠᠷ ᠤᠨ ᠡᠳᠦᠷ ᠤᠨ | ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ | ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠮᠤᠷ | ᠲᠦᠪᠰᠢᠨ ᠤ ᠰᠡᠷᠭᠡᠶᠢᠯᠡᠯᠲᠡ ᠶᠢ ᠢᠮᠠᠭᠲᠠ ᠲᠣᠪᠣᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ᠃ ᠳᠠᠯᠳᠠ ᠬᠡᠮ ᠤᠨ | ᠠᠰᠠᠭᠤᠳᠠᠯ ᠪᠠ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠭᠠᠯ | ᠰᠡᠷᠭᠡᠶᠢᠯᠡᠬᠦ ᠠᠮᠤᠷ ᠲᠦᠪᠰᠢᠨ᠂ ᠵᠢᠭᠤᠯᠴᠢᠯᠠᠯ ᠤᠨ ᠠᠮᠤᠷ ᠲᠦᠪᠰᠢᠨ᠂ ᠰᠢᠲᠠᠮᠠᠬᠠᠢ ᠬᠡᠢ ᠶᠢᠨ ᠠᠮᠤᠷ ᠲᠦᠪᠰᠢᠨ᠂ ᠣᠶ | ᠰᠢᠭᠤᠢ ᠶᠢᠨ ᠭᠠᠯ ᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠨᠢᠭᠡᠴᠢ᠂ | ᠭᠤᠣᠯᠳᠠᠯᠭ᠎ᠠ ᠲᠠᠢ ᠬᠡᠰᠡᠭ᠂ ᠭᠤᠣᠯᠳᠠᠯᠭ᠎ᠠ ᠲᠠᠢ ᠭᠤᠭᠴᠤᠭ᠎ᠠ ᠶᠢᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠲᠣᠪᠤᠶᠢᠯᠭᠠᠨ᠂ ᠲᠥᠷᠥᠯ ᠵᠦᠢᠯ ᠤᠨ | ᠰᠠᠭᠤᠷᠢ ᠲᠤᠭ᠎ᠠ ᠨᠢ ᠲᠣᠳᠣᠷᠬᠠᠢ᠂ ᠭᠤᠭᠴᠤᠭ᠎ᠠ ᠨᠢᠭᠡᠪᠦᠷᠢ ᠨᠢ ᠠᠩᠬᠠᠷᠬᠤ ᠬᠥᠮᠥᠨ ᠲᠠᠢ᠂ ᠪᠣᠭᠤᠮᠲᠠ ᠨᠢᠭᠡᠪᠦᠷᠢ ᠨᠢ | ᠬᠥᠮᠥᠨ ᠲᠠᠢ ᠪᠠᠶᠢᠬᠤ ᠶᠢ ᠦᠨᠡᠨ ᠬᠦ ᠪᠠᠲᠤᠯᠠᠵᠤ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ ︵ᠰᠤᠷᠪᠤᠯᠵᠢᠯᠠᠭᠴᠢ᠄ ᠯᠢᠦᠢ ᠫᠢᠩ ᠫᠢᠩ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | |