ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ | ᠤ ᠲᠢᠩᠬᠢᠮ ᠠᠴᠠ ᠣᠶᠢᠯᠠᠭᠠᠭᠰᠠᠨ ᠢᠶᠠᠷ᠂ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ | ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠦᠯᠬᠦ ᠶᠢᠨ ᠲᠥᠯᠥᠭᠡ᠂ ᠮᠠᠨ ᠤ ᠣᠷᠣᠨ ︽ᠡᠯᠧᠺᠲᠷᠣᠨ ᠭᠡᠷᠡᠴᠢ | + ᠲᠣᠭᠠᠴᠢᠯᠠᠭᠰᠠᠨ ᠮᠥᠷᠳᠡᠯᠲᠡ︾ ᠶᠢᠨ ᠮᠢᠬᠠᠨ ᠤ ᠵᠦᠢᠯ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠤᠨ ᠬᠡᠷᠡᠭᠵᠢᠭᠦᠯᠪᠡ᠃ | ᠪᠠᠶᠠᠨᠨᠠᠭᠤᠷ ᠬᠤᠲᠠ ᠶᠢᠨ ᠮᠠᠯ ᠵᠢᠭᠦᠷᠲᠡᠨ ᠢ ᠨᠢᠲᠤᠯᠤᠨ ᠪᠤᠯᠪᠠᠰᠤᠷᠠᠭᠤᠯᠬᠤ 38 ᠠᠵᠤ ᠠᠬᠤᠶᠢᠯᠠᠯ ᠪᠦᠭᠦ | ᠣᠷᠣᠨ ᠳᠤ ᠡᠩ ᠲᠡᠷᠢᠭᠦᠨ ᠳᠤ ︽ᠡᠯᠧᠺᠲᠷᠣᠨ ᠭᠡᠷᠡᠴᠢ + ᠲᠣᠭᠠᠴᠢᠯᠠᠭᠰᠠᠨ ᠮᠥᠷᠳᠡᠯᠲᠡ︾ ᠶᠢᠨ ᠮᠢᠬᠠᠨ ᠤ ᠵᠦᠢᠯ | ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠢ | ᠬᠡᠷᠡᠭᠵᠢᠭᠦᠯᠵᠦ᠂ ᠤᠤᠯ ᠤᠨ ᠮᠢᠬᠠᠨ ᠤ ᠵᠦᠢᠯ ᠤᠨ ᠶᠠᠰᠤ ᠴᠢᠨᠠᠷ ᠢ ᠰᠢᠯᠭᠠᠨ ᠪᠠᠶᠢᠴᠠᠭᠠᠵᠤ ᠬᠢᠷᠢ ᠲᠡᠩᠴᠡᠭᠰᠡᠨ | ᠴᠠᠭᠠᠰᠤᠨ ᠦᠨᠡᠮᠯᠡᠯ ᠢ ᠬᠤᠶᠠᠷ ᠬᠡᠮᠵᠢᠯᠲᠦ ᠺᠣᠳ᠋ ᠢᠶᠠᠷ ᠣᠷᠣᠯᠠᠭᠤᠯᠵᠤ᠂ ᠮᠠᠯ ᠵᠢᠭᠦᠷᠲᠡᠨ ᠤ ᠪᠦᠲᠦᠭᠡᠭᠳᠡᠬᠦᠨ ᠤ | ᠢᠷᠡᠯᠲᠡ ᠶᠢ ᠮᠥᠷᠳᠡᠵᠦ ᠪᠤᠯᠬᠤ᠂ ᠶᠠᠪᠤᠴᠠ ᠶᠢ ᠮᠥᠷᠳᠡᠵᠦ ᠪᠤᠯᠬᠤ᠂ ᠬᠠᠷᠢᠭᠤᠴᠠᠯᠭ᠎ᠠ ᠶᠢ ᠮᠥᠷᠳᠡᠵᠦ ᠪᠤᠯᠬᠤ ᠶᠢ | ᠪᠡᠶᠡᠯᠡᠭᠦᠯᠪᠡ᠃ ᠵᠢᠱᠢᠯᠲᠡ ᠪᠠᠷ ᠡᠨᠡ 38 ᠠᠵᠤ ᠠᠬᠤᠶᠢᠯᠠᠯ ᠵᠢᠯ ᠪᠦᠷᠢ ᠨᠠᠭᠠᠲᠤ ᠵᠠᠬ᠎ᠠ ᠳᠠᠭᠠᠨ 300 ᠭᠠᠷᠤᠢ | ᠲᠦᠮᠡᠨ ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠬᠤ ᠪᠣᠯᠣᠨ᠎ᠠ᠃ | ᠤᠳᠤ ᠪᠦᠭᠦ ᠣᠷᠣᠨ ᠳᠤ ᠮᠠᠯ ᠵᠢᠭᠦᠷᠲᠡᠨ ᠢ ᠨᠢᠲᠤᠯᠤᠨ ᠪᠤᠯᠪᠠᠰᠤᠷᠠᠭᠤᠯᠬᠤ 200 ᠭᠠᠷᠤᠢ ᠠᠵᠤ | ᠠᠬᠤᠶᠢᠯᠠᠯ︽ᠡᠯᠧᠺᠲᠷᠣᠨ ᠭᠡᠷᠡᠴᠢ + ᠲᠣᠭᠠᠴᠢᠯᠠᠭᠰᠠᠨ ᠮᠥᠷᠳᠡᠯᠲᠡ︾ ᠶᠢᠨ ᠮᠢᠬᠠᠨ ᠤ ᠵᠦᠢᠯ ᠤᠨ ᠪᠦᠲᠦᠭᠡᠭᠳᠡᠬᠦᠨ | ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠂ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠳᠠᠮᠵᠢᠭᠤᠯᠬᠤ ᠪᠠ ᠬᠠᠳᠠᠭᠠᠯᠠᠬᠤ ᠶᠢ | ᠪᠡᠶᠡᠯᠡᠭᠦᠯᠵᠦ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠪᠣᠯᠣᠨ ᠥᠷᠭᠡᠨ ᠤᠯᠠᠨ ᠬᠡᠷᠡᠭᠯᠡᠭᠴᠢᠳ ᠮᠢᠬᠠᠨ ᠤ ᠵᠦᠢᠯ ᠤᠨ ᠦᠢᠯᠡᠳᠪᠦᠷᠢᠯᠡᠯ ᠤᠨ ᠦᠨᠳᠦᠰᠦᠨ ᠪᠠᠶᠢᠳᠠᠯ | ᠢ ᠴᠠᠭ ᠲᠤᠬᠠᠢ ᠳᠤᠨᠢ ᠬᠠᠮᠲᠤ ᠪᠠᠷ ᠡᠳ᠋ᠯᠡᠵᠦ᠂ ᠬᠡᠷᠡᠭᠯᠡᠭᠴᠢᠳ ᠤᠨ ᠰᠠᠨᠠᠭ᠎ᠠ ᠠᠮᠤᠷ ᠬᠤᠳᠠᠯᠳᠤᠨ ᠠᠪᠬᠤ᠂ ᠰᠠᠨᠠᠭ᠎ᠠ | ᠠᠮᠤᠷ ᠵᠣᠭᠤᠭᠯᠠᠬᠤ ᠶᠢ ᠪᠠᠲᠤᠯᠠᠨ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠳᠤ ᠪᠠᠲᠤᠯᠠᠭ᠎ᠠ | ᠬᠠᠩᠭᠠᠵᠤ ᠪᠠᠶᠢᠨ᠎ᠠ᠃ | | | |