9 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ | ︽︿ᠠᠶᠠᠯᠭᠤᠲᠤ ᠵᠢᠭᠤᠯᠴᠢᠯᠠᠯ ᠥᠪᠥᠷ ᠮᠣᠩᠭᠤᠯ﹀ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠲᠥᠷᠥᠯ ᠲᠡᠮᠳᠡᠭ | ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠰᠥᠯ︾ ᠪᠣᠯᠣᠨ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠤᠨ | ᠢᠯᠡᠷᠬᠡᠶᠢᠯᠡᠯ ᠲᠡᠮᠳᠡᠭ ︵LOGO︶ ᠢ ᠨᠡᠶᠢᠲᠡᠯᠡᠵᠦ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠣᠷᠣᠨ | ᠪᠦᠰᠡ ᠶᠢᠨ ᠰᠣᠶᠣᠯ ᠵᠢᠭᠤᠯᠴᠢᠯᠠᠯ ᠤᠨ ᠲᠥᠷᠥᠯ ᠲᠡᠮᠳᠡᠭ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠡᠬᠢᠯᠡᠭᠦᠯᠪᠡ᠃ | ᠥᠪᠥᠷ ᠮᠣᠩᠭᠤᠯ ︽ᠳᠠᠭᠤᠤ ᠶᠢᠨ ᠳᠠᠯᠠᠢ᠂ ᠪᠥᠵᠢᠭ ᠤᠨ ᠥᠯᠥᠭᠡᠢ︾ ᠬᠡᠮᠡᠬᠦ ᠰᠠᠶᠢᠬᠠᠨ ᠠᠯᠳᠠᠷ ᠲᠠᠢ ᠶᠤᠮ᠃ | ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠲᠥᠷᠥᠯ ᠲᠡᠮᠳᠡᠭ | ᠨᠢ ᠥᠪᠥᠷ ᠮᠣᠩᠭᠤᠯ ᠤᠨ ᠡᠯᠪᠡᠭ ᠪᠠᠶᠠᠯᠢᠭ ᠰᠣᠶᠣᠯ ᠤᠨ ᠠᠭᠤᠯᠤᠭᠳᠠᠬᠤᠨ ᠪᠠ ᠵᠢᠭᠤᠯᠴᠢᠯᠠᠯ ᠤᠨ ᠡᠬᠢ ᠪᠠᠶᠠᠯᠢᠭ | ᠲᠤ ᠲᠦᠰᠢᠭᠯᠡᠨ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠬᠤ ᠶᠢ | ᠪᠠᠷᠢᠮᠲᠠᠯᠠᠵᠤ᠂ ᠰᠢᠨ᠎ᠡ ᠶᠢ ᠡᠭᠦᠳᠦᠨ ᠠᠭᠤᠰᠤᠯᠴᠠᠭᠤᠯᠬᠤ ᠠᠷᠭ᠎ᠠ ᠭᠡᠯᠪᠡᠷᠢ ᠪᠠᠷ ᠲᠠᠮᠵᠢᠨ ᠡᠯ᠎ᠡ ᠰᠣᠶᠣᠯ ᠵᠢᠭᠤᠯᠴᠢᠯᠠᠯ | ᠤᠨ ᠠᠬᠤᠢ ᠲᠠᠯᠠᠪᠠᠶ ᠳᠤ ᠣᠯᠠᠨ ᠡᠰᠢᠲᠦ ᠵᠢᠭᠤᠯᠴᠢᠯᠠᠯ ᠤᠨ ᠬᠡᠷᠡᠭᠯᠡᠭᠡ ᠶᠢᠨ ᠠᠭᠤᠷ ᠠᠮᠢᠰᠬᠤᠯ ᠢ ᠪᠤᠶ ᠪᠣᠯᠭᠠᠨ᠂ | ᠵᠢᠭᠤᠯᠴᠢᠯᠠᠬᠰᠠᠳ ᠤᠨ ︽ᠬᠤᠭᠤᠯᠠ ᠬᠤᠨᠤᠭ ᠵᠤᠭᠠᠴᠠᠯ ᠬᠤᠳᠠᠯᠳᠤᠭ᠎ᠠ ᠵᠤᠭ᠎ᠠ ᠴᠡᠩᠭᠡᠯ︾ ᠤᠨ ᠡᠯ᠎ᠡ ᠭᠤᠭᠴᠤᠭ᠎ᠠ | ᠳᠤ ᠠᠭᠤᠰᠤᠯᠴᠠᠭᠤᠯᠵᠤ᠂ ᠵᠢᠭᠤᠯᠴᠢᠯᠠᠬᠰᠠᠳ ᠢ ︽ᠠᠶ᠎ᠠ ᠳᠠᠭᠤᠤ ᠲᠠᠢ ᠪᠠᠶᠠᠷ ᠭᠦᠷ ᠲᠠᠢ ᠵᠢᠭᠤᠯᠴᠢᠯᠠᠭᠤᠯᠵᠤ︾᠂ | ᠵᠢᠭᠤᠯᠴᠢᠯᠠᠬᠰᠠᠳ ᠲᠤ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠤᠨ ᠬᠠᠪᠤ ᠴᠡᠩᠭᠡᠯ ᠢ ᠭᠦᠢᠴᠡᠳ | ᠡᠳ᠋ᠯᠡᠭᠦᠯᠭᠦ ᠪᠣᠯᠣᠨ᠎ᠠ᠃ | ᠮᠠᠨ ᠤ ᠣᠷᠣᠨ ᠭᠦᠭᠡᠬᠤᠲᠠ᠂ ᠬᠥᠯᠥᠨ ᠪᠤᠶᠢᠷ᠂ ᠰᠢᠯᠢ ᠶᠢᠨ ᠭᠤᠣᠯ᠂ ᠣᠷᠳᠣᠰ ᠵᠡᠷᠭᠡ 4 ᠠᠶᠢᠮᠠᠭ ᠬᠤᠳᠠ | ᠶᠢ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠲᠥᠷᠥᠯ | ᠲᠡᠮᠳᠡᠭ ᠤᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠪᠤᠯᠭᠠᠬᠰᠠᠨ ᠰᠠᠭᠤᠷᠢᠨ ᠳᠡᠭᠡᠷ᠎ᠡ ᠪᠦᠭᠦ ᠣᠷᠣᠨ ᠤ | ᠬᠡᠪᠴᠢᠶᠡᠨ ᠳᠤ ᠳᠠᠭᠢᠨ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠤᠨ 35 ᠭᠤᠣᠯᠳᠠᠯᠭ᠎ᠠ ᠲᠠᠢ ᠬᠤᠰᠢᠭᠤ | ᠰᠢᠶᠠᠨ ᠲᠣᠭᠤᠷᠢᠭ᠂ 60 ᠭᠤᠣᠯᠳᠠᠯᠭ᠎ᠠ ᠲᠠᠢ ᠲᠣᠰᠬᠤᠨ ᠪᠠᠯᠭᠠᠰᠤ᠂ 15 ᠵᠢᠭᠤᠯᠴᠢᠯᠠᠨ ᠠᠮᠠᠷᠠᠬᠤ ᠪᠦᠲᠦᠭᠡᠭᠳᠡᠬᠦᠨ᠂ | 50 ᠪᠡᠶᠡᠴᠢᠯᠡᠨ ᠣᠶᠢᠯᠠᠭᠠᠬᠤ ᠲᠠᠯᠠᠪᠠᠶ᠂ 100 ᠣᠨᠴᠠᠯᠢᠭᠲᠤ ᠪᠠᠭᠤᠳᠠᠯ ︵ᠠᠷᠠᠳ ᠤᠨ ᠰᠠᠭᠤᠴᠠ︶᠂ 100 ᠵᠤᠷᠪᠤᠰ | ᠭᠤᠣᠯ ᠰᠡᠳᠦᠪᠲᠦ ᠵᠢᠭᠤᠯᠴᠢᠯᠠᠯ ᠤᠨ ᠵᠠᠮ ᠱᠤᠭᠤᠮ ᠵᠢᠴᠢ ᠵᠢᠭᠤᠯᠴᠢᠯᠠᠯ ᠤᠨ ᠵᠠᠰᠠᠮᠠᠯ ᠵᠠᠮ ᠢ ᠪᠤᠶ ᠪᠣᠯᠭᠠᠨ᠎ᠠ᠃ | ᠪᠠᠰᠠ ︽︿ᠠᠶᠠᠯᠭᠤᠲᠤ ᠵᠢᠭᠤᠯᠴᠢᠯᠠᠯ ᠥᠪᠥᠷ ᠮᠣᠩᠭᠤᠯ﹀ ᠤᠨ ᠵᠠᠭᠤ ᠮᠢᠩᠭ᠎ᠠ ᠲᠦᠮᠡ ᠶᠢᠨ ᠢᠨᠵᠧᠨᠧᠷᠢᠩ︾ ᠢ | ᠬᠡᠷᠡᠭᠵᠢᠭᠦᠯᠦᠨ᠂ ᠥᠪᠥᠷ ᠮᠣᠩᠭᠤᠯ ᠤᠨ 100 ᠰᠣᠩᠭᠤᠳᠠᠭ ᠳᠠᠭᠤᠤ ᠶᠢ ᠰᠢᠭᠰᠢᠨ ᠰᠣᠩᠭᠤᠵᠤ᠂ 100 ᠰᠣᠶᠣᠯ | ᠵᠢᠭᠤᠯᠴᠢᠯᠠᠯ ᠤᠨ ᠲᠣᠬᠯᠠᠯᠲᠠ ᠶᠢᠨ ᠠᠵᠤ ᠠᠬᠤᠶᠢᠯᠠᠯ ᠢ ᠪᠤᠶ ᠪᠣᠯᠭᠠᠨ᠂ 1000 ᠬᠥᠲᠥᠴᠢ ᠪᠠ ᠰᠦᠯᠵᠢᠶᠡᠨ ᠤ | ᠤᠳᠤ ᠰᠣᠳᠣᠨ ᠳᠠᠭᠤᠴᠢᠨ ᠢ ᠬᠥᠮᠥᠵᠢᠭᠦᠯᠵᠦ᠂ ᠥᠪᠥᠷ ᠮᠣᠩᠭᠤᠯ ᠤᠨ ᠰᠣᠩᠭᠤᠳᠠᠭ ᠳᠠᠭᠤᠤ ᠶᠢᠨ ᠤᠯᠠᠮᠵᠢᠯᠠᠨ | ᠳᠠᠭᠤᠯᠠᠭᠴᠢ ᠶᠢ 10000 ᠬᠥᠮᠥᠵᠢᠭᠦᠯᠦᠨ᠎ᠡ᠃ ᠡᠭᠦᠨ ᠤ ᠬᠠᠮᠲᠤ ︽ᠵᠠᠭᠤᠨ ᠠᠵᠤ ᠠᠬᠤᠶᠢᠯᠠᠯ ᠭᠠᠪᠰᠢᠭᠠᠶᠢᠯᠠᠨ | ᠠᠵᠢᠯᠯᠠᠬᠤ︾᠂ ︽ᠠᠶᠠᠯᠭᠤᠲᠤ ᠵᠢᠭᠤᠯᠴᠢᠯᠠᠯ +︾᠂ ︽+ ᠠᠶᠠᠯᠭᠤᠲᠤ ᠵᠢᠭᠤᠯᠴᠢᠯᠠᠯ︾ ᠤᠨ ᠠᠵᠤ ᠦᠢᠯᠡᠰ ᠤᠨ | ᠠᠭᠤᠰᠤᠯᠴᠠᠯ ᠤᠨ ᠵᠠᠭᠪᠤᠷ ᠢ ᠳᠡᠯᠭᠡᠷᠡᠭᠦᠯᠵᠦ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠣᠷᠣᠨ ᠪᠦᠰᠡ ᠶᠢᠨ | ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢᠶᠠᠷ ᠬᠤᠰᠢᠭᠤᠴᠢᠯᠠᠭᠰᠠᠨ ᠥᠪᠡᠷᠲᠡᠭᠡᠨ ᠵᠠᠰᠠᠬᠤ ᠣᠷᠣᠨ - ᠠᠶᠢᠮᠠᠭ | ᠬᠤᠲᠠ - ᠬᠤᠰᠢᠭᠤ ᠰᠢᠶᠠᠨ - ᠰᠤᠮᠤ ᠰᠢᠶᠠᠩ ᠪᠠᠯᠭᠠᠰᠤ ᠭᠠᠴᠠᠭ᠎ᠠ ᠲᠣᠰᠬᠤᠨ ᠭᠡᠬᠦ ᠰᠣᠶᠣᠯ ᠵᠢᠭᠤᠯᠴᠢᠯᠠᠯ ᠤᠨ | ᠲᠦᠷᠦᠯ ᠲᠡᠮᠳᠡᠭ ᠤᠨ ᠵᠢᠭᠰᠠᠯ ᠢ ᠪᠠᠶᠢᠭᠤᠯᠤᠨ᠂ ᠨᠡᠶᠢᠭᠡᠮ ᠳᠠᠶᠠᠭᠠᠷ ᠣᠷᠣᠯᠴᠠᠵᠤ᠂ ᠲᠣᠮᠣ ᠠᠵᠤ ᠦᠢᠯᠡᠰ | ᠠᠭᠤᠰᠤᠯᠴᠠᠭᠰᠠᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠥᠪᠥᠷ ᠮᠣᠩᠭᠤᠯ ᠤᠨ ᠰᠣᠶᠣᠯ | ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠪᠤᠢ᠃ | | | |