5 ᠲᠠᠯ᠎ᠠ ᠶᠢᠨ 20 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠴᠠᠢ
ᠨᠡᠶᠢᠲᠡᠯᠡᠭᠰᠡᠨ ᠴᠠᠭ᠄
2024/9/3
     ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠦᠢᠯᠡᠴᠢᠯᠡᠭᠡᠨ ᠤ ᠠᠷᠠᠯᠵᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠲᠦᠷᠦᠭᠦᠬᠡᠨ ᠳᠠᠷᠤᠮᠠᠯᠯᠠᠨ ᠲᠠᠷᠬᠠᠭᠠᠪᠠ᠃ ︽ᠰᠠᠨᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ᠂ ᠨᠡᠭᠡᠭᠡᠯᠲᠡ ᠳᠤ ᠦᠢᠯᠡᠴᠢᠯᠡᠬᠦ ᠪᠠᠷ ᠪᠠᠭᠲᠠᠭᠠᠮᠵᠢᠲᠠᠢ ᠬᠥᠭᠵᠢᠯᠲᠡ ᠶᠢ ᠠᠬᠢᠭᠤᠯᠵᠤ᠂ ᠬᠠᠮᠲᠤᠷᠠᠯᠴᠠᠭ᠎ᠠ ᠳᠤ ᠦᠢᠯᠡᠴᠢᠯᠡᠬᠦ ᠪᠠᠷ ᠬᠤᠯᠪᠣᠯᠳᠤᠨ ᠠᠭᠤᠰᠤᠯᠴᠠᠨ ᠨᠡᠪᠲᠡᠷᠡᠯᠴᠡᠬᠦ ᠶᠢ ᠠᠬᠢᠭᠤᠯᠵᠤ᠂ ᠰᠢᠨ᠎ᠡ ᠶᠢ ᠡᠭᠦᠳᠬᠦ ᠳᠤ ᠦᠢᠯᠡᠴᠢᠯᠡᠬᠦ ᠪᠠᠷ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠪᠣᠶᠢᠵᠢᠭᠤᠯᠵᠤ᠂ ᠬᠠᠮᠲᠤ ᠪᠠᠷ ᠡᠳ᠋ᠯᠡᠬᠦ ᠳᠤ ᠦᠢᠯᠡᠴᠢᠯᠡᠬᠦ ᠪᠠᠷ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠵᠤ᠂ ᠦᠢᠯᠡᠴᠢᠯᠡᠭᠡᠨ ᠤ ᠠᠷᠠᠯᠵᠢᠶ᠎ᠠ ᠶᠢᠨ ᠲᠣᠭᠠᠴᠢᠯᠠᠭᠰᠠᠨ᠂ ᠣᠶᠤᠨᠴᠢᠯᠠᠭᠰᠠᠨ᠂ ᠪᠣᠬᠢᠷᠳᠤᠯ ᠦᠭᠡᠢ ᠪᠠᠶᠢᠬᠤ ᠠᠬᠢᠴᠠ ᠶᠢ ᠲᠦᠷᠭᠡᠳᠬᠡᠨ ᠠᠬᠢᠭᠤᠯᠵᠤ᠂ ᠦᠢᠯᠡᠴᠢᠯᠡᠭᠡᠨ ᠤ ᠠᠷᠠᠯᠵᠢᠶ᠎ᠠ ᠶᠢᠨ ᠬᠡᠪᠴᠢᠶ᠎ᠡ ᠶᠢᠨ ᠥᠷᠭᠡᠵᠢᠯ᠂ ᠪᠦᠲᠦᠴᠡ ᠶᠢᠨ ᠰᠢᠯᠢᠳᠡᠭᠵᠢᠯ᠂ ᠦᠷ᠎ᠡ ᠠᠰᠢᠭ ᠤᠨ ᠳᠡᠭᠡᠭᠰᠢᠯᠡᠯᠲᠡ᠂ ᠪᠣᠳᠠᠲᠤ ᠬᠦᠴᠦᠨ ᠤ ᠨᠡᠮᠡᠭᠳᠡᠯ ᠢ ᠠᠬᠢᠭᠤᠯᠵᠤ᠂ ᠨᠠᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃      ︽ᠰᠠᠨᠠᠯ︾ ᠳᠤ 5 ᠲᠠᠯ᠎ᠠ ᠶᠢᠨ 20 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠴᠠᠢ᠃      ᠨᠢᠭᠡ ᠳᠤ ᠦᠢᠯᠡᠴᠢᠯᠡᠭᠡᠨ ᠤ ᠠᠷᠠᠯᠵᠢᠶ᠎ᠠ ᠶᠢᠨ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠠᠬᠢᠭᠤᠯᠵᠤ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ ᠪᠦᠷᠢᠨᠰᠢᠭᠦᠯᠵᠦ᠂ ᠭᠠᠳᠠᠭᠠᠳᠤ ᠨᠡᠭᠡᠭᠡᠯᠲᠡ ᠶᠢᠨ ᠲᠠᠪᠴᠠᠩ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠳᠦᠷᠢᠮ ᠤᠨ ᠵᠣᠯᠭᠠᠯᠴᠠᠭ᠎ᠠ ᠪᠠ ᠳᠦᠷᠢᠮ ᠲᠣᠭᠲᠠᠭᠠᠯ ᠤᠨ ᠵᠣᠬᠢᠴᠠᠭᠤᠯᠭ᠎ᠠ ᠶᠢ ᠴᠢᠩᠭᠠᠳᠬᠠᠵᠤ᠂ ᠦᠢᠯᠡᠴᠢᠯᠡᠭᠡᠨ ᠤ ᠠᠷᠠᠯᠵᠢᠶ᠎ᠠ ᠶᠢᠨ ᠪᠠᠷᠢᠮᠵᠢᠶᠠᠵᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃      ᠬᠤᠶᠠᠷ ᠲᠤ ᠡᠬᠢ ᠪᠠᠶᠠᠯᠢᠭ ᠤᠨ ᠴᠢᠬᠤᠯᠠ ᠡᠯᠧᠮᠧᠨ᠋ᠲ ᠤᠨ ᠬᠢᠯᠢ ᠠᠯᠤᠰᠯᠠᠨ ᠰᠢᠯᠵᠢᠭᠦ ᠶᠢ ᠠᠬᠢᠭᠤᠯᠵᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠢᠯᠢ ᠠᠯᠤᠰᠯᠠᠨ ᠰᠢᠯᠵᠢᠭᠦ ᠳᠤ ᠲᠥᠭᠦᠮ ᠦᠵᠡᠭᠦᠯᠵᠦ᠂ ᠬᠢᠯᠢ ᠠᠯᠤᠰᠯᠠᠭᠰᠠᠨ ᠪᠡᠯᠡ ᠮᠥᠩᠭᠦᠨ ᠤ ᠭᠦᠢᠯᠭᠡᠭᠡᠨ ᠤ ᠬᠠᠮᠢᠶᠠᠷᠤᠯᠲᠠ ᠶᠢ ᠰᠢᠯᠢᠳᠡᠭᠵᠢᠭᠦᠯᠵᠦ᠂ ᠮᠡᠷᠭᠡᠵᠢᠯ ᠤᠨ ᠦᠷ᠎ᠡ ᠪᠦᠲᠦᠭᠡᠯ ᠤᠨ ᠠᠷᠠᠯᠵᠢᠶ᠎ᠠ ᠪᠠ ᠬᠡᠷᠡᠭᠯᠡᠯᠲᠡ ᠶᠢ ᠠᠬᠢᠭᠤᠯᠵᠤ᠂ ᠳ᠋ᠠᠶᠢᠲ᠋ᠠ ᠶᠢᠨ ᠬᠢᠯᠢ ᠠᠯᠤᠰᠯᠠᠨ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠠᠮᠤᠷ ᠲᠦᠪᠰᠢᠨ ᠢᠶᠠᠷ ᠰᠢᠯᠵᠢᠭᠦ ᠶᠢ ᠠᠬᠢᠭᠤᠯᠤᠨ᠎ᠠ᠃      ᠭᠤᠷᠪᠠ ᠳᠤ ᠭᠤᠣᠯᠳᠠᠯᠭ᠎ᠠ ᠲᠠᠢ ᠬᠦᠷᠢᠶᠡᠨ ᠤ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠣᠯᠠᠨ ᠤᠯᠤᠰ ᠤᠨ ᠵᠥᠭᠡᠭᠡᠪᠦᠷᠢ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠂ ᠵᠢᠭᠤᠯᠴᠢᠯᠠᠯ ᠤᠨ ᠦᠢᠯᠡᠴᠢᠯᠡᠭᠡᠨ ᠤ ᠣᠯᠠᠨ ᠤᠯᠤᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ᠂ ᠠᠰᠠᠭᠤᠨ ᠯᠠᠪᠯᠠᠬᠤ᠂ ᠵᠢᠷᠤᠵᠤ ᠲᠥᠯᠥᠪᠯᠡᠬᠦ᠂ ᠭᠡᠷᠡᠴᠢᠯᠡᠵᠦ ᠵᠥᠪᠰᠢᠶᠡᠷᠡᠬᠦ ᠵᠡᠷᠭᠡ ᠲᠤᠰᠬᠠᠢ ᠦᠢᠯᠡᠴᠢᠯᠡᠭᠡᠨ ᠤ ᠳᠡᠯᠡᠬᠡᠶᠢᠵᠢᠭᠰᠡᠨ ᠬᠥᠭᠵᠢᠯᠲᠡ ᠶᠢ ᠳᠡᠮᠵᠢᠵᠦ᠂ ᠤᠯᠠᠮᠵᠢᠯᠠᠯᠲᠤ ᠳᠠᠪᠠᠭᠤᠯᠢᠭ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠤᠨ᠂ ᠦᠢᠯᠡᠴᠢᠯᠡᠭᠡᠨ ᠤ ᠠᠷᠠᠯᠵᠢᠶ᠎ᠠ ᠬᠢᠭᠡᠳ ᠪᠠᠷᠠᠭᠠᠨ ᠤ ᠠᠷᠠᠯᠵᠢᠶ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠴᠢᠨᠠᠷ ᠰᠠᠶᠢᠲᠠᠢ ᠦᠢᠯᠡᠴᠢᠯᠡᠭᠡ ᠶᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠨ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠳᠤ ᠬᠦᠴᠦᠨ ᠨᠡᠮᠡᠷᠢᠯᠡᠨ᠎ᠡ᠃      ᠳᠥᠷᠪᠡ ᠳᠤ ᠤᠯᠠᠨ ᠤᠯᠤᠰ ᠤᠨ ᠵᠠᠬ᠎ᠠ ᠳᠡᠯᠭᠡᠭᠦᠷ ᠤᠨ ᠪᠠᠶᠢᠷᠢᠰᠢᠯ ᠢ ᠥᠷᠭᠡᠳᠬᠡᠵᠦ᠂ ᠦᠢᠯᠡᠴᠢᠯᠡᠭᠡᠨ ᠤ ᠠᠷᠠᠯᠵᠢᠶ᠎ᠠ ᠶᠢᠨ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠦᠢᠯᠡᠴᠢᠯᠡᠭᠡᠨ ᠤ ᠠᠷᠠᠯᠵᠢᠶ᠎ᠠ ᠶᠢ ᠠᠬᠢᠭᠤᠯᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃      ᠲᠠᠪᠤ ᠳᠤ ᠲᠤᠯᠭᠠᠭᠤᠷᠢᠯᠠᠬᠤ ᠰᠢᠰᠲ᠋ᠧᠮ ᠢ ᠲᠡᠭᠦᠯᠳᠡᠷᠵᠢᠭᠦᠯᠦᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠠᠷᠠᠯᠵᠢᠶᠠᠨ ᠤ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠦᠢᠯᠡᠴᠢᠯᠡᠭᠡᠨ ᠤ ᠠᠷᠠᠯᠵᠢᠶᠠᠨ ᠤ ᠣᠷᠣᠨ ᠪᠦᠰᠡ ᠶᠢᠨ ᠬᠤᠷᠰᠢᠯᠴᠠᠭ᠎ᠠ ᠶᠢ ᠴᠢᠩᠭᠠᠷᠠᠭᠤᠯᠤᠨ᠎ᠠ᠃      ︽ᠰᠠᠨᠠᠯ︾ ᠳᠤ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠠᠷᠠᠯᠵᠢᠶ᠎ᠠ ᠶᠢ ᠶᠡᠭᠡ ᠪᠠᠷ ᠬᠥᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠡᠭᠡᠭᠡᠯᠲᠡ ᠶᠢ ᠥᠷᠭᠡᠳᠬᠡᠬᠦ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠳᠤ ᠲᠦᠰᠢᠭᠯᠡᠨ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠬᠥᠭᠵᠢᠭᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠡᠭᠡᠭᠡᠯᠲᠡ ᠶᠢ ᠥᠷᠭᠡᠳᠬᠡᠬᠦ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠡᠷᠬᠡ ᠲᠡᠭᠰᠢ ᠪᠠᠷ ᠥᠷᠢᠰᠦᠯᠳᠦᠬᠦ᠂ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠵᠡᠷᠭᠡ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠢᠳᠡᠪᠬᠢᠲᠡᠢ ᠪᠤᠶ ᠪᠤᠯᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号