ᠦᠴᠦᠸᠠᠨ ᠰᠢᠶᠠᠨ 2024 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠣᠯᠪᠠᠰᠤᠷᠠᠭᠤᠯᠤᠯ ᠢ ᠥᠷᠨᠢᠭᠦᠯᠪᠡ
ᠨᠡᠶᠢᠲᠡᠯᠡᠭᠰᠡᠨ ᠴᠠᠭ᠄
2024/9/30
      ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 30 ᠤ ᠡᠳᠦᠷ᠂ ᠦᠴᠦᠸᠠᠨ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠬᠠᠮᠲᠤᠷᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠣᠯᠪᠠᠰᠤᠷᠠᠭᠤᠯᠤᠯ ᠢ ᠥᠷᠨᠢᠭᠦᠯᠪᠡ᠃ ᠡᠯ᠎ᠡ ᠰᠢᠶᠠᠩ ᠪᠠᠯᠭᠠᠰᠤ᠂ ᠲᠣᠰᠬᠤᠨ᠂ ᠨᠡᠶᠢᠭᠡᠮ ᠲᠣᠭᠤᠷᠢᠭ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠭᠤᠣᠯ ᠬᠠᠷᠢᠭᠤᠴᠠᠯᠭᠠᠲᠠᠨ᠂ ᠬᠠᠮᠢᠶ᠎ᠠ ᠪᠦᠬᠦᠢ ᠨᠢᠭᠡᠴᠢ ᠶᠢᠨ ᠠᠵᠢᠯᠲᠠᠨ ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠪᠣᠯᠪᠠᠰᠤᠷᠠᠭᠤᠯᠤᠯ ᠳᠤ ᠣᠷᠣᠯᠴᠠᠪᠠ᠃
     ᠲᠣᠰ ᠤᠳᠠᠭᠠᠨ ᠤ ᠪᠣᠯᠪᠠᠰᠤᠷᠠᠭᠤᠯᠤᠯ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠸᠧᠢ ᡁᠢ ᠶᠦᠩ ᠫᠷᠤᠹᠧᠰᠰᠤᠷ ᠢ ᠤᠷᠢᠵᠤ᠂ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠲᠥᠷᠥᠯ ᠵᠦᠢᠯ ᠢ ᠲᠥᠰᠥᠪᠯᠡᠬᠦ ᠪᠠ ᠪᠣᠶ ᠪᠣᠯᠭᠠᠬᠤ︾ ᠪᠠᠷ ᠭᠤᠣᠯ ᠰᠡᠳᠦᠪ ᠪᠣᠯᠭᠠᠭᠰᠠᠨ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃      ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠸᠧᠢ ᡁᠢ ᠶᠦᠩ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠬᠤᠢ ᠪᠠᠶᠢᠳᠠᠯ ᠤᠨ ᠣᠳᠣᠬᠢ ᠪᠠᠶᠢᠳᠠᠯ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠲᠠᠯ᠎ᠠ ᠶᠢᠨ ᠲᠣᠭᠤᠷᠢᠨ ᠳᠤ᠂ ᠣᠯᠠᠨ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢᠨ ᠤᠬᠠᠭᠳᠠᠬᠤᠨ᠂ ᠦᠨ᠎ᠡ ᠥᠷᠲᠡᠭ ᠵᠢᠴᠢ ᠣᠨᠴᠠᠯᠢᠭ ᠵᠡᠷᠭᠡ ᠠᠭᠤᠯᠭ᠎ᠠ ᠶᠢ ᠰᠢᠰᠲ᠋ᠧᠮ ᠲᠠᠢ ᠲᠠᠶᠢᠯᠪᠤᠷᠢᠯᠠᠭᠰᠠᠨ ᠪᠥᠭᠡᠳ ᠣᠳᠣᠬᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠤᠨ ᠢᠳᠡᠪᠬᠢᠲᠡᠢ ᠬᠥᠭᠵᠢᠯᠲᠡ ᠶᠢᠨ ᠪᠠᠶᠢᠳᠠᠯ ᠢ ᠨᠠᠷᠢᠨ ᠪᠣᠳᠠᠲᠠᠢ ᠲᠤᠭ᠎ᠠ ᠪᠠᠷᠢᠮᠲᠠ ᠪᠠᠷ ᠳᠡᠯᠭᠡᠨ ᠦᠵᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠰᠢᠯᠢᠳᠡᠭ ᠬᠡᠷᠡᠭ ᠤᠨ ᠵᠢᠱᠢᠶ᠎ᠡ ᠶᠢ ᠠᠮᠢᠳᠤᠯᠢᠭ ᠲᠠᠨᠢᠯᠴᠠᠭᠤᠯᠵᠤ᠂ ᠣᠯᠠᠨ ᠢ ᠬᠠᠪᠰᠤᠷᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠣᠯᠪᠠᠰᠤᠨ ᠤ ᠦᠢᠯᠡᠳᠦᠯᠭᠡ ᠵᠢᠴᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤᠮᠳᠠᠬᠢ ᠴᠢᠬᠤᠯᠠ ᠳᠦᠷᠢ ᠶᠢᠨ ᠴᠢᠳᠠᠮᠵᠢ ᠶᠢ ᠨᠠᠩ ᠰᠠᠶᠢᠲᠤᠷ ᠣᠶᠢᠯᠠᠭᠠᠭᠤᠯᠤᠭᠰᠠᠨ ᠪᠥᠭᠡᠳ ᠪᠠᠰᠠ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠪᠣᠳᠠᠲᠠᠢ ᠶᠢ ᠡᠷᠬᠢᠮᠯᠡᠬᠦ ᠠᠷᠭ᠎ᠠ ᠪᠣᠳᠣᠯᠭ᠎ᠠ ᠪᠠ ᠠᠵᠢᠯ ᠤᠨ ᠰᠡᠩᠬᠡᠷᠡᠭᠦᠯᠦᠯ ᠬᠠᠩᠭᠠᠭᠰᠠᠨ ᠪᠠᠶᠢᠨ᠎ᠠ᠃      ᠪᠣᠳᠠᠲᠤ ᠠᠵᠢᠯᠯᠠᠭᠠᠨ ᠤ ᠬᠢᠴᠢᠶᠡᠯ ᠳᠡᠭᠡᠷ᠎ᠡ᠂ ᠦᠵᠡᠭᠳᠡᠯᠲᠦ ᠳᠠᠭᠤᠷᠢᠶᠠᠯ᠂ ᠳᠦᠷᠢ ᠶᠢᠨ ᠲᠣᠭᠯᠠᠯᠲᠠ ᠵᠡᠷᠭᠡ ᠬᠡᠯᠪᠡᠷᠢ ᠪᠠᠷ ᠬᠤᠷᠠᠯ ᠳᠤ ᠣᠷᠣᠯᠴᠠᠭᠰᠠᠳ ᠲᠤ ᠨᠢᠭᠡ ᠤᠳᠠᠭᠠᠨ ᠤ ᠪᠡᠶᠡᠴᠢᠯᠡᠨ ᠣᠶᠢᠯᠠᠭᠠᠬᠤ ᠪᠣᠯᠪᠠᠰᠤᠷᠠᠯ ᠤᠨ ᠬᠢᠴᠢᠶᠡᠯ ᠤᠨ ᠲᠠᠩᠬᠢᠮ ᠠᠪᠴᠢᠷᠠᠵᠤ᠂ ᠣᠯᠠᠨ ᠢᠶᠠᠷ ᠢᠶᠠᠨ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ᠂ ᠢᠳᠡᠪᠬᠢᠲᠡᠢ ᠬᠠᠮᠵᠢᠯᠴᠠᠵᠤ᠂ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠨᠡᠪᠲᠡᠷᠡᠯᠴᠡᠨ ᠬᠠᠮᠵᠢᠯᠴᠠᠬᠤ ᠪᠠ ᠲᠤᠬᠠᠢ ᠶᠢᠨ ᠲᠠᠯᠠᠪᠤᠷ ᠲᠤ ᠴᠢᠳᠠᠪᠤᠷᠢ ᠪᠠᠨ ᠪᠠᠳᠠᠷᠠᠭᠤᠯᠬᠤ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
     ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠨᠢ ᠰᠠᠶᠢᠨ ᠳᠤᠷ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠷᠠᠭ᠎ᠠ ᠶᠢ ᠥᠷᠭᠡᠳᠬᠡᠨ᠂ ᠪᠣᠳᠠᠲᠠᠢ ᠣᠨᠴᠠᠯᠢᠭ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠪᠣᠶ ᠪᠣᠯᠭᠠᠬᠤ ᠠᠴᠠ ᠭᠠᠷᠳᠠᠵᠤ᠂ ᠬᠥᠮᠥᠨ ᠪᠦᠬᠦᠨ ᠴᠥᠮ ᠰᠠᠶᠢᠨ ᠳᠤᠷ᠎ᠠ ᠶᠢᠨ ᠦᠢᠯᠡᠴᠢᠯᠡᠭᠴᠢ ᠮᠥᠨ᠂ ᠬᠥᠮᠥᠨ ᠪᠦᠬᠦᠨ ᠴᠥᠮ ᠦᠢᠯᠡᠴᠢᠯᠡᠭᠴᠢ ᠪᠣᠯᠬᠤ ᠤᠬᠠᠮᠰᠠᠷ ᠢᠶᠠᠨ ᠬᠦᠴᠦᠯᠡᠨ ᠳᠡᠭᠡᠭᠰᠢᠯᠡᠭᠦᠯᠵᠦ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠬᠦᠴᠦᠨ ᠴᠢᠳᠠᠯ ᠢ ᠬᠤᠷᠠᠮᠳᠤᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠦᠨᠡᠨ ᠬᠦ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠪᠥᠬᠦ ᠰᠢᠶᠠᠨ ᠤ ᠺᠠᠳ᠋ᠷ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠨᠠᠩ ᠶᠡᠭᠡ ᠦᠢᠯᠡᠳᠦᠯ ᠦᠵᠡᠭᠦᠯᠬᠦ ᠶᠢ ᠲᠦᠯᠬᠢᠨ ᠠᠬᠢᠭᠤᠯᠬᠤ ᠶᠢᠨ ᠲᠥᠯᠥᠭᠡ ᠶᠤᠮ᠃  ︵ᠰᠤᠷᠪᠤᠯᠵᠢᠯᠠᠭᠴᠢ᠄ ᠵᠤᠤ ᠯᠧ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号