ᠦᠴᠦᠸᠠᠨ ᠰᠢᠶᠠᠨ ᠤ ᠵᠠᠯᠠᠭᠤ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/30
     9 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠪᠦᠬᠦ ᠰᠢᠶᠠᠨ ᠤ ᠵᠠᠯᠠᠭᠤ ᠺᠠᠳ᠋ᠷᠴᠤᠳ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠯᠠᠭᠤ ᠺᠠᠳ᠋ᠷᠴᠤᠳ ᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤ ᠺᠠᠳ᠋ᠷᠴᠤᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠲᠤᠰ ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠯᠢᠳᠡᠭ ᠠᠮᠵᠢᠯᠲᠠ ᠶᠢ ᠡᠭᠦᠳᠴᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠪᠣᠯᠣᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠭᠠᠯ ᠬᠠᠯᠠᠭᠤᠨ ᠦᠢᠯᠡᠳᠦᠯᠭᠡ ᠳᠤᠮᠳᠠ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠴᠦᠸᠠᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠵᠠᠯᠠᠭᠤ ᠨᠠᠰᠤᠨ ᠤ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ ᠭᠡᠵᠦ ᠵᠣᠷᠢᠭᠵᠢᠭᠤᠯᠪᠠ᠃      ᠶᠠᠷᠢᠯᠴᠠᠬᠤ ᠬᠤᠷᠠᠯ ᠳᠡᠭᠡᠷ᠎ᠡ᠂ 15 ᠵᠠᠯᠠᠭᠤ ᠺᠠᠳ᠋ᠷ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠪᠣᠯᠣᠨ ᠦᠰᠦᠨ ᠪᠣᠶᠢᠵᠢᠭᠰᠠᠨ ᠥᠩᠭᠡᠷᠡᠯᠲᠡ ᠲᠠᠢ ᠪᠠᠨ ᠤᠶᠠᠯᠳᠤᠭᠤᠯᠵᠤ᠂ ᠲᠥᠷᠥᠭᠳᠡᠯ ᠢᠶᠠᠨ ᠶᠠᠷᠢᠯᠴᠠᠵᠤ᠂ ᠪᠣᠳᠣᠯ ᠰᠠᠨᠠᠯ ᠢᠶᠠᠨ ᠶᠠᠷᠢᠯᠴᠠᠵᠤ᠂ ᠢᠷᠡᠭᠡᠳᠦᠢ ᠪᠠᠨ ᠶᠠᠷᠢᠯᠴᠠᠵᠤ᠂ ᠮᠠᠨ ᠤ ᠰᠢᠶᠠᠨ ᠤ ᠵᠠᠯᠠᠭᠤ ᠺᠠᠳ᠋ᠷᠴᠤᠳ ᠤᠨ ᠴᠤᠭ ᠪᠠᠳᠠᠷᠠᠩᠭᠤᠢ᠂ ᠢᠳᠡᠪᠬᠢᠲᠡᠢ ᠪᠠᠷ ᠤᠷᠤᠭᠰᠢᠯᠠᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃      ᠤᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠶᠠᠩ ᠰᠢᠩ ᠱᠧᠩ᠂ ᠪᠦᠬᠦ ᠰᠢᠶᠠᠨ ᠤ ᠵᠠᠯᠠᠭᠤ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤ ᠺᠠᠳ᠋ᠷᠴᠤᠳ ᠲᠤ ᠥᠭᠭᠦᠭᠰᠡᠨ ᠴᠢᠩ ᠰᠡᠳᠬᠢᠯ ᠤᠨ ᠨᠠᠶᠢᠳᠠᠯᠭ᠎ᠠ ᠶᠢ ᠴᠢᠩᠭ᠎ᠠ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂ ᠯᠠᠪᠳᠠᠭᠤᠨ ᠪᠠᠲᠤᠲᠠᠢ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠬᠦ ᠤᠨᠤᠯ ᠤᠨ ᠦᠨᠡᠨᠴᠢ ᠰᠢᠳᠤᠷᠭᠤ ᠬᠤᠰᠢᠭᠤᠴᠢ ᠪᠣᠯᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠵᠢᠱᠢᠶᠡᠴᠢ ᠦᠢᠯᠡᠳᠦᠯᠭᠡᠵᠢᠭᠦᠯᠦᠭᠴᠢ ᠪᠣᠯᠵᠤ᠂ ᠠᠷᠠᠳ ᠲᠦᠮᠡᠨ ᠳᠤ ᠪᠤᠶᠠᠨ ᠦᠢᠯᠡᠳᠬᠦ ᠬᠠᠷᠠᠮ ᠦᠭᠡᠢ ᠵᠢᠳᠬᠦᠭᠴᠢ ᠪᠣᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢᠨ ᠴᠥᠬᠦᠷᠡᠰᠢ ᠦᠭᠡᠢ ᠲᠡᠮᠡᠴᠡᠭᠴᠢ ᠪᠣᠯᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢᠨ ᠬᠦᠴᠦᠲᠡᠢ ᠠᠬᠢᠭᠤᠯᠤᠭᠴᠢ ᠪᠣᠯᠵᠤ᠂ ᠵᠣᠷᠢᠭᠲᠠᠢ ᠪᠠᠷ ᠬᠦᠨᠳᠦ ᠡᠭᠦᠷᠭᠡ ᠶᠢ ᠡᠭᠦᠷᠭᠡᠯᠡᠵᠦ᠂ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠰᠢᠨ᠎ᠡ ᠴᠠᠭ ᠦᠶ᠎ᠡ ᠶᠢᠨ ᠵᠠᠯᠠᠭᠤ ᠺᠠᠳ᠋ᠷ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠰᠢᠨ᠎ᠡ ᠠᠶᠠᠨ ᠵᠠᠮ ᠳᠤ ᠮᠠᠰᠢ ᠣᠯᠠᠨ ᠰᠢᠨ᠎ᠡ ᠪᠠᠶᠢᠳᠠᠯ᠂ ᠰᠢᠨ᠎ᠡ ᠥᠷᠢᠰᠦᠯᠳᠦᠭᠡᠨ ᠲᠤᠯᠭᠠᠷᠠᠵᠤ ᠪᠠᠶᠢᠨ᠎ᠠ᠂ ᠵᠠᠯᠠᠭᠤ ᠺᠠᠳ᠋ᠷᠴᠤᠳ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠬᠦ ᠶᠢ ᠢᠮᠠᠭᠲᠠ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠡᠨᠡ ᠬᠦ ᠴᠢᠬᠤᠯᠠ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠰᠠᠶᠢᠲᠤᠷ ᠡᠵᠡᠮᠳᠡᠵᠦ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠱᠠᠭᠠᠷᠳᠠᠯᠭ᠎ᠠ ᠪᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠨᠥᠬᠦᠴᠡᠯ ᠦᠭᠡᠢ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠢᠷᠭᠠᠭᠤ ᠰᠤᠷᠤᠯᠴᠠᠵᠤ ᠡᠷᠳᠡᠮ ᠴᠢᠳᠠᠪᠤᠷᠢ ᠪᠠᠨ ᠳᠡᠭᠡᠭᠰᠢᠯᠡᠭᠦᠯᠬᠦ ᠶᠢ ᠢᠮᠠᠭᠲᠠ ᠪᠡᠶᠡᠯᠡᠭᠦᠯᠵᠦ᠂ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠦᠨᠳᠦᠰᠦᠨ ᠱᠠᠲᠤᠨ ᠤ ᠤᠯᠠᠨ ᠲᠦᠮᠡᠨ ᠠᠴᠠ ᠢᠯᠡᠭᠦᠬᠡᠨ ᠰᠤᠷᠤᠯᠴᠠᠵᠤ᠂ ᠠᠵᠢᠯ ᠤᠨ ᠡᠮᠦᠨ᠎ᠡ ᠹᠷᠣᠨᠲ ᠲᠤ ᠢᠯᠡᠭᠦᠬᠡᠨ ᠳᠠᠪᠲᠠᠨ ᠪᠣᠯᠪᠠᠰᠤᠷᠠᠵᠤ᠂ ᠪᠦᠬᠦ ᠰᠢᠶᠠᠨ ᠤ ᠠᠵᠤ ᠦᠢᠯᠡᠰ ᠤᠨ ᠬᠥᠭᠵᠢᠯᠲᠡ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠡᠯ᠎ᠡ ᠬᠦᠷᠢᠶ᠎ᠡ ᠶᠢᠨ ᠲᠣᠭᠤᠷᠢᠨ ᠳᠤ᠂ ᠯᠠᠪᠳᠠᠭᠤᠨ ᠪᠠᠲᠤᠲᠠᠢ ᠬᠠᠲᠠᠭᠤ ᠴᠢᠩᠭ᠎ᠠ ᠦᠨᠳᠦᠰᠦᠨ ᠴᠢᠳᠠᠪᠤᠷᠢ ᠶᠢ ᠦᠨᠡᠨ ᠬᠦ ᠪᠣᠯᠪᠠᠰᠤᠷᠠᠭᠤᠯᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠵᠣᠷᠢᠭᠲᠠᠢ ᠪᠠᠷ ᠬᠢᠵᠦ ᠪᠠᠶᠢᠭᠠᠳ ᠵᠠᠯᠠᠭᠤ ᠨᠠᠰᠤᠨ ᠤ ᠰᠠᠭᠤᠷᠢ ᠥᠩᠭᠡ ᠶᠢ ᠭᠡᠷᠡᠯᠳᠦᠬᠦᠯᠬᠦ ᠬᠡᠷᠡᠭᠲᠡᠢ᠃ ᠲᠥᠪ ᠭᠤᠣᠯᠴᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠢᠮᠠᠭᠲᠠ ᠪᠡᠶᠡᠯᠡᠭᠦᠯᠵᠦ᠂ ᠵᠣᠷᠢᠭᠲᠠᠢ ᠪᠠᠷ ᠰᠡᠳᠬᠢᠴᠡ ᠪᠠᠨ ᠥᠷᠭᠡᠳᠬᠡᠵᠦ᠂ ᠲᠦᠭᠵᠢᠷᠡᠯ ᠢ ᠨᠠᠪᠲᠠᠷᠡᠭᠦᠯᠵᠦ᠂ ᠠᠰᠠᠭᠤᠳᠠᠯ ᠢ ᠴᠢᠳᠠᠮᠠᠭᠠᠢ ᠪᠠᠷ ᠳ᠋ᠦᠩᠨᠡᠨ ᠲᠤᠩᠭᠠᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠂ ᠤᠴᠢᠷ ᠶᠠᠪᠤᠳᠠᠯ ᠲᠣᠬᠢᠶᠠᠯᠳᠤᠪᠠᠯ ᠬᠠᠭᠤᠴᠢᠨ ᠢ ᠪᠠᠷᠢᠮᠲᠠᠯᠠᠵᠤ᠂ ᠡᠮᠦᠨ᠎ᠡ ᠬᠤᠶᠢᠨᠠᠬᠢ ᠪᠠᠨ ᠪᠣᠳᠣᠵᠤ᠂ ᠠᠶᠤᠵᠤ ᠰᠦᠷᠳᠡᠬᠦ ᠦᠭᠡᠢ ᠪᠠᠶᠢᠵᠤ᠂ ᠰᠠᠨᠠᠭᠠᠴᠢᠯᠠᠭ᠎ᠠ ᠠᠴᠠ ᠪᠠᠨ ᠲᠣᠬᠢᠷᠠᠮᠵᠢᠲᠠᠢ ᠣᠷᠣᠨ ᠠᠴᠠ ᠭᠠᠷᠴᠤ᠂ ᠵᠣᠷᠢᠭᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠦᠴᠢᠷ ᠢ ᠰᠥᠷᠦᠨ ᠤᠷᠤᠭᠰᠢᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠷᠢᠭ᠎ᠠ ᠱᠤᠭᠤᠮ ᠢ ᠪᠠᠲᠤ ᠰᠠᠬᠢᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠪᠢᠰᠢᠷᠡᠨ ᠵᠢᠷᠦᠬᠡᠰᠢᠶᠡᠬᠦ ᠰᠡᠳᠬᠢᠯᠭᠡ ᠶᠢ ᠢᠮᠠᠭᠲᠠ ᠪᠠᠷᠢᠮᠲᠠᠯᠠᠵᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠠᠷᠢᠭᠤᠨ ᠴᠢᠬᠡᠴᠢ ᠤᠯᠤᠰ ᠲᠦᠷᠦ ᠶᠢᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠵᠢᠵᠢᠭ ᠶᠠᠪᠤᠳᠠᠯ ᠪᠠᠭ᠎ᠠ ᠶᠠᠪᠤᠳᠠᠯ ᠠᠴᠠ ᠡᠬᠢᠯᠡᠨ ᠰᠠᠬᠢᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ︽ᠠᠩᠬᠠᠨ ᠤ ᠲᠣᠪᠴᠢ︾ ᠶᠢ ᠰᠠᠶᠢᠲᠤᠷ ᠡᠵᠡᠮᠳᠡᠵᠦ᠂ ᠤᠬᠠᠮᠰᠠᠷ ᠠᠴᠠ ᠪᠠᠨ ᠨᠡᠶᠢᠭᠡᠮ ᠤᠨ ᠬᠠᠷᠢᠯᠴᠠᠭᠠᠨ ᠤ ᠬᠦᠷᠢᠶ᠎ᠡ᠂ ᠠᠮᠢᠳᠤᠷᠠᠯ ᠤᠨ ᠬᠦᠷᠢᠶ᠎ᠡ᠂ ᠨᠠᠶᠢᠵᠢ ᠶᠢᠨ ᠬᠦᠷᠢᠶ᠎ᠡ ᠪᠠᠨ ᠴᠡᠪᠡᠷᠰᠢᠭᠦᠯᠵᠦ᠂ ᠨᠢᠭᠡ ᠰᠡᠳᠬᠢᠯ ᠢᠶᠠᠷ ᠨᠡᠶᠢᠲᠡ ᠶᠢᠨ ᠲᠥᠯᠥᠭᠡ᠂ ᠲᠥᠪ ᠰᠤᠷᠲᠠᠯ ᠲᠠᠢ᠂ ᠠᠷᠢᠭᠤᠨ ᠴᠢᠬᠡᠴᠢ ᠬᠥᠮᠦᠨ ᠪᠣᠯᠬᠤ ᠬᠡᠷᠡᠭᠲᠡᠢ᠃  ︵ᠰᠣᠷᠪᠤᠯᠵᠢᠯᠠᠬᠴᠢ ᠵᠣᠤ ᠯᠢᠩ ᠾᠦᠢ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号