ᠦᠴᠦᠸᠠᠨ ᠰᠢᠶᠠᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠠᠷᠠᠳ ᠤᠨ ᠪᠠᠭᠠᠲᠤᠷᠴᠤᠳ ᠲᠤ ᠴᠡᠴᠡᠭ ᠬᠦᠷᠭᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/9/30
      9 ᠰᠠᠷ᠎ᠠ ᠶᠢᠨ 30 ᠤ ᠡᠳᠦᠷ ᠪᠣᠯ ᠮᠠᠨ ᠤ ᠤᠯᠤᠰ ᠤᠨ ᠠᠷᠪᠠᠨ ᠨᠢᠭᠡᠳᠦᠭᠡᠷ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠪᠣᠯᠣᠨ᠎ᠠ᠂ ᠲᠤᠰ ᠡᠳᠦᠷ ᠤᠨ ᠦᠳᠡ ᠶᠢᠨ ᠡᠮᠦᠨ᠎ᠡ᠂ ᠦᠴᠦᠸᠠᠨ ᠰᠢᠶᠠᠨ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠠᠷᠠᠳ ᠤᠨ ᠪᠠᠭᠠᠲᠤᠷᠴᠤᠳ ᠲᠤ ᠴᠡᠴᠡᠭ ᠬᠦᠷᠭᠡᠬᠦ ᠶᠣᠰᠣᠯᠠᠯ ᠶᠠᠪᠤᠭᠤᠯᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠠᠷᠠᠳ ᠤᠨ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠪᠡ᠃
    ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠲᠥᠪ ᠬᠢᠴᠢᠶᠡᠩᠭᠦᠢ ᠪᠠᠶᠢᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠰᠡᠬᠦᠶᠢᠨ ᠰᠦᠨᠳᠡᠷᠯᠡᠨ᠎ᠡ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠰᠢᠶᠧ ᠴᠢᠦᠢ ᠫᠢᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠶᠦᠩ ᠭᠠᠩ ᠵᠡᠷᠭᠡ ᠰᠢᠶᠠᠨ ᠤ ᠲᠦᠷᠪᠡᠨ ᠶᠡᠭᠡ ᠪᠠᠭ ᠤᠨ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤ᠂ ᠰᠢᠶᠠᠨ ᠤ ᠡᠯ᠎ᠡ ᠬᠡᠯᠲᠡᠰ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠤᠯᠠᠨ ᠲᠦᠮᠡᠨ ᠤ ᠪᠦᠯᠬᠦᠮ᠂ ᠠᠵᠢᠯ ᠦᠢᠯᠡᠰ ᠤᠨ ᠨᠢᠭᠡᠴᠢ᠂ ᠰᠢᠭᠤᠳ ᠬᠠᠷᠢᠶ᠎ᠠ ᠨᠢᠭᠡᠴᠢ ᠶᠢᠨ ᠭᠤᠣᠯ ᠤᠳᠤᠷᠢᠳᠤᠯᠭ᠎ᠠ ᠵᠢᠴᠢ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠵᠤ᠂ ᠤᠯᠤᠰ ᠤᠨ ᠬᠥᠭᠵᠢᠯ ᠴᠡᠴᠡᠭᠯᠡᠯ ᠪᠠᠶᠠᠨ ᠬᠦᠴᠦᠷᠬᠡᠭ ᠪᠠ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠲᠥᠯᠥᠭᠡ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠡᠷᠬᠢᠮ ᠳᠡᠭᠡᠳᠦ ᠬᠦᠨᠳᠦᠳᠬᠡᠯ ᠪᠠ ᠭᠦᠨ ᠲᠠᠯᠠᠷᠬᠠᠯ ᠢᠶᠠᠨ ᠳᠡᠪᠰᠢᠭᠦᠯᠪᠡ᠃      ᠶᠣᠰᠣᠯᠠᠯ ᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠢ ᡁᠢ ᠰᠢᠤᠸᠠᠨ ᠡᠷᠬᠢᠯᠡᠪᠡ᠃      ᠦᠳᠡ ᠶᠢᠨ ᠡᠮᠦᠨᠡᠬᠢ 10 ᠴᠠᠭ ᠲᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠠᠷᠠᠳ ᠤᠨ ᠪᠠᠭᠠᠲᠤᠷᠴᠤᠳ ᠲᠤ ᠴᠡᠴᠡᠭ ᠬᠦᠷᠭᠡᠬᠦ ᠶᠣᠰᠣᠯᠠᠯ ᠵᠢᠩᠬᠢᠨᠢ ᠪᠠᠷ ᠡᠬᠢᠯᠡᠵᠦ᠂ ᠲᠠᠯᠠᠪᠠᠢ ᠳᠠᠶᠠᠭᠠᠷ ᠢᠶᠠᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠶᠣᠰᠣᠯᠠᠯ ᠳᠤ ᠣᠷᠣᠯᠴᠠᠭᠰᠠᠨ ᠪᠦᠬᠦ ᠬᠥᠮᠥᠰ ᠬᠠᠮᠲᠤ ᠪᠠᠷ ᠬᠠᠩᠭᠢᠨᠠᠲᠠᠯ᠎ᠠ ᠳᠠᠭᠤᠯᠠᠵᠤ᠂ ᠰᠦᠷ ᠵᠢᠪᠬᠤᠯᠠᠩᠲᠤ ᠬᠦᠭ ᠠᠶᠠᠰ ᠨᠢ ᠪᠤᠩᠬᠤᠨ ᠤ ᠬᠦᠷᠢᠶᠡᠯᠡᠩ ᠳᠤ ᠴᠤᠤᠷᠢᠶᠠᠲᠤᠵᠤ᠂ ᠳᠠᠭᠤᠤ ᠶᠢᠨ ᠳᠤᠮᠳᠠ ᠡᠬᠡ ᠤᠯᠤᠰ ᠢᠶᠠᠨ ᠬᠠᠶᠢᠷᠠᠯᠠᠬᠤ ᠪᠠ ᠦᠷᠡᠭᠳᠡᠭᠰᠡᠨ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠪᠡ᠃ ᠤᠯᠤᠰ ᠤᠨ ᠰᠦᠯᠳᠡ ᠳᠠᠭᠤᠤ ᠶᠢ ᠳᠠᠭᠤᠯᠠᠵᠤ ᠪᠠᠷᠠᠭᠰᠠᠨ ᠤ ᠲᠠᠷᠠᠭ᠎ᠠ᠂ ᠪᠦᠬᠦ ᠬᠥᠮᠥᠰ ᠨᠦᠰᠡᠷ ᠬᠦᠨᠳᠦ ᠰᠡᠳᠬᠢᠯᠭᠡ ᠪᠠᠷ ᠳᠤᠮᠳᠠᠳᠤ ᠤᠯᠤᠰ ᠤᠨ ᠠᠷᠠᠳ ᠲᠦᠮᠡᠨ ᠤ ᠴᠢᠯᠦᠭᠡᠯᠡᠯᠲᠡ ᠶᠢᠨ ᠦᠢᠯᠡᠰ ᠪᠣᠯᠣᠨ ᠪᠦᠬᠦᠳᠠ ᠨᠠᠶᠢᠷᠠᠮᠳᠠᠬᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠲᠥᠯᠥᠭᠡ ᠦᠷᠡᠭᠳᠡᠭᠰᠡᠨ ᠪᠠᠭᠠᠲᠤᠷᠴᠤᠳ ᠢᠶᠠᠨ ᠨᠠᠮᠠᠨᠴᠢᠯᠠᠨ ᠭᠠᠰᠢᠭᠤᠳᠠᠪᠠ᠃ ᠨᠠᠮᠠᠨᠴᠢᠯᠠᠨ ᠭᠠᠰᠢᠭᠤᠳᠠᠭᠰᠠᠨ ᠤ ᠳᠠᠷᠠᠭ᠎ᠠ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠡᠷᠡᠰ ᠪᠠᠲᠤ ᠲᠠᠭᠤᠨ ᠢᠶᠠᠷ ︽ᠪᠢᠳᠡ ᠪᠣᠯ ᠡᠪ ᠬᠠᠮᠲᠤ ᠶᠣᠰᠣᠨ ᠤ ᠵᠠᠯᠭᠠᠮᠵᠢᠯᠠᠭᠴᠢ︾ ᠭᠡᠬᠦ ᠳᠠᠭᠤᠤ ᠶᠢ ᠡᠷᠭᠦᠵᠦ᠂ ᠲᠡᠳᠡᠨ ᠤ ᠳᠠᠭᠤᠤ ᠨᠢ ᠴᠤᠭ ᠵᠢᠪᠬᠤᠭ᠎ᠠ ᠪᠠ ᠬᠦᠰᠡᠯ ᠡᠷᠡᠮᠡᠯᠵᠡᠯ ᠢᠶᠠᠷ ᠪᠢᠯᠬᠠᠵᠤ᠂ ᠰᠢᠨ᠎ᠡ ᠴᠠᠭ ᠦᠶ᠎ᠡ ᠶᠢᠨ ᠪᠠᠭᠠᠴᠤᠳ ᠬᠡᠦᠬᠡᠳ ᠤᠨ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠢᠷᠠᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠬᠤ᠂ ᠨᠡᠶᠢᠭᠡᠮ ᠵᠢᠷᠤᠮ ᠤᠨ ᠦᠢᠯᠡᠰ ᠤᠨ ᠰᠠᠶᠢᠨ ᠵᠠᠯᠭᠠᠮᠵᠢᠯᠠᠭᠴᠢ ᠪᠣᠯᠬᠤ ᠡᠷᠡᠰ ᠵᠣᠷᠢᠭ ᠢ ᠢᠯᠡᠷᠡᠭᠦᠯᠪᠡ᠃
     ︽ᠴᠡᠴᠡᠭ ᠬᠦᠷᠭᠡᠬᠦ ᠠᠶᠠᠰ︾ ᠢ ᠳᠠᠭᠠᠯᠳᠤᠨ᠂ ᠶᠣᠰᠣᠯᠠᠯ ᠤᠨ ᠴᠡᠷᠢᠭ ᠲᠡᠷᠢ ᠲᠡᠭᠰᠢ ᠪᠥᠭᠡᠳ ᠬᠦᠴᠦᠲᠡᠢ ᠠᠯᠬᠤᠭ᠎ᠠ ᠪᠠᠷ ᠴᠡᠴᠡᠭᠲᠦ ᠰᠠᠭᠰᠤ ᠶᠢ ᠯᠠᠪᠳᠠᠭᠤᠨ ᠡᠷᠭᠦᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠵᠦᠭ ᠠᠯᠭᠤᠷᠬᠠᠨ ᠠᠯᠬᠤᠵᠤ᠂ ᠴᠡᠴᠡᠭᠲᠦ ᠰᠠᠭᠰᠤ ᠶᠢ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠲᠥᠪᠯᠡᠭᠦᠨ ᠲᠠᠯᠪᠢᠪᠠ᠃      ᠳᠠᠷᠠᠭ᠎ᠠ ᠨᠢ᠂ ᠶᠠᠩ ᠰᠢᠩ ᠱᠧᠩ᠂ ᠷᠧᠨ ᠶᠠᠨ ᠰᠢᠶᠠᠩ᠂ ᠰᠢᠶᠧ ᠴᠢᠦᠢ ᠫᠢᠩ᠂ ᠶᠠᠩ ᠶᠦᠩ ᠭᠠᠩ ᠠᠭᠠᠵᠢᠮᠬᠠᠨ ᠢᠶᠠᠷ ᠴᠡᠴᠡᠭᠲᠦ ᠰᠠᠭᠰᠤ ᠶᠢᠨ ᠡᠮᠦᠨ᠎ᠡ ᠬᠦᠷᠴᠦ᠂ ᠴᠡᠴᠡᠭᠲᠦ ᠰᠠᠭᠰᠤ ᠶᠢᠨ ᠲᠣᠷᠭᠠᠨ ᠪᠦᠰᠡ ᠶᠢ ᠨᠠᠷᠢᠨ ᠨᠢᠮᠪᠠᠢ ᠡᠮᠬᠢᠯᠡᠬᠦ ᠶᠢᠨ ᠬᠠᠮᠲᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ ᠭᠤᠷᠪᠠᠨᠲᠠ ᠮᠡᠬᠦᠶᠢᠨ ᠶᠣᠰᠣᠯᠠᠪᠠ᠃ ᠵᠠᠯᠭᠠᠭᠠᠳ᠂ ᠪᠦᠬᠦ ᠬᠥᠮᠥᠰ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠬᠦᠷᠴᠦ ᠪᠠᠷᠠᠯᠠᠵᠤ᠂ ᠬᠦᠨᠳᠦᠳᠬᠡᠨ ᠪᠢᠰᠢᠷᠡᠬᠦ ᠰᠡᠳᠬᠢᠯᠭᠡ ᠪᠠᠷ ᠨᠢᠭᠡ ᠭᠠᠷᠠᠭ ᠲᠣᠭᠤᠷᠢᠨ ᠶᠠᠪᠤᠭᠰᠠᠨ ᠪᠥᠭᠡᠳ ᠬᠠᠯᠠᠭᠤᠨ ᠰᠡᠳᠬᠢᠯᠭᠡ ᠪᠠᠷ ᠭᠠᠷ ᠲᠠᠬᠢ ᠰᠣᠷᠭᠤᠭ ᠴᠡᠴᠡᠭ ᠢᠶᠠᠨ ᠬᠦᠷᠭᠡᠵᠦ᠂ ᠠᠷᠠᠳ ᠤᠨ ᠪᠠᠭᠠᠲᠤᠷᠴᠤᠳ ᠢ ᠭᠦᠨ ᠳᠤᠷᠠᠰᠤᠨ ᠰᠠᠨᠠᠭᠠᠯᠵᠠᠬᠤ ᠪᠠ ᠡᠷᠬᠢᠮ ᠳᠡᠭᠡᠳᠦ ᠬᠦᠨᠳᠦᠳᠬᠡᠯ ᠢᠶᠠᠨ ᠢᠯᠡᠳᠬᠡᠵᠦ᠂ ᠲᠡᠳᠡᠨ ᠤ ᠨᠠᠮ ᠳᠠᠭᠠᠨ ᠦᠨᠡᠨᠴᠢ ᠰᠢᠳᠤᠷᠭᠤ᠂ ᠦᠬᠦᠬᠦ ᠶᠢ ᠤᠮᠠᠷᠲᠠᠬᠤ ᠡᠷᠬᠢᠮ ᠳᠡᠭᠡᠳᠦ ᠵᠣᠷᠢᠭ ᠰᠠᠨᠠᠭ᠎ᠠ ᠶᠢ ᠳᠤᠷᠠᠰᠤᠨ ᠰᠠᠨᠠᠭᠠᠯᠵᠠᠪᠠ᠃
     ᠶᠣᠰᠣᠯᠠᠯ ᠤᠨ ᠲᠠᠷᠠᠭ᠎ᠠ᠂ ᠪᠦᠬᠦ ᠬᠥᠮᠥᠰ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠤᠨ ᠦᠵᠡᠰᠬᠦᠯᠡᠩ ᠤᠨ ᠣᠷᠳᠣᠨ ᠢ ᠲᠣᠭᠤᠷᠢᠨ ᠦᠵᠡᠪᠡ᠂ ᠦᠵᠡᠰᠬᠦᠯᠡᠩ ᠤᠨ ᠣᠷᠳᠣᠨ ᠤ ᠭᠡᠷᠡᠯ ᠵᠢᠷᠤᠭ᠂ ᠦᠰᠦᠭ ᠪᠢᠴᠢᠭ᠂ ᠱᠤᠭᠤᠮᠠᠯ ᠵᠡᠷᠭᠡ ᠨᠢ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠲᠡᠮᠡᠴᠡᠯ ᠤᠨ ᠲᠡᠦᠬᠡ ᠶᠢᠨ ᠪᠣᠳᠠᠲᠤ ᠶᠠᠪᠤᠳᠠᠯ ᠢ ᠶᠠᠷᠢᠵᠤ᠂ ᠦᠯᠢᠭᠡᠷ ᠨᠢᠭᠡᠪᠦᠷᠢ ᠭᠡᠷᠡᠯ ᠵᠢᠷᠤᠭ ᠨᠢᠭᠡᠪᠦᠷᠢ ᠨᠢ ᠰᠡᠳᠬᠢᠯ ᠢ ᠳᠣᠭᠳᠣᠯᠤᠭᠤᠯᠵᠤ᠂ ᠬᠥᠮᠥᠰ ᠢ ᠤᠷᠮᠠᠰᠢᠭᠤᠯᠤᠨ ᠵᠣᠷᠢᠭᠵᠢᠭᠤᠯᠤᠨ᠎ᠠ᠃ ︵ᠰᠤᠷᠪᠤᠯᠵᠢᠯᠠᠭᠴᠢ᠄ ᠶᠠᠩ ᠯᠢ ᠹᠠᠩ  ᠴᠢᠶᠣᠤ ᠳ᠋ᠦᠩ ᠳ᠋ᠦᠩ  ᠭᠦᠩ ᠨᠠᠨ  ᠯᠢᠦ ᠰᠢᠶᠣᠣ ᠴᠢᠶᠠᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号