︽ᠬᠤᠪᠣᠷ ᠰᠢᠷᠣᠢ +︾ ᠪᠦᠭᠦ ᠤᠯᠤᠰ ᠤᠨ ᠫᠤᠰᠲ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/9/5
     ︽ᠬᠤᠪᠣᠷ ᠰᠢᠷᠣᠢ +︾ ᠪᠦᠭᠦ ᠤᠯᠤᠰ ᠤᠨ ᠫᠤᠰᠲ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠲᠦᠷᠦᠭᠦᠬᠡᠨ  ᠪᠤᠭᠤᠲᠤ ᠬᠤᠲᠠ ᠳᠤ ᠠᠮᠵᠢᠯᠲᠠ ᠲᠠᠢ ᠶᠠᠪᠤᠭᠳᠠᠵᠤ᠂ ᠲᠣᠰ ᠤᠳᠠᠭᠠᠨ ᠤ ᠠᠵᠢᠯᠯᠠᠭ᠎ᠠ ᠨᠢ ︽ᠬᠤᠶᠠᠷ ᠬᠤᠪᠣᠷ ᠰᠢᠷᠣᠢ ᠶᠢᠨ ᠰᠠᠭᠤᠷᠢᠨ ᠢ ᠪᠦᠲᠦᠭᠡᠨ ᠪᠠᠶᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠳᠤ ᠡᠨᠧᠷᠭᠢ ᠣᠯᠭᠤᠬᠤ︾ ᠪᠠᠷ ᠭᠤᠣᠯ ᠰᠡᠳᠦᠪ ᠪᠤᠯᠭᠠᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠵᠢᠶᠠᠩ ᠴᠧᠩ ᠪᠦᠦ ᠪᠣᠯᠣᠨ 11 ᠲᠤᠰᠬᠠᠢ ᠮᠡᠷᠭᠡᠵᠢᠯᠲᠡᠨ ᠵᠢᠴᠢ ᠪᠦᠭᠦ ᠤᠯᠤᠰ ᠤᠨ 50 ᠭᠠᠷᠤᠢ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ 150 ᠭᠠᠷᠤᠢ ᠫᠤᠰᠲ ᠳ᠋ᠣᠺᠲ᠋ᠣᠷ ᠪᠣᠯᠣᠨ ᠵᠠᠯᠠᠭᠤ ᠡᠷᠳᠡᠮᠲᠡᠨ ᠢ ᠤᠷᠢᠨ ᠣᠷᠣᠯᠴᠠᠭᠤᠯᠵᠠᠢ᠃      ᠲᠣᠰ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠭᠤᠣᠯᠯᠠᠨ ᠡᠷᠭᠢᠯᠡᠵᠦ᠂ ᠪᠤᠭᠤᠲᠤ ᠬᠤᠲᠠ ᠶᠢᠨ ᠨᠠᠮ ᠤᠨ ᠬᠤᠷᠢᠶ᠎ᠠ  ᠶᠢᠨ ᠵᠣᠬᠢᠶᠠᠨ ᠪᠠᠶᠢᠭᠤᠯᠬᠤ ᠬᠡᠯᠲᠡᠰ᠂ ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠤᠭᠤᠲᠤ ᠬᠤᠲᠠ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠠᠴᠠ ᠳᠠᠭᠠᠭᠠᠴᠢᠯᠠᠨ ᠡᠷᠭᠢᠯᠡᠵᠦ᠂ ᠠᠵᠢᠯᠯᠠᠭ᠎ᠠ ᠶᠢᠨ ᠬᠤᠭᠤᠴᠠᠭᠠᠨ ᠳᠤ ᠬᠤᠶᠠᠳᠤᠭᠠᠷ ᠬᠤᠭᠤᠴᠠᠭᠠᠨ ᠤ ᠪᠤᠭᠤᠲᠤ ᠶᠢᠨ ᠴᠢᠳᠠᠪᠤᠷᠢᠲᠠᠨ ᠤ ᠭᠠᠷᠠᠭ ᠤᠨ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠢ ᠵᠡᠷᠭᠡ ᠪᠠᠷ ᠡᠷᠭᠢᠯᠡᠪᠡ᠃      ᠫᠤᠰᠲ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠪᠣᠯ ᠪᠦᠭᠦ ᠤᠯᠤᠰ ᠤᠨ ᠫᠤᠰᠲ ᠳ᠋ᠣᠺᠲ᠋ᠣᠷ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠤᠨ ᠵᠥᠪᠰᠢᠶᠡᠷᠡᠨ ᠡᠷᠭᠢᠯᠡᠭᠰᠡᠨ ᠪᠦᠭᠦ ᠤᠯᠤᠰ ᠤᠨ ᠴᠢᠨᠠᠷᠲᠠᠢ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯᠲᠠᠨ ᠤ ᠡᠷᠳᠡᠮ ᠰᠢᠨᠵᠢᠯᠡᠭᠡᠨ ᠤ ᠰᠣᠯᠢᠯᠴᠠᠭᠠᠨ ᠤ ᠲᠠᠪᠴᠠᠩ ᠪᠣᠯᠣᠨ᠎ᠠ᠃ ᠲᠣᠰ ᠤᠳᠠᠭᠠᠨ ᠤ ᠠᠵᠢᠯᠯᠠᠭ᠎ᠠ ᠳᠤ ᠠᠺᠠᠳᠧᠮᠢᠴᠢ ᠵᠢᠶᠠᠩ ᠴᠧᠩ ᠪᠦᠦ ᠵᠢᠴᠢ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠵᠡᠷᠭᠡ ᠨᠢᠭᠡᠴᠢ ᠶᠢᠨ ᠬᠤᠪᠣᠷ ᠰᠢᠷᠣᠢ ᠶᠢᠨ ᠮᠠᠲ᠋ᠧᠷᠢᠶᠠᠯ ᠤᠨ ᠬᠦᠷᠢᠶᠡᠨ ᠳᠠᠬᠢ ᠲᠤᠰᠬᠠᠢ ᠮᠡᠷᠭᠡᠵᠢᠯᠲᠡᠨ ᠢ ᠲᠤᠰᠬᠠᠶᠢᠯᠠᠨ ᠤᠷᠢᠵᠤ ᠡᠷᠳᠡᠮ ᠰᠢᠨᠵᠢᠯᠡᠭᠡᠨ ᠤ ᠮᠡᠳᠡᠭᠦᠯᠦᠯᠲᠡ ᠭᠢᠯᠭᠡᠵᠦ᠂ ᠡᠯ᠎ᠡ ᠭᠠᠵᠠᠷ ᠤᠨ ᠰᠢᠯᠢᠳᠡᠭ ᠲᠤᠰᠬᠠᠢ ᠮᠡᠷᠭᠡᠵᠢᠯᠲᠡᠨ ᠡᠷᠳᠡᠮᠲᠡᠨ ᠪᠠ ᠫᠤᠰᠲ ᠳ᠋ᠣᠺᠲ᠋ᠣᠷ ᠬᠤᠪᠣᠷ ᠰᠢᠷᠣᠢ ᠶᠢᠨ ᠠᠵᠤ ᠦᠢᠯᠡᠰ ᠤᠨ ᠪᠣᠬᠢᠷᠳᠤᠯ ᠦᠭᠡᠢ ᠬᠥᠭᠵᠢᠯᠲᠡ ᠪᠠ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠬᠡᠷᠡᠭᠯᠡᠯᠲᠡ ᠶᠢᠨ ᠲᠣᠭᠤᠷᠢᠨ ᠳᠤ ᠡᠷᠳᠡᠮ ᠰᠢᠨᠵᠢᠯᠡᠭᠡᠨ ᠤ ᠰᠣᠯᠢᠯᠴᠠᠭ᠎ᠠ ᠶᠠᠷᠢᠯᠴᠠᠭ᠎ᠠ ᠥᠷᠨᠢᠭᠦᠯᠵᠦ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠠᠷᠭ᠎ᠠ ᠤᠬᠠᠭᠠᠨ ᠳᠡᠪᠰᠢᠭᠦᠯᠵᠡᠢ᠃      ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ᠥᠷᠲᠡᠭᠡ ᠪᠠᠶᠢᠭᠤᠯᠤᠨ ᠢᠵᠢ ᠪᠦᠷᠢᠳᠦᠭᠦᠯᠬᠦ ᠵᠠᠷᠤᠳᠠᠯ᠂ ᠥᠷᠲᠡᠭᠡ ᠳᠤ ᠣᠷᠣᠵᠤ ᠨᠥᠬᠦᠪᠦᠷᠢ ᠣᠯᠭᠤᠬᠤ᠂ ᠥᠷᠲᠡᠭᠡ ᠠᠴᠠ ᠭᠠᠷᠴᠤ ᠰᠢᠨᠵᠢᠯᠡᠬᠦ ᠤᠬᠠᠭᠠᠨ ᠤ ᠰᠤᠳᠤᠯᠭᠠᠨ ᠳᠤ ᠬᠦᠴᠦᠨ ᠨᠡᠮᠡᠷᠢᠯᠡᠬᠦ︾ ᠪᠦᠭᠦ ᠦᠶᠡᠯᠡᠯ ᠤᠨ ᠬᠤᠭᠤᠴᠠᠭ᠎ᠠ ᠪᠦᠬᠦᠢ ᠫᠤᠰᠲ ᠳ᠋ᠣᠺᠲ᠋ᠣᠷ ᠢ ᠬᠥᠮᠥᠵᠢᠭᠦᠯᠦᠨ ᠳᠡᠮᠵᠢᠬᠦ ᠰᠢᠰᠲ᠋ᠧᠮ ᠢ ᠦᠷᠭᠦᠯᠵᠢᠯᠡᠨ ᠪᠦᠷᠢᠨᠰᠢᠭᠦᠯᠵᠦ᠂ ᠫᠤᠰᠲ ᠳ᠋ᠣᠺᠲ᠋ᠣᠷ ᠵᠡᠷᠭᠡ ᠵᠠᠯᠠᠭᠤ ᠴᠢᠳᠠᠪᠤᠷᠢᠲᠠᠨ ᠤ ᠰᠢᠨ᠎ᠡ ᠶᠢ ᠡᠭᠦᠳᠴᠦ ᠦᠢᠯᠡᠰ ᠪᠣᠰᠬᠠᠬᠤ ᠳᠤ ᠠᠰᠢᠭ ᠲᠠᠢ ︽ᠰᠢᠨ᠎ᠡ ᠠᠮᠢ ᠠᠬᠤᠢ︾ ᠶᠢ ᠢᠳᠡᠪᠬᠢᠲᠡᠢ ᠪᠤᠶ ᠪᠤᠯᠭᠠᠵᠤ᠂ ᠫᠤᠰᠲ ᠳ᠋ᠣᠺᠲ᠋ᠣᠷ ᠤᠨ ᠥᠷᠲᠡᠭᠡ ᠴᠡᠭ ᠤᠨ ᠲᠤᠭ᠎ᠠ ᠪᠠ ᠥᠷᠲᠡᠭᠡ ᠳᠤ ᠣᠷᠣᠬᠤ ᠬᠥᠮᠥᠨ ᠤ ᠲᠤᠭ᠎ᠠ ᠶᠢ ᠶᠡᠭᠡ ᠪᠠᠷ ᠨᠡᠮᠡᠭᠳᠡᠭᠦᠯᠦᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号