ᠰᠤᠷᠭᠠᠭᠤᠯᠢ ᠶᠢᠨ ᠬᠦᠷᠢᠶ᠎ᠡ ᠶᠢᠨ ᠡᠷᠭᠢᠨ ᠲᠣᠭᠤᠷᠢᠨ ᠤ ᠰᠣᠶᠣᠯ ᠤᠨ ᠵᠠᠬ᠎ᠠ ᠳᠡᠯᠭᠡᠭᠦᠷ ᠤᠨ ᠲᠤᠰᠬᠠᠢ ᠵᠦᠢᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/9/6
      ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠵᠤ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠵᠠᠬ᠎ᠠ ᠳᠡᠯᠭᠡᠭᠦᠷ ᠤᠨ ᠲᠤᠰᠬᠠᠢ ᠪᠠᠶᠢᠴᠠᠭᠠᠯᠲᠠ ᠥᠷᠨᠢᠭᠦᠯᠪᠡ᠃      ᠲᠣᠰ ᠤᠳᠠᠭᠠᠨ ᠤ ᠪᠠᠶᠢᠴᠠᠭᠠᠯᠲᠠ ᠨᠢ ᠦᠴᠦᠸᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ᠂ ᠦᠴᠦᠸᠠᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠡᠷᠬᠢᠨ ᠲᠣᠭᠤᠷᠢᠨ ᠤ ᠨᠣᠮ ᠤᠨ ᠳᠡᠯᠭᠡᠭᠦᠷ᠂ ᠳᠠᠷᠤᠮᠠᠯᠯᠠᠬᠤ ᠳᠡᠯᠭᠡᠭᠦᠷ᠂ ᠰᠦᠯᠵᠢᠶᠡᠨ ᠤ ᠪᠠᠭᠠᠷ᠂ ᠴᠢᠴᠢᠭᠦᠷ ᠪᠥᠮᠪᠦᠭᠡ ᠶᠢᠨ ᠲᠢᠩᠬᠢᠮ ᠵᠡᠷᠭᠡ ᠰᠣᠶᠣᠯ ᠤᠨ ᠡᠵᠡᠩᠨᠡᠯᠲᠡ ᠶᠢᠨ ᠲᠠᠯᠠᠪᠤᠷ ᠢᠶᠠᠷ ᠭᠤᠣᠯᠳᠠᠯᠭ᠎ᠠ ᠪᠣᠯᠭᠠᠵᠤ᠂ ᠡᠯ᠎ᠡ ᠲᠥᠷᠥᠯ ᠤᠨ ᠬᠡᠪᠯᠡᠭᠳᠡᠬᠦᠨ ᠤ ᠡᠷᠬᠡ ᠶᠢᠨ ᠮᠡᠳᠡᠭᠡ ᠵᠠᠩᠭᠢ᠂ ᠪᠠᠷᠠᠭ᠎ᠠ ᠣᠷᠣᠭᠤᠯᠬᠤ ᠠᠷᠭ᠎ᠠ ᠵᠠᠮ ᠵᠢᠴᠢ ᠪᠣᠷᠤᠯᠠᠭᠤᠯᠭ᠎ᠠ ᠶᠢᠨ ᠪᠠᠶᠢᠳᠠᠯ ᠢ ᠨᠠᠷᠢᠨ ᠬᠢᠨᠠᠮᠠᠭᠠᠢ ᠬᠠᠷᠭᠤᠭᠤᠯᠵᠤ᠂ ᠡᠯ᠎ᠡ ᠲᠠᠯᠠᠪᠤᠷ ᠬᠤᠯᠠᠭᠠᠶᠢᠯᠠᠨ ᠬᠡᠪᠯᠡᠭᠰᠡᠨ ᠵᠢᠭᠠᠬᠤ ᠮᠠᠲ᠋ᠧᠷᠢᠶᠠᠯ ᠵᠢᠭᠠᠨ ᠰᠤᠷᠭᠠᠬᠤ ᠬᠠᠪᠰᠤᠷᠤᠮᠵᠢ ᠨᠣᠮ ᠪᠣᠷᠣᠯᠠᠭᠤᠯᠤᠭᠰᠠᠨ ᠡᠰᠡᠬᠦ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠡᠵᠡᠩᠨᠡᠯᠲᠡ ᠶᠢᠨ ᠥᠮᠴᠢᠲᠡᠨ ᠳᠤ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠢ ᠬᠠᠤᠯᠢ ᠶᠢ ᠰᠠᠬᠢᠵᠤ ᠡᠵᠡᠩᠨᠡᠬᠦ ᠤᠬᠠᠮᠰᠠᠷ ᠢᠶᠠᠨ ᠴᠢᠩᠭᠠᠳᠬᠠᠵᠤ᠂ ᠡᠵᠡᠩᠨᠡᠯᠲᠡ ᠪᠠᠨ ᠵᠢᠷᠤᠮᠵᠢᠭᠤᠯᠤᠨ᠂ ᠡᠯ᠎ᠡ ᠲᠥᠷᠥᠯ ᠤᠨ ᠬᠠᠤᠯᠢ ᠪᠤᠰᠤ ᠬᠡᠪᠯᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠶᠢ ᠡᠷᠡᠰ ᠡᠰᠡᠷᠭᠦᠴᠡᠨ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃ ᠪᠠᠶᠢᠴᠠᠭᠠᠯᠲᠠ ᠶᠢᠨ ᠳᠤᠮᠳᠠ᠂ ᠬᠠᠤᠯᠢ ᠪᠤᠰᠤ ᠬᠡᠪᠯᠡᠭᠳᠡᠬᠦᠨ ᠢ ᠪᠣᠷᠣᠯᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠰᠡᠨ ᠦᠭᠡᠢ᠃      ᠲᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠴᠠᠭ ᠬᠤᠭᠤᠴᠠᠭ᠎ᠠ ᠶᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠬ᠎ᠠ ᠳᠡᠯᠭᠡᠭᠦᠷ ᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠡᠷᠡᠭᠦᠯ ᠪᠥᠭᠡᠳ ᠡᠮᠬᠢ ᠵᠢᠷᠤᠮ ᠲᠠᠢ ᠰᠣᠶᠣᠯ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠥᠷᠭᠡᠨ ᠣᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠪᠠᠲᠤᠯᠠᠭ᠎ᠠ ᠬᠠᠩᠭᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号