ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ  ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠦᠴᠦᠸᠠᠨ ᠰᠢᠶᠠᠨ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/6
      9 ᠰᠠᠷ᠎ᠠ ᠶᠢᠨ 5 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠱᠤᠤ ᠯᠢᠨ ᠦᠴᠦᠸᠠᠨ ᠰᠢᠶᠠᠨ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠢᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠤᠷᠠᠯ ᠡᠷᠬᠢᠯᠡᠵᠦ ᠶᠠᠷᠢᠶ᠎ᠠ ᠲᠠᠯᠪᠢᠪᠠ᠃      ᠮᠡᠳᠡᠭᠦᠯᠦᠯᠲᠡ ᠶᠢᠨ ᠬᠤᠷᠠᠯ ᠳᠡᠭᠡᠷ᠎ᠡ᠂ ᠶᠢᠨ ᠱᠣᠤ ᠯᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠴᠠᠭ ᠦᠶ᠎ᠡ ᠶᠢᠨ ᠠᠴᠢ ᠬᠤᠯᠪᠣᠭᠳᠠᠯ ᠪᠠ ᠠᠯᠤᠰ ᠬᠡᠲᠦ ᠶᠢᠨ ᠲᠡᠦᠬᠡᠲᠦ ᠨᠥᠯᠥᠭᠡ ᠶᠢ ᠭᠦᠨᠵᠡᠭᠡᠢ ᠲᠠᠨᠢᠬᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠭᠠᠬᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠣᠨᠣᠪᠴᠢᠲᠠᠶ ᠣᠶᠢᠯᠭᠠᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠴᠦᠸᠠᠨ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠷᠭᠤᠭᠠᠨ ᠲᠠᠯ᠎ᠠ ᠪᠠᠷ ᠨᠠᠷᠢᠯᠢᠭ ᠣᠨᠣᠴᠠᠲᠠᠢ ᠲᠠᠶᠢᠯᠪᠤᠷᠢᠯᠠᠯᠲᠠ ᠪᠠ ᠭᠦᠨᠵᠡᠭᠡᠢ ᠲᠠᠶᠢᠯᠤᠮᠵᠢ ᠬᠢᠪᠡ᠃ ᠪᠦᠬᠦ᠋ᠢᠯᠡ ᠮᠡᠳᠡᠭᠦᠯᠦᠯᠲᠡ ᠶᠢᠨ ᠬᠤᠷᠠᠯ ᠤᠨ ᠭᠤᠣᠯ ᠰᠡᠳᠦᠪ ᠢᠯᠡ ᠲᠣᠳᠣ᠂ ᠭᠤᠣᠯᠳᠠᠯᠭ᠎ᠠ ᠲᠣᠪᠣᠶᠢᠮ᠎ᠠ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠤᠨᠤᠯ ᠤᠨ ᠥᠨᠳᠥᠷᠴᠡ ᠲᠠᠢ ᠪᠥᠭᠡᠳ ᠦᠵᠡᠯ ᠰᠠᠨᠠᠭᠠᠨ ᠤ ᠭᠦᠨᠴᠡ ᠲᠠᠢ ᠪᠠᠶᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠡᠵᠡᠮᠰᠢᠬᠦ᠂ ᠨᠡᠪᠳᠡᠷᠡᠳᠡᠯ᠎ᠡ ᠣᠶᠢᠯᠭᠠᠬᠤ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠳᠤ ᠬᠦᠴᠦᠲᠡᠢ ᠵᠢᠯᠣᠭᠤᠳᠤᠯᠭ᠎ᠠ ᠬᠠᠩᠭᠠᠪᠠ᠃      ᠶᠠᠩ ᠰᠢᠩ ᠱᠧᠩ᠂ ᠪᠦᠬᠦ ᠰᠢᠶᠠᠨ ᠢᠶᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠬᠤ ᠲᠠᠢ ᠨᠢᠭᠲᠠ ᠤᠶᠠᠯᠳᠤᠭᠤᠯᠵᠤ᠂ ᠣᠶᠢᠯᠠᠭᠠᠯᠲᠠ ᠡᠵᠡᠮᠰᠢᠯ ᠢᠶᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠮᠡᠳᠡᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠬᠡᠷᠡᠭᠲᠡᠢ᠃ ᠪᠥᠬᠦᠳᠡ ᠬᠤᠷᠠᠯ ᠤᠨ ᠵᠣᠷᠢᠭ ᠰᠠᠨᠠᠭᠠᠨ ᠤ ᠤᠬᠠᠭᠤᠯᠭ᠎ᠠ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠨᠠᠮ ᠤᠨ ᠭᠡᠰᠢᠭᠦᠨ ᠺᠠᠳ᠋ᠷᠴᠤᠳ ᠤᠨ ᠪᠦᠬᠦ ᠲᠠᠯ᠎ᠠ ᠪᠠᠷ ᠡᠭᠡᠯᠵᠢᠯᠡᠨ ᠪᠣᠯᠪᠠᠰᠤᠷᠠᠭᠤᠯᠬᠤ ᠪᠠ ᠰᠢᠰᠲ᠋ᠧᠮ ᠲᠠᠢ ᠪᠣᠯᠪᠠᠰᠤᠷᠠᠭᠤᠯᠬᠤ ᠶᠢ ᠰᠠᠶᠢᠲᠤᠷ ᠠᠳᠬᠤᠵᠤ᠂ ᠤᠯᠠᠨ ᠲᠡᠰ ᠳᠠᠪᠬᠤᠷᠭ᠎ᠠ᠂ ᠤᠯᠠᠨ ᠬᠡᠯᠪᠡᠷᠢ᠂ ᠪᠦᠬᠦᠨ ᠢ ᠬᠠᠮᠤᠷᠬᠤ ᠬᠥᠮᠦᠵᠢᠯ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠲᠦᠷᠦᠯ ᠬᠤᠪᠢᠶᠠᠷᠢᠯᠠᠭᠰᠠᠨ᠂ ᠬᠠᠷᠢᠯᠴᠠᠨ ᠬᠥᠳᠡᠯᠦᠯᠴᠡᠭᠰᠡᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ᠂ ᠤᠯᠠᠨ ᠬᠠᠷᠠᠭᠠᠰᠤᠲᠠᠢ᠂ ᠥᠨᠳᠥᠷ ᠨᠢᠭᠲᠠᠴᠠ ᠲᠠᠢ ᠪᠠᠷ ᠤᠬᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠥᠨ ᠪᠦᠬᠦᠨ ᠳᠤ ᠮᠡᠳᠡᠭᠦᠯᠵᠦ᠂ ᠬᠥᠮᠥᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠰᠣᠷᠣᠭᠰᠠᠨ ᠵᠦᠢᠯ ᠢᠶᠠᠨ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠶᠢ ᠪᠠᠷᠢᠮᠲᠠᠯᠠᠵᠤ᠂ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠥᠬᠦᠳᠡ ᠬᠤᠷᠠᠯ ᠤᠨ ︽ᠲᠣᠭᠲᠠᠭᠠᠯ︾ ᠳᠤ ᠳᠤᠷᠠᠳᠤᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠲᠠᠢ ᠨᠢᠭᠲᠠ ᠤᠶᠠᠯᠳᠤᠭᠤᠯᠤᠨ᠂ ︽ᠭᠤᠷᠪᠠᠨ ᠠᠵᠢᠯ︾᠂︽ᠳᠥᠷᠪᠡᠨ ᠠᠵᠤ ᠦᠢᠯᠡᠰ ᠤᠨ ᠰᠠᠭᠤᠷᠢᠨ ᠭᠠᠵᠠᠷ︾᠂ ︽ᠨᠢᠭᠡ ᠬᠦᠷᠢᠶᠡᠯᠡᠩ ᠬᠤᠶᠠᠷ ᠲᠣᠭᠤᠷᠢᠭ︾ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠪᠥᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠳᠤᠮᠳᠠᠬᠢ ᠬᠤᠷᠢᠭ᠎ᠠ ᠴᠡᠭ᠂ ᠬᠦᠴᠢᠷ ᠠᠰᠠᠭᠤᠳᠠᠯ᠂ ᠲᠦᠭᠵᠢᠷᠡᠯ ᠢ ᠠᠷᠢᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠦᠴᠦᠸᠠᠨ ᠰᠢᠶᠠᠨ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃  ︵ᠰᠤᠷᠪᠤᠯᠵᠢᠯᠠᠭᠴᠢ᠄ ᠯᠢᠦᠢ ᠫᠢᠩ ᠫᠢᠩ  ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号