ᠦᠴᠦᠸᠠᠨ ᠰᠢᠶᠠᠨ ᠤ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/9
      ᠪᠦᠬᠦ ᠰᠢᠶᠠᠨ ᠤ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠶᠢ ᠠᠬᠢᠭᠤᠯᠵᠤ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠭ᠎ᠠ ᠶᠢᠨ ᠰᠣᠯᠢᠯᠴᠠᠭ᠎ᠠ ᠶᠢ ᠴᠢᠩᠭᠠᠳᠬᠠᠬᠤ ᠶᠢᠨ ᠲᠥᠯᠥᠭᠡ᠂ 9 ᠰᠠᠷ᠎ᠠ ᠶᠢᠨ 7 ᠤ ᠡᠳᠦᠷ᠂ ᠦᠴᠦᠸᠠᠨ ᠰᠢᠶᠠᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠡᠷᠬᠢᠯᠡᠪᠡ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠬᠤᠸᠠᠷ ᠴᠡᠴᠡᠭ ᠰᠤᠳᠤᠯᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠤᠯᠠᠭᠠᠨᠴᠠᠪ ᠬᠤᠲᠠ ᠪᠠ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠦᠴᠦᠸᠠᠨ ᠰᠢᠶᠠᠨ ᠤ ᠡᠷᠬᠢᠨ ᠲᠣᠭᠤᠷᠢᠨ ᠤ ᠬᠡᠰᠡᠭ ᠬᠤᠰᠢᠭᠤ ᠰᠢᠶᠠᠨ ᠲᠣᠭᠤᠷᠢᠭ ᠤᠨ ᠲᠤᠰᠬᠠᠢ ᠮᠡᠷᠭᠡᠵᠢᠯᠲᠡᠨ᠂ ᠡᠷᠳᠡᠮᠲᠡᠨ᠂ ᠦᠴᠦᠸᠠᠨ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠵᠢᠴᠢ ᠦᠴᠦᠸᠠᠨ ᠰᠢᠶᠠᠨ ᠤ ᠬᠡᠰᠡᠭ ᠲᠠᠷᠢᠮᠠᠯ ᠤᠨ ᠲᠣᠮᠣ ᠡᠷᠦᠬᠡ ᠦᠵᠡᠭᠦᠯᠦᠯᠭᠡ ᠶᠢᠨ ᠬᠤᠷᠠᠯ ᠳᠤ ᠣᠷᠣᠯᠴᠠᠪᠠ᠃
     ᠠᠯᠢ ᠤᠯᠠᠨ ᠬᠥᠮᠥᠰ ᠤᠷᠢᠳ ᠬᠤᠵᠢᠳ ᠦᠴᠦᠸᠠᠨ ᠰᠢᠶᠠᠨ ᠤ ᠰᠢᠯᠢᠮᠳᠡᠭ ᠨᠣᠭᠤᠭ᠎ᠠ ᠶᠢᠨ ᠪᠣᠬᠢᠷᠲᠤᠯ ᠦᠭᠡᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠣᠷᠣᠨ᠂ ᠡᠰᠢ ᠰᠦᠷᠡᠯ ᠢ ᠬᠤᠷᠢᠶᠠᠨ ᠠᠪᠴᠤ ᠠᠰᠢᠭᠯᠠᠬᠤ ᠪᠠ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠰᠠᠭᠤᠷᠢᠨ ᠭᠠᠵᠠᠷ᠂ ᠡᠪᠡᠳᠴᠢᠨ ᠬᠤᠷᠣᠬᠠᠢ ᠶᠢᠨ ᠬᠥᠨᠥᠭᠡᠯ ᠤᠨ ᠲᠠᠷᠢᠶᠠᠨ ᠭᠠᠵᠠᠷ ᠢ ᠬᠢᠨᠠᠨ ᠬᠡᠮᠵᠢᠬᠦ ᠴᠡᠭ ᠵᠢᠴᠢ ᠦᠴᠦᠸᠠᠨ ᠰᠢᠶᠠᠨ ᠤ ᠲᠥᠮᠥᠰᠥ᠂ ᠨᠡᠷᠡᠨ ᠬᠤᠸᠠᠷ᠂ ᠯᠠᠩᠭᠤᠸᠠ᠂ ᠬᠤᠨᠴᠢᠷ ᠤᠨ ᠲᠠᠷᠢᠮᠠᠯ ᠤᠨ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠲᠣᠭᠤᠷᠢᠨ ᠦᠵᠡᠪᠡ᠃ ᠦᠴᠦᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠢᠯᠲᠠᠨ ᠤ ᠲᠤᠰᠬᠠᠢ ᠮᠡᠷᠭᠡᠵᠢᠯ ᠤᠨ ᠲᠠᠨᠢᠯᠴᠠᠭᠤᠯᠭ᠎ᠠ ᠲᠠᠢ ᠤᠶᠠᠯᠳᠤᠭᠤᠯᠤᠨ᠂ ᠬᠤᠷᠠᠯ ᠳᠤ ᠣᠷᠣᠯᠴᠠᠭᠰᠠᠳ ᠶᠠᠪᠤᠬᠤ ᠶᠢᠨ ᠳᠠᠭᠠᠤ ᠦᠵᠡᠵᠦ᠂ ᠠᠰᠠᠭᠤᠵᠤ᠂ ᠰᠣᠯᠢᠯᠴᠠᠵᠤ᠂ ᠣᠲᠣ ᠦᠶ᠎ᠡ ᠶᠢᠨ ᠲᠠᠷᠢᠶᠠᠯᠠᠩ ᠤᠨ ᠲᠠᠲᠠᠬᠤ ᠬᠦᠴᠦᠨ ᠪᠠ ᠳᠠᠯᠳᠠ ᠬᠦᠴᠦᠨ ᠢ ᠨᠠᠩ ᠰᠢᠭᠤᠳ ᠣᠶᠢᠯᠠᠭᠠᠭᠰᠠᠨ ᠤ ᠬᠠᠮᠲᠤ ᠳᠡᠯᠭᠡᠨ ᠦᠵᠡᠭᠦᠯᠬᠦ ᠰᠠᠭᠤᠷᠢᠨ ᠭᠠᠵᠠᠷ ᠤᠨ ᠵᠢᠱᠢᠶ᠎ᠡ ᠦᠵᠡᠭᠦᠯᠬᠦ ᠲᠥᠷᠥᠯ ᠵᠦᠢᠯ ᠪᠠ ᠭᠤᠣᠯ ᠠᠬᠢᠭᠤᠯᠬᠤ ᠮᠡᠷᠭᠡᠵᠢᠯ ᠤᠨ ᠣᠨᠴᠠᠯᠢᠭ ᠵᠢᠴᠢ ᠤᠨᠠᠯᠲᠠ ᠶᠢ ᠨᠡᠮᠡᠭᠳᠡᠭᠦᠯᠬᠦ ᠳᠠᠯᠳᠠ ᠬᠦᠴᠦᠨ ᠤ ᠲᠤᠬᠠᠢ ᠴᠦ ᠭᠦᠨᠵᠡᠭᠡᠢ ᠣᠶᠢᠯᠠᠭᠠᠯᠲᠠ ᠲᠠᠢ ᠪᠣᠯᠵᠠᠢ᠃      ᠲᠣᠰ ᠤᠳᠠᠭᠠᠨ ᠤ ᠰᠣᠯᠢᠯᠴᠠᠭᠠᠨ ᠤ ᠦᠵᠡᠭᠦᠯᠭᠡ ᠶᠢᠨ ᠠᠵᠢᠯᠯᠠᠭ᠎ᠠ ᠨᠢ ᠦᠴᠦᠸᠠᠨ ᠰᠢᠶᠠᠨ ᠤ ᠲᠠᠷᠢᠶᠠᠯᠠᠩ ᠤᠨ ᠪᠣᠬᠢᠷᠲᠤᠯ ᠦᠭᠡᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠬᠥᠭᠵᠢᠯᠲᠡ ᠵᠢᠴᠢ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠲᠠᠯ᠎ᠠ ᠪᠠᠷ ᠬᠢ ᠯᠠᠪᠳᠠᠭᠤᠨ ᠪᠠᠲᠤᠲᠠᠢ ᠠᠵᠢᠯ ᠪᠠ ᠢᠯᠡᠳᠲᠡ ᠦᠷ᠎ᠡ ᠪᠦᠲᠦᠮᠵᠢ ᠶᠢ ᠭᠦᠢᠴᠡᠳ ᠢᠯᠡᠷᠡᠭᠦᠯᠪᠡ᠃ ᠡᠭᠦᠨ ᠤ ᠬᠠᠮᠲᠤ᠂ ᠦᠵᠡᠭᠦᠯᠦᠯᠭᠡ ᠶᠢᠨ ᠬᠤᠷᠠᠯ ᠢ ᠠᠮᠵᠢᠯᠲᠠ ᠲᠠᠢ ᠡᠷᠬᠢᠯᠡᠭᠰᠡᠨ ᠨᠢ ᠦᠴᠦᠸᠠᠨ ᠰᠢᠶᠠᠨ ᠤ ᠲᠠᠷᠢᠶᠠᠯᠠᠩ ᠤᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠴᠦᠸᠠᠨ ᠰᠢᠶᠠᠨ ᠤ ᠣᠨᠴᠠᠯᠢᠭᠲᠤ ᠳᠠᠪᠠᠭᠤᠯᠢᠭ ᠲᠠᠷᠢᠶᠠᠯᠠᠩ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ︵ᠰᠣᠷᠪᠤᠯᠵᠢᠯᠠᠬᠴᠢ ᠵᠧᠦ ᠶᠠᠨ  ᠵᠧᠨ ᠶᠤᠸᠠᠨ ᠪᠦᠧᠸ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号