ᠨᠢᠭᠡ᠂ ᠡᠭᠦᠷᠭᠡ ᠲᠤᠰᠢᠶᠠᠯ ᠬᠠᠷᠢᠭᠤᠴᠠᠯᠭ᠎ᠠ᠂ ᠳᠣᠲᠣᠭᠠᠳᠤ ᠪᠠᠶᠢᠭᠤᠯᠤᠮᠵᠢ | ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯ ᠲᠣᠰ | ᠪᠠᠯᠭᠠᠰᠤᠨ ᠤ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ᠂ ᠰᠢᠶᠠᠨ ᠤ ᠱᠠᠲᠤᠨ ᠤ ᠰᠠᠯᠠᠭ᠎ᠠ ᠮᠥᠴᠢᠷ ᠤᠨ ᠲᠣᠮᠢᠯᠠᠨ | ᠰᠠᠭᠤᠯᠭᠠᠭᠰᠠᠨ ᠪᠠᠶᠢᠭᠤᠯᠤᠮᠵᠢ ᠪᠠ ᠡᠯ᠎ᠡ ᠲᠥᠷᠥᠯ ᠤᠨ ᠠᠵᠢᠯ ᠤᠨ ᠤᠳᠤᠷᠢᠳᠬᠤ ᠭᠤᠣᠯᠯᠠᠭᠴᠢ ᠮᠥᠨ᠂ ᠬᠥᠬᠡ | ᠡᠷᠭᠢ ᠪᠠᠯᠭᠠᠰᠤᠨ ᠤ ᠤᠯᠤᠰ ᠲᠥᠷᠥ᠂ ᠠᠵᠤ ᠠᠬᠤᠢ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠳᠤ ᠪᠥᠬᠦ ᠲᠠᠯ᠎ᠠ ᠶᠢᠨ ᠤᠳᠤᠷᠢᠳᠤᠯᠭ᠎ᠠ ᠶᠢ ᠬᠡᠷᠡᠭᠵᠢᠭᠦᠯᠦᠨ᠎ᠡ᠃ | | ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠤᠣᠯ ᠡᠭᠦᠷᠭᠡ | ᠬᠠᠷᠢᠭᠤᠴᠠᠯᠭ᠎ᠠ᠄ | | ︵ᠨᠢᠭᠡ︶ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ | ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠤᠯᠤᠰ ᠲᠦᠷᠦ ᠶᠢᠨ | ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ | ᠪᠠᠶᠢᠭᠤᠯᠬᠤ ᠬᠦᠴᠦᠨ᠂ ᠨᠡᠶᠢᠭᠡᠮ ᠢ ᠤᠷᠢᠶᠠᠯᠠᠬᠤ ᠬᠦᠴᠦᠨ ᠢ ᠴᠢᠩᠭᠠᠳᠬᠠᠨ᠎ᠠ᠃ ᠬᠠᠷᠢᠶᠠᠲᠤ ᠣᠷᠣᠨ ᠤ ᠳᠣᠲᠣᠷᠠᠬᠢ | ᠰᠢᠨ᠎ᠡ ᠬᠦᠷᠢᠶ᠎ᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢᠨ | ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ᠂ ᠦᠵᠡᠯ | ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ | ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠦᠷᠢᠮ ᠤᠨ ᠪᠠᠶᠢᠭᠤᠯᠤᠯᠲᠠ ᠶᠢ ᠠᠭᠤᠰᠤᠯᠴᠠᠭᠤᠯᠤᠨ | ᠲᠤᠭᠤᠰᠢᠯᠠᠭᠤᠯᠤᠨ᠎ᠠ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠵᠤ᠂ ᠦᠨᠳᠦᠰᠦᠨ | ᠱᠠᠲᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠨ᠎ᠠ᠃ | ︵ᠬᠤᠶᠠᠷ︶ ᠨᠠᠮ ᠤᠨ ᠡᠯ᠎ᠡ ᠵᠦᠢᠯ ᠤᠨ ᠱᠤᠭᠤᠮ ᠴᠢᠭᠯᠡᠯᠲᠡ ᠲᠤᠶᠢᠷᠦ ᠶᠢᠨ ᠪᠣᠳᠣᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ᠂ ᠲᠣᠭᠲᠠᠭᠠᠯ ᠢ ᠬᠡᠷᠡᠭᠵᠢᠭᠦᠯᠦᠨ᠎ᠡ︔ ᠬᠠᠷᠢᠶᠠᠲᠤ ᠣᠷᠣᠨ ᠤ ᠳᠣᠲᠣᠷᠠᠬᠢ ᠠᠵᠤ ᠠᠬᠤᠢ ᠪᠠ ᠨᠡᠶᠢᠭᠡᠮ ᠤᠨ | ᠬᠥᠭᠵᠢᠯᠲᠡ᠂ ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠲᠠ᠂ ᠤᠶᠤᠨ ᠤ ᠪᠣᠯᠪᠠᠰᠤᠨ ᠤ ᠪᠠᠶᠢᠭᠤᠯᠤᠯᠲᠠ ᠪᠠ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠲᠠᠯ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠭᠤᠷᠪᠠ︶ ᠬᠠᠷᠢᠶᠠᠲᠤ ᠣᠷᠣᠨ ᠤ ᠳᠣᠲᠣᠷᠠᠬᠢ ᠬᠤᠳᠠ ᠶᠢᠨ ᠳᠦᠷᠰᠦ ᠪᠠᠶᠢᠳᠠᠯ᠂ ᠣᠷᠴᠢᠨ ᠠᠬᠤᠢ ᠶᠢᠨ | ᠡᠷᠡᠭᠦᠯ ᠬᠠᠮᠠᠭᠠᠯᠠᠯ᠂ ᠰᠠᠭᠤᠭᠠᠯᠢ ᠲᠣᠭᠤᠷᠢᠭ ᠤᠨ ᠠᠳᠠᠯ ᠠᠬᠤᠢ᠂ ᠤᠯᠠᠨ ᠨᠡᠶᠢᠲᠡ ᠶᠢᠨ ᠲᠥᠬᠦᠭᠡᠷᠦᠮᠵᠢ ᠶᠢᠨ | ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ | ︵ᠳᠥᠷᠪᠡ︶ ᠨᠡᠶᠢᠭᠡᠮ ᠤᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ | ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ | ᠢᠳᠡᠪᠬᠢᠲᠡᠢ ᠪᠠᠷ ᠠᠬᠢᠭᠤᠯᠤᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷ ᠰᠠᠶᠢᠲᠠᠢ ᠡᠬᠢ ᠪᠠᠶᠠᠯᠢᠭ ᠢ | ᠲᠣᠰᠬᠤᠨ ︵ᠨᠡᠶᠢᠭᠡᠮ ᠲᠣᠭᠤᠷᠠᠭ︶ ᠲᠡᠰᠢ ᠤᠷᠲᠤᠳᠬᠠᠬᠤ ᠶᠢ ᠲᠦᠯᠬᠢᠨ ᠠᠬᠢᠭᠤᠯᠤᠨ᠎ᠠ᠃ ᠤᠯᠠᠨ ᠨᠡᠶᠢᠲᠡ ᠶᠢᠨ | ᠦᠢᠯᠡᠴᠢᠯᠡᠭᠡᠨ ᠤ ᠬᠠᠩᠭᠠᠯᠭ᠎ᠠ ᠶᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠢᠶᠠᠷ | ᠭᠤᠣᠯᠯᠠᠭᠤᠯᠤᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ᠂ ᠠᠯᠪᠠᠨ ᠠᠴᠠ ᠡᠷᠬᠢᠯᠡᠬᠦ ᠠᠷᠠᠳ ᠠᠴᠠ | ᠡᠷᠬᠢᠯᠡᠬᠦ ᠶᠢ ᠵᠡᠷᠭᠡ ᠪᠠᠷ ᠴᠢᠬᠤᠯᠠᠴᠢᠯᠠᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠵᠠᠭᠪᠤᠷ ᠢ | ᠲᠦᠷᠭᠡᠳᠬᠡᠨ ᠪᠠᠶᠢᠭᠤᠯᠤᠨ᠎ᠠ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠡᠷᠴᠢᠮ ᠢ | ᠴᠢᠩᠭᠠᠷᠠᠭᠤᠯᠵᠤ᠂ ᠵᠣᠭᠤᠰ ᠵᠠᠷᠤᠴᠠᠭᠤᠯᠤᠨ ᠬᠥᠮᠥᠨ ᠢ ᠲᠡᠵᠢᠭᠡᠵᠦ ᠪᠠᠶᠢᠭᠰᠠᠨ ᠠᠴᠠ ᠵᠣᠭᠤᠰ ᠵᠠᠷᠤᠴᠠᠭᠤᠯᠤᠨ ᠤᠴᠢᠷ | ᠶᠠᠪᠤᠳᠠᠯ ᠪᠦᠲᠦᠭᠡᠬᠦ ᠲᠡᠶᠢᠰᠢ ᠬᠤᠪᠢᠷᠠᠭᠤᠯᠬᠤ ᠶᠢ ᠬᠦᠴᠦᠯᠡᠨ ᠠᠬᠢᠭᠤᠯᠤᠨ᠎ᠠ᠃ ᠤᠯᠠᠨ ᠲᠦᠮᠡᠨ ᠤ ᠠᠮᠢᠳᠤᠷᠠᠯ ᠲᠠᠢ | ᠨᠢᠭᠲᠠ ᠬᠤᠯᠪᠣᠭ᠎ᠠ ᠲᠠᠢ ᠡᠯ᠎ᠡ ᠵᠦᠢᠯ ᠤᠨ ᠤᠯᠠᠨ ᠨᠡᠶᠢᠲᠡ ᠶᠢᠨ ᠦᠢᠯᠡᠴᠢᠯᠡᠭᠡ ᠶᠢ ᠲᠦᠷᠭᠡᠪᠴᠢᠯᠡᠨ | ᠲᠡᠭᠦᠯᠳᠡᠷᠵᠢᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠠᠵᠢᠯ | ᠣᠯᠭᠤᠯᠲᠠ᠂ ᠡᠷᠡᠭᠦᠯ ᠮᠡᠨᠳᠤ᠂ ᠠᠰᠠᠷᠠᠨ ᠬᠠᠷᠠᠭᠠᠯᠵᠠᠬᠤ ᠬᠠᠪᠰᠤᠷᠤᠨ ᠲᠡᠳᠬᠦᠬᠦ᠂ ᠨᠡᠶᠢᠭᠡᠮ ᠤᠨ ᠠᠰᠠᠷᠠᠮᠵᠢ᠂ | ᠵᠡᠮᠳᠡᠭᠴᠦᠳ ᠤᠨ ᠪᠠᠲᠤᠯᠠᠭ᠎ᠠ ᠪᠠ ᠨᠠᠰᠤᠲᠠᠶᠢᠴᠤᠳ ᠤᠨ ᠠᠵᠢᠯ ᠵᠡᠷᠭᠡ ᠶᠢ ᠰᠠᠶᠢᠲᠤᠷ ᠬᠢᠵᠦ᠂ ᠠᠵᠢᠯ ᠲᠦᠷᠦᠯ ᠤᠨ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠨ᠎ᠡ᠃ | ︵ᠲᠠᠪᠤ︶ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠬᠠᠷᠢᠶᠠᠲᠤ | ᠣᠷᠣᠨ ᠤ ᠳᠣᠲᠣᠷᠠᠬᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ︔ ᠬᠠᠷᠢᠶᠠᠲᠤ | ᠣᠷᠣᠨ ᠤ ᠳᠣᠲᠣᠷᠠᠬᠢ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ | ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠵᠤ᠂ ᠢᠷᠭᠡᠨ ᠤ ᠬᠡᠷᠡᠭ ᠤᠨ ᠡᠶᠡᠳᠡᠭᠦᠯᠭᠡ᠂ ᠬᠠᠤᠯᠢ | ᠴᠠᠭᠠᠵᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠎ᠠ᠃ | ︵ᠵᠢᠷᠭᠤᠭ᠎ᠠ︶ ᠠᠮᠤᠷ ᠲᠦᠪᠰᠢᠨ ᠲᠣᠭᠲᠠᠭᠤᠨ ᠪᠠᠶᠢᠯᠭᠠᠬᠤ ᠪᠠ ᠲᠣᠣᠷᠵᠢᠭᠤᠯᠬᠤ ᠠᠵᠢᠯ ᠢ ᠬᠠᠷᠢᠭᠤᠴᠠᠨ᠎ᠠ᠃ | ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠠᠷᠢᠶᠠᠲᠤ | ᠣᠷᠣᠨ ᠤ ᠠᠮᠤᠷ ᠲᠦᠪᠰᠢᠨ ᠤ ᠪᠠᠶᠢᠭᠤᠯᠤᠯᠲᠠ᠂ ᠶᠡᠷᠦᠩᠬᠡᠶᠢᠯᠡᠨ ᠵᠠᠰᠠᠬᠤ᠂ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠂ ᠣᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢ | ᠰᠢᠢᠳᠪᠦᠷᠢᠯᠡᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠠᠷᠢᠯᠭᠠᠨ᠎ᠠ᠃ ᠠᠶᠤᠯᠭᠦᠢ | ᠦᠢᠯᠡᠳᠪᠦᠷᠢᠯᠡᠯ᠂ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ | ᠠᠳᠬᠤᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠃ | ︵ᠳᠣᠯᠤᠭ᠎ᠠ︶ ᠰᠢᠶᠠᠩ ᠪᠠᠯᠭᠠᠰᠤ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠠᠬᠢᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠲᠦᠰᠢᠭᠯᠡᠨ᠂ | ᠰᠢᠶᠠᠩ ᠪᠠᠯᠭᠠᠰᠤ ᠶᠢᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠲᠠᠪᠴᠠᠩ ᠳᠤ ᠲᠥᠪᠯᠡᠷᠡᠭᠦᠯᠬᠦ ᠶᠢ ᠠᠬᠢᠭᠤᠯᠵᠤ᠂ ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ | ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠭᠦᠢᠴᠡᠳᠬᠡᠬᠦ᠂ ᠨᠢᠭᠡᠳᠦᠯᠲᠡᠢ ᠴᠣᠩᠬᠤ ᠪᠠᠷ | ᠪᠢᠴᠢᠭ ᠮᠠᠲ᠋ᠧᠷᠢᠶᠠᠯ ᠭᠠᠷᠭᠠᠬᠤ ᠭᠥᠯᠢᠶᠡᠨ ᠠᠪᠴᠤ ᠰᠢᠢᠳᠪᠦᠷᠢᠯᠡᠬᠦ ᠶᠢ ᠰᠠᠯᠭᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠨ᠎ᠡ ᠵᠠᠭᠪᠤᠷ ᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠳᠠᠷᠤᠶᠢᠬᠠᠨ | ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠨᠢᠭᠡ ᠯᠡ ᠤᠳᠠᠭ᠎ᠠ ᠳᠤ | ᠭᠦᠢᠴᠡᠳᠬᠡᠬᠦ︾ ᠶᠢ ᠪᠡᠶᠡᠯᠡᠭᠦᠯᠵᠦ᠂ ᠲᠣᠰᠬᠤᠨ ᠤ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠥᠷᠲᠡᠭᠡ ᠴᠡᠭ ᠤᠨ ᠪᠦᠲᠦᠭᠡᠨ ᠪᠠᠶᠢᠭᠤᠯᠤᠯᠲᠠ ᠶᠢ ᠪᠦᠬᠦᠨ ᠢ ᠬᠠᠮᠤᠷᠬᠤ ᠶᠢ ᠢᠳᠡᠪᠬᠢᠲᠡᠢ ᠠᠬᠢᠭᠤᠯᠤᠨ᠎ᠠ᠃ | ︵ᠨᠠᠢᠮᠠ︶ ᠬᠠᠷᠢᠶᠠᠲᠤ ᠣᠷᠣᠨ ᠤ ᠳᠣᠲᠣᠷᠠᠬᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠪᠠ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ | ︵ᠶᠢᠰᠦ︶ ᠲᠣᠰᠬᠤᠨ ᠤ ᠠᠷᠠᠳ ᠤᠨ ᠵᠥᠪᠯᠡᠯ ᠪᠠ ᠰᠠᠭᠤᠭᠠᠯᠢ ᠠᠷᠠᠳ ᠤᠨ ᠵᠥᠪᠯᠡᠯ ᠤᠨ ᠠᠵᠢᠯ ᠢ | ᠵᠢᠯᠣᠭᠤᠳᠤᠨ᠎ᠠ᠃ | ︵ᠠᠷᠪᠠ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | | ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠳᠣᠣᠷᠠᠬᠢ ᠮᠡᠲᠦ | ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠤᠨ᠎ᠠ᠄ | | ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ | ᠠᠯᠪᠠᠨ ᠭᠡᠷ᠂ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ᠂ | ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠯᠪᠠᠨ ᠭᠡᠷ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠃ | ᠡᠯ᠎ᠡ ᠳᠣᠲᠣᠭᠠᠳᠤ ᠪᠠᠶᠢᠭᠤᠯᠤᠮᠵᠢ ᠶᠢᠨ ᠭᠤᠣᠯ ᠠᠵᠢᠯ ᠤᠨ ᠡᠭᠦᠷᠭᠡ ᠬᠠᠷᠢᠭᠤᠴᠠᠯᠭ᠎ᠠ᠄ | ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ | ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠤᠨ ᠠᠵᠢᠯ ᠤᠨ ᠲᠤᠰᠢᠶᠠᠯ ᠬᠠᠷᠢᠭᠤᠴᠠᠯᠭ᠎ᠠ᠄ ᠭᠤᠣᠯᠳᠠᠭᠤ | ᠰᠢᠶᠠᠩ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠠᠵᠢᠯ ᠪᠠ ᠵᠠᠰᠠᠭ ᠵᠠᠬᠢᠷᠭᠠᠨ ᠤ ᠠᠵᠢᠯ ᠢ ᠬᠠᠷᠢᠭᠤᠴᠠᠨ᠎ᠠ︔ | ᠪᠠᠶᠢᠭᠤᠯᠭ᠎ᠠ ᠶᠢᠨ ᠠᠯᠪᠠᠨ ᠪᠢᠴᠢᠭ ᠴᠠᠬᠢᠯᠭᠠᠨ ᠮᠡᠳᠡᠭᠡ᠂ ᠨᠢᠭᠤᠴᠠ ᠴᠢᠬᠤᠯᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ | ᠮᠡᠳᠡᠭᠡ ᠵᠠᠩᠭᠢ᠂ ᠬᠤᠷᠠᠯ ᠤᠨ ᠶᠠᠪᠤᠳᠠᠯ᠂ ᠲᠠᠩᠰᠠ ᠡᠪᠬᠡᠮᠡᠯ᠂ ᠰᠢᠪᠠᠳᠠᠨ ᠰᠢᠢᠳᠪᠦᠷᠢᠯᠡᠭᠦᠯᠬᠦ᠂ ᠵᠠᠰᠠᠭ ᠤᠨ ᠶᠠᠪᠤᠳᠠᠯ ᠢ | ᠢᠯᠡ ᠪᠣᠯᠭᠠᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠬᠠᠷᠢᠭᠤᠴᠠᠨ᠎ᠠ︔ ᠴᠢᠬᠤᠯᠠ | ᠤᠴᠢᠷ ᠶᠠᠪᠤᠳᠠᠯ ᠢ ᠶᠡᠷᠦᠩᠬᠡᠶᠢᠯᠡᠨ ᠵᠣᠬᠢᠴᠠᠭᠤᠯᠬᠤ ᠪᠠ ᠴᠢᠬᠤᠯᠠ ᠡᠬᠡ ᠪᠢᠴᠢᠭ ᠢ ᠲᠤᠭᠤᠷᠪᠢᠵᠤ ᠬᠢᠨᠠᠨ | ᠬᠠᠷᠭᠤᠭᠤᠯᠬᠤ ᠶᠢ ᠬᠠᠷᠢᠭᠤᠴᠠᠨ᠎ᠠ︔ ᠨᠡᠶᠢᠭᠡᠮ ᠤᠨ ᠠᠵᠤ ᠠᠬᠤᠢ ᠶᠢᠨ ᠪᠠᠶᠢᠴᠠᠭᠠᠨ ᠪᠦᠷᠢᠳᠬᠡᠬᠦ ᠵᠡᠷᠭᠡ ᠠᠵᠢᠯ ᠢ | ᠡᠭᠦᠷᠭᠡᠯᠡᠨ᠎ᠡ᠃ | ︵ᠬᠤᠶᠠᠷ︶ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠭᠤᠣᠯ ᠲᠤᠰᠢᠶᠠᠯ ᠬᠠᠷᠢᠭᠤᠴᠠᠯᠭ᠎ᠠ᠄ | ᠭᠤᠣᠯᠳᠠᠭᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠨᠢᠭᠡᠳᠦᠮᠡᠯ | ᠹᠷᠣᠨᠲ ᠤᠨ ᠠᠵᠢᠯ ᠢ ᠬᠠᠷᠢᠭᠤᠴᠠᠨ᠎ᠠ︔ ᠬᠠᠷᠢᠶᠠᠲᠤ ᠣᠷᠣᠨ ᠤ ᠳᠣᠲᠣᠷᠠᠬᠢ ᠣᠯᠠᠨ ᠲᠦᠮᠡᠨ ᠤ ᠪᠦᠯᠬᠦᠮ ᠢ ᠵᠣᠬᠢᠶᠠᠨ | ᠪᠠᠶᠢᠭᠤᠯᠤᠨ ᠵᠣᠬᠢᠴᠠᠭᠤᠯᠬᠤ ᠠᠵᠢᠯ ᠢ ᠥᠷᠨᠢᠭᠦᠯᠦᠨ᠎ᠡ︔ ᠪᠠᠶᠢᠭᠤᠯᠭ᠎ᠠ ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠲᠠ | ᠵᠡᠷᠭᠡ ᠠᠵᠢᠯ ᠢ ᠬᠠᠷᠢᠭᠤᠴᠠᠨ᠎ᠠ᠃ | ︵ᠭᠤᠷᠪᠠ︶ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ | ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ᠄ ᠭᠤᠣᠯᠳᠠᠭᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠴᠡᠷᠢᠭ ᠤᠨ | ᠠᠯᠪᠠ ᠠᠴᠠ ᠬᠠᠯᠠᠭᠳᠠᠭᠰᠠᠳ᠂ ᠵᠡᠮᠳᠡᠭᠴᠦᠳ ᠤᠨ ᠬᠤᠯᠪᠣᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ | ᠪᠠᠲᠤᠯᠠᠭ᠎ᠠ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠰᠣᠶᠣᠯ᠂ ᠵᠢᠭᠤᠯᠴᠢᠯᠠᠯ ᠤᠨ ᠬᠠᠮᠢᠶᠠᠷᠤᠯᠲᠠ ᠵᠡᠷᠭᠡ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠳᠥᠷᠪᠡ︶ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ | ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ᠄ ᠭᠤᠣᠯᠳᠠᠭᠤ | ᠠᠮᠤᠷ ᠲᠦᠪᠰᠢᠨ ᠤ ᠪᠠᠶᠢᠭᠤᠯᠤᠯᠲᠠ᠂ ᠶᠡᠷᠦᠩᠬᠡᠶᠢᠯᠡᠨ ᠵᠠᠰᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠳᠤ ᠦᠢᠯᠡᠴᠢᠯᠡᠬᠦ᠂ ᠪᠠᠴᠢᠮ ᠪᠠᠶᠢᠳᠠᠯ ᠢ ᠠᠷᠭᠠᠴᠠᠨ ᠠᠪᠤᠷᠠᠨ | ᠲᠤᠰᠠᠯᠠᠬᠤ ᠵᠢᠴᠢ ᠵᠠᠬᠢᠳᠠᠯ ᠰᠣᠷᠪᠤᠯᠵᠢᠯᠠᠭ᠎ᠠ ᠤᠲᠠᠰᠤ ᠢᠷᠡᠬᠦ ᠪᠠ ᠰᠦᠯᠵᠢᠶᠡᠨ ᠳᠡᠭᠡᠷ᠎ᠡ ᠵᠠᠭᠠᠯᠳᠤᠬᠤ᠂ | ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠲᠠᠪᠤ︶ ᠬᠤᠳᠠ ᠶᠢᠨ ᠬᠠᠮᠢᠶᠠᠷᠤᠯᠲᠠ ᠶᠢᠨ ᠠᠯᠪᠠᠨ ᠭᠡᠷ | ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ᠄ ᠭᠤᠣᠯᠳᠠᠭᠤ | ᠬᠤᠲᠠ ᠶᠢᠨ ᠬᠤᠲᠠ ᠶᠢᠨ ᠳᠦᠷᠰᠦ ᠪᠠᠶᠢᠳᠠᠯ ᠢ ᠬᠠᠮᠢᠶᠠᠷᠬᠤ᠂ ᠨᠣᠭᠤᠭᠠᠷᠠᠭᠤᠯᠵᠤ ᠭᠤᠶᠣᠵᠢᠭᠤᠯᠬᠤ᠂ ᠣᠷᠴᠢᠨ | ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠡᠷᠭᠡ ᠠᠵᠢᠯ ᠢ ᠬᠠᠮᠵᠢᠨ ᠰᠠᠶᠢᠲᠤᠷ ᠬᠢᠬᠦ ᠶᠢ ᠡᠭᠦᠷᠭᠡᠯᠡᠨ᠎ᠡ︔ | ᠳᠡᠭᠡᠳᠦ ᠱᠠᠲᠤᠨ ᠤ ᠬᠤᠳᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠲᠤᠬᠠᠢ ᠲᠥᠷᠥ ᠶᠢᠨ ᠪᠣᠳᠣᠯᠭ᠎ᠠ | ᠬᠠᠤᠯᠢ ᠲᠣᠭᠲᠠᠭᠠᠯ ᠢ ᠲᠤᠭᠤᠰᠢᠯᠠᠭᠤᠯᠣᠨ ᠬᠡᠷᠡᠭᠵᠢᠭᠦᠯᠵᠦ᠂ ᠬᠤᠳᠠ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠪᠠ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠢ ᠬᠠᠪᠰᠤᠷᠤᠨ ᠰᠠᠶᠢᠲᠤᠷ ᠬᠢᠬᠦ ᠶᠢ | ᠡᠭᠦᠷᠭᠡᠯᠡᠨ᠎ᠡ︔ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠠᠵᠠᠷ ᠲᠠᠲᠠᠪᠤᠷᠢᠯᠠᠬᠤ᠂ | ᠨᠤᠷᠠᠭᠠᠵᠤ ᠨᠡᠭᠦᠯᠭᠡᠬᠦ᠂ ᠲᠥᠪᠬᠢᠨᠡᠭᠦᠯᠬᠦ ᠠᠵᠢᠯ ᠢ ᠬᠠᠮᠵᠢᠨ ᠰᠠᠶᠢᠲᠤᠷ ᠬᠢᠬᠦ ᠶᠢ ᠡᠭᠦᠷᠭᠡᠯᠡᠨ᠎ᠡ᠃ | ︵ᠵᠢᠷᠭᠤᠭ᠎ᠠ︶ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠭᠤᠣᠯ ᠡᠭᠦᠷᠭᠡ | ᠬᠠᠷᠢᠭᠤᠴᠠᠯᠭ᠎ᠠ᠄ ᠭᠤᠣᠯᠳᠠᠭᠤ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠪᠠ ᠦᠨᠳᠦᠰᠦᠨ ᠱᠠᠲᠤᠨ ᠤ ᠬᠠᠤᠯᠢ | ᠬᠡᠷᠡᠭᠵᠢᠭᠦᠯᠬᠦ ᠬᠦᠴᠦᠨ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠠᠮᠲᠤᠷᠠᠨ ᠬᠠᠤᠯᠢ ᠬᠡᠷᠡᠭᠵᠢᠭᠦᠯᠬᠦ ᠶᠢ | ᠥᠷᠨᠢᠭᠦᠯᠬᠦ ᠶᠢ ᠬᠠᠷᠢᠭᠤᠴᠠᠨ᠎ᠠ᠃ | ︵ᠳᠣᠯᠤᠭ᠎ᠠ︶ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠭᠤᠣᠯ ᠡᠭᠦᠷᠭᠡ ᠬᠠᠷᠢᠭᠤᠴᠠᠯᠭ᠎ᠠ᠄ ᠬᠠᠷᠢᠶᠠᠲᠤ | ᠣᠷᠣᠨ ᠤ ᠳᠣᠲᠣᠷᠠᠬᠢ ᠨᠠᠮ ᠤᠨ ᠪᠠᠶᠢᠭᠤᠯᠤᠯᠲᠠ ᠶᠢᠨ ᠡᠳᠦᠷ ᠲᠤᠲᠤᠮ ᠤᠨ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ | ᠬᠠᠷᠢᠯᠴᠠᠬᠤ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ︔ ᠵᠡᠭᠡᠯᠢ ᠶᠢᠨ ᠬᠠᠷᠢᠶᠠᠲᠤ ᠲᠣᠭᠤᠷᠢᠭ ᠲᠠᠬᠢ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠡᠷᠦᠬᠡ ᠶᠢᠨ ᠴᠡᠷᠢᠭ ᠵᠡᠷᠭᠡ ᠡᠯ᠎ᠡ ᠲᠥᠷᠥᠯ ᠤᠨ ᠣᠯᠠᠨ | ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠬᠦ ᠶᠢ ᠵᠢᠯᠣᠭᠤᠳᠤᠨ ᠵᠣᠬᠢᠴᠠᠭᠤᠯᠤᠨ᠎ᠠ︔ | ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠵᠢᠯ ᠤᠨ ᠬᠠᠮᠢᠶ᠎ᠠ ᠪᠦᠬᠦᠢ ᠵᠦᠢᠯᠡᠰ ᠢ | ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ᠰᠠᠶᠢᠨ ᠳᠤᠷ᠎ᠠ ᠶᠢᠨ᠂ ᠬᠠᠷᠢᠯᠴᠠᠨ ᠬᠠᠪᠰᠤᠷᠤᠯᠴᠠᠬᠤ ᠦᠢᠯᠡᠴᠢᠯᠡᠭᠡᠨ ᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠨᠠᠢᠮᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ᠄ | ᠭᠤᠣᠯᠳᠠᠭᠤ ᠲᠣᠰ ᠪᠠᠯᠭᠠᠰᠤ ᠶᠢᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠠᠵᠢᠯ ᠤᠨ ᠬᠡᠷᠡᠭᠵᠢᠭᠦᠯᠦᠯᠲᠡ ᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠡᠭᠦᠷᠭᠡᠯᠡᠨ᠎ᠡ᠃ | ︵ᠶᠢᠰᠦ︶ ᠶᠡᠷᠦᠩᠬᠡᠶᠢᠯᠡᠭᠰᠡᠨ ᠪᠠᠲᠤᠯᠠᠭ᠎ᠠ ᠪᠣᠯᠣᠨ ᠮᠡᠷᠭᠡᠵᠢᠯ ᠳᠡᠯᠭᠡᠷᠡᠭᠦᠯᠬᠦ ᠲᠥᠪ | ᠶᠡᠷᠦᠩᠬᠡᠶᠢᠯᠡᠨ ᠪᠠᠲᠤᠯᠠᠬᠤ ᠪᠠ ᠮᠡᠷᠭᠡᠵᠢᠯ ᠳᠡᠯᠭᠡᠷᠡᠭᠦᠯᠬᠦ ᠲᠥᠪ ᠤᠨ ᠭᠤᠣᠯ ᠡᠭᠦᠷᠭᠡ ᠬᠠᠷᠢᠭᠤᠴᠠᠯᠭ᠎ᠠ᠄ 1. | ᠲᠠᠷᠢᠶᠠᠯᠠᠩ᠂ ᠮᠠᠯ ᠠᠵᠤ ᠠᠬᠤᠢ᠂ ᠣᠶ ᠰᠢᠭᠤᠢ᠂ ᠤᠰᠤ ᠵᠡᠷᠭᠡ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠦᠢᠯᠡᠴᠢᠯᠡᠭᠡ | ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ 2. ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠯᠤᠰ ᠤᠨ | ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠲᠣᠭᠲᠠᠭᠠᠬᠤ ᠳᠤ ᠣᠷᠣᠯᠴᠠᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ︔ 3. ᠲᠠᠷᠢᠶᠠᠯᠠᠩ ᠤᠨ ᠰᠢᠨ᠎ᠡ ᠲᠤᠶᠢᠷᠦᠯ ᠵᠦᠢᠯ᠂ ᠰᠢᠨ᠎ᠡ ᠲᠧᠭᠨᠢᠭ ᠮᠡᠷᠭᠡᠵᠢᠯ᠂ ᠰᠢᠨ᠎ᠡ ᠬᠡᠪ ᠵᠠᠭᠪᠤᠷ᠂ | ᠰᠢᠨ᠎ᠡ ᠮᠠᠰᠢᠨ ᠪᠠᠭᠠᠵᠢ ᠳᠤ ᠲᠤᠷᠰᠢᠯᠲᠠ ᠬᠢᠵᠦ᠂ ᠤᠶᠢᠯᠢᠭᠡᠷ ᠵᠢᠱᠢᠶ᠎ᠡ ᠦᠵᠡᠭᠦᠯᠦᠨ᠎ᠡ︔ 4. ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠠᠵᠢᠯ ᠢ ᠬᠠᠷᠢᠭᠤᠴᠠᠨ᠎ᠠ︔ 5. ᠲᠠᠷᠢᠶᠠᠴᠢᠳ ᠲᠤ ᠠᠵᠤ | ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ︔ 6.ᠰᠢᠨ᠎ᠡ ᠮᠠᠶ᠋ᠢᠭ ᠤᠨ | ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠣᠶᠢᠵᠢᠭᠤᠯᠵᠤ᠂ ᠲᠠᠷᠢᠶᠠᠯᠠᠩ ᠤᠨ ᠮᠡᠷᠭᠡᠵᠢᠯ ᠤᠨ | ᠵᠢᠯᠣᠭᠤᠳᠤᠯᠭ᠎ᠠ᠂ ᠮᠡᠷᠭᠡᠵᠢᠯ ᠤᠨ ᠯᠠᠪᠯᠠᠯᠭ᠎ᠠ᠂ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠎ᠡ︔ 7. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠲᠤᠬᠠᠢ ᠶᠢᠨ ᠭᠠᠵᠠᠷ ᠤᠨ ᠲᠠᠷᠢᠶᠠᠯᠠᠩ ᠳᠤ ᠬᠡᠷᠡᠭᠯᠡᠬᠦ ᠦᠢᠯᠡᠳᠪᠦᠷᠢᠯᠡᠯ ᠤᠨ ᠬᠡᠷᠡᠭᠰᠡᠯ ᠪᠠ | ᠲᠠᠷᠢᠶᠠᠯᠠᠩ ᠤᠨ ᠣᠷᠴᠢᠨ ᠠᠬᠤᠢ ᠶᠢᠨ ᠬᠠᠮᠠᠭᠠᠯᠠᠯᠲᠠ ᠶᠢ ᠬᠢᠨᠠᠵᠤ ᠬᠠᠮᠢᠶᠠᠷᠬᠤ ᠠᠵᠢᠯ ᠢ ᠰᠠᠶᠢᠲᠤᠷ ᠬᠢᠨ᠎ᠡ᠃ | ᠬᠤᠶᠠᠷ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ | ᠭᠤᠷᠪᠠ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30 - 12᠄ 00 14᠄ 30 - 17᠄ 30 | ᠳᠥᠷᠪᠡ᠂ ᠤᠲᠠᠰᠤ᠄ 0471-8821229 | ᠲᠠᠪᠤ᠂ ᠬᠠᠷᠢᠭᠤᠴᠠᠯᠭᠠᠲᠠᠨ᠄ ᠷᠧᠨ ᡁᠢ ᠰᠢᠶᠠᠨ᠂ ᠱᠢ ᠶᠤᠸᠠᠢ ᠯᠢᠨ | |