ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠴᠦᠸᠠᠨ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2025/1/13
     1 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠴᠦᠸᠠᠨ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠲᠠᠷᠠᠭ᠎ᠠ᠂ ᠠᠮᠵᠢᠯᠲᠠ ᠲᠠᠢ ᠲᠡᠭᠦᠰᠪᠡ᠃
     ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠷᠧᠨ ᠶᠠᠨ ᠰᠢᠶᠠᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠶᠦᠩ ᠭᠠᠩ ᠵᠡᠷᠭᠡ ᠰᠢᠶᠠᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠦᠴᠦᠸᠠᠨ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ᠶᠢ ᠬᠢᠨᠠᠨ ᠶᠠᠷᠢᠯᠴᠠᠵᠤ ᠪᠠᠲᠤᠯᠠᠪᠠ︔ ᠤᠯᠤᠰ ᠲᠦᠷᠦ ᠶᠢᠨ ᠵᠥᠪᠯᠡᠯᠭᠡᠨ ᠤ ᠦᠴᠦᠸᠠᠨ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠬᠢᠨᠠᠨ ᠶᠠᠷᠢᠯᠴᠠᠵᠤ ᠪᠠᠲᠤᠯᠠᠪᠠ︔ ᠤᠯᠤᠰ ᠲᠦᠷᠦ ᠶᠢᠨ ᠵᠥᠪᠯᠡᠯᠭᠡᠨ ᠤ ᠦᠴᠦᠸᠠᠨ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠤᠯᠤᠰ ᠲᠦᠷᠦ ᠶᠢᠨ ᠰᠢᠢᠳᠪᠦᠷᠢ ᠶᠢ ᠬᠢᠨᠠᠨ ᠶᠠᠷᠢᠯᠴᠠᠵᠤ ᠪᠠᠲᠤᠯᠠᠪᠠ᠃
     ᠶᠠᠩ ᠶᠦᠩ ᠭᠠᠩ ᠲᠡᠭᠦᠰᠬᠦ ᠶᠠᠷᠢᠶ᠎ᠠ ᠲᠠᠯᠪᠢᠪᠠ᠃ ᠲᠡᠷᠡ ᠵᠢᠭᠠᠵᠤ ᠭᠠᠷᠭᠠᠭᠰᠠᠨ ᠨᠢ᠂ ᠬᠤᠷᠠᠯ ᠤᠨ ᠬᠤᠭᠤᠴᠠᠭᠠᠨ ᠳᠤ᠂ ᠪᠦᠬᠦ ᠭᠡᠰᠢᠭᠦᠳ ᠬᠡᠬᠦᠳᠡᠭ ᠴᠡᠭᠡᠵᠢᠨ ᠳᠡᠭᠡᠨ ᠪᠦᠬᠦ ᠲᠠᠯ᠎ᠠ ᠶᠢ ᠪᠠᠭᠲᠠᠭᠠᠵᠤ᠂ ᠠᠷᠠᠳ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠶᠢᠷ᠎ᠠ ᠰᠡᠳᠬᠢᠯᠭᠡ ᠪᠠ ᠡᠭᠦᠷᠭᠡᠯᠡᠯ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠣᠨ ᠪᠤᠰᠤᠳ ᠮᠡᠳᠡᠭᠦᠯᠦᠯᠲᠡ ᠶᠢ ᠭᠦᠨᠵᠡᠭᠡᠢ ᠶᠠᠷᠢᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ᠂ ᠤᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠤᠨ ᠲᠣᠭᠤᠷᠢᠨ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠵᠠᠰᠠᠭ ᠤᠨ ᠶᠠᠪᠤᠳᠠᠯ ᠢ ᠵᠥᠪᠯᠡᠭᠰᠡᠨ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠬᠤᠷᠠᠯ ᠨᠢ ᠪᠦᠯᠬᠦᠮᠳᠡᠨ ᠤᠷᠤᠭᠰᠢᠯᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠦᠷ᠎ᠡ ᠪᠦᠲᠦᠮᠵᠢ ᠰᠠᠶᠢᠲᠠᠢ ᠪᠠᠶᠢᠵᠤ᠂ ᠲᠤᠭ ᠢ ᠥᠨᠳᠥᠷ ᠡᠷᠭᠦᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠭᠰᠠᠨ ᠶᠡᠭᠡ ᠬᠤᠷᠠᠯ ᠪᠣᠯᠣᠨ᠎ᠠ᠃ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠶᠠᠩ ᠶᠦᠩ ᠭᠠᠩ ᠳᠥᠷᠪᠡᠨ ᠬᠦᠰᠡᠯ ᠳᠤᠷᠠᠳᠪᠠ᠄ ᠨᠢᠭᠡ ᠳᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠬᠤ ᠳᠤᠮᠳᠠ ︽ᠤᠯᠤᠰ ᠲᠥᠷᠥ ᠶᠢᠨ ᠵᠥᠪᠯᠡᠯᠭᠡᠨ ᠤ ᠦᠨᠡᠨᠴᠢ ᠰᠢᠳᠤᠷᠭᠤ︾ ᠶᠢ ᠪᠢᠴᠢᠭᠯᠡᠨ᠎ᠡ︔ ᠬᠤᠶᠠᠷ ᠲᠤ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠳᠤᠮᠳᠠ ︽ᠤᠯᠤᠰ ᠲᠦᠷᠦ ᠶᠢᠨ ᠵᠥᠪᠯᠡᠯᠭᠡᠨ ᠤ ᠵᠢᠳᠬᠦᠯ ᠴᠢᠷᠮᠠᠶᠢᠯᠭ᠎ᠠ︾ ᠶᠢ ᠢᠯᠡᠷᠡᠭᠦᠯᠦᠨ᠎ᠡ︔ ᠭᠤᠷᠪᠠ ᠳᠤ᠂ ᠪᠦᠯᠬᠦᠮᠳᠡᠯ ᠢ ᠴᠢᠩᠭᠠᠳᠬᠠᠬᠤ ᠳᠤᠮᠳᠠ ︽ᠤᠯᠤᠰ ᠲᠦᠷᠦ ᠶᠢᠨ ᠵᠥᠪᠯᠡᠯᠭᠡᠨ ᠤ ᠡᠭᠦᠷᠭᠡᠯᠡᠯ︾ ᠢ ᠢᠯᠡᠷᠡᠭᠦᠯᠦᠨ᠎ᠡ︔ ᠳᠥᠷᠪᠡ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠳᠤᠮᠳᠠ ︽ᠤᠯᠤᠰ ᠲᠦᠷᠦ ᠶᠢᠨ ᠵᠥᠪᠯᠡᠯᠭᠡᠨ ᠤ ᠴᠤᠭ ᠵᠢᠪᠬᠤᠭ᠎ᠠ︾ ᠶᠢ ᠢᠯᠡᠷᠡᠭᠦᠯᠦᠨ᠎ᠡ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠪᠣᠯᠣᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠦᠴᠦᠸᠠᠨ ᠤ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠴᠦᠸᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠢᠨ᠎ᠡ ᠬᠦᠴᠦᠨ ᠴᠢᠳᠠᠯ ᠢᠶᠠᠨ ᠡᠷᠭᠦᠵᠦ᠂ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ︕      ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠮᠵᠢᠯᠲᠠ ᠲᠠᠢ ᠲᠡᠭᠦᠰᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号