ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ
ᠨᠡᠶᠢᠲᠡᠯᠡᠭᠰᠡᠨ ᠴᠠᠭ᠄
2025/1/13
   ᠨᠢᠭᠡ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ    ᠨᠢᠭᠡᠳᠦᠭᠡᠷ ᠵᠦᠢᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃    ᠬᠤᠶᠠᠳᠤᠭᠠᠷ ᠵᠦᠢᠯ ᠦᠴᠦᠸᠠᠨ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠣᠨ᠎ᠠ᠂ ᠵᠢᠩᠬᠢᠨᠢ ᠰᠠᠯᠠᠭᠠᠨ ᠤ ᠳᠡᠰ ᠪᠣᠯᠣᠨ᠎ᠠ᠂ ᠦᠴᠦᠸᠠᠨ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠨᠢᠭᠡᠳᠦᠯᠲᠡᠢ ᠬᠠᠮᠢᠶᠠᠷᠴᠤ ᠵᠣᠬᠢᠴᠠᠭᠤᠯᠤᠨ᠎ᠠ᠃    ᠭᠤᠷᠪᠠᠳᠤᠭᠠᠷ ᠵᠦᠢᠯ ᠦᠴᠦᠸᠠᠨ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠣᠢ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠣᠢ ᠰᠢᠭᠤᠢ ᠪᠠ ᠨᠤᠲᠤᠭ ᠪᠡᠯᠴᠢᠭᠡᠷ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄    ︵ᠨᠢᠭᠡ︶ ᠦᠴᠦᠸᠠᠨ ᠰᠢᠶᠠᠨ ᠤ ᠣᠶ ᠰᠢᠭᠤᠢ ᠪᠣᠯᠣᠨ ᠨᠤᠲᠤᠭ ᠪᠡᠯᠴᠢᠭᠡᠷ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠶ ᠰᠢᠭᠤᠢ ᠪᠣᠯᠣᠨ ᠨᠤᠲᠤᠭ ᠪᠡᠯᠴᠢᠭᠡᠷ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠰᠡᠷᠭᠦᠭᠡᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠬᠠᠮᠠᠭᠠᠯᠠᠨ ᠰᠡᠷᠭᠦᠭᠡᠬᠦ ᠠᠵᠢᠯ ᠤᠨ ᠲᠥᠰᠥᠯ ᠢ ᠲᠤᠭᠤᠷᠪᠢᠨ ᠪᠢᠴᠢᠨ᠎ᠡ᠃ ᠥᠪᠡᠷᠲᠡᠭᠡᠨ ᠵᠠᠰᠠᠬᠤ ᠣᠷᠣᠨ᠂ ᠬᠤᠲᠠ ᠲᠠᠢ ᠬᠠᠮᠵᠢᠯᠴᠠᠨ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠴᠦᠯᠡᠷᠭᠡᠭ ᠪᠠ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠳᠡᠯᠦᠩᠭᠦᠢ ᠬᠢᠨᠠᠨ ᠰᠢᠨᠵᠢᠬᠦ ᠪᠠ ᠦᠨᠡᠯᠡᠯᠲᠡ ᠬᠢᠬᠦ ᠶᠢ ᠥᠷᠨᠢᠭᠦᠯᠦᠨ᠎ᠡ᠃    ︵ᠬᠤᠶᠠᠷ︶ ᠦᠴᠦᠸᠠᠨ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠵᠠᠰᠠᠨ ᠰᠡᠷᠭᠦᠭᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠭᠤᠣᠯᠳᠠᠯᠭ᠎ᠠ ᠲᠠᠢ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠰᠡᠷᠭᠦᠭᠡᠯᠲᠡ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠲᠦᠷᠦᠯ ᠤᠨ ᠨᠡᠶᠢᠲᠡ ᠶᠢᠨ ᠠᠰᠠᠷᠠᠮᠵᠢ ᠶᠢᠨ ᠤᠢ᠂ ᠲᠠᠸᠠᠷ ᠤᠨ ᠤᠢ ᠶᠢ ᠪᠣᠶᠢᠵᠢᠭᠤᠯᠤᠨ ᠡᠵᠡᠩᠨᠡᠬᠦ ᠶᠢ ᠵᠢᠯᠤᠭᠤᠳᠴᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ᠂ ᠡᠪᠡᠰᠦ ᠲᠠᠷᠢᠬᠤ᠂ ᠬᠤᠳᠠ ᠬᠥᠳᠡᠭᠡ ᠶᠢᠨ ᠨᠣᠭᠤᠭᠠᠷᠠᠭᠤᠯᠤᠯᠲᠠ ᠪᠠ ᠤᠢ ᠰᠢᠭᠤᠢ ᠶᠢᠨ ᠬᠤᠳᠠ ᠰᠢᠶᠠᠩ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠪᠠᠶᠢᠴᠠᠭᠠᠬᠤ ᠵᠢᠴᠢ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠠᠵᠢᠯ ᠢ ᠵᠢᠯᠣᠭᠤᠳᠤᠨ᠎ᠠ᠃ ᠰᠢᠶᠠᠨ ᠤ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ︵ᠭᠤᠷᠪᠠ︶ ᠦᠴᠦᠸᠠᠨ ᠰᠢᠶᠠᠨ ᠤ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠴᠦᠸᠠᠨ ᠰᠢᠶᠠᠨ ᠤ ᠣᠶ ᠰᠢᠭᠤᠢ ᠶᠢ ᠣᠭᠲᠣᠯᠬᠤ ᠬᠢᠵᠠᠭᠠᠷ ᠲᠤᠭ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠰᠢᠶᠠᠨ ᠤ ᠣᠶᠢᠲᠤ ᠭᠠᠵᠠᠷ ᠤᠨ ᠬᠠᠮᠢᠶᠠᠷᠤᠯᠲᠠ ᠶᠢ ᠬᠠᠷᠢᠭᠤᠴᠠᠵᠤ᠂ ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠣᠶ ᠶᠢ ᠵᠠᠭᠠᠭᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠣᠭᠤᠳᠤᠨ᠎ᠠ᠃ ᠰᠢᠶᠠᠨ ᠤ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠢ ᠨᠡᠭᠡᠭᠡᠨ ᠠᠰᠢᠭᠯᠠᠬᠤ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠰᠢᠶᠠᠨ ᠤ ᠨᠤᠭᠤ ᠭᠠᠵᠠᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠬᠠᠷᠢᠭᠤᠴᠠᠵᠤ᠂ ᠨᠤᠭᠤ ᠭᠠᠵᠠᠷ ᠢ ᠬᠠᠮᠠᠭᠠᠯᠠᠬᠤ ᠲᠥᠯᠦᠪᠵᠢᠭᠦᠯᠭᠡ ᠪᠣᠯᠣᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠮᠢᠶ᠎ᠠ ᠪᠦᠬᠦᠢ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠨᠤᠭᠤ ᠭᠠᠵᠠᠷ ᠢ ᠨᠡᠭᠡᠭᠡᠨ ᠠᠰᠢᠭᠯᠠᠬᠤ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠬᠤᠯᠪᠣᠭᠳᠠᠯ ᠪᠦᠬᠦᠢ ᠣᠯᠠᠨ ᠤᠯᠤᠰ ᠤᠨ ᠨᠤᠭᠤ ᠭᠠᠵᠠᠷ ᠤᠨ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃    ︵ᠳᠥᠷᠪᠡ︶ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠂ ᠬᠤᠲᠠ ᠲᠠᠢ ᠬᠠᠮᠵᠢᠯᠴᠠᠨ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠬᠠᠮᠠᠭᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠬᠡᠷᠡᠭᠵᠢᠭᠦᠯᠬᠦ ᠲᠥᠰᠥᠯ ᠵᠢᠴᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠴᠦᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢ ᠨᠡᠭᠡᠭᠡᠨ ᠠᠰᠢᠭᠯᠠᠬᠤ ᠳᠤ ᠬᠢᠨᠠᠯᠲᠠ ᠲᠠᠯᠪᠢᠨ ᠬᠠᠮᠢᠶᠠᠷᠴᠤ᠂ ᠡᠯᠡᠰᠦᠨ ᠰᠢᠭᠤᠷᠭ᠎ᠠ ᠶᠢᠨ ᠭᠠᠮᠰᠢᠭ ᠢ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠬᠤᠯᠪᠣᠭᠳᠠᠯ ᠪᠦᠬᠦᠢ ᠣᠯᠠᠨ ᠤᠯᠤᠰ ᠤᠨ ᠴᠥᠯᠡᠷᠬᠡᠭᠵᠢᠯ ᠤᠨ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃    ︵ᠲᠠᠪᠤ︶ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠪᠤᠷᠠᠨ ᠲᠤᠰᠠᠯᠠᠬᠤ᠂ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠢᠷᠡᠯᠲᠡ ᠶᠢᠨ ᠬᠢᠵᠢᠭ ᠡᠪᠡᠳᠴᠢᠨ ᠢ ᠬᠢᠨᠠᠨ ᠬᠡᠮᠵᠢᠬᠦ ᠶᠢ ᠵᠢᠯᠤᠭᠤᠳᠴᠤ᠂ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠬᠦ᠂ ᠳᠠᠰᠬᠠᠨ ᠲᠡᠵᠢᠭᠡᠵᠦ ᠦᠷᠡᠵᠢᠭᠦᠯᠬᠦ ᠪᠤᠶᠤ ᠪᠣᠶᠢᠵᠢᠭᠤᠯᠬᠤ᠂ ᠡᠵᠡᠩᠨᠡᠵᠦ ᠠᠰᠢᠭᠯᠠᠬᠤ ᠶᠢ ᠬᠢᠨᠠᠨ ᠬᠠᠮᠢᠶᠠᠷᠴᠤ᠂ ᠠᠵᠢᠯ ᠤᠨ ᠬᠤᠪᠢᠶᠠᠷᠢᠯᠠᠯ ᠶᠣᠰᠣᠭᠠᠷ ᠰᠢᠶᠠᠨ ᠤ ᠬᠡᠭᠡᠷ᠎ᠡ ᠶᠢᠨ ᠠᠮᠢᠲᠠᠨ ᠤᠷᠭᠤᠮᠠᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃    ︵ᠵᠢᠷᠭᠤᠭ᠎ᠠ︶ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠥᠯᠦᠪᠵᠢᠭᠦᠯᠭᠡ ᠪᠠ ᠬᠠᠮᠢᠶ᠎ᠠ ᠪᠦᠬᠦᠢ ᠣᠷᠣᠨ ᠨᠤᠲᠤᠭ ᠤᠨ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ  ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠱᠠᠲᠤ ᠪᠣᠯᠣᠨ ᠰᠢᠶᠠᠨ ᠤ ᠱᠠᠲᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠪᠣᠯᠣᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠭᠡ ᠶᠢ ᠵᠠᠬᠢᠷᠤᠨ ᠬᠠᠮᠢᠶᠠᠷᠬᠤ ᠶᠢ ᠬᠠᠷᠢᠭᠤᠴᠠᠨ᠎ᠠ᠃ ᠡᠯ᠎ᠡ ᠲᠥᠷᠥᠯ ᠤᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠱᠠᠲᠤ ᠪᠠ ᠰᠢᠶᠠᠨ ᠤ ᠱᠠᠲᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠲᠣᠬᠢᠷᠠᠭᠤᠯᠤᠯᠲᠠ ᠬᠢᠬᠦ ᠠᠩᠬᠠᠨ ᠤ ᠬᠢᠨᠠᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠲᠠᠰ ᠳᠠᠷᠠᠭᠠᠯᠠᠯ ᠤᠨ ᠶᠣᠰᠣᠭᠠᠷ ᠳᠡᠭᠡᠭᠰᠢ ᠮᠡᠳᠡᠭᠦᠯᠵᠦ᠂ ᠪᠠᠶᠢᠭᠠᠯᠢ ᠶᠢᠨ ᠥᠪ ᠬᠥᠷᠥᠩᠭᠡ ᠶᠢ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠤᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃    ︵ᠳᠤᠯᠤᠭ᠎ᠠ︶ ᠰᠢᠶᠠᠨ ᠤ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠶᠢᠨ ᠴᠢᠬᠢ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠶᠢ ᠵᠢᠭᠠᠨ ᠵᠢᠯᠤᠭᠤᠳᠴᠤ᠂ ᠣᠶ ᠮᠣᠳᠣᠨ ᠤ ᠦᠷ᠎ᠡ᠂ ᠡᠪᠡᠰᠦᠨ ᠤ ᠦᠷ᠎ᠡ ᠶᠢᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠰᠠᠶᠢᠨ ᠦᠷ᠎ᠡ ᠰᠣᠩᠭᠤᠨ ᠪᠣᠶᠢᠵᠢᠭᠤᠯᠵᠤ ᠳᠡᠯᠭᠡᠷᠡᠭᠦᠯᠬᠦ ᠶᠢ ᠬᠠᠷᠢᠭᠤᠴᠠᠨ᠂ ᠣᠶ ᠮᠣᠳᠣᠨ ᠤ ᠦᠷ᠎ᠡ ᠪᠠ ᠦᠷ᠎ᠡ ᠴᠢᠬᠢ᠂ ᠡᠪᠡᠰᠦᠨ ᠦᠷ᠎ᠡ ᠦᠢᠯᠡᠳᠪᠦᠷᠢᠯᠡᠵᠦ ᠡᠵᠡᠩᠨᠡᠬᠦ ᠦᠢᠯᠡ ᠠᠵᠢᠯᠯᠠᠭ᠎ᠠ ᠶᠢ ᠬᠠᠮᠢᠶᠠᠷᠴᠤ᠂ ᠣᠶ ᠮᠣᠳᠣᠨ ᠤ ᠦᠷ᠎ᠡ ᠪᠠ ᠦᠷ᠎ᠡ ᠴᠢᠬᠢ᠂ ᠡᠪᠡᠰᠦᠨ ᠦᠷ᠎ᠡ ᠶᠢᠨ ᠶᠠᠰᠤ ᠴᠢᠨᠠᠷ ᠢ ᠬᠢᠨᠠᠨ ᠬᠠᠮᠢᠶᠠᠷᠤᠨ᠎ᠠ᠃ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠡᠳ᠋ ᠤᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ ᠲᠥᠷᠥᠯ ᠵᠦᠢᠯ ᠤᠨ ᠬᠠᠮᠠᠭᠠᠯᠠᠯᠲᠠ ᠶᠢ ᠬᠢᠨᠠᠨ ᠬᠠᠮᠢᠶᠠᠷᠤᠨ᠎ᠠ᠃    ︵ᠨᠠᠢᠮᠠ︶ ᠦᠴᠦᠸᠠᠨ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠵᠢᠴᠢ ᠮᠣᠳᠣᠨ ᠮᠠᠲ᠋ᠧᠷᠢᠶᠠᠯ ᠢ ᠠᠰᠢᠭᠯᠠᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠲᠤᠭᠤᠷᠪᠢᠨ ᠲᠣᠭᠲᠠᠭᠠᠵᠤ᠂ ᠣᠶ ᠰᠢᠭᠤᠢ ᠪᠠ ᠨᠤᠲᠤᠭ ᠪᠡᠯᠴᠢᠭᠡᠷ ᠤᠨ ᠠᠵᠤ ᠦᠢᠯᠡᠰ ᠤᠨ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠶ ᠰᠢᠭᠤᠢ ᠪᠠ ᠨᠤᠲᠤᠭ ᠪᠡᠯᠴᠢᠭᠡᠷ ᠤᠨ ᠠᠵᠤ ᠦᠢᠯᠡᠰ ᠤᠨ ᠬᠥᠭᠵᠢᠯᠲᠡ ᠪᠠ ᠠᠰᠢᠭᠯᠠᠯᠲᠠ ᠶᠢ ᠵᠣᠬᠢᠶᠠᠨ ᠪᠠᠶᠢᠭᠤᠯᠤᠨ ᠵᠢᠯᠤᠭᠤᠳᠴᠤ᠂ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ᠂ ᠠᠭᠤᠯᠠᠨ ︵ᠡᠯᠡᠰᠦ︶ ᠣᠷᠣᠨ ᠤ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠪᠠ ᠠᠮᠢ ᠠᠬᠤᠢ ᠪᠠᠷ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃    ︵ᠶᠢᠰᠦ︶ ᠦᠴᠦᠸᠠᠨ ᠰᠢᠶᠠᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠪᠣᠯᠣᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠵᠤ᠂ ᠭᠠᠯ ᠰᠡᠷᠭᠡᠶᠢᠯᠡᠬᠦ ᠴᠠᠭᠳᠠᠨ ᠬᠠᠮᠠᠭᠠᠯᠠᠬᠤ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢ ᠵᠣᠬᠢᠴᠠᠭᠤᠯᠵᠤ᠂ ᠬᠤᠯᠪᠣᠭᠳᠠᠯ ᠪᠦᠬᠦᠢ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠤᠨ᠎ᠠ᠃    ︵ᠠᠷᠪᠠ︶ ᠪᠥᠬᠦ ᠰᠢᠶᠠᠨ ᠤ ᠣᠶ ᠰᠢᠭᠤᠢ᠂ ᠨᠤᠲᠤᠭ ᠪᠡᠯᠴᠢᠭᠡᠷ ᠤᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃    ︵ᠠᠷᠪᠠᠨ ᠨᠢᠭᠡ︶ ᠦᠴᠦᠸᠠᠨ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ ᠠᠬᠢᠭᠤᠯᠤᠨ᠎ᠠ᠃ ᠦᠴᠦᠸᠠᠨ ᠰᠢᠶᠠᠨ ᠤ ᠬᠠᠮᠲᠤ ᠶᠢᠨ ᠣᠶ ᠰᠢᠭᠤᠢ ᠶᠢᠨ ᠡᠷᠬᠡ ᠶᠢᠨ ᠳᠦᠷᠢᠮ᠂ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ ᠰᠠᠨᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠦᠴᠦᠸᠠᠨ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠢ ᠬᠥᠭᠵᠢᠭᠦᠯᠬᠦ ᠵᠢᠴᠢ ᠣᠶ ᠰᠢᠭᠤᠢ᠂ ᠨᠤᠲᠤᠭ ᠪᠡᠯᠴᠢᠭᠡᠷ ᠤᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠣᠶᠢᠲᠤ ᠭᠠᠵᠠᠷ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠠᠵᠢᠯ ᠢ ᠵᠢᠯᠣᠭᠤᠳᠤᠨ᠎ᠠ᠃ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠬᠦ ᠪᠠ ᠪᠠᠶᠢᠭᠠᠯᠢ ᠶᠢᠨ ᠣᠶ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠠᠷᠪᠠᠨ ᠬᠤᠶᠠᠷ︶ ᠰᠠᠯᠠᠭ᠎ᠠ ᠮᠥᠴᠢᠷ ᠤᠨ ᠲᠥᠰᠥᠪ ᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠢ ᠰᠢᠭᠤᠢ ᠪᠠ ᠨᠤᠲᠤᠭ ᠪᠡᠯᠴᠢᠭᠡᠷ ᠤᠨ ᠪᠡᠯᠡ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ ᠬᠢᠨᠠᠯᠲᠠ ᠲᠠᠯᠪᠢᠨ᠎ᠠ᠃ ᠦᠴᠦᠸᠠᠨ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠵᠤ᠂ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠦᠨ᠎ᠡ᠃ ᠦᠴᠦᠸᠠᠨ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠤ ᠠᠬᠤᠢ ᠶᠢᠨ ᠲᠣᠬᠢᠷᠠᠭᠤᠯᠤᠯᠲᠠ ᠪᠠ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠥᠭᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠴᠦᠸᠠᠨ ᠰᠢᠶᠠᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠣᠨ ᠤ ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃    ︵ᠠᠷᠪᠠᠨ ᠭᠤᠷᠪᠠ︶ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ᠂ ᠤᠬᠠᠭᠤᠯᠭ᠎ᠠ ᠬᠥᠮᠦᠵᠢᠯ ᠪᠣᠯᠣᠨ ᠭᠠᠳᠠᠭᠠᠳᠤ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭᠠᠨ ᠤ ᠠᠵᠢᠯ ᠢ ᠵᠢᠯᠤᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠶ ᠰᠢᠭᠤᠢ ᠪᠠ ᠨᠤᠲᠤᠭ ᠪᠡᠯᠴᠢᠭᠡᠷ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠨᠤᠭᠤ ᠭᠠᠵᠠᠷ᠂ ᠴᠦᠯᠡᠷᠭᠡᠭᠵᠢᠯ ᠢ ᠰᠡᠷᠭᠡᠶᠢᠯᠡᠨ ᠵᠠᠰᠠᠬᠤ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠤᠨ ᠳᠦᠷᠰᠦ ᠵᠡᠷᠭᠡ ᠣᠯᠠᠨ ᠤᠯᠤᠰ ᠤᠨ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃    ︵ᠠᠷᠪᠠᠨ ᠳᠥᠷᠪᠡ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃    ︵ᠠᠷᠪᠠᠨ ᠲᠠᠪᠤ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠵᠢᠷᠭᠤᠭ᠎ᠠ︶ ᠡᠭᠦᠷᠭᠡ ᠴᠢᠳᠠᠪᠤᠷᠢ ᠶᠢᠨ ᠬᠤᠪᠢᠷᠠᠯᠲᠠ᠃ ᠦᠴᠦᠸᠠᠨ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠂ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠰᠢᠶᠠᠨ ᠤ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠢᠯᠭᠠᠷᠠᠭᠤᠯᠤᠨ ᠵᠢᠷᠤᠮᠵᠢᠭᠤᠯᠬᠤ ᠪᠠ ᠨᠡᠶᠢᠯᠡᠭᠦᠯᠦᠨ ᠨᠢᠭᠡᠳᠬᠡᠬᠦ ᠶᠢ ᠨᠢᠭᠡᠳᠦᠯᠲᠡᠢ ᠠᠬᠢᠭᠤᠯᠤᠨ᠎ᠠ᠃    ᠳᠥᠷᠪᠡᠳᠦᠭᠡᠷ ᠵᠦᠢᠯ ᠦᠴᠦᠸᠠᠨ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠤᠨ᠎ᠠ᠄    ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ᠂ ᠤᠬᠠᠭᠤᠯᠬᠤ᠂ ᠨᠢᠭᠤᠴᠠ ᠶᠢ ᠬᠠᠮᠠᠭᠠᠯᠠᠬᠤ᠂ ᠲᠠᠩᠰᠠ ᠡᠪᠬᠡᠮᠡᠯ᠂ ᠰᠢᠮᠳᠠᠭᠤᠯᠤᠨ ᠪᠠᠶᠢᠴᠠᠭᠠᠬᠤ᠂ ᠵᠠᠬᠢᠳᠠᠯ ᠰᠣᠷᠪᠤᠯᠵᠢᠯᠠᠭ᠎ᠠ᠂ ᠮᠡᠳᠡᠭᠡ ᠵᠠᠩᠭᠢ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠣᠶ ᠰᠢᠭᠤᠢ ᠪᠠ ᠨᠤᠲᠤᠭ ᠪᠡᠯᠴᠢᠭᠡᠷ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠶ ᠰᠢᠭᠤᠢ ᠪᠠ ᠨᠤᠲᠤᠭ ᠪᠡᠯᠴᠢᠭᠡᠷ ᠤᠨ ᠪᠡᠯᠡ ᠮᠥᠩᠭᠦ ᠵᠢᠴᠢ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠪᠠ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠢᠨᠠᠨ ᠬᠠᠮᠢᠶᠠᠷᠤᠨ᠎ᠠ᠃ ᠣᠨ ᠤ ᠦᠢᠯᠡᠳᠪᠦᠷᠢᠯᠡᠯ ᠤᠨ ᠲᠥᠯᠥᠪᠯᠡᠭᠡ ᠶᠢ ᠲᠣᠭᠲᠠᠭᠠᠵᠤ᠂ ᠠᠮᠢ ᠠᠬᠤᠢ ᠪᠠᠷ ᠶᠠᠳᠠᠭᠤ ᠶᠢ ᠲᠡᠳᠬᠦᠬᠦ ᠪᠠ ᠬᠠᠮᠢᠶ᠎ᠠ ᠪᠦᠬᠦᠢ ᠠᠮᠢ ᠠᠬᠤᠢ ᠶᠢᠨ ᠨᠥᠬᠦᠪᠦᠷᠢ ᠶᠢᠨ ᠳᠦᠷᠢᠮ ᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠣᠷᠣᠯᠴᠠᠨ᠎ᠠ᠃ ᠭᠠᠳᠠᠭᠠᠳᠤ ᠶᠢ ᠲᠤᠰᠠᠯᠠᠬᠤ ᠲᠥᠷᠥᠯ ᠵᠦᠢᠯ ᠤᠨ ᠬᠡᠷᠡᠭᠵᠢᠭᠦᠯᠦᠯᠲᠡ᠂ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠭᠠᠳᠠᠭᠠᠳᠤ ᠶᠢ ᠲᠤᠰᠠᠯᠠᠬᠤ ᠬᠠᠮᠲᠤᠷᠠᠯᠴᠠᠭ᠎ᠠ ᠬᠢᠭᠡᠳ ᠰᠣᠯᠢᠯᠴᠠᠭ᠎ᠠ ᠶᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ ᠶᠢᠨ ᠬᠠᠮᠲᠤ ᠵᠢᠯᠣᠭᠤᠳᠤᠨ᠎ᠠ᠃ ᠰᠠᠯᠠᠭ᠎ᠠ ᠮᠥᠴᠢᠷ ᠤᠨ ᠲᠥᠰᠥᠪ᠂ ᠲᠤᠭ᠎ᠠ ᠪᠦᠷᠢᠳᠬᠡᠯ ᠤᠨ ᠮᠡᠳᠡᠭᠡ ᠵᠠᠩᠭᠢ᠂ ᠬᠢᠨᠠᠨ ᠪᠣᠳᠣᠯᠲᠠ ᠶᠢᠨ ᠪᠠᠶᠢᠴᠠᠭᠠᠯᠲᠠ᠂ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠪᠠ ᠬᠠᠷᠢᠶ᠎ᠠ ᠨᠢᠭᠡᠴᠢ ᠶᠢᠨ ᠲᠥᠯᠥᠪᠯᠡᠭᠡ ᠶᠢᠨ ᠡᠳ᠋ ᠤᠨ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠣᠯᠣᠨ ᠬᠠᠷᠢᠶ᠎ᠠ ᠨᠢᠭᠡᠴᠢ ᠶᠢᠨ ᠢᠶᠠᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ ᠪᠣᠯᠣᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠨ᠎ᠡ᠃ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠠᠵᠢᠯ ᠠᠴᠠ ᠪᠠᠨ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃    ︵ᠬᠤᠶᠠᠷ︶ ᠣᠶᠢᠵᠢᠭᠤᠯᠵᠤ ᠨᠣᠭᠤᠭᠠᠷᠠᠭᠤᠯᠬᠤ ᠲᠠᠰᠤᠭ᠃ ᠪᠦᠬᠦ ᠰᠢᠶᠠᠨ ᠤ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠪᠠ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ᠂ ᠲᠥᠯᠦᠪᠵᠢᠭᠦᠯᠭᠡ᠂ ᠬᠡᠷᠡᠭᠵᠢᠭᠦᠯᠬᠦ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠬᠤᠲᠠ ᠲᠠᠢ ᠬᠠᠮᠵᠢᠯᠴᠠᠨ ᠴᠥᠯᠡᠷᠬᠡᠭᠵᠢᠯ ᠢ ᠪᠠᠶᠢᠴᠠᠭᠠᠬᠤ᠂ ᠬᠥᠳᠡᠯᠦᠩᠭᠦᠢ ᠬᠢᠨᠠᠨ ᠰᠢᠨᠵᠢᠬᠦ ᠪᠠ ᠦᠨᠡᠯᠡᠬᠦ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ ᠣᠢ ᠰᠢᠭᠤᠢ ᠶᠢᠨ ᠭᠤᠣᠯᠳᠠᠯᠭ᠎ᠠ ᠲᠠᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠶᠡᠷᠦᠩᠬᠡᠶᠢᠯᠡᠨ ᠬᠠᠮᠢᠶᠠᠷᠴᠤ᠂ ᠮᠣᠳᠣ ᠲᠠᠷᠢᠵᠤ ᠣᠶᠢᠵᠢᠭᠤᠯᠬᠤ᠂ ᠠᠭᠤᠯᠠ ᠪᠢᠲᠡᠭᠦᠮᠵᠢᠯᠡᠵᠦ ᠣᠶ ᠮᠣᠳᠣ ᠪᠣᠶᠢᠵᠢᠭᠤᠯᠬᠤ ᠪᠠ ᠡᠪᠡᠰᠦ ᠮᠣᠳᠣ ᠲᠠᠷᠢᠬᠤ ᠵᠡᠷᠭᠡ ᠠᠮᠢᠳᠤ ᠪᠣᠳᠠᠰ ᠤᠨ ᠠᠷᠭ᠎ᠠ ᠬᠡᠮᠵᠢᠶ᠎ᠡ ᠪᠠᠷ ᠬᠥᠷᠥᠰᠥ ᠰᠢᠷᠣᠢ ᠶᠢᠨ ᠢᠳᠡᠭᠳᠡᠬᠦ ᠶᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠤᠨ᠎ᠠ᠃ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠣᠢ ᠰᠢᠭᠤᠢ ᠶᠢᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃ ᠡᠯᠡᠰᠦᠨ ᠰᠢᠭᠤᠷᠭ᠎ᠠ ᠶᠢᠨ ᠭᠠᠮᠰᠢᠭ ᠢ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠢᠯᠤᠭᠤᠳᠴᠤ᠂ ᠡᠷᠲᠡᠨ ᠤ ᠮᠣᠳᠣ ᠨᠡᠷᠡᠲᠦ ᠮᠣᠳᠣ ᠶᠢ ᠬᠠᠮᠠᠭᠠᠯᠠᠬᠤ ᠪᠠ ᠣᠢ ᠰᠢᠭᠤᠢ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠰᠢᠶᠠᠨ ᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠤᠯᠤᠰ ᠤᠨ ᠥᠮᠴᠢᠯᠡᠯᠲᠦ ᠤᠢ ᠰᠢᠭᠤᠢ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠤᠨ᠎ᠠ᠃ ᠣᠶ ᠮᠣᠳᠣᠨ ᠤ ᠦᠷ᠎ᠡ᠂ ᠡᠪᠡᠰᠦᠨ ᠤ ᠦᠷ᠎ᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠴᠤᠭᠯᠠᠭᠤᠯᠬᠤ᠂ ᠦᠨᠡᠯᠡᠬᠦ᠂ ᠠᠰᠢᠭᠯᠠᠬᠤ ᠪᠠ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ᠎ᠠ᠃ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠬᠤ᠂ ᠬᠢᠨᠠᠨ ᠲᠣᠭᠲᠠᠭᠠᠬᠤ᠂ ᠵᠢᠱᠢᠶ᠎ᠡ ᠦᠵᠡᠭᠦᠯᠬᠦ᠂ ᠳᠡᠯᠭᠡᠷᠡᠭᠦᠯᠬᠦ ᠶᠢ ᠵᠣᠬᠢᠶᠠᠨ ᠪᠠᠶᠢᠭᠤᠯᠵᠤ᠂ ᠣᠶ ᠮᠣᠳᠣᠨ ᠤ ᠦᠷ᠎ᠡ᠂ ᠡᠪᠡᠰᠦᠨ ᠤ ᠦᠷ᠎ᠡ ᠶᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠰᠠᠶᠢᠨ ᠡᠭᠦᠯᠳᠡᠷ ᠤᠨ ᠰᠠᠭᠤᠷᠢᠨ ᠭᠠᠵᠠᠷ᠂ ᠪᠠᠲᠤᠯᠠᠭ᠎ᠠ ᠶᠢᠨ ᠴᠢᠨᠠᠷᠲᠠᠢ ᠴᠢᠬᠢ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠣᠶ ᠮᠣᠳᠣᠨ ᠤ ᠦᠷ᠎ᠡ ᠴᠢᠬᠢ᠂ ᠡᠪᠡᠰᠦᠨ ᠤ ᠦᠷ᠎ᠡ ᠶᠢᠨ ᠶᠠᠰᠤ ᠴᠢᠨᠠᠷ ᠪᠣᠯᠣᠨ ᠦᠢᠯᠡᠳᠪᠦᠷᠢᠯᠡᠵᠦ ᠡᠵᠡᠩᠨᠡᠬᠦ ᠦᠢᠯᠡ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠦᠷ᠎ᠡ ᠪᠦᠲᠦᠭᠡᠯ ᠢ ᠤᠯᠠᠷᠢᠭᠤᠯᠬᠤ ᠪᠠ ᠮᠡᠷᠭᠡᠵᠢᠯ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠷᠢᠮᠵᠢᠶᠠᠵᠢᠭᠤᠯᠤᠯᠲᠠ᠂ ᠶᠠᠰᠤ ᠴᠢᠨᠠᠷ ᠢ ᠰᠢᠯᠭᠠᠨ ᠪᠠᠶᠢᠴᠠᠭᠠᠬᠤ᠂ ᠬᠢᠨᠠᠨ ᠬᠡᠮᠵᠢᠬᠦ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ︵ᠭᠤᠷᠪᠠ︶ ᠣᠢ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ᠃ ᠣᠶ ᠰᠢᠭᠤᠢ ᠶᠢ ᠣᠭᠲᠣᠯᠬᠤ ᠬᠢᠵᠠᠭᠠᠷ ᠲᠤᠭ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠣᠶ ᠰᠢᠭᠤᠢ ᠶᠢᠨ ᠡᠬᠢ ᠪᠠᠶᠠᠯᠢᠭ ᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠦᠨᠡᠯᠡᠬᠦ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ ᠰᠢᠶᠠᠨ ᠤ ᠣᠶ ᠰᠢᠭᠤᠢ ᠶᠢᠨ ᠡᠬᠢ ᠪᠠᠶᠠᠯᠢᠭ ᠢ ᠬᠢᠨᠠᠨ ᠬᠠᠮᠢᠶᠠᠷᠤᠨ᠎ᠠ᠃ ᠣᠶ ᠰᠢᠭᠤᠢ ᠶᠢᠨ ᠭᠠᠵᠠᠷ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠣᠶ ᠲᠠᠢ ᠭᠠᠵᠠᠷ ᠢ ᠬᠠᠮᠠᠭᠠᠯᠠᠨ ᠠᠰᠢᠭᠯᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠶ ᠰᠢᠭᠤᠢ ᠶᠢᠨ ᠡᠵᠡᠩᠨᠡᠯᠲᠡ ᠶᠢᠨ ᠲᠥᠯᠦᠪᠵᠢᠭᠦᠯᠭᠡ ᠪᠣᠯᠣᠨ ᠣᠶ ᠰᠢᠭᠤᠢ ᠶᠢᠨ ᠡᠵᠡᠩᠨᠡᠯᠲᠡ ᠶᠢᠨ ᠲᠥᠰᠥᠯ ᠢ ᠨᠠᠶᠢᠷᠠᠭᠤᠯᠤᠨ ᠵᠣᠬᠢᠶᠠᠬᠤ ᠶᠢ ᠵᠢᠯᠤᠭᠤᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠣᠶ ᠶᠢ ᠬᠤᠪᠢᠶᠠᠷᠢᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠣᠭᠤᠳᠤᠨ᠎ᠠ᠃ ᠭᠡᠷᠡᠴᠢ ᠦᠨᠡᠮᠯᠡᠯ  ᠲᠠᠢ ᠣᠢ ᠮᠣᠳᠣ ᠣᠭᠲᠣᠯᠬᠤ᠂ ᠲᠡᠭᠡᠭᠡᠪᠦᠷᠢᠯᠡᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠨᠤᠲᠤᠭ ᠪᠡᠯᠴᠢᠭᠡᠷ ᠢ ᠬᠠᠮᠢᠶᠠᠷᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠬᠢᠭᠡᠳ ᠵᠦᠢ ᠵᠣᠬᠢᠰᠲᠠᠢ ᠠᠰᠢᠭᠯᠠᠬᠤ ᠲᠥᠷᠥ ᠶᠢᠨ ᠪᠣᠳᠣᠯᠭ᠎ᠠ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠵᠢᠯᠤᠭᠤᠳᠴᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠤᠨ ᠰᠡᠯᠭᠦᠨ ᠮᠠᠯᠵᠢᠬᠤ ᠪᠠ ᠡᠭᠡᠯᠵᠢᠯᠡᠨ ᠮᠠᠯᠵᠢᠬᠤ ᠠᠵᠢᠯ ᠢ ᠵᠢᠯᠤᠭᠤᠳᠴᠤ᠂ ᠦᠨᠳᠦᠰᠦᠨ ᠨᠤᠲᠤᠭ ᠪᠡᠯᠴᠢᠭᠡᠷ ᠪᠠ ᠨᠤᠲᠤᠭ ᠪᠡᠯᠴᠢᠭᠡᠷ ᠤᠨ ᠴᠢᠳᠠᠮᠵᠢᠲᠤ ᠣᠷᠣᠨ ᠢ ᠬᠤᠪᠢᠶᠠᠷᠢᠯᠠᠨ ᠲᠣᠭᠲᠠᠭᠠᠬᠤ ᠪᠠ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠨ ᠵᠢᠯᠤᠭᠤᠳᠴᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠦᠨᠡᠯᠡᠬᠦ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠤᠲᠤᠭ ᠪᠡᠯᠴᠢᠭᠡᠷ ᠢ ᠨᠡᠭᠡᠭᠡᠨ ᠠᠰᠢᠭᠯᠠᠬᠤ᠂ ᠵᠢᠭᠤᠯᠴᠢᠯᠠᠯ ᠤᠨ ᠬᠠᠮᠢᠶ᠎ᠠ ᠪᠦᠬᠦᠢ ᠠᠵᠢᠯ ᠢ ᠬᠢᠨᠠᠨ ᠬᠠᠮᠢᠶᠠᠷᠤᠨ᠎ᠠ᠃ ᠬᠢᠨᠠᠨ ᠵᠥᠪᠰᠢᠶᠡᠷᠡᠬᠦ ᠵᠦᠢᠯᠡᠰ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ᠣᠶ ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠲᠤᠭᠤᠷᠪᠢᠨ ᠲᠣᠭᠲᠠᠭᠠᠵᠤ᠂ ᠣᠶ ᠰᠢᠭᠤᠢ ᠶᠢᠨ ᠡᠬᠢ ᠪᠠᠶᠠᠯᠢᠭ ᠢ ᠬᠢᠨᠠᠨ ᠬᠠᠮᠢᠶᠠᠷᠴᠤ ᠬᠠᠮᠠᠭᠠᠯᠠᠨ᠎ᠠ᠃ ᠣᠶ ᠰᠢᠭᠤᠢ ᠶᠢᠨ ᠰᠡᠷᠭᠡᠶᠢᠯᠡᠨ ᠬᠠᠮᠠᠭᠠᠯᠠᠬᠤ ᠪᠠ ᠣᠶ ᠰᠢᠭᠤᠢ ᠬᠠᠮᠠᠭᠠᠯᠠᠬᠤ ᠪᠠᠶᠢᠭᠤᠯᠤᠮᠵᠢ ᠶᠢᠨ ᠠᠵᠢᠯᠲᠠᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠠᠯ ᠰᠡᠷᠭᠡᠶᠢᠯᠡᠬᠦ ᠴᠠᠭᠳᠠᠨ ᠬᠠᠮᠠᠭᠠᠯᠠᠬᠤ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢ ᠵᠣᠬᠢᠴᠠᠭᠤᠯᠵᠤ ᠬᠤᠯᠪᠣᠭᠳᠠᠯ ᠪᠦᠬᠦᠢ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠤᠨ᠎ᠠ᠃ ᠪᠥᠬᠦ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠪᠠᠶᠢᠴᠠᠭᠠᠬᠤ ᠪᠠ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠠᠵᠢᠯ ᠢ ᠵᠢᠯᠤᠭᠤᠳᠴᠤ᠂ ᠦᠨᠳᠦᠰᠦᠨ ᠱᠠᠲᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠵᠢᠯᠣᠭᠤᠳᠤᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠬᠢᠭᠡᠳ ᠵᠦᠢ ᠵᠣᠬᠢᠰᠲᠠᠢ ᠠᠰᠢᠭᠯᠠᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠵᠢᠴᠢ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠣᠶ ᠰᠢᠭᠤᠢ ᠴᠡᠴᠡᠷᠯᠢᠭ᠂ ᠨᠤᠭᠤ ᠭᠠᠵᠠᠷ᠂ ᠦᠵᠡᠮᠵᠢ ᠶᠢᠨ ᠣᠷᠣᠨ ᠵᠡᠷᠭᠡ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠲᠤ ᠬᠢᠨᠠᠯᠲᠠ ᠲᠠᠯᠪᠢᠨ ᠬᠠᠮᠢᠶᠠᠷᠴᠤ᠂ ᠬᠠᠮᠠᠭᠠᠯᠠᠵᠤ ᠬᠥᠭᠵᠢᠭᠦᠯᠬᠦ ᠲᠥᠯᠦᠪᠵᠢᠭᠦᠯᠭᠡ ᠶᠢ ᠲᠤᠭᠤᠷᠪᠢᠵᠤ᠂ ᠰᠢᠨ᠎ᠡ ᠪᠠᠷ ᠪᠠᠶᠢᠭᠤᠯᠬᠤ᠂ ᠲᠣᠬᠢᠷᠠᠭᠤᠯᠵᠤ ᠬᠢᠨᠠᠨ ᠬᠠᠷᠭᠤᠭᠤᠯᠬᠤ ᠰᠠᠨᠠᠭᠤᠯᠭ᠎ᠠ ᠳᠤᠷᠠᠳᠤᠨ᠎ᠠ᠃ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠢ ᠶᠢ ᠰᠡᠷᠭᠦᠭᠡᠬᠦ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠰᠢᠶᠠᠨ ᠤ ᠨᠤᠭᠤ ᠭᠠᠵᠠᠷ ᠢ ᠬᠠᠮᠠᠭᠠᠯᠠᠬᠤ ᠠᠵᠢᠯ ᠪᠠ ᠨᠤᠭᠤ ᠭᠠᠵᠠᠷ ᠤᠨ ᠠᠮᠢ ᠠᠬᠤᠢ ᠶᠢ ᠰᠡᠷᠭᠦᠭᠡᠬᠦ᠂ ᠠᠮᠢ ᠠᠬᠤᠢ ᠶᠢ ᠨᠥᠬᠦᠪᠦᠷᠢᠯᠡᠬᠦ ᠠᠵᠢᠯ ᠢ ᠵᠢᠯᠤᠭᠤᠳᠴᠤ᠂ ᠨᠤᠭᠤ ᠭᠠᠵᠠᠷ ᠢ ᠨᠡᠭᠡᠭᠡᠨ ᠠᠰᠢᠭᠯᠠᠬᠤ ᠶᠢ ᠬᠢᠨᠠᠨ ᠬᠠᠮᠢᠶᠠᠷᠤᠨ᠎ᠠ᠃ ᠰᠢᠶᠠᠨ ᠤ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠪᠠᠶᠢᠴᠠᠭᠠᠬᠤ ᠪᠠ ᠡᠬᠢ ᠪᠠᠶᠠᠯᠢᠭ ᠤᠨ ᠪᠠᠶᠢᠳᠠᠯ ᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠠᠵᠢᠯ ᠢ ᠬᠢᠨᠠᠨ ᠬᠠᠮᠢᠶᠠᠷᠤᠨ᠎ᠠ᠃    ᠬᠠᠮᠲᠤ ᠶᠢᠨ ᠣᠶ ᠰᠢᠭᠤᠢ ᠶᠢᠨ ᠡᠷᠬᠡ ᠶᠢᠨ ᠳᠦᠷᠢᠮ ᠪᠣᠯᠣᠨ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠣᠶ ᠰᠢᠭᠤᠢ ᠪᠠ ᠨᠤᠲᠤᠭ ᠪᠡᠯᠴᠢᠭᠡᠷ ᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠶᠢᠲᠤ ᠭᠠᠵᠠᠷ᠂ ᠣᠶ ᠮᠣᠳᠣ ᠪᠣᠯᠣᠨ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ᠂ ᠡᠷᠭᠢᠯᠳᠦᠭᠦᠯᠦᠨ ᠬᠠᠮᠢᠶᠠᠷᠬᠤ ᠶᠢ ᠵᠢᠯᠣᠭᠤᠳᠤᠨ᠎ᠠ᠃ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠡᠳ᠋ ᠤᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠮᠤᠷ ᠲᠦᠪᠰᠢᠨ ᠢ ᠬᠢᠨᠠᠨ ᠬᠠᠮᠢᠶᠠᠷᠤᠨ᠎ᠠ᠃ ᠣᠶ ᠰᠢᠭᠤᠢ ᠪᠣᠯᠣᠨ ᠨᠤᠲᠤᠭ ᠪᠡᠯᠴᠢᠭᠡᠷ ᠢ ᠠᠵᠤ ᠦᠢᠯᠡᠰᠵᠢᠭᠦᠯᠦᠨ ᠬᠥᠭᠵᠢᠭᠦᠯᠬᠦ ᠲᠥᠯᠦᠪᠵᠢᠭᠦᠯᠭᠡ ᠪᠣᠯᠣᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠠᠶᠤᠯᠭᠦᠢ ᠦᠢᠯᠡᠳᠪᠦᠷᠢᠯᠡᠯ ᠢ ᠵᠢᠯᠣᠭᠤᠳᠤᠨ᠎ᠠ᠃    ᠲᠠᠪᠤᠳᠤᠭᠠᠷ ᠵᠦᠢ᠊‍ᠯ ᠦᠴᠦᠸᠠᠨ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠵᠠᠰᠠᠭ ᠵᠠᠬᠢᠷᠭᠠᠨ ᠤ ᠣᠷᠣᠨ ᠲᠤᠭ᠎ᠠ 7 ᠬᠥᠮᠥᠨ᠂ ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ 3 ᠬᠥᠮᠥᠨ᠃    ᠵᠢᠷᠭᠤᠳᠤᠭᠠᠷ ᠵᠦᠢ᠊‍ᠯ ᠦᠴᠦᠸᠠᠨ ᠰᠢᠶᠠᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠣᠭᠠᠨ ᠤ ᠵᠦᠢᠯᠡᠰ ᠢ ᠠᠰ ᠲᠤᠨᠢ ᠲᠣᠭᠲᠠᠭᠠᠨ᠎ᠠ᠃    ᠳᠣᠯᠣᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠢ ᠰᠢᠶᠠᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠲᠣᠭᠲᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃    ᠨᠠᠢᠮᠠᠳᠤᠭᠠᠷ ᠵᠦᠢᠯ ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠬᠤᠶᠠᠷ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠵᠢᠶᠠᠨ ᠺᠠᠩ ᠪᠠᠷᠠᠭᠤᠨ ᠵᠡᠭᠡᠯᠢ ᠶᠢᠨ 4 ᠳ᠋ᠦ᠋ᠭᠡᠷ ᠲᠣᠭᠠᠲᠤ    ᠭᠤᠷᠪᠠ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00  14᠄ 30-17᠄ 30    ᠳᠥᠷᠪᠡ᠂ ᠬᠠᠷᠢᠯᠴᠠᠬᠤ ᠤᠲᠠᠰᠤ᠄ 0471 - 8812879    ᠲᠠᠪᠤ᠂ ᠬᠠᠷᠢᠭᠤᠴᠠᠯᠭᠠᠲᠠᠨ᠄ ᠰᠢᠤᠸᠠᠢ ᠱᠤ᠋ ᡁᠢ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号