ᠬᠠᠤᠯᠢ ᠪᠠᠷ ᠵᠠᠰᠠᠬᠤ ᠪᠣᠯ ᠲᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠪᠠᠲᠤᠯᠠᠭ᠎ᠠ | ᠶᠤᠮ᠃ ᠬᠠᠤᠯᠢ ᠴᠠᠭᠠᠵᠠ ᠶᠢᠨ ᠮᠡᠳᠡᠯᠭᠡ ᠶᠢ ᠨᠠᠩ ᠰᠠᠶᠢᠲᠤᠷ ᠲᠦᠭᠡᠮᠡᠯᠵᠢᠭᠦᠯᠵᠦ᠂ ᠬᠠᠤᠯᠢ ᠴᠠᠭᠠᠵᠠ ᠶᠢᠨ | ᠬᠥᠭᠵᠢᠯᠲᠡ ᠶᠢᠨ ᠠᠯᠬᠤᠴᠠ ᠶᠢ ᠴᠢᠩᠭ᠎ᠠ ᠳᠠᠭᠠᠬᠤ ᠶᠢᠨ ᠲᠥᠯᠥᠭᠡ᠂ ᠥᠨᠥ ᠬᠤᠭᠤᠴᠠᠭ᠎ᠠ ᠠᠴᠠ ᠡᠬᠢᠯᠡᠨ ᠥᠪᠥᠷ | ᠮᠣᠩᠭᠤᠯ ᠤᠨ ᠰᠢᠨ᠎ᠡ ᠪᠠᠷ ᠨᠡᠶᠢᠲᠡᠯᠡᠭᠰᠡᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠠᠤᠯᠢ ᠴᠠᠭᠠᠵᠠ ᠳᠦᠷᠢᠮ | ᠲᠣᠭᠲᠠᠭᠠᠯ ᠢ ᠴᠠᠭ ᠳᠠᠷᠤᠢ ᠳᠤᠨᠢ ᠮᠡᠳᠡᠭᠡᠯᠡᠨ ᠳᠠᠮᠵᠢᠭᠤᠯᠵᠤ᠂ ᠤᠩᠰᠢᠭᠴᠢᠳ ᠲᠠᠭᠠᠨ ᠰᠢᠨ᠎ᠡ ᠬᠠᠤᠯᠢ ᠲᠣᠭᠲᠠᠭᠠᠯ | ᠤᠨ ᠦᠨᠳᠦᠰᠦᠨ ᠵᠣᠷᠢᠯᠲᠠ᠂ ᠭᠤᠣᠯ ᠠᠭᠤᠯᠭ᠎ᠠ ᠵᠢᠴᠢ ᠠᠴᠢ ᠬᠤᠯᠪᠣᠭᠳᠠᠯ ᠵᠡᠷᠭᠡ ᠶᠢ ᠭᠦᠨᠵᠡᠭᠡᠢ ᠣᠶᠢᠯᠠᠭᠠᠭᠤᠯᠬᠤ | ᠪᠣᠯᠣᠨ᠎ᠠ᠃ ᠤᠩᠰᠢᠭᠴᠢᠳ ᠮᠠᠨᠢ ᠠᠩᠬᠠᠷᠤᠯ ᠢᠶᠠᠨ ᠬᠠᠨᠳᠤᠭᠤᠯᠵᠤ᠂ ᠬᠠᠤᠯᠢ ᠴᠠᠭᠠᠵᠠ ᠶᠢᠨ ᠳᠠᠪᠰᠢᠯᠲᠠ | ᠬᠥᠭᠵᠢᠯᠲᠡ ᠶᠢ ᠬᠠᠮᠲᠤ ᠪᠠᠷ ᠭᠡᠷᠡᠴᠢᠯᠡᠮᠦ︕ | | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠷᠥᠯᠬᠢ ᠵᠡᠷᠡᠮᠳᠡᠭ ᠪᠤᠯᠬᠤ ᠶᠢ ᠰᠡᠷᠭᠡᠶᠢᠯᠡᠨ | ᠵᠠᠰᠠᠬᠤ ᠳᠦᠷᠢᠮ︾ | ᠲᠤᠰ ︽ᠳᠦᠷᠢᠮ︾ ᠪᠣᠯ ᠲᠥᠷᠥᠯᠬᠢ ᠵᠡᠷᠡᠮᠳᠡᠭ ᠪᠤᠯᠬᠤ ᠶᠢ ᠰᠡᠷᠭᠡᠶᠢᠯᠡᠨ ᠵᠠᠰᠠᠬᠤ ᠪᠦᠭᠦ ᠤᠯᠤᠰ ᠤᠨ | ᠠᠩᠬᠠᠳᠠᠭᠴᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠣᠨ᠎ᠠ᠃ ᠶᠡᠷᠦᠩᠬᠡᠢ ᠳᠦᠷᠢᠮ᠂ ᠰᠡᠷᠭᠡᠶᠢᠯᠡᠨ | ᠵᠠᠰᠠᠬᠤ ᠠᠷᠭ᠎ᠠ ᠬᠡᠮᠵᠢᠶ᠎ᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠬᠠᠤᠯᠢ ᠴᠠᠭᠠᠵᠠ ᠶᠢᠨ ᠬᠠᠷᠢᠭᠤᠴᠠᠯᠭ᠎ᠠ᠂ | ᠳᠠᠭᠠᠯᠳᠤᠭᠤᠯᠤᠯ ᠵᠡᠷᠭᠡ 5 ᠪᠦᠯᠦᠭ 32 ᠵᠦᠢᠯ ᠢ ᠪᠠᠭᠲᠠᠭᠠᠵᠤ᠂ 2025 ᠣᠨ ᠤ 1 ᠰᠠᠷ᠎ᠠ ᠶᠢᠨ1 ᠤ ᠡᠳᠦᠷ | ᠡᠬᠢᠯᠡᠨ ᠬᠡᠷᠡᠭᠵᠢᠭᠦᠯᠪᠡ᠃ | ︽ᠳᠦᠷᠢᠮ︾ ᠨᠢ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠲᠥᠷᠥᠯᠬᠢ ᠵᠡᠷᠡᠮᠳᠡᠭ ᠪᠤᠯᠬᠤ ᠶᠢ | ᠰᠡᠷᠭᠡᠶᠢᠯᠡᠨ ᠵᠠᠰᠠᠬᠤ ᠦᠢᠯᠡᠴᠢᠯᠡᠭᠡ ᠶᠢ ᠴᠢᠨᠠᠭᠰᠢᠳᠠ ᠵᠢᠷᠤᠮᠵᠢᠭᠤᠯᠪᠠ᠂ ᠡᠭᠦᠨ ᠳᠤ ᠵᠢᠷᠮᠦᠰᠦᠨ ᠬᠤᠭᠤᠴᠠᠭᠠᠨ ᠤ | ᠡᠷᠡᠭᠦᠯᠵᠢᠯ ᠤᠨ ᠦᠢᠯᠡᠴᠢᠯᠡᠭᠡ᠂ ᠳᠠᠭᠢᠨ ᠬᠡᠦᠬᠡᠳ ᠠᠪᠬᠤ ᠶᠢ ᠦᠨᠡᠯᠡᠨ ᠵᠢᠱᠢᠬᠦ ᠪᠠ ᠵᠢᠯᠤᠭᠤᠳᠬᠤ᠂ | ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠯᠲᠠ ᠪᠠ ᠣᠨᠣᠰᠢᠯᠠᠯᠲᠠ᠂ ᠨᠢᠯᠬ᠎ᠠ ᠬᠡᠦᠬᠡᠳ ᠤᠨ ᠡᠪᠡᠳᠴᠢᠨ ᠡᠮᠭᠡᠭ ᠢ | ᠰᠢᠭᠰᠢᠨ ᠪᠠᠶᠢᠴᠠᠭᠠᠬᠤ ᠵᠢᠴᠢ ᠬᠡᠦᠬᠡᠳ ᠤᠨ ᠵᠡᠮᠳᠡᠭ ᠢ ᠰᠢᠭᠰᠢᠨ ᠪᠠᠶᠢᠴᠠᠭᠠᠬᠤ᠂ ᠡᠮᠨᠡᠨ ᠵᠠᠰᠠᠬᠤ ᠪᠠ ᠡᠷᠡᠭᠦᠯᠵᠢᠭᠦᠯᠬᠦ | ᠵᠡᠷᠭᠡ ᠶᠢ ᠪᠠᠭᠲᠠᠭᠠᠵᠠᠢ᠃ ︽ᠳᠦᠷᠢᠮ︾ ᠳᠤ ᠪᠠᠰᠠ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ᠂ ᠡᠮᠴᠢᠯᠡᠭᠡᠨ ᠤ | ᠪᠠᠶᠢᠭᠤᠯᠤᠮᠵᠢ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠪᠤᠪᠠᠰᠤ | ᠵᠣᠬᠢᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠡᠮᠴᠢᠯᠡᠭᠡᠨ ᠤ ᠪᠠᠶᠢᠭᠤᠯᠤᠮᠵᠢ ᠵᠡᠷᠭᠡ ᠨᠢᠭᠡᠴᠢ ᠶᠢᠨ ᠵᠡᠷᠡᠮᠳᠡᠭ ᠲᠦᠷᠦᠭᠦ ᠶᠢ | ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠤᠳᠤᠯᠭᠠᠨ ᠥᠷᠨᠢᠭᠦᠯᠬᠦ ᠶᠢ ᠵᠣᠷᠢᠭᠵᠢᠭᠤᠯᠤᠨ | ᠳᠡᠮᠵᠢᠨ᠎ᠡ ᠭᠡᠵᠦ ᠲᠣᠳᠣᠷᠬᠠᠶᠢᠯᠠᠪᠠ᠃ ︽ᠳᠦᠷᠢᠮ︾ ᠨᠢ ᠲᠥᠷᠥᠯᠬᠢ ᠵᠡᠷᠡᠮᠳᠡᠭ ᠪᠤᠯᠬᠤ ᠶᠢ ᠰᠡᠷᠭᠡᠶᠢᠯᠡᠨ ᠵᠠᠰᠠᠬᠤ ᠬᠠᠤᠯᠢ | ᠲᠣᠭᠲᠠᠭᠠᠯ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠴᠢᠨᠠᠭᠰᠢᠳᠠ ᠪᠦᠷᠢᠨᠰᠢᠭᠦᠯᠵᠦ᠂ ᠬᠥᠮᠥᠨ ᠠᠮᠠ ᠶᠢᠨ ᠬᠡᠪ | ᠴᠢᠨᠠᠷ ᠢ ᠲᠠᠰᠤᠷᠠᠯᠳᠠ ᠦᠭᠡᠢ ᠲᠡᠭᠡᠭᠰᠢᠯᠡᠭᠦᠯᠵᠦ᠂ ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ | ᠳᠤ ᠡᠷᠡᠭᠦᠯ ᠮᠡᠨᠳᠤ ᠬᠥᠮᠥᠨ ᠤ ᠬᠦᠴᠦᠨ ᠤ ᠡᠬᠢ ᠪᠠᠶᠠᠯᠢᠭ ᠬᠠᠩᠭᠠᠬᠤ ᠪᠣᠯᠣᠨ᠎ᠠ᠃ | | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ | ᠳᠦᠷᠢᠮ︾ | ᠲᠤᠰ ︽ᠳᠦᠷᠢᠮ︾ ᠢ 2025 ᠣᠨ ᠤ 1 ᠰᠠᠷ᠎ᠠ ᠶᠢᠨ1 ᠤ ᠡᠳᠦᠷ ᠡᠬᠢᠯᠡᠨ ᠬᠡᠷᠡᠭᠵᠢᠭᠦᠯᠵᠦ᠂ ᠨᠡᠶᠢᠲᠡ 8 | ᠪᠦᠯᠦᠭ 45 ᠵᠦᠢᠯ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠵᠢᠴᠢ ᠠᠵᠢᠯᠯᠠᠭᠠᠨ ᠤ ᠪᠠᠲᠤᠯᠠᠭ᠎ᠠ ᠶᠢᠨ ᠠᠵᠢᠯ ᠳᠤ ᠬᠢᠨᠠᠯᠲᠠ ᠲᠠᠯᠪᠢᠨ᠎ᠠ᠃ | ︽ᠳᠦᠷᠢᠮ︾ ᠢ ᠲᠣᠭᠲᠠᠭᠠᠭᠰᠠᠨ ᠨᠢ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠠᠵᠢᠯ ᠢ ᠴᠢᠩᠭᠠᠳᠬᠠᠨ | ᠵᠢᠷᠤᠮᠵᠢᠭᠤᠯᠵᠤ᠂ ᠪᠠᠶᠢᠭᠤᠯᠭ᠎ᠠ ᠶᠢᠨ ᠠᠵᠢᠯᠯᠠᠭᠠᠨ ᠤ ᠥᠪᠡᠷ ᠤᠨ ᠥᠷᠲᠡᠭ ᠢ ᠠᠷᠪᠢᠯᠠᠨ᠂ ᠪᠠᠶᠢᠭᠤᠯᠭ᠎ᠠ ᠶᠢᠨ ᠥᠨᠳᠥᠷ | ᠪᠦᠲᠦᠮᠵᠢᠲᠡᠶ ᠡᠮᠬᠢ ᠵᠢᠷᠤᠮ ᠲᠠᠢ ᠠᠵᠢᠯᠯᠠᠬᠤ ᠶᠢ ᠠᠬᠢᠭᠤᠯᠬᠤ ᠶᠢᠨ ᠲᠥᠯᠥᠭᠡ ᠶᠤᠮ᠃ | ︽ᠳᠦᠷᠢᠮ︾ ᠳᠤ᠂ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠠᠵᠢᠯ ᠳᠤ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠬᠠᠤᠯᠢ ᠶᠣᠰᠣᠭᠠᠷ ᠪᠠᠲᠤᠯᠠᠬᠤ᠂ | ᠵᠢᠷᠤᠮᠵᠢᠯ ᠲᠠᠢ ᠠᠵᠢᠯᠯᠠᠭᠤᠯᠬᠤ᠂ ᠠᠮᠤᠷ ᠲᠦᠪᠰᠢᠨ ᠡᠮᠬᠢ ᠵᠢᠷᠤᠮ ᠲᠠᠢ᠂ ᠪᠣᠳᠠᠲᠠᠢ ᠶᠢ ᠡᠷᠬᠢᠮᠯᠡᠨ ᠥᠨᠳᠥᠷ | ᠪᠦᠲᠦᠮᠵᠢᠲᠡᠶ ᠪᠠᠶᠢᠬᠤ᠂ ᠦᠢᠯᠡᠴᠢᠯᠡᠭᠡ ᠪᠠᠷ ᠰᠠᠭᠤᠷᠢ ᠪᠤᠯᠭᠠᠬᠤ᠂ ᠢᠯᠡ ᠲᠣᠳᠣ ᠪᠠᠶᠢᠬᠤ ᠵᠠᠷᠴᠢᠮ ᠢ ᠵᠢᠷᠤᠮᠯᠠᠵᠤ᠂ | ᠠᠵᠢᠯᠴᠢ ᠠᠷᠪᠢᠴᠢ ᠪᠠᠷ ᠠᠯᠢᠪᠠ ᠦᠢᠯᠡᠰ ᠢ ᠡᠷᠭᠢᠯᠡᠭᠦ ᠶᠢ ᠪᠠᠷᠢᠮᠲᠠᠯᠠᠵᠤ᠂ ᠡᠳ᠋ ᠬᠥᠷᠥᠩᠭᠡ ᠶᠢᠨ ᠬᠠᠮᠢᠶᠠᠷᠤᠯᠲᠠ ᠪᠠᠷ | ᠰᠠᠭᠤᠷᠢ ᠪᠤᠯᠭᠠᠬᠰᠠᠨ ᠲᠥᠪᠯᠡᠷᠡᠩᠭᠦᠢ ᠨᠢᠭᠡᠳᠦᠯᠲᠡᠢ᠂ ᠡᠷᠬᠡ ᠬᠠᠷᠢᠭᠤᠴᠠᠯᠭ᠎ᠠ ᠲᠣᠳᠣᠷᠬᠠᠢ᠂ ᠬᠠᠮᠵᠢᠯᠴᠠᠭᠰᠠᠨ ᠥᠨᠳᠥᠷ | ᠪᠦᠲᠦᠮᠵᠢᠲᠡᠶ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠪᠠᠶᠢᠭᠤᠯᠤᠯ ᠢ ᠪᠠᠶᠢᠭᠤᠯᠬᠤ ᠬᠡᠷᠡᠭᠲᠡᠢ ᠭᠡᠵᠦ | ᠲᠣᠳᠣᠷᠬᠠᠶᠢᠯᠠᠪᠠ᠃ ︽ᠳᠦᠷᠢᠮ︾ ᠳᠤ ᠪᠠᠰᠠ ᠵᠠᠷᠤᠳᠠᠯ ᠤᠨ ᠬᠡᠷᠡᠭᠯᠡᠯᠲᠡ᠂ ᠦᠢᠯᠡᠴᠢᠯᠡᠭᠡᠨ ᠤ ᠬᠠᠮᠢᠶᠠᠷᠤᠯᠲᠠ᠂ | ᠪᠠᠲᠤᠯᠠᠭ᠎ᠠ ᠶᠢᠨ ᠲᠣᠭᠲᠠᠴᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠲᠠᠯ᠎ᠠ ᠪᠠᠷ ᠲᠣᠭᠲᠠᠭᠠᠯ ᠭᠠᠷᠭᠠᠵᠠᠢ᠃ | | | ︽ᠭᠦᠭᠡᠬᠤᠲᠠ ᠶᠢᠨ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ︾ | ᠲᠤᠰ ︽ᠳᠦᠷᠢᠮ︾ ᠨᠢ ᠨᠡᠶᠢᠲᠡ 6 ᠪᠦᠯᠦᠭ 44 ᠵᠦᠢᠯ ᠪᠠᠶᠢᠵᠤ᠂ ᠠᠭᠠᠷ ᠮᠠᠨᠳᠠᠯ ᠤᠨ ᠪᠣᠬᠢᠷᠳᠤᠯ ᠢ | ᠰᠡᠷᠭᠡᠶᠢᠯᠡᠨ ᠵᠠᠰᠠᠬᠤ ᠠᠵᠢᠯ ᠤᠨ ᠵᠠᠷᠴᠢᠮ᠂ ᠠᠭᠠᠷ ᠮᠠᠨᠳᠠᠯ ᠤᠨ ᠪᠣᠬᠢᠷᠳᠤᠯ ᠢ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ᠂ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ᠂ ᠣᠷᠣᠨ ᠪᠦᠰᠡ ᠶᠢᠨ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ ᠬᠤᠯᠪᠤᠭᠠᠯᠠᠨ ᠵᠠᠰᠠᠬᠤ ᠲᠣᠭᠲᠠᠴᠠ ᠵᠡᠷᠭᠡ ᠠᠭᠤᠯᠭ᠎ᠠ ᠶᠢ | ᠲᠣᠭᠲᠠᠭᠠᠵᠤ᠂ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ | ᠲᠣᠳᠣᠷᠬᠠᠢ ᠦᠨᠳᠦᠰᠦᠯᠡᠯ ᠬᠠᠩᠭᠠᠪᠠ᠃ | ᠬᠠᠮᠵᠢᠯᠴᠠᠨ ᠬᠠᠤᠯᠢ ᠲᠣᠭᠲᠠᠭᠠᠬᠤ ᠪᠣᠯ ᠰᠢᠨ᠎ᠡ ᠪᠠᠷ ᠵᠠᠰᠠᠪᠤᠷᠢ ᠣᠷᠣᠭᠤᠯᠤᠭᠰᠠᠨ ᠣᠷᠣᠨ ᠨᠤᠲᠤᠭ ᠤᠨ | ᠵᠣᠬᠢᠶᠠᠨ ᠪᠠᠶᠢᠭᠤᠯᠬᠤ ᠬᠠᠤᠯᠢ᠂ ᠬᠠᠤᠯᠢ ᠲᠣᠭᠲᠠᠭᠠᠬᠤ ᠬᠠᠤᠯᠢ ᠳᠤ ᠲᠣᠭᠲᠠᠭᠠᠭᠰᠠᠨ ᠰᠢᠨ᠎ᠡ ᠬᠠᠤᠯᠢ ᠲᠣᠭᠲᠠᠭᠠᠬᠤ | ᠭᠡᠯᠪᠡᠷᠢ ᠮᠥᠨ᠂ ᠣᠷᠣᠨ ᠨᠤᠲᠤᠭ ᠤᠨ ᠬᠠᠤᠯᠢ ᠲᠣᠭᠲᠠᠭᠠᠬᠤ ᠠᠵᠢᠯ ᠤᠨ ᠥᠭᠡᠷᠡᠴᠢᠯᠡᠯᠲᠡ ᠰᠢᠨᠡᠴᠢᠯᠡᠯᠲᠡ ᠶᠢ | ᠠᠬᠢᠭᠤᠯᠵᠤ᠂ ᠬᠠᠤᠯᠢ ᠲᠣᠭᠲᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠰᠢᠨ᠎ᠡ ᠠᠷᠭ᠎ᠠ ᠬᠡᠮᠵᠢᠶ᠎ᠡ | ᠮᠥᠨ᠃ | 2024 ᠣᠨ ᠳᠤ᠂ ᠭᠦᠭᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠪᠤᠭᠤᠲᠤ ᠣᠷᠳᠣᠰ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢ ᠵᠣᠬᠢᠶᠠᠨ ᠪᠠᠶᠢᠭᠤᠯᠵᠤ ︽ᠬᠠᠮᠵᠢᠯᠴᠠᠨ ᠬᠠᠤᠯᠢ ᠲᠣᠭᠲᠠᠭᠠᠬᠤ ᠪᠦᠳᠦᠭᠦᠪᠴᠢ | ᠵᠥᠪᠯᠡᠯᠴᠡᠭᠡᠷ︾ ᠲᠣᠭᠲᠠᠭᠰᠠᠨ ᠪᠥᠭᠡᠳ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ ᠳᠤ | ᠵᠠᠰᠠᠪᠤᠷᠢ ᠣᠷᠣᠭᠤᠯᠬᠤ ᠶᠢ ᠠᠩᠬᠠᠳᠠᠭᠴᠢ ᠬᠠᠮᠵᠢᠯᠴᠠᠨ ᠬᠠᠤᠯᠢ ᠲᠣᠭᠲᠠᠭᠠᠬᠤ ᠲᠥᠷᠥᠯ ᠵᠦᠢᠯ ᠪᠣᠯᠭᠠᠪᠠ᠃ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠷᠠᠯ ᠠᠴᠠ ︽ᠭᠦᠭᠡᠬᠤᠲᠠ ᠶᠢᠨ ᠠᠭᠠᠷ | ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ︾ ᠵᠢᠴᠢ ᠪᠤᠭᠤᠲᠤ ᠣᠷᠳᠣᠰ ᠤᠯᠠᠭᠠᠨᠴᠠᠪ ᠭᠤᠷᠪᠠᠨ | ᠬᠤᠲᠠ ᠶᠢᠨ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠳᠦᠷᠢᠮ ᠢ ᠵᠡᠷᠭᠡ ᠪᠠᠷ | ᠪᠠᠲᠤᠯᠠᠵᠤ᠂ 2025 ᠣᠨ ᠤ 1 ᠰᠠᠷ᠎ᠠ ᠶᠢᠨ1 ᠤ ᠡᠳᠦᠷ ᠡᠬᠢᠯᠡᠨ ᠬᠡᠷᠡᠭᠵᠢᠭᠦᠯᠬᠦ ᠪᠠᠷ ᠲᠣᠭᠲᠠᠪᠠ᠃ | | | ︽ᠪᠤᠭᠤᠲᠤ ᠬᠤᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠠᠴᠠ ᠳᠠᠪᠠᠭᠤᠯᠵᠤ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠳᠦᠷᠢᠮ︾ | ᠲᠤᠰ ︽ᠳᠦᠷᠢᠮ︾ ᠢ 2025 ᠣᠨ ᠤ 1 ᠰᠠᠷ᠎ᠠ ᠶᠢᠨ1 ᠤ ᠡᠳᠦᠷ ᠡᠬᠢᠯᠡᠨ ᠬᠡᠷᠡᠭᠵᠢᠭᠦᠯᠵᠦ᠂ ᠨᠡᠶᠢᠲᠡ 5 | ᠪᠦᠯᠦᠭ 38 ᠵᠦᠢᠯ ᠪᠤᠶ᠃ | ︽ᠳᠦᠷᠢᠮ︾ ᠳᠤ᠂ ᠬᠤᠲᠠ ᠪᠠ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠣᠰ | ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠪᠠᠷᠠᠭ᠎ᠠ ᠠᠴᠢᠶᠠᠯᠠᠬᠤ ᠡᠬᠢ ᠡᠭᠦᠰᠦᠯ ᠨᠢᠭᠡᠴᠢ ᠳᠤ ᠵᠢᠯ ᠪᠦᠷᠢ | ᠬᠤᠶᠠᠷ ᠤᠳᠠᠭ᠎ᠠ ᠪᠦᠭᠦ ᠲᠠᠯ᠎ᠠ ᠶᠢᠨ ᠪᠠᠶᠢᠴᠠᠭᠠᠯᠲᠠ ᠬᠢᠵᠦ᠂ ᠪᠠᠷᠠᠭ᠎ᠠ ᠠᠴᠢᠶᠠᠯᠠᠬᠤ ᠡᠬᠢ ᠡᠭᠦᠰᠦᠯ ᠨᠢᠭᠡᠴᠢ ᠶᠢᠨ | ᠨᠡᠷᠡᠰ ᠢ ᠨᠠᠶᠢᠷᠠᠭᠤᠯᠤᠨ ᠵᠣᠬᠢᠶᠠᠵᠤ ᠰᠢᠨᠡᠳᠬᠡᠬᠦ ᠬᠡᠷᠡᠭᠲᠡᠢ᠃ ᠪᠠᠷᠠᠭ᠎ᠠ ᠣᠷᠣᠭᠤᠯᠵᠤ ᠭᠠᠷᠭᠠᠬᠤ ᠬᠡᠮᠵᠢᠶ᠎ᠡ᠂ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ ᠵᠡᠷᠭᠡ ᠪᠠᠶᠢᠳᠠᠯ ᠢ ᠦᠨᠳᠦᠰᠦᠯᠡᠨ ᠭᠤᠣᠯᠳᠠᠯᠭ᠎ᠠ ᠲᠠᠢ | ᠪᠠᠷᠠᠭ᠎ᠠ ᠠᠴᠢᠶᠠᠯᠠᠬᠤ ᠡᠬᠢ ᠡᠭᠦᠰᠦᠯ ᠨᠢᠭᠡᠴᠢ ᠶᠢ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠢ | ᠭᠡᠵᠦ ᠲᠣᠭᠲᠠᠭᠠᠪᠠ᠃ | ︽ᠳᠦᠷᠢᠮ︾ ᠨᠢ ᠡᠳ᠋ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠠᠴᠠ ᠳᠠᠪᠠᠭᠤᠯᠵᠤ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠦᠶᠯᠡ ᠠᠵᠢᠯᠯᠠᠭ᠎ᠠ ᠶᠢ ᠬᠤᠷᠢᠭᠯᠠᠨ ᠵᠠᠰᠠᠬᠤ᠂ ᠵᠠᠮ ᠬᠠᠷᠢᠯᠴᠠᠭ᠎ᠠ ᠪᠠ ᠵᠠᠰᠠᠮᠠᠯ | ᠵᠠᠮ ᠤᠨ ᠠᠮᠤᠷ ᠲᠦᠪᠰᠢᠨ ᠤ ᠭᠡᠮ ᠰᠣᠭᠤᠭ ᠢ ᠠᠷᠢᠯᠭᠠᠬᠤ᠂ ᠵᠠᠰᠠᠮᠠᠯ ᠵᠠᠮ ᠤᠨ ᠪᠦᠷᠢᠨ ᠪᠦᠲᠦᠨ ᠪᠠᠶᠢᠬᠤ ᠪᠠ | ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠳᠤ ᠬᠠᠤᠯᠢ ᠳᠦᠷᠢᠮ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ | | |