ᠨᠢᠭᠡ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ | ᠲᠤᠭ᠎ᠠ | ᠨᠢᠭᠡᠳᠦᠭᠡᠷ ᠵᠦᠢᠯ ᠦᠴᠦᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠳᠠᠷᠤᠮᠠᠯᠯᠠᠨ | ᠲᠠᠷᠬᠠᠭᠠᠭᠰᠠᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ | ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠦᠴᠦᠸᠠᠨ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠣᠯ ᠦᠴᠦᠸᠠᠨ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ | ᠵᠢᠩᠬᠢᠨᠢ ᠰᠠᠯᠠᠭᠠᠨ ᠤ ᠳᠡᠰ ᠪᠣᠯᠣᠨ᠎ᠠ᠃ | ᠭᠤᠷᠪᠠᠳᠤᠭᠠᠷ ᠵᠦᠢᠯ ᠦᠴᠦᠸᠠᠨ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢᠶᠠᠷ ᠭᠤᠣᠯ ᠰᠢᠵᠢᠮ | ᠪᠣᠯᠭᠠᠵᠤ᠂ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ | ᠪᠣᠳᠣᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ | ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠡᠭᠡᠳᠦ | ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠲᠤᠰᠢᠶᠠᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ | ᠲᠤᠭ᠎ᠠ ᠪᠦᠷᠢᠳᠬᠡᠯ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠭᠤᠣᠯ ᠰᠢᠵᠢᠮ ᠳᠠᠰᠢ ᠲᠥᠪᠯᠡᠷᠡᠭᠦᠯᠬᠦ ᠶᠢ ᠲᠠᠰᠤᠷᠠᠯᠲᠠ ᠦᠭᠡᠢ | ᠠᠬᠢᠭᠤᠯᠪᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠣᠯ ᠰᠢᠵᠢᠮ ᠪᠣᠯᠭᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ | ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠪᠦᠬᠦ ᠲᠠᠯ᠎ᠠ ᠪᠠᠷ ᠠᠬᠢᠭᠤᠯᠤᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠲᠤᠭ᠎ᠠ | ᠪᠦᠷᠢᠳᠬᠡᠯ ᠤᠨ ᠡᠯ᠎ᠡ ᠵᠦᠢᠯ ᠤᠨ ᠠᠵᠢᠯ ᠳᠤ ᠠᠭᠤᠰᠤᠯᠴᠠᠭᠤᠯᠵᠤ᠂ ᠲᠤᠭ᠎ᠠ ᠪᠦᠷᠢᠳᠬᠡᠯ ᠤᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠣᠨ | ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ | ᠲᠤᠭ᠎ᠠ ᠪᠦᠷᠢᠳᠬᠡᠯ ᠤᠨ ᠳᠦᠷᠢᠮ ᠪᠣᠯᠣᠨ ᠲᠤᠭ᠎ᠠ ᠪᠦᠷᠢᠳᠬᠡᠯ ᠤᠨ ᠥᠭᠡᠷᠡᠴᠢᠯᠡᠯᠲᠡ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ | ᠳᠦᠷᠢᠮ ᠲᠣᠭᠲᠠᠭᠠᠯ᠂ ᠪᠠᠷᠢᠮᠵᠢᠶ᠎ᠠ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠨ᠎ᠠ᠃ ᠪᠦᠬᠦ ᠰᠢᠶᠠᠨ ᠤ ᠲᠤᠭ᠎ᠠ | ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠭᠤᠷᠪᠠ︶ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠰᠢᠰᠲ᠋ᠧᠮ ᠢ ᠲᠤᠭᠤᠰᠢᠯᠠᠭᠤᠯᠤᠨ | ᠬᠡᠷᠡᠭᠵᠢᠭᠦᠯᠵᠦ᠂ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠳᠦᠷᠢᠮ ᠪᠠ | ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠠᠷᠠᠳ ᠤᠨ | ᠠᠵᠤ ᠠᠬᠤᠢ ᠶᠢᠨ ᠲᠣᠭᠠᠴᠠᠭ᠎ᠠ ᠬᠢᠬᠦ ᠮᠠᠲ᠋ᠧᠷᠢᠶᠠᠯ ᠢ ᠡᠮᠬᠢᠳᠬᠡᠵᠦ᠂ ᠪᠦᠬᠦ ᠰᠢᠶᠠᠨ ᠤ ᠤᠯᠤᠰ ᠠᠷᠠᠳ ᠤᠨ ᠠᠵᠤ | ᠠᠬᠤᠢ ᠶᠢᠨ ᠲᠣᠭᠠᠴᠠᠭ᠎ᠠ ᠬᠢᠬᠦ ᠠᠵᠢᠯ ᠢ ᠬᠢᠨᠠᠨ ᠬᠠᠮᠢᠶᠠᠷᠤᠨ᠎ᠠ᠃ ᠤᠯᠤᠰ ᠠᠷᠠᠳ ᠤᠨ ᠠᠵᠤ ᠠᠬᠤᠢ ᠪᠣᠯᠣᠨ | ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠲᠣᠭᠲᠠᠮᠠᠯ | ᠬᠤᠭᠤᠴᠠᠭ᠎ᠠ ᠲᠠᠢ ᠪᠠᠷ ᠨᠡᠶᠢᠲᠡᠯᠡᠨ᠎ᠡ᠃ | ︵ᠳᠥᠷᠪᠡ︶ ᠪᠦᠬᠦ ᠰᠢᠶᠠᠨ ᠤ ᠬᠥᠮᠥᠨ ᠠᠮᠠ᠂ ᠠᠵᠤ ᠠᠬᠤᠢ᠂ ᠲᠠᠷᠢᠶᠠᠯᠠᠩ ᠮᠠᠯ ᠠᠵᠤ ᠠᠬᠤᠢ ᠵᠡᠷᠭᠡ ᠴᠢᠬᠤᠯᠠ | ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ | ᠶᠡᠭᠡ ᠨᠡᠶᠢᠳᠡᠮ ᠪᠠᠶᠢᠴᠠᠭᠠᠯᠲᠠ ᠵᠢᠴᠢ ᠲᠤᠰᠬᠠᠢ ᠪᠠᠶᠢᠴᠠᠭᠠᠯᠲᠠ ᠶᠢᠨ ᠲᠥᠯᠥᠪᠯᠡᠭᠡ᠂ ᠲᠥᠰᠥᠯ ᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠤᠨ ᠪᠠᠶᠢᠳᠠᠯ ᠤᠯᠤᠰ ᠤᠨ ᠬᠦᠴᠦᠨ ᠤ | ᠲᠠᠯ᠎ᠠ ᠪᠠᠷ ᠬᠢ ᠬᠤᠯᠪᠣᠭᠳᠠᠯ ᠪᠦᠬᠦᠢ ᠲᠤᠭ᠎ᠠ ᠪᠦᠷᠢᠳᠬᠡᠯ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠵᠦ᠂ | ᠬᠠᠩᠭᠠᠨ᠎ᠠ᠃ | ︵ᠲᠠᠪᠤ︶ ᠲᠠᠷᠢᠶᠠᠯᠠᠩ ᠤᠢ ᠰᠢᠭᠤᠢ ᠮᠠᠯ ᠠᠵᠤ ᠠᠬᠤᠢ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ | ᠦᠢᠯᠡᠴᠢᠯᠡᠭᠡᠨ ᠤ ᠦᠢᠯᠡᠰ ᠵᠡᠷᠭᠡ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠢ ᠶᠢᠨ ᠡᠯ᠎ᠡ ᠠᠵᠢᠯ | ᠲᠦᠷᠦᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ | ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠲᠤᠭ᠎ᠠ ᠪᠠᠷᠢᠮᠲᠠ ᠶᠢ ᠴᠤᠭᠯᠠᠭᠤᠯᠵᠤ᠂ ᠬᠤᠷᠢᠶᠠᠩᠭᠤᠶᠢᠯᠠᠵᠤ᠂ | ᠡᠮᠬᠢᠳᠬᠡᠵᠦ᠂ ᠬᠠᠩᠭᠠᠨ᠎ᠠ᠃ | ︵ᠵᠢᠷᠭᠤᠭ᠎ᠠ︶ ᠪᠦᠬᠦ ᠰᠢᠶᠠᠨ ᠤ ᠡᠨᠧᠷᠭᠢ᠂ ᠪᠡᠯᠡ ᠣᠷᠣᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭᠠᠨ ᠮᠡᠷᠭᠡᠵᠢᠯ᠂ | ᠰᠣᠶᠣᠯ᠂ ᠬᠥᠮᠥᠨ ᠠᠮᠠ᠂ ᠬᠥᠳᠡᠯᠮᠦᠷᠢ ᠬᠦᠴᠦᠨ᠂ ᠨᠡᠶᠢᠭᠡᠮ ᠤᠨ ᠬᠥᠭᠵᠢᠯᠲᠡ ᠵᠡᠷᠭᠡ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠬᠤᠷᠢᠶᠠᠩᠭᠤᠶᠢᠯᠠᠵᠤ᠂ ᠡᠮᠬᠢᠯᠡᠬᠦ ᠪᠠ ᠬᠤᠯᠪᠣᠭᠳᠠᠯ ᠪᠦᠬᠦᠢ | ᠪᠠᠶᠢᠴᠠᠭᠠᠯᠲᠠ ᠶᠢᠨ ᠲᠤᠭ᠎ᠠ ᠪᠦᠷᠢᠳᠬᠡᠯ ᠲᠤᠭ᠎ᠠ ᠪᠠᠷᠢᠮᠲᠠ ᠶᠢ ᠬᠠᠩᠭᠠᠨ᠎ᠠ᠃ | ︵ᠳᠤᠯᠤᠭ᠎ᠠ︶ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠢ᠂ ᠨᠡᠶᠢᠭᠡᠮ ᠤᠨ ᠬᠥᠭᠵᠢᠯᠲᠡ ᠪᠣᠯᠣᠨ | ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠵᠡᠷᠭᠡ ᠪᠠᠶᠢᠳᠠᠯ ᠢ ᠪᠦᠷᠢᠳᠬᠡᠨ ᠵᠠᠳᠠᠯᠬᠤ᠂ ᠬᠢᠨᠠᠨ ᠬᠡᠮᠵᠢᠬᠦ ᠪᠠ | ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠲᠤᠭ᠎ᠠ | ᠪᠦᠷᠢᠳᠬᠡᠯ ᠤᠨ ᠮᠡᠳᠡᠭᠡ ᠵᠠᠩᠭᠢ ᠪᠠ ᠵᠥᠪᠯᠡᠯᠭᠡ ᠥᠭᠬᠦ ᠰᠠᠨᠠᠭᠤᠯᠭ᠎ᠠ ᠬᠠᠩᠭᠠᠨ᠎ᠠ᠃ | ︵ᠨᠠᠢᠮᠠ︶ ᠪᠦᠬᠦ ᠰᠢᠶᠠᠨ ᠤ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ | ᠵᠦᠢᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠪᠤᠶᠤ ᠳᠠᠩᠰᠠᠯᠠᠭᠤᠯᠵᠤ᠂ ᠲᠤᠰᠬᠠᠢ ᠠᠵᠢᠯ ᠤᠨ ᠲᠤᠭ᠎ᠠ | ᠪᠦᠷᠢᠳᠬᠡᠯ ᠤᠨ ᠰᠠᠭᠤᠷᠢ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ | ᠰᠠᠭᠤᠷᠢ ᠪᠦᠲᠦᠭᠡᠨ ᠪᠠᠶᠢᠭᠤᠯᠤᠯᠲᠠ ᠶᠢ ᠵᠢᠯᠤᠭᠤᠳᠴᠤ᠂ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠶᠠᠰᠤ ᠴᠢᠨᠠᠷ ᠢ | ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ᠴᠢᠬᠤᠯᠠ ᠶᠡᠭᠡ ᠲᠤᠭ᠎ᠠ ᠪᠦᠷᠢᠳᠬᠡᠯ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ | ᠵᠢᠱᠢᠬᠦ ᠠᠵᠢᠯ ᠢ ᠥᠷᠨᠢᠭᠦᠯᠦᠨ᠎ᠡ᠃ | ︵ᠶᠢᠰᠦ︶ ᠪᠦᠬᠦ ᠰᠢᠶᠠᠨ ᠤ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠺᠠᠳ᠋ᠷ ᠤᠨ | ᠪᠣᠯᠪᠠᠰᠤᠷᠠᠭᠤᠯᠤᠯ᠂ ᠲᠤᠭ᠎ᠠ ᠪᠦᠷᠢᠳᠬᠡᠯ ᠤᠨ ᠲᠤᠰᠬᠠᠢ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ | ᠵᠢᠯᠣᠭᠤᠳᠤᠨ᠎ᠠ᠃ ᠡᠯ᠎ᠡ ᠰᠢᠶᠠᠩ ᠪᠠᠯᠬᠠᠰᠤᠨ ᠤ ᠲᠣᠪ ᠤᠨ ᠡᠳ᠋ ᠤᠨ ᠵᠠᠰᠠᠭ ᠤᠨ ᠲᠤᠬ᠎ᠠ ᠪᠦᠷᠢᠳᠬᠡᠯ ᠤᠨ ᠦᠢᠯᠡᠰ ᠤᠨ | ᠵᠠᠷᠤᠳᠠᠯ ᠢ ᠲᠤᠭᠲᠠᠬᠠᠯ ᠶᠤᠰᠤᠬᠠᠷ ᠬᠠᠮᠢᠶᠠᠷᠬᠤ ᠪᠠ ᠬᠢᠨ᠋ᠠᠯᠲᠠ ᠲᠠᠯᠪᠢᠨ᠎ᠠ᠃ | ︵ᠠᠷᠪᠠ︶ ᠪᠦᠬᠦ ᠰᠢᠶᠠᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠪᠦᠬᠦ ᠰᠢᠶᠠᠨ ᠤ ᠲᠤᠭ᠎ᠠ | ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ᠂ ᠲᠤᠭ᠎ᠠ ᠪᠦᠷᠢᠳᠬᠡᠯ ᠤᠨ ᠳ᠋ᠠᠶᠢᠲ᠋ᠠ ᠬᠥᠮᠥᠷᠭᠡ ᠶᠢᠨ ᠰᠢᠰᠲ᠋ᠧᠮ᠂ | ᠪᠦᠬᠦ ᠰᠢᠶᠠᠨ ᠤ ᠬᠤᠷᠸ᠎ᠠ ᠠᠵᠤ ᠠᠬᠤᠢ ᠬᠢᠭᠡᠳ ᠨᠡᠶᠢᠭᠡᠮ ᠤᠨ ᠬᠥᠭᠵᠢᠯᠲᠡ ᠶᠢᠨ ᠰᠠᠭᠤᠷᠢ ᠳ᠋ᠠᠶᠢᠲ᠋ᠠ ᠬᠥᠮᠥᠷᠭᠡ ᠵᠢᠴᠢ | ᠪᠦᠬᠦ ᠰᠢᠶᠠᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠠᠶᠢᠭᠤᠯᠬᠤ᠂ | ᠬᠠᠮᠢᠶᠠᠷᠬᠤ ᠪᠠ ᠬᠠᠮᠠᠭᠠᠯᠠᠨ᠎ᠠ᠃ | ︵ᠠᠷᠪᠠᠨ ᠨᠢᠭᠡ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ | ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ | ᠳᠣᠲᠣᠷᠠᠬᠢ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ᠳᠥᠷᠪᠡᠳᠦᠭᠡᠷ ᠵᠦᠢᠯ ᠦᠴᠦᠸᠠᠨ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠣᠣᠷᠠᠬᠢ ᠮᠡᠲᠦ | ᠳᠣᠲᠣᠭᠠᠳᠤ ᠪᠠᠶᠢᠭᠤᠯᠤᠮᠵᠢ ᠪᠠᠶᠢᠭᠤᠯᠤᠨ᠎ᠠ᠄ | ︵ᠨᠢᠭᠡ︶ ᠠᠯᠪᠠᠨ ᠭᠡᠷ | ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ | ᠵᠠᠰᠠᠭ ᠤᠨ ᠶᠠᠪᠤᠳᠠᠯ ᠢ ᠢᠯᠡ ᠪᠣᠯᠭᠠᠬᠤ᠂ ᠬᠤᠷᠠᠯ ᠤᠨ ᠶᠠᠪᠤᠳᠠᠯ ᠤᠨ ᠵᠣᠬᠢᠶᠠᠨ ᠪᠠᠶᠢᠭᠤᠯᠤᠯᠲᠠ᠂ ᠳᠠᠩᠰᠠ ᠡᠪᠬᠡᠮᠡᠯ ᠤᠨ | ᠬᠠᠮᠢᠶᠠᠷᠤᠯᠲᠠ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ᠂ ᠠᠮᠤᠷ ᠲᠦᠪᠰᠢᠨ ᠤ ᠬᠠᠮᠠᠭᠠᠯᠠᠯᠲᠠ᠂ ᠶᠠᠷᠢᠶ᠎ᠠ | ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠰᠢᠢᠳᠪᠦᠷᠢᠯᠡᠵᠦ ᠠᠷᠭᠠᠴᠠᠬᠤ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠋ᠠ | ᠶᠢᠨ ᠠᠵᠢᠯ ᠤᠨ ᠳᠦ᠋ᠷᠢᠮ ᠢ ᠲᠣᠭᠲᠠᠭᠠᠨ᠎ᠠ᠃ ᠴᠢᠬᠤᠯᠠ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠰᠢᠮᠳᠠᠭᠤᠯᠤᠨ | ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠵᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ | ᠳᠦᠷᠢᠮ ᠲᠣᠭᠲᠠᠭᠠᠯ ᠢ ᠲᠣᠭᠲᠠᠭᠠᠨ᠎ᠠ᠃ ᠪᠠᠶᠢᠭᠤᠯᠭ᠎ᠠ ᠬᠢᠭᠡᠳ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠢ ᠶᠢᠨ | ᠪᠠᠶᠢᠭᠤᠯᠤᠮᠵᠢ ᠶᠢᠨ ᠣᠷᠣᠨ ᠲᠤᠭ᠎ᠠ᠂ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠪᠣᠯᠣᠨ | ᠴᠢᠳᠠᠪᠤᠷᠢᠲᠠᠨ ᠤ ᠠᠵᠢᠯ ᠢ ᠬᠠᠷᠢᠭᠤᠴᠠᠨ᠎ᠠ᠃ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠢ ᠶᠢᠨ ᠠᠵᠢᠯ ᠤᠨ | ᠪᠠᠶᠢᠷᠢ ᠶᠢᠨ ᠪᠠᠶᠢᠷᠢᠯᠠᠭᠤᠯᠤᠯᠲᠠ ᠵᠢᠴᠢ ᠲᠤᠰᠬᠠᠢ ᠮᠡᠷᠭᠡᠵᠢᠯ ᠤᠨ ᠲᠤᠰᠢᠶᠠᠯ ᠲᠣᠭᠲᠠᠭᠠᠵᠤ ᠤᠷᠢᠬᠤ ᠶᠢᠨ ᠭᠤᠶᠤᠴᠢᠯᠠᠨ | ᠮᠡᠳᠡᠭᠦᠯᠬᠦ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠣᠯᠣᠨ ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ᠂ | ᠰᠠᠬᠢᠯᠭ᠎ᠠ ᠪᠠᠲᠤ ᠪᠠᠶᠢᠴᠠᠭᠠᠬᠤ᠂ ᠣᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ | ᠲᠤᠭ᠎ᠠ ᠪᠦᠷᠢᠳᠬᠡᠯ ᠤᠨ ᠰᠢᠰᠲ᠋ᠧᠮ ᠤᠨ ᠲᠥᠪ ᠤᠨ ᠡᠳ᠋ ᠤᠨ ᠵᠠᠰᠠᠭ ᠤᠨ ᠲᠤᠭ᠎ᠠ ᠪᠦᠷᠢᠳᠬᠡᠯ ᠤᠨ ᠦᠢᠯᠡᠰ ᠤᠨ | ᠵᠠᠷᠤᠳᠠᠯ ᠪᠣᠯᠣᠨ ᠪᠠᠶᠢᠭᠤᠯᠭ᠎ᠠ ᠶᠢᠨ ᠲᠤᠰ ᠱᠠᠲᠤᠨ ᠤ ᠵᠠᠷᠤᠳᠠᠯ ᠢ ᠬᠠᠷᠢᠭᠤᠴᠠᠨ ᠬᠠᠮᠢᠶᠠᠷᠤᠨ᠎ᠠ᠃ ᠡᠯ᠎ᠡ ᠵᠦᠢᠯ ᠤᠨ | ᠡᠳ᠋ ᠤᠨ ᠶᠠᠪᠤᠳᠠᠯ ᠤᠨ ᠳᠦᠷᠢᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠦᠬᠦ | ᠰᠢᠶᠠᠨ ᠤ ᠲᠤᠭ᠎ᠠ ᠪᠦᠷᠢᠳᠬᠡᠯ ᠤᠨ ᠰᠢᠰᠲ᠋ᠧᠮ ᠤᠨ ᠳᠣᠲᠣᠭᠠᠳᠤ ᠶᠢᠨ ᠡᠳ᠋ ᠤᠨ ᠶᠠᠪᠤᠳᠠᠯ ᠤᠨ ᠬᠢᠨᠠᠨ ᠪᠣᠳᠣᠯᠲᠠ ᠶᠢᠨ | ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠠᠯᠪᠠᠨ ᠠᠵᠢᠯ ᠢᠶᠠᠷ ᠭᠠᠳᠠᠭᠰᠢ ᠭᠠᠷᠬᠤ ᠶᠢ ᠡᠵᠡᠮᠳᠡᠬᠦ᠂ ᠠᠯᠪᠠᠨ | ᠶᠠᠪᠤᠳᠠᠯ ᠢᠶᠠᠷ ᠭᠥᠯᠢᠶᠡᠨ ᠠᠪᠬᠤ ᠵᠡᠷᠭᠡ ᠵᠠᠷᠤᠳᠠᠯ ᠤᠨ ᠵᠠᠷᠤᠯᠭ᠎ᠠ ᠶᠢ ᠬᠠᠷᠢᠭᠤᠴᠠᠨ ᠬᠠᠮᠢᠶᠠᠷᠤᠨ᠎ᠠ᠃ ᠪᠠᠶᠢᠭᠤᠯᠭ᠎ᠠ | ᠵᠢᠴᠢ ᠠᠵᠢᠯ ᠦᠢᠯᠡᠰ ᠤᠨ ᠨᠢᠭᠡᠴᠢ ᠶᠢᠨ ᠵᠠᠰᠠᠭ ᠤᠨ ᠣᠷᠳᠣᠨ ᠬᠤᠳᠠᠯᠳᠤᠨ ᠠᠪᠬᠤ᠂ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ᠂ ᠠᠷᠤ ᠲᠠᠯ᠎ᠠ ᠶᠢᠨ ᠦᠢᠯᠡᠴᠢᠯᠡᠭᠡ ᠪᠠ ᠪᠠᠲᠤᠯᠠᠭ᠎ᠠ ᠶᠢᠨ ᠠᠵᠢᠯ ᠢ | ᠬᠠᠷᠢᠭᠤᠴᠠᠨ᠎ᠠ᠃ | ︵ᠬᠤᠶᠠᠷ︶ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠰᠤᠭ | ᠤᠯᠤᠰ ᠠᠷᠠᠳ ᠤᠨ ᠠᠵᠤ ᠠᠬᠤᠢ ᠶᠢᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠬᠢᠭᠡᠳ ᠲᠣᠭᠠᠴᠠᠭ᠎ᠠ ᠶᠢᠨ | ᠲᠤᠰᠬᠠᠢ ᠮᠡᠷᠭᠡᠵᠢᠯ | ᠤᠯᠤᠰ ᠠᠷᠠᠳ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠳᠤ ᠪᠦᠷᠢᠳᠬᠡᠨ ᠬᠢᠨᠠᠨ ᠬᠡᠮᠵᠢᠬᠦ᠂ | ᠲᠥᠰᠥᠭᠡᠯᠡᠬᠦ ᠪᠠ ᠶᠡᠷᠦᠩᠬᠡᠶᠢᠯᠡᠨ ᠵᠠᠳᠠᠯᠤᠨ ᠰᠤᠳᠤᠯᠬᠤ ᠶᠠᠪᠤᠳᠠᠯ ᠢ ᠬᠠᠷᠢᠭᠤᠴᠠᠵᠤ᠂ ᠬᠤᠷᠸ᠎ᠠ ᠲᠣᠬᠢᠷᠠᠭᠤᠯᠭ᠎ᠠ | ᠡᠵᠡᠮᠰᠢᠯ ᠤᠨ ᠯᠠᠪᠯᠠᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠡᠯ᠎ᠡ ᠲᠤᠰᠬᠠᠢ ᠮᠡᠷᠭᠡᠵᠢᠯ ᠤᠨ ᠲᠤᠭ᠎ᠠ ᠪᠦᠷᠢᠳᠬᠡᠯ ᠲᠤᠭ᠎ᠠ | ᠪᠠᠷᠢᠮᠲᠠ ᠶᠢᠨ ᠶᠠᠰᠤ ᠴᠢᠨᠠᠷ ᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠤᠭ᠎ᠠ | ᠪᠦᠷᠢᠳᠬᠡᠯ ᠲᠤᠭ᠎ᠠ ᠪᠠᠷᠢᠮᠲᠠ ᠨᠡᠶᠢᠲᠡᠯᠡᠬᠦ ᠵᠢᠴᠢ ᠳᠣᠲᠣᠭᠠᠳᠤ ᠰᠦᠯᠵᠢᠶ᠎ᠡ᠂ ᠭᠠᠳᠠᠭᠠᠳᠤ ᠰᠦᠯᠵᠢᠶ᠎ᠡ ᠶᠢᠨ ᠲᠤᠭ᠎ᠠ | ᠪᠦᠷᠢᠳᠬᠡᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠨᠡᠶᠢᠲᠡᠯᠡᠬᠦ ᠶᠢ ᠬᠠᠷᠢᠭᠤᠴᠠᠨ᠎ᠠ᠃ ᠲᠤᠭ᠎ᠠ | ᠪᠦᠷᠢᠳᠬᠡᠯ ᠲᠤᠭ᠎ᠠ ᠪᠠᠷᠢᠮᠲᠠ ᠶᠢᠨ ᠬᠡᠷᠡᠭᠯᠡᠯᠲᠡ ᠪᠠ ᠬᠠᠩᠭᠠᠯᠭ᠎ᠠ ᠶᠢ ᠬᠠᠮᠢᠶᠠᠷᠬᠤ᠂ ᠬᠢᠨᠠᠨ ᠪᠠᠶᠢᠴᠠᠭᠠᠬᠤ ᠶᠢ | ᠬᠠᠷᠢᠭᠤᠴᠠᠨ᠎ᠠ᠃ ᠪᠦᠬᠦ ᠰᠢᠶᠠᠨ ᠤ ᠠᠵᠤ ᠠᠬᠤᠢ᠂ ᠨᠡᠶᠢᠭᠡᠮ ᠤᠨ ᠶᠡᠷᠦᠩᠬᠡᠶᠢᠯᠡᠭᠰᠡᠨ ᠴᠢᠨᠠᠷᠲᠠᠢ ᠲᠤᠭ᠎ᠠ ᠪᠦᠷᠢᠳᠬᠡᠯ ᠤᠨ | ᠮᠠᠲ᠋ᠧᠷᠢᠶᠠᠯ ᠢ ᠡᠮᠬᠢᠳᠬᠡᠨ ᠨᠠᠶᠢᠷᠠᠭᠤᠯᠬᠤ ᠶᠢ ᠬᠠᠷᠢᠭᠤᠴᠠᠬᠤ ᠶᠢᠨ ᠬᠠᠮᠲᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ᠶᠢ ᠨᠡᠶᠢᠲᠡᠯᠡᠨ᠎ᠡ᠃ ᠤᠯᠤᠰ ᠠᠷᠠᠳ ᠤᠨ | ᠠᠵᠤ ᠠᠬᠤᠢ ᠶᠢᠨ ᠲᠣᠭᠠᠴᠠᠭ᠎ᠠ ᠬᠢᠬᠦ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠠᠷᠠᠳ ᠤᠨ | ᠠᠵᠤ ᠠᠬᠤᠢ ᠶᠢᠨ ᠲᠣᠭᠠᠴᠠᠭᠠᠨ ᠤ ᠮᠠᠲ᠋ᠧᠷᠢᠶᠠᠯ ᠢ ᠵᠠᠳᠠᠯᠤᠨ ᠰᠤᠳᠤᠯᠬᠤ ᠶᠢ ᠥᠷᠨᠢᠭᠦᠯᠦᠨ᠎ᠡ᠃ ᠪᠦᠬᠦ ᠰᠢᠶᠠᠨ ᠤ | ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠳᠤ ᠵᠠᠳᠠᠯᠤᠯᠲᠠ ᠪᠠ ᠵᠢᠱᠢᠯᠲᠡ ᠬᠢᠨ᠎ᠡ᠃ ᠪᠦᠬᠦ | ᠰᠢᠶᠠᠨ ᠤ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠦᠷᠢᠳᠬᠡᠯ ᠤᠨ ᠲᠤᠰᠬᠠᠢ ᠮᠡᠷᠭᠡᠵᠢᠯ | ᠪᠦᠬᠦ ᠰᠢᠶᠠᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠪᠠᠷᠢᠯᠭ᠎ᠠ ᠶᠢᠨ ᠦᠢᠯᠡᠰ᠂ ᠭᠡᠷ ᠪᠠᠶᠢᠰᠢᠩ | ᠭᠠᠵᠠᠷ ᠬᠥᠷᠥᠩᠭᠡ ᠶᠢᠨ ᠦᠢᠯᠡᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠬᠠᠷᠢᠭᠤᠴᠠᠵᠤ᠂ ᠬᠤᠯᠪᠣᠭᠳᠠᠯ | ᠪᠦᠬᠦᠢ ᠪᠠᠶᠢᠴᠠᠭᠠᠨ ᠪᠦᠷᠢᠳᠬᠡᠬᠦ ᠲᠤᠭ᠎ᠠ ᠪᠠᠷᠢᠮᠲᠠ ᠶᠢ ᠴᠤᠭᠯᠠᠭᠤᠯᠵᠤ᠂ ᠡᠮᠬᠢᠳᠬᠡᠬᠦ ᠪᠠ ᠬᠠᠩᠭᠠᠨ᠎ᠠ᠃ ᠬᠤᠯᠪᠣᠭᠳᠠᠯ | ᠪᠦᠬᠦᠢ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠯᠲᠡ ᠬᠢᠨ᠎ᠡ᠃ | ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ ᠪᠠᠶᠢᠭᠤᠯᠤᠨ | ᠵᠢᠯᠤᠭᠤᠳᠬᠤ ᠶᠢᠨ ᠬᠠᠮᠲᠤ ᠲᠤᠭ᠎ᠠ ᠪᠦᠷᠢᠳᠬᠡᠯ ᠤᠨ ᠵᠠᠳᠠᠯᠤᠯᠲᠠ ᠬᠢᠨ᠎ᠡ᠃ ᠬᠤᠯᠪᠣᠭᠳᠠᠯ ᠪᠦᠬᠦᠢ ᠲᠤᠰᠬᠠᠢ | ᠪᠠᠶᠢᠴᠠᠭᠠᠯᠲᠠ ᠪᠠ ᠨᠡᠶᠢᠳᠡᠮ ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃ | ᠠᠵᠤ ᠦᠢᠯᠡᠳᠪᠦᠷᠢ ᠶᠢᠨ ᠲᠤᠭ᠎ᠠ ᠪᠦᠷᠢᠳᠬᠡᠯ ᠤᠨ ᠲᠤᠰᠬᠠᠢ ᠮᠡᠷᠭᠡᠵᠢᠯ | ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠡᠳ᠋ ᠤᠨ ᠶᠠᠪᠤᠳᠠᠯ᠂ ᠡᠵᠡᠩᠨᠡᠯᠲᠡ ᠶᠢᠨ ᠪᠠᠶᠢᠳᠠᠯ ᠢ ᠪᠦᠷᠢᠳᠬᠡᠨ | ᠪᠠᠶᠢᠴᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠶᠢᠴᠠᠭᠠᠨ ᠪᠦᠷᠢᠳᠬᠡᠬᠦ ᠲᠤᠭ᠎ᠠ | ᠪᠠᠷᠢᠮᠲᠠ ᠶᠢ ᠴᠤᠭᠯᠠᠭᠤᠯᠵᠤ᠂ ᠡᠮᠬᠢᠳᠬᠡᠬᠦ ᠪᠠ ᠬᠠᠩᠭᠠᠨ᠎ᠠ᠃ ᠦᠢᠯᠡᠳᠪᠦᠷᠢᠯᠡᠯ ᠤᠨ ᠠᠵᠢᠯᠯᠠᠭᠠᠨ᠂ ᠠᠵᠤ ᠠᠬᠤᠢ ᠶᠢᠨ | ᠦᠷ᠎ᠡ ᠠᠰᠢᠭ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠵᠡᠷᠭᠡ ᠶᠢᠨ ᠲᠤᠭ᠎ᠠ ᠪᠦᠷᠢᠳᠬᠡᠯ ᠲᠤᠭ᠎ᠠ | ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠨ᠎ᠠ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠲᠤᠭ᠎ᠠ | ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠯᠲᠡ ᠬᠢᠨ᠎ᠡ᠃ ᠬᠤᠯᠪᠣᠭᠳᠠᠯ ᠪᠦᠬᠦᠢ ᠲᠤᠰᠬᠠᠢ | ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠬᠤ ᠶᠢᠨ ᠬᠠᠮᠲᠤ ᠲᠤᠭ᠎ᠠ | ᠪᠦᠷᠢᠳᠬᠡᠯ ᠤᠨ ᠵᠠᠳᠠᠯᠤᠯᠲᠠ ᠬᠢᠨ᠎ᠡ᠃ ᠬᠤᠯᠪᠣᠭᠳᠠᠯ ᠪᠦᠬᠦᠢ ᠲᠤᠰᠬᠠᠢ ᠪᠠᠶᠢᠴᠠᠭᠠᠯᠲᠠ ᠪᠠ ᠨᠡᠶᠢᠳᠡᠮ | ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃ | ᠡᠨᠧᠷᠭᠢ ᠬᠢᠭᠡᠳ ᠣᠷᠴᠢᠨ ᠠᠬᠤᠢ ᠶᠢᠨ ᠪᠦᠷᠢᠳᠬᠡᠯ ᠤᠨ ᠲᠤᠰᠬᠠᠢ ᠮᠡᠷᠭᠡᠵᠢᠯ | ᠡᠨᠧᠷᠭᠢ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ | ᠪᠦᠬᠦᠢ ᠪᠠᠶᠢᠴᠠᠭᠠᠨ ᠪᠦᠷᠢᠳᠬᠡᠬᠦ ᠲᠤᠭ᠎ᠠ ᠪᠠᠷᠢᠮᠲᠠ ᠶᠢ ᠴᠤᠭᠯᠠᠭᠤᠯᠵᠤ᠂ ᠡᠮᠬᠢᠯᠡᠬᠦ ᠪᠠ ᠬᠠᠩᠭᠠᠨ᠎ᠠ᠃ ᠡᠨᠧᠷᠭᠢ | ᠬᠤᠷᠣᠭᠳᠠᠭᠤᠯᠬᠤ ᠭᠤᠣᠯ ᠠᠵᠢᠯ ᠲᠥᠷᠥᠯ ᠤᠨ ᠡᠨᠧᠷᠭᠢ ᠠᠷᠪᠢᠯᠠᠬᠤ ᠪᠠ ᠭᠤᠣᠯᠳᠠᠯᠭ᠎ᠠ ᠲᠠᠢ ᠡᠨᠧᠷᠭᠢ | ᠬᠤᠷᠣᠭᠳᠠᠭᠤᠯᠬᠤ ᠠᠵᠤ ᠠᠬᠤᠶᠢᠯᠠᠯ ᠤᠨ ᠡᠨᠧᠷᠭᠢ ᠶᠢᠨ ᠬᠡᠷᠡᠭᠯᠡᠭᠡᠨ ᠤ ᠪᠦᠷᠢᠳᠬᠡᠨ ᠬᠢᠨᠠᠨ ᠬᠡᠮᠵᠢᠬᠦ ᠶᠢ ᠬᠠᠷᠢᠭᠤᠴᠠᠨ᠎ᠠ᠃ | ᠬᠤᠯᠪᠣᠭᠳᠠᠯ ᠪᠦᠬᠦᠢ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠯᠲᠡ | ᠬᠢᠨ᠎ᠡ᠃ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ | ᠪᠠᠶᠢᠭᠤᠯᠤᠨ ᠵᠢᠯᠤᠭᠤᠳᠬᠤ ᠶᠢᠨ ᠬᠠᠮᠲᠤ ᠲᠤᠭ᠎ᠠ ᠪᠦᠷᠢᠳᠬᠡᠯ ᠤᠨ ᠵᠠᠳᠠᠯᠤᠯᠲᠠ ᠬᠢᠨ᠎ᠡ᠃ ᠬᠤᠯᠪᠣᠭᠳᠠᠯ ᠪᠦᠬᠦᠢ | ᠲᠤᠰᠬᠠᠢ ᠪᠠᠶᠢᠴᠠᠭᠠᠯᠲᠠ ᠪᠠ ᠨᠡᠶᠢᠳᠡᠮ ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃ | ᠭᠠᠳᠠᠭᠠᠳᠤ ᠠᠵᠤ ᠠᠬᠤᠢ ᠠᠷᠠᠯᠵᠢᠶᠠᠨ ᠤ ᠪᠦᠷᠢᠳᠬᠡᠯ ᠤᠨ ᠲᠤᠰᠬᠠᠢ ᠮᠡᠷᠭᠡᠵᠢᠯ | ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠬᠤᠨᠤᠭ ᠪᠠᠭᠤᠳᠠᠯ ᠪᠠ ᠢᠳᠡᠭᠡᠨ | ᠤᠮᠳᠠᠭᠠᠨ ᠤ ᠦᠢᠯᠡᠰ ᠤᠨ ᠠᠵᠢᠯ ᠲᠦᠷᠦᠯ ᠤᠨ ᠬᠥᠭᠵᠢᠯᠲᠡ ᠬᠤᠪᠢᠷᠠᠯᠲᠠ᠂ ᠪᠦᠬᠦ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ᠂ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ | ᠬᠢᠭᠡᠳ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠢ ᠪᠦᠷᠢᠳᠬᠡᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠶᠢᠴᠠᠭᠠᠨ ᠪᠦᠷᠢᠳᠬᠡᠬᠦ ᠲᠤᠭ᠎ᠠ ᠪᠠᠷᠢᠮᠲᠠ ᠶᠢ ᠬᠠᠩᠭᠠᠨ᠎ᠠ᠃ ᠬᠤᠯᠪᠣᠭᠳᠠᠯ | ᠪᠦᠬᠦᠢ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠯᠲᠡ ᠬᠢᠨ᠎ᠡ᠃ | ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ ᠪᠠᠶᠢᠭᠤᠯᠤᠨ | ᠵᠢᠯᠤᠭᠤᠳᠬᠤ ᠶᠢᠨ ᠬᠠᠮᠲᠤ ᠲᠤᠭ᠎ᠠ ᠪᠦᠷᠢᠳᠬᠡᠯ ᠤᠨ ᠵᠠᠳᠠᠯᠤᠯᠲᠠ ᠬᠢᠨ᠎ᠡ᠃ ᠬᠤᠯᠪᠣᠭᠳᠠᠯ ᠪᠦᠬᠦᠢ ᠲᠤᠰᠬᠠᠢ | ᠪᠠᠶᠢᠴᠠᠭᠠᠯᠲᠠ ᠪᠠ ᠨᠡᠶᠢᠳᠡᠮ ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃ | ᠨᠡᠶᠢᠭᠡᠮ ᠤᠨ ᠰᠢᠨᠵᠢᠯᠡᠬᠦ ᠤᠬᠠᠭᠠᠨ ᠮᠡᠷᠭᠡᠵᠢᠯ ᠪᠠ ᠰᠣᠶᠣᠯ ᠤᠨ ᠠᠵᠤ ᠦᠢᠯᠡᠰ ᠤᠨ ᠲᠤᠭ᠎ᠠ ᠪᠦᠷᠢᠳᠬᠡᠯ ᠤᠨ | ᠲᠤᠰᠬᠠᠢ ᠮᠡᠷᠭᠡᠵᠢᠯ | ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ ᠢ ᠪᠦᠷᠢᠳᠬᠡᠨ ᠪᠠᠶᠢᠴᠠᠭᠠᠬᠤ ᠪᠠ ᠡᠮᠡᠭᠲᠡᠶᠢᠴᠦᠳ | ᠬᠡᠦᠬᠡᠳ ᠬᠤᠶᠠᠷ ᠬᠥᠭᠵᠢᠯᠲᠡ ᠶᠢᠨ ᠬᠥᠲᠥᠯᠪᠦᠷᠢ ᠶᠢ ᠬᠡᠷᠡᠭᠵᠢᠭᠦᠯᠦᠭᠰᠡᠨ ᠪᠠᠶᠢᠳᠠᠯ ᠢ ᠪᠦᠷᠢᠳᠬᠡᠨ ᠬᠢᠨᠠᠨ ᠬᠡᠮᠵᠢᠬᠦ ᠶᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠰᠣᠶᠣᠯ ᠤᠨ ᠠᠵᠤ ᠦᠢᠯᠡᠰ ᠤᠨ ᠲᠤᠭ᠎ᠠ ᠪᠦᠷᠢᠳᠬᠡᠯ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ | ᠥᠷᠨᠢᠭᠦᠯᠦᠨ᠎ᠡ᠃ ᠨᠡᠶᠢᠭᠡᠮ ᠪᠠ ᠰᠢᠨᠵᠢᠯᠡᠬᠦ ᠤᠬᠠᠬᠠᠨ ᠮᠡᠷᠭᠡᠵᠢᠯ ᠤᠨ ᠲᠤᠬ᠎ᠠ ᠪᠠᠷᠢᠮᠲᠠ ᠬᠠᠩᠭᠠᠨ᠎ᠠ᠃ ᠬᠤᠯᠪᠣᠭᠳᠠᠯ | ᠪᠦᠬᠦᠢ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠯᠲᠡ ᠬᠢᠨ᠎ᠡ᠃ | ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ ᠪᠠᠶᠢᠭᠤᠯᠤᠨ | ᠵᠢᠯᠤᠭᠤᠳᠬᠤ ᠶᠢᠨ ᠬᠠᠮᠲᠤ ᠲᠤᠭ᠎ᠠ ᠪᠦᠷᠢᠳᠬᠡᠯ ᠤᠨ ᠵᠠᠳᠠᠯᠤᠯᠲᠠ ᠬᠢᠨ᠎ᠡ᠃ ᠬᠤᠯᠪᠣᠭᠳᠠᠯ ᠪᠦᠬᠦᠢ ᠲᠤᠰᠬᠠᠢ | ᠪᠠᠶᠢᠴᠠᠭᠠᠯᠲᠠ ᠪᠠ ᠨᠡᠶᠢᠳᠡᠮ ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃ | ᠬᠥᠮᠥᠨ ᠠᠮᠠ ᠪᠠ ᠠᠵᠢᠯ ᠣᠯᠭᠤᠯᠲᠠ ᠶᠢᠨ ᠪᠦᠷᠢᠳᠬᠡᠯ ᠤᠨ ᠲᠤᠰᠬᠠᠢ ᠮᠡᠷᠭᠡᠵᠢᠯ | ᠪᠦᠬᠦ ᠰᠢᠶᠠᠨ ᠤ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ᠂ ᠬᠥᠮᠥᠨ ᠠᠮᠠ ᠶᠢᠨ ᠦᠯᠢᠭᠡᠷ ᠠᠪᠴᠤ | ᠪᠠᠶᠢᠴᠠᠭᠠᠬᠤ᠂ ᠣᠨ ᠤ ᠬᠥᠮᠥᠨ ᠠᠮᠠ ᠶᠢᠨ ᠬᠤᠪᠢᠷᠠᠯᠲᠠ ᠶᠢᠨ ᠦᠯᠢᠭᠡᠷ ᠠᠪᠴᠤ ᠪᠠᠶᠢᠴᠠᠭᠠᠬᠤ ᠪᠠ ᠬᠥᠳᠡᠯᠮᠦᠷᠢ | ᠴᠠᠯᠢᠩ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠥᠮᠥᠨ ᠠᠮᠠ᠂ | ᠠᠵᠢᠯ ᠣᠯᠭᠤᠯᠲᠠ ᠪᠠ ᠬᠥᠳᠡᠯᠮᠦᠷᠢ ᠶᠢᠨ ᠴᠠᠯᠢᠩ ᠵᠡᠷᠭᠡ ᠶᠢᠨ ᠲᠤᠭ᠎ᠠ ᠪᠦᠷᠢᠳᠬᠡᠯ ᠲᠤᠭ᠎ᠠ ᠪᠠᠷᠢᠮᠲᠠ ᠶᠢ ᠬᠠᠩᠭᠠᠨ᠎ᠠ᠃ | ᠬᠤᠯᠪᠣᠭᠳᠠᠯ ᠪᠦᠬᠦᠢ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠯᠲᠡ | ᠬᠢᠨ᠎ᠡ᠃ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ | ᠪᠠᠶᠢᠭᠤᠯᠤᠨ ᠵᠢᠯᠤᠭᠤᠳᠬᠤ ᠶᠢᠨ ᠬᠠᠮᠲᠤ ᠲᠤᠭ᠎ᠠ ᠪᠦᠷᠢᠳᠬᠡᠯ ᠤᠨ ᠵᠠᠳᠠᠯᠤᠯᠲᠠ ᠬᠢᠨ᠎ᠡ᠃ ᠬᠤᠯᠪᠣᠭᠳᠠᠯ ᠪᠦᠬᠦᠢ | ᠲᠤᠰᠬᠠᠢ ᠪᠠᠶᠢᠴᠠᠭᠠᠯᠲᠠ ᠪᠠ ᠨᠡᠶᠢᠳᠡᠮ ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠢᠨᠠᠨ ᠬᠡᠮᠵᠢᠬᠦ ᠲᠤᠰᠬᠠᠢ ᠮᠡᠷᠭᠡᠵᠢᠯ | ᠰᠢᠶᠠᠩ ᠰᠢᠶᠠᠨ ᠤ ᠬᠡᠪᠴᠢᠶᠡᠨ ᠤ ᠨᠡᠶᠢᠭᠡᠮ ᠤᠨ ᠠᠵᠤ ᠠᠬᠤᠢ ᠶᠢᠨ ᠪᠠᠶᠢᠴᠠᠭᠠᠯᠲᠠ ᠶᠢᠨ ᠲᠠᠷᠢᠶᠠᠯᠠᠩ ᠳᠤ | ᠬᠤᠯᠪᠣᠭᠳᠠᠬᠤ ᠬᠠᠮᠢᠶ᠎ᠠ ᠪᠦᠬᠦᠢ ᠲᠤᠭ᠎ᠠ ᠪᠦᠷᠢᠳᠬᠡᠯ᠂ ᠬᠢᠨᠠᠨ ᠬᠡᠮᠵᠢᠯᠲᠡ ᠪᠠ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ | ᠪᠠ ᠦᠨᠡᠯᠡᠯᠲᠡ ᠬᠢᠨ᠎ᠡ᠃ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ ᠢ | ᠵᠣᠬᠢᠶᠠᠨ ᠪᠠᠶᠢᠭᠤᠯᠤᠨ ᠵᠢᠯᠤᠭᠤᠳᠬᠤ ᠶᠢᠨ ᠬᠠᠮᠲᠤ ᠲᠤᠭ᠎ᠠ ᠪᠦᠷᠢᠳᠬᠡᠯ ᠤᠨ ᠵᠠᠳᠠᠯᠤᠯᠲᠠ ᠬᠢᠨ᠎ᠡ᠃ ᠬᠤᠯᠪᠣᠭᠳᠠᠯ | ᠪᠦᠬᠦᠢ ᠲᠤᠰᠬᠠᠢ ᠪᠠᠶᠢᠴᠠᠭᠠᠯᠲᠠ ᠪᠠ ᠨᠡᠶᠢᠳᠡᠮ ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃ | ᠦᠢᠯᠡᠴᠢᠯᠡᠭᠡᠨ ᠤ ᠦᠢᠯᠡᠰ ᠤᠨ ᠲᠤᠭ᠎ᠠ ᠪᠦᠷᠢᠳᠬᠡᠯ ᠤᠨ ᠲᠤᠰᠬᠠᠢ ᠮᠡᠷᠭᠡᠵᠢᠯ | ᠦᠢᠯᠡᠴᠢᠯᠡᠭᠡᠨ ᠤ ᠦᠢᠯᠡᠰ ᠤᠨ ᠡᠩ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠢᠨᠲ᠋ᠧᠷ ᠰᠦᠯᠵᠢᠶᠡᠨ ᠤ | ᠠᠵᠤ ᠠᠬᠤᠢ᠂ ᠠᠵᠤ ᠠᠬᠤᠶᠢᠯᠠᠯ ᠤᠨ ᠮᠡᠳᠡᠭᠡ ᠵᠠᠩᠭᠢᠵᠢᠯᠲᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠢᠴᠢ ᠲᠣᠮᠣ | ᠳ᠋ᠠᠶᠢᠲ᠋ᠠ ᠶᠢᠨ ᠠᠵᠤ ᠦᠢᠯᠡᠰ ᠵᠡᠷᠭᠡ ᠦᠢᠯᠡᠴᠢᠯᠡᠭᠡᠨ ᠤ ᠦᠢᠯᠡᠰ ᠤᠨ ᠰᠢᠨ᠎ᠡ ᠬᠡᠯᠪᠡᠷᠢ ᠶᠢᠨ ᠠᠵᠤ ᠠᠬᠤᠢ ᠶᠢᠨ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠬᠡᠰᠡᠭ | ᠠᠵᠢᠯ ᠦᠢᠯᠡᠰ ᠤᠨ ᠨᠢᠭᠡᠴᠢ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠪᠠᠶᠢᠴᠠᠭᠠᠨ ᠪᠦᠷᠢᠳᠬᠡᠭᠰᠡᠨ ᠲᠤᠭ᠎ᠠ ᠪᠠᠷᠢᠮᠲᠠ ᠶᠢ ᠴᠤᠭᠯᠠᠭᠤᠯᠤᠨ | ᠡᠮᠬᠢᠳᠬᠡᠬᠦ ᠪᠠ ᠬᠠᠩᠭᠠᠨ᠎ᠠ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠶᠠᠰᠤ ᠴᠢᠨᠠᠷ ᠲᠤ | ᠪᠠᠶᠢᠴᠠᠭᠠᠯᠲᠠ ᠪᠠ ᠦᠨᠡᠯᠡᠯᠲᠡ ᠬᠢᠨ᠎ᠡ᠃ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠲᠤᠭ᠎ᠠ ᠪᠦᠷᠢᠳᠬᠡᠯ ᠤᠨ | ᠰᠠᠭᠤᠷᠢ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠬᠤ ᠶᠢᠨ ᠬᠠᠮᠲᠤ ᠲᠤᠭ᠎ᠠ ᠪᠦᠷᠢᠳᠬᠡᠯ ᠤᠨ ᠵᠠᠳᠠᠯᠤᠯᠲᠠ ᠬᠢᠨ᠎ᠡ᠃ | ᠬᠤᠯᠪᠣᠭᠳᠠᠯ ᠪᠦᠬᠦᠢ ᠲᠤᠰᠬᠠᠢ ᠪᠠᠶᠢᠴᠠᠭᠠᠯᠲᠠ ᠪᠠ ᠨᠡᠶᠢᠳᠡᠮ ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃ | ᠨᠡᠷᠡᠰ ᠤᠨ ᠵᠢᠭᠰᠠᠭᠠᠯᠲᠠ ᠶᠢᠨ ᠲᠤᠰᠬᠠᠢ ᠮᠡᠷᠭᠡᠵᠢᠯ | ᠪᠦᠬᠦ ᠰᠢᠶᠠᠨ ᠤ ᠦᠨᠳᠦᠰᠦᠨ ᠨᠢᠭᠡᠴᠢ ᠶᠢᠨ ᠨᠡᠷᠡᠰ ᠤᠨ ᠬᠥᠮᠥᠷᠭᠡ ᠶᠢᠨ ᠬᠥᠳᠡᠯᠦᠩᠭᠦᠢ ᠬᠠᠮᠠᠭᠠᠯᠠᠯᠲᠠ ᠶᠢᠨ | ᠠᠵᠢᠯ ᠢ ᠡᠭᠦᠷᠭᠡᠯᠡᠨ᠎ᠡ᠃ ᠪᠦᠬᠦ ᠰᠢᠶᠠᠨ ᠤ ︽ᠳᠥᠷᠪᠡᠨ ᠳᠡᠭᠡᠭᠰᠢᠬᠢ︾ ᠨᠢᠭᠡᠴᠢ ᠶᠢᠨ ᠬᠥᠮᠥᠷᠭᠡ ᠠᠴᠠ ᠭᠠᠷᠭᠠᠬᠤ | ᠲᠤᠰᠠᠯᠠᠬᠤ ᠴᠢᠨᠠᠷᠲᠠᠢ ᠠᠵᠢᠯ ᠢ ᠡᠭᠦᠷᠭᠡᠯᠡᠨ᠎ᠡ᠃ ᠬᠥᠮᠥᠨ ᠠᠮᠠ᠂ ᠲᠠᠷᠢᠶᠠᠯᠠᠩ᠂ ᠠᠵᠤ ᠠᠬᠤᠢ ᠶᠢᠨ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠵᠢᠴᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠤᠳᠤᠯᠤᠨ ᠲᠣᠭᠲᠠᠭᠠᠬᠤ ᠳᠤ | ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠨᠡᠶᠢᠭᠡᠮ ᠨᠡᠶᠢᠲᠡ ᠳᠤ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠮᠡᠳᠡᠭᠡ | ᠵᠠᠩᠭᠢ ᠶᠢᠨ ᠦᠢᠯᠡᠴᠢᠯᠡᠭᠡ ᠬᠠᠩᠭᠠᠨ᠎ᠠ᠃ ᠪᠦᠬᠦ ᠰᠢᠶᠠᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ | ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠭᠤᠷᠪᠠ︶ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠲᠠᠰᠤᠭ | ᠪᠦᠬᠦ ᠰᠢᠶᠠᠨ ᠤ ᠲᠤᠭ᠎ᠠ ᠪᠦᠷᠢᠳᠬᠡᠯ ᠤᠨ ᠳᠦᠷᠢᠮ ᠤᠨ ᠥᠭᠡᠷᠡᠴᠢᠯᠡᠯᠲᠡ ᠶᠢᠨ ᠲᠥᠯᠦᠪᠵᠢᠭᠦᠯᠭᠡ ᠪᠣᠯᠣᠨ | ᠲᠥᠰᠥᠯ ᠢ ᠲᠤᠭᠤᠷᠪᠢᠨ ᠲᠣᠭᠲᠠᠭᠠᠵᠤ᠂ ᠤᠯᠤᠰ ᠤᠨ ᠲᠤᠭ᠎ᠠ ᠪᠦᠷᠢᠳᠬᠡᠯ ᠤᠨ ᠳᠦᠷᠢᠮ ᠪᠣᠯᠣᠨ ᠲᠤᠭ᠎ᠠ | ᠪᠦᠷᠢᠳᠬᠡᠯ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠪᠦᠬᠦ ᠰᠢᠶᠠᠨ ᠤ ᠡᠯ᠎ᠡ ᠲᠦᠷᠦᠯ ᠤᠨ ᠲᠤᠭ᠎ᠠ ᠪᠦᠷᠢᠳᠬᠡᠯ ᠤᠨ | ᠳᠦᠷᠢᠮ ᠢ ᠲᠤᠭᠤᠷᠪᠢᠨ ᠲᠣᠭᠲᠠᠭᠠᠨ᠎ᠠ᠃ ᠰᠢᠶᠠᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ᠂ ᠪᠠᠶᠢᠴᠠᠭᠠᠯᠲᠠ ᠶᠢᠨ ᠲᠥᠰᠥᠯ ᠢ ᠬᠢᠨᠠᠨ | ᠪᠠᠶᠢᠴᠠᠭᠠᠨ᠎ᠠ᠃ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠤᠭ᠎ᠠ | ᠪᠠᠷᠢᠮᠲᠠ ᠶᠢᠨ ᠬᠥᠮᠥᠷᠭᠡ ᠶᠢ ᠪᠠᠶᠢᠭᠤᠯᠬᠤ᠂ ᠬᠠᠮᠢᠶᠠᠷᠬᠤ ᠪᠠ ᠬᠠᠮᠠᠭᠠᠯᠠᠨ᠎ᠠ᠃ ᠲᠤᠭ᠎ᠠ ᠪᠦᠷᠢᠳᠬᠡᠯ ᠤᠨ ᠬᠠᠤᠯᠢ | ᠳᠦᠷᠢᠮ ᠤᠨ ᠤᠬᠠᠭᠤᠯᠭ᠎ᠠ ᠪᠠ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠢᠬᠦ ᠵᠡᠷᠭᠡ ᠠᠵᠢᠯ ᠢ ᠳᠠᠭᠠᠭᠠᠨ ᠡᠷᠬᠢᠯᠡᠨ᠎ᠡ᠃ | ᠪᠠᠶᠢᠭᠤᠯᠭ᠎ᠠ ᠶᠢᠨ ᠴᠢᠬᠤᠯᠠ ᠶᠡᠭᠡ ᠵᠦᠢᠯᠡᠰ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ᠂ ᠳᠦᠷᠢᠮ ᠲᠣᠭᠲᠠᠭᠠᠯ ᠢ ᠦᠨᠳᠦᠰᠦᠯᠡᠨ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶᠡᠨ ᠳᠣᠲᠣᠷ᠎ᠠ᠂ | ᠪᠦᠬᠦ ᠰᠢᠶᠠᠨ ᠤ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ | ᠡᠭᠦᠷᠭᠡᠯᠡᠵᠦ᠂ ᠲᠤᠭ᠎ᠠ ᠪᠦᠷᠢᠳᠬᠡᠯ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠬᠡᠯ ᠤᠨ ᠡᠷᠬᠡ ᠵᠢᠴᠢ ᠵᠠᠰᠠᠭ | ᠵᠠᠬᠢᠷᠭᠠᠨ ᠤ ᠰᠢᠢᠳᠬᠡᠯ ᠲᠠᠢ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ | ᠠᠯᠪᠠᠳᠠᠯᠭ᠎ᠠ ᠶᠢᠨ ᠡᠭᠦᠷᠭᠡ ᠴᠢᠳᠠᠪᠤᠷᠢ ᠶᠢ ᠬᠡᠷᠡᠭᠵᠢᠭᠦᠯᠦᠨ᠎ᠡ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠲᠠᠪᠤᠳᠤᠭᠠᠷ ᠵᠦᠢᠯ ᠦᠴᠦᠸᠠᠨ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ | ᠵᠠᠬᠢᠷᠭᠠᠨ ᠤ ᠣᠷᠣᠨ ᠲᠤᠭ᠎ᠠ 6 ᠬᠥᠮᠥᠨ᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 2 ᠨᠡᠷ᠎ᠡ | ᠲᠣᠬᠢᠷᠠᠭᠤᠯᠪᠠ᠃ | ᠵᠢᠷᠭᠤᠳᠤᠭᠠᠷ ᠵᠦᠢᠯ ᠦᠴᠦᠸᠠᠨ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠶ᠎ᠠ ᠠᠵᠢᠯ | ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ | ᠲᠤᠨᠢ ᠲᠣᠭᠲᠠᠭᠠᠨ᠎ᠠ᠃ | ᠳᠣᠯᠣᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ | ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠬᠠᠷᠢᠭᠤᠴᠠᠨ | ᠲᠠᠶᠢᠯᠪᠤᠷᠢᠯᠠᠵᠤ᠂ ᠲᠡᠭᠦᠨ ᠤ ᠲᠣᠬᠢᠷᠠᠭᠤᠯᠤᠯᠲᠠ ᠶᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ | ᠭᠡᠷ ᠠᠴᠠ ᠲᠣᠭᠲᠠᠭᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃ | ᠨᠠᠢᠮᠠᠳᠤᠭᠠᠷ ᠵᠦᠢᠯ ᠲᠣᠰ ᠲᠣᠭᠲᠠᠭᠠᠯ ᠢ 2024 ᠣᠨ ᠤ 5 ᠰᠠᠷ᠎ᠠ ᠶᠢᠨ 22 ᠤᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠬᠤᠶᠠᠷ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠰᠢᠨ ᠳ᠋ᠦᠩ ᠵᠡᠭᠡᠯᠢ ᠨᠡᠶᠢᠭᠡᠮ | ᠲᠣᠭᠤᠷᠢᠭ ᠤᠨ 2 ᠳ᠋ᠤᠭᠠᠷ ᠲᠣᠭᠠᠲᠤ | ᠭᠤᠷᠪᠠ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00 14᠄ 30-17᠄ 30 | ᠳᠥᠷᠪᠡ᠂ ᠬᠠᠷᠢᠯᠴᠠᠬᠤ ᠤᠲᠠᠰᠤ᠄ 0471 - 8821600 | ᠲᠠᠪᠤ᠂ ᠬᠠᠷᠢᠭᠤᠴᠠᠯᠭᠠᠲᠠᠨ᠄ ᠯᠢᠦ ᠴᠢᠤᠸᠠᠨ ᠭᠧᠨ | | |