1 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠡᠭᠡᠷ᠎ᠡ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 2024 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2025 ᠣᠨ ᠤ | ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ︾ ᠶᠢ ᠪᠢᠴᠢᠭ ᠤᠨ ᠭᠡᠯᠪᠡᠷᠢ ᠪᠠᠷ ᠶᠡᠭᠡ ᠬᠤᠷᠠᠯ ᠳᠤ ᠬᠢᠨᠠᠨ | ᠵᠥᠪᠯᠡᠭᠦᠯᠬᠦ ᠪᠠᠷ ᠳᠡᠪᠰᠢᠭᠦᠯᠪᠡ᠃ | ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠪᠦᠭᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ 3150.3 ᠳ᠋ᠦᠩᠰᠢᠭᠤᠷ ᠲᠥᠭᠦᠷᠢᠭ ᠲᠤ ᠬᠦᠷᠴᠦ᠂ ᠲᠥᠰᠥᠪ ᠤᠨ 101.6% ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠪᠡ᠃ ᠡᠭᠦᠨ ᠳᠤ᠄ ᠭᠠᠶᠢᠯᠢ ᠶᠢᠨ ᠣᠷᠣᠯᠭ᠎ᠠ 2212.1 | ᠳ᠋ᠦᠩᠰᠢᠭᠤᠷ ᠲᠥᠭᠦᠷᠢᠭ ᠲᠤ ᠬᠦᠷᠴᠦ᠂ 70.2% ᠢ ᠡᠵᠡᠯᠡᠪᠡ; ᠭᠠᠶᠢᠯᠢ ᠶᠢᠨ ᠪᠤᠰᠤ ᠣᠷᠣᠯᠭ᠎ᠠ 938.2 | ᠳ᠋ᠦᠩᠰᠢᠭᠤᠷ ᠲᠥᠭᠦᠷᠢᠭ ᠲᠤ ᠬᠦᠷᠴᠦ᠂ 29.8% ᠶᠢ ᠡᠵᠡᠯᠡᠪᠡ᠃ ᠡᠭᠦᠨ ᠤ ᠳᠡᠭᠡᠷ᠎ᠡ ᠲᠥᠪ ᠤᠨ ᠨᠥᠬᠦᠪᠦᠷᠢ | ᠮᠥᠩᠭᠦ᠂ ᠡᠩ ᠤᠨ ᠥᠭᠴᠡᠭᠡᠨ ᠤ ᠣᠷᠣᠯᠭ᠎ᠠ᠂ ᠰᠢᠯᠵᠢᠭᠦᠯᠦᠨ ᠣᠷᠣᠭᠤᠯᠤᠭᠰᠠᠨ ᠲᠥᠰᠥᠪ ᠤᠨ ᠲᠣᠭᠲᠠᠪᠤᠷᠢᠵᠢᠭᠤᠯᠤᠨ | ᠲᠣᠬᠢᠷᠠᠭᠤᠯᠬᠤ ᠰᠠᠭᠤᠷᠢ ᠮᠥᠩᠭᠦ᠂ ᠰᠢᠯᠵᠢᠭᠦᠯᠦᠨ ᠣᠷᠣᠭᠤᠯᠤᠭᠰᠠᠨ ᠪᠡᠯᠡ ᠮᠥᠩᠭᠦ᠂ ᠲᠦᠷᠦᠭᠦᠦ ᠵᠢᠯ ᠤᠨ ᠲᠠᠰᠤᠯᠤᠨ | ᠪᠤᠳᠤᠵᠤ ᠰᠢᠯᠵᠢᠭᠦᠯᠦᠭᠰᠡᠨ ᠵᠡᠷᠭᠡ ᠣᠷᠣᠯᠭ᠎ᠠ 6116.6 ᠳ᠋ᠦᠩᠰᠢᠭᠤᠷ ᠲᠥᠭᠦᠷᠢᠭ ᠢ ᠨᠡᠮᠡᠪᠡᠯ᠂ ᠣᠷᠣᠯᠭ᠎ᠠ ᠶᠢᠨ | ᠶᠡᠷᠦᠩᠬᠡᠢ ᠬᠡᠮᠵᠢᠶ᠎ᠡ 9266.9 ᠳ᠋ᠦᠩᠰᠢᠭᠤᠷ ᠲᠥᠭᠦᠷᠢᠭ ᠲᠤ ᠬᠦᠷᠴᠡᠢ᠃ ᠪᠦᠭᠦ ᠣᠷᠣᠨ ᠤ ᠡᠩ ᠤᠨ ᠣᠯᠠᠨ | ᠨᠡᠶᠢᠲᠡ ᠶᠢᠨ ᠲᠥᠰᠥᠪ ᠤᠨ ᠵᠠᠷᠤᠯᠭ᠎ᠠ 6928 ᠳ᠋ᠦᠩᠰᠢᠭᠤᠷ ᠲᠥᠭᠦᠷᠢᠭ ᠲᠤ ᠬᠦᠷᠴᠦ᠂ ᠲᠣᠬᠢᠷᠠᠭᠤᠯᠤᠯᠲᠠ ᠬᠢᠭᠰᠡᠨ | ᠲᠥᠰᠥᠪ ᠤᠨ 84.1% ᠶᠢ ᠪᠡᠶᠡᠯᠡᠭᠦᠯᠵᠦ᠂ 1.3% ᠪᠠᠷ ᠨᠡᠮᠡᠭᠳᠡᠪᠡ᠃ ᠡᠭᠦᠨ ᠤ ᠳᠡᠭᠡᠷ᠎ᠡ ᠳᠡᠭᠡᠭᠰᠢ ᠲᠥᠪ ᠬᠤᠷᠢᠶ᠎ᠠ | ᠳᠤ ᠲᠤᠰᠢᠶᠠᠭᠰᠠᠨ᠂ ᠡᠩ ᠤᠨ ᠥᠷᠢ ᠥᠭᠴᠡᠭᠡ ᠶᠢᠨ ᠡᠬᠡ ᠮᠥᠩᠭᠦ ᠶᠢ ᠪᠤᠴᠠᠭᠠᠭᠰᠠᠨ᠂ ᠲᠥᠰᠥᠪ ᠤᠨ | ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠶᠢ ᠨᠥᠬᠦᠪᠦᠷᠢᠯᠡᠭᠰᠡᠨ ᠵᠡᠷᠭᠡ ᠵᠠᠷᠤᠯᠭ᠎ᠠ 1030.5 | ᠳ᠋ᠦᠩᠰᠢᠭᠤᠷ ᠲᠥᠭᠦᠷᠢᠭ ᠢ ᠨᠡᠮᠡᠪᠡᠯ᠂ ᠵᠠᠷᠤᠯᠭ᠎ᠠ ᠶᠢᠨ ᠶᠡᠷᠦᠩᠬᠡᠢ ᠬᠡᠮᠵᠢᠶ᠎ᠡ 7958.5 ᠳ᠋ᠦᠩᠰᠢᠭᠤᠷ ᠲᠥᠭᠦᠷᠢᠭ | ᠪᠣᠯᠣᠨ᠎ᠠ᠃ ᠣᠷᠣᠯᠭ᠎ᠠ ᠵᠠᠷᠤᠯᠭ᠎ᠠ ᠶᠢᠨ ᠶᠡᠷᠦᠩᠬᠡᠢ ᠬᠡᠮᠵᠢᠶ᠎ᠡ ᠶᠢ ᠪᠤᠳᠤᠪᠠᠯ᠂ ᠵᠢᠯ ᠤᠨ ᠡᠴᠦᠰ ᠲᠤ 1308.4 | ᠳ᠋ᠦᠩᠰᠢᠭᠤᠷ ᠲᠥᠭᠦᠷᠢᠭ ᠲᠠᠰᠤᠯᠤᠨ ᠪᠤᠳᠤᠵᠤ ᠰᠢᠯᠵᠢᠭᠦᠯᠬᠦ ᠪᠣᠯᠣᠨ᠎ᠠ᠂ ᠡᠨᠡ ᠨᠢ ᠭᠤᠣᠯᠳᠠᠭᠤ ᠲᠦᠷᠦᠯ ᠵᠦᠢᠯ ᠤᠨ | ᠵᠠᠷᠤᠯᠭ᠎ᠠ ᠶᠢ ᠵᠢᠯ ᠤᠨ ᠡᠴᠦᠰ ᠲᠤ ᠭᠦᠢᠴᠡᠳᠬᠡᠵᠦ ᠳᠠᠭᠤᠰᠬᠠᠭᠰᠠᠨ ᠦᠭᠡᠢ ᠠᠴᠠ ᠪᠣᠯᠵᠤ᠂ ᠳᠠᠷᠠᠭ᠎ᠠ ᠵᠢᠯ ᠳᠤ ᠤᠤᠯ | ᠤᠨ ᠬᠡᠷᠡᠭᠴᠡᠭᠡ ᠶᠣᠰᠣᠭᠠᠷ ᠦᠷᠭᠦᠯᠵᠢᠯᠡᠨ ᠬᠡᠷᠡᠭᠯᠡᠬᠦ ᠴᠢᠬᠤᠯᠠᠲᠠᠢ ᠪᠡᠯᠡ ᠮᠥᠩᠭᠦ ᠪᠣᠯᠣᠨ᠎ᠠ᠃ | 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ | ᠵᠢᠯ ᠪᠣᠯᠣᠨ᠎ᠠ᠂ ᠮᠥᠨᠴᠦ᠂ ᠮᠠᠨ ᠤ ᠣᠷᠣᠨ ᠤ ᠲᠡᠭ ᠠᠴᠠ ᠡᠬᠢᠯᠡᠭᠦᠯᠬᠦ ᠲᠥᠰᠥᠪ ᠤᠨ ᠥᠭᠡᠷᠡᠴᠢᠯᠡᠯᠲᠡ ᠶᠢ | ᠬᠡᠷᠡᠭᠵᠢᠭᠦᠯᠬᠦ ᠠᠩᠬᠠᠨ ᠤ ᠵᠢᠯ ᠪᠣᠯᠣᠨ᠎ᠠ᠂ ᠲᠥᠰᠥᠪ ᠢ ᠰᠠᠶᠢᠲᠤᠷ ᠨᠠᠶᠢᠷᠠᠭᠤᠯᠤᠨ ᠵᠣᠬᠢᠶᠠᠬᠤ ᠨᠢ ᠴᠢᠬᠤᠯᠠ ᠶᠡᠭᠡ | ᠠᠴᠢ ᠬᠤᠯᠪᠣᠭᠳᠠᠯ ᠲᠠᠢ ᠶᠤᠮ᠃ ᠪᠦᠭᠦ ᠣᠷᠣᠨ ᠤ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ | ᠵᠢᠱᠢᠯᠲᠡ ᠪᠠᠷ 3150 ᠳ᠋ᠦᠩᠰᠢᠭᠤᠷ ᠲᠥᠭᠦᠷᠢᠭ ᠲᠤ ᠬᠦᠷᠴᠦ᠂ 2024 ᠣᠨ ᠤ ᠪᠣᠳᠠᠲᠠᠢ ᠪᠡᠶᠡᠯᠡᠭᠦᠯᠦᠭᠰᠡᠨ | ᠲᠤᠭ᠎ᠠ ᠲᠠᠢ ᠲᠡᠩᠴᠡᠭᠦᠦ ᠪᠣᠯᠣᠨ᠎ᠠ᠃ ᠪᠦᠭᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ | 6950 ᠳ᠋ᠦᠩᠰᠢᠭᠤᠷ ᠲᠥᠭᠦᠷᠢᠭ ᠲᠣᠬᠢᠷᠠᠭᠤᠯᠵᠤ᠂ 22 ᠳ᠋ᠦᠩᠰᠢᠭᠤᠷ ᠲᠥᠭᠦᠷᠢᠭ ᠨᠡᠮᠡᠭᠳᠡᠭᠦᠯᠦᠨ᠂ 0.3% ᠪᠠᠷ | ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ | ᠭᠤᠣᠯᠳᠠᠯᠭ᠎ᠠ ᠲᠠᠢ ᠵᠠᠷᠤᠯᠭ᠎ᠠ ᠶᠢ ᠭᠤᠣᠯᠳᠠᠭᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠶᠢ ᠳᠡᠮᠵᠢᠬᠦ᠂ ᠬᠡᠷᠡᠭᠯᠡᠭᠡ ᠶᠢ ᠬᠥᠭᠵᠢᠭᠡᠵᠦ ᠪᠡᠯᠡ ᠣᠷᠣᠭᠤᠯᠤᠯᠲᠠ ᠶᠢᠨ ᠦᠷ᠎ᠡ ᠠᠰᠢᠭ ᠢ | ᠳᠡᠭᠡᠭᠰᠢᠯᠡᠭᠦᠯᠭᠦ ᠶᠢ ᠳᠡᠮᠵᠢᠬᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠬᠤ ᠶᠢ ᠳᠡᠮᠵᠢᠬᠦ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠳᠡᠮᠵᠢᠬᠦ᠂ ᠠᠮᠢ ᠠᠬᠤᠢ ᠣᠷᠴᠢᠨ ᠲᠣᠭᠤᠷᠢᠨ ᠤ ᠶᠠᠰᠤ | ᠴᠢᠨᠠᠷ ᠢ ᠰᠠᠶᠢᠵᠢᠷᠠᠭᠤᠯᠬᠤ ᠶᠢ ᠳᠡᠮᠵᠢᠬᠦ᠂ ᠠᠶᠤᠯ ᠲᠦᠭᠰᠢᠭᠦᠷᠢ ᠶᠢ ᠣᠨᠣᠪᠴᠢᠲᠠᠶ ᠰᠡᠷᠭᠡᠶᠢᠯᠡᠨ ᠠᠷᠢᠯᠭᠠᠬᠤ ᠶᠢ | ᠳᠡᠮᠵᠢᠬᠦ ᠳᠤ ᠬᠡᠷᠡᠭᠯᠡᠬᠦ ᠪᠣᠯᠣᠨ᠎ᠠ᠃ | | |