1 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠡᠭᠡᠷ᠎ᠡ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2025 ᠣᠨ ᠤ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ︾ ᠶᠢ | ᠪᠢᠴᠢᠭ ᠤᠨ ᠭᠡᠯᠪᠡᠷᠢ ᠪᠠᠷ ᠶᠡᠭᠡ ᠬᠤᠷᠠᠯ ᠳᠤ ᠬᠢᠨᠠᠨ ᠪᠠᠶᠢᠴᠠᠭᠠᠯᠭᠠᠬᠤ ᠪᠠᠷ ᠳᠡᠪᠰᠢᠭᠦᠯᠪᠡ᠃ | ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ 2024 ᠣᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ᠂ ᠨᠠᠢᠮᠠᠳᠤᠭᠠᠷ ᠪᠦᠭᠦᠳᠡ ᠬᠤᠷᠠᠯ᠂ | ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ | ᠰᠢᠢᠳᠪᠦᠷᠢ ᠵᠢᠴᠢ ᠬᠢᠨᠠᠨ ᠵᠥᠪᠯᠡᠵᠦ ᠵᠥᠪᠰᠢᠶᠡᠷᠡᠭᠰᠡᠨ 2024 ᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠢᠨᠠᠮᠠᠭᠠᠢ ᠬᠡᠷᠡᠭᠵᠢᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ ᠠᠭᠤᠰᠤᠯᠴᠠᠬᠤ ᠶᠢ ᠲᠦᠷᠭᠡᠳᠬᠡᠵᠦ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ | ᠰᠠᠶᠢᠲᠤᠷ ᠠᠳᠬᠤᠵᠤ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠪᠠᠶᠢᠳᠠᠯ ᠢᠯᠡᠷᠡᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠲᠠᠯ᠎ᠠ ᠪᠠᠷ | ᠢᠳᠡᠪᠬᠢᠲᠡᠢ ᠦᠷ᠎ᠡ ᠪᠦᠲᠦᠮᠵᠢ ᠣᠯᠪᠠ᠃ ᠲᠦᠷᠦᠭᠦᠦ ᠭᠤᠷᠪᠠᠨ ᠤᠯᠠᠷᠢᠯ ᠳᠤ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ 17875.5 ᠳ᠋ᠦᠩᠰᠢᠭᠤᠷ ᠲᠥᠭᠦᠷᠢᠭ ᠲᠤ ᠬᠦᠷᠴᠦ᠂ 5.8% ᠪᠠᠷ | ᠨᠡᠮᠡᠭᠳᠡᠨ᠂ ᠪᠦᠭᠦ ᠤᠯᠤᠰ ᠤᠨ ᠲᠡᠭᠰᠢᠳᠬᠡᠭᠰᠡᠨ ᠲᠦᠪᠰᠢᠨ ᠠᠴᠠ ᠵᠠᠭᠤᠨ ᠤ ᠬᠠᠷᠢᠴᠠᠯ ᠢᠶᠠᠷ 1 ᠬᠤᠪᠢ ᠥᠨᠳᠥᠷ | ᠪᠣᠯᠵᠤ᠂ ᠪᠦᠭᠦ ᠤᠯᠤᠰ ᠤᠨ ᠳᠥᠷᠪᠡᠳᠦᠭᠡᠷ ᠲᠤ ᠣᠷᠣᠪᠠ᠃ | 2025 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠦᠨ᠎ᠡ᠃ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ᠃ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 4% ᠠᠴᠠ ᠳᠡᠭᠡᠭᠰᠢ ᠨᠡᠮᠡᠭᠳᠡᠭᠦᠯᠦᠨ᠎ᠡ᠃ ᠬᠤᠲᠠ | ᠪᠠᠯᠭᠠᠰᠤᠨ ᠤ 18 ᠲᠦᠮᠡ ᠠᠴᠠ ᠳᠡᠭᠡᠭᠰᠢᠬᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ | ᠪᠠᠶᠢᠴᠠᠭᠠᠭᠰᠠᠨ ᠠᠵᠢᠯ ᠠᠯᠳᠠᠭᠰᠠᠨ ᠨᠣᠷᠮ᠎ᠠ ᠶᠢ 5.5% ᠣᠷᠴᠢᠮ ᠢᠶᠠᠷ ᠭᠢᠵᠠᠭᠠᠷᠯᠠᠨ᠎ᠠ᠃ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠨ᠎ᠠ᠃ | ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠦᠯᠲᠡ ᠶᠢᠨ ᠬᠡᠮᠵᠢᠶ᠎ᠡ ᠶᠢ 2% ᠣᠷᠴᠢᠮ | ᠪᠠᠶᠢᠯᠭᠠᠨ᠎ᠠ᠃ ᠤᠯᠤᠰ ᠠᠴᠠ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠶᠢᠨ | ᠬᠤᠷᠣᠭᠳᠠᠭᠤᠯᠤᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | | |