ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2025/1/17
   ᠨᠢᠭᠡ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ    ᠨᠢᠭᠡᠳᠦᠭᠡᠷ ᠵᠦᠢᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃    ᠬᠤᠶᠠᠳᠤᠭᠠᠷ ᠵᠦᠢᠯ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠯ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠣᠯᠣᠨ᠎ᠠ᠃ ᠦᠴᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠲᠣᠬᠢᠷᠠᠭᠤᠯᠪᠠ᠃    ᠭᠤᠷᠪᠠᠳᠤᠭᠠᠷ ᠵᠦᠢᠯ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ᠄    ︵ᠨᠢᠭᠡ︶ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠡᠯ᠎ᠡ ᠰᠢᠶᠠᠩ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠲᠦᠷᠦᠯ᠂ ᠪᠠᠶᠢᠭᠠᠯᠢ ᠶᠢᠨ ᠭᠠᠮᠰᠢᠭ ᠤᠨ ᠲᠦᠷᠦᠯ ᠵᠡᠷᠭᠡ ᠭᠡᠨᠡᠳᠲᠡ ᠶᠢᠨ ᠬᠡᠷᠡᠭ ᠪᠣᠯᠣᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠶᠡᠷᠦᠩᠬᠡᠶᠢᠯᠡᠨ ᠵᠢᠯᠤᠭᠤᠳᠬᠤ ᠠᠵᠢᠯ ᠢ ᠵᠢᠯᠣᠭᠤᠳᠤᠨ᠎ᠠ᠃ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠬᠤᠶᠠᠷ︶ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠶᠡᠷᠦᠩᠬᠡᠶᠢᠯᠡᠭᠰᠡᠨ ᠲᠥᠯᠦᠪᠵᠢᠭᠦᠯᠭᠡ ᠵᠢᠴᠢ ᠬᠡᠷᠡᠭᠵᠢᠭᠦᠯᠬᠦ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃    ︵ᠭᠤᠷᠪᠠ︶ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠤᠭᠤᠳᠴᠤ᠂ ᠤᠯᠤᠰ ᠤᠨ ᠠᠳᠡᠯ ᠤᠨ ᠭᠠᠮᠰᠢᠭ ᠪᠣᠯᠣᠨ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ ᠪᠣᠯᠣᠨ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠢ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠥᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠰᠢᠶᠠᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃    ︵ᠳᠥᠷᠪᠡ︶ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠵᠤ᠂ ᠮᠡᠳᠡᠭᠡ ᠵᠠᠩᠭᠢ ᠳᠠᠮᠵᠢᠭᠤᠯᠬᠤ ᠠᠷᠭ᠎ᠠ ᠵᠠᠮ ᠤᠨ ᠲᠥᠯᠦᠪᠵᠢᠭᠦᠯᠭᠡ ᠪᠣᠯᠣᠨ ᠪᠠᠶᠢᠷᠢᠯᠠᠭᠤᠯᠬᠤ ᠠᠵᠢᠯ ᠢ ᠲᠦᠯᠬᠢᠨ ᠠᠬᠢᠭᠤᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠵᠤ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤ ᠳᠠᠭᠠᠨ ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃    ︵ᠲᠠᠪᠤ︶ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠲᠦᠷᠦᠯ᠂ ᠪᠠᠶᠢᠭᠠᠯᠢ ᠶᠢᠨ ᠭᠠᠮᠰᠢᠭ ᠤᠨ ᠲᠦᠷᠦᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠵᠤ᠂ ᠦᠴᠦᠸᠠᠨ ᠰᠢᠶᠠᠨ ᠤ ᠬᠦᠨᠳᠦ ᠶᠡᠭᠡ ᠭᠠᠮᠰᠢᠭ ᠢ ᠠᠷᠭᠠᠴᠠᠬᠤ ᠶᠢᠨ ᠵᠢᠯᠤᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠬᠤ ᠰᠠᠨᠠᠭᠤᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ᠂ ᠬᠤᠳᠠ ᠪᠣᠯᠣᠨ ᠰᠢᠶᠠᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠢ ᠬᠠᠮᠵᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃    ︵ᠵᠢᠷᠭᠤᠭ᠎ᠠ︶ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ ᠰᠢᠶᠠᠨ ᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠮᠡᠷᠭᠡᠵᠢᠯ ᠤᠨ ᠡᠩᠨᠡᠭᠡ ᠶᠢ ᠵᠣᠬᠢᠴᠠᠭᠤᠯᠤᠨ ᠵᠢᠯᠤᠭᠤᠳᠴᠤ᠂ ᠪᠥᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠶᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠵᠢᠯᠤᠭᠤᠳᠬᠤ ᠲᠠᠪᠴᠠᠩ ᠢ ᠵᠣᠯᠭᠠᠭᠤᠯᠬᠤ ᠶᠢ ᠠᠬᠢᠭᠤᠯᠵᠤ᠂ ᠭᠠᠯ ᠤᠨᠲᠠᠷᠠᠭᠠᠬᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ ᠵᠣᠯᠭᠠᠯᠳᠤᠭᠤᠯᠤᠨ ᠮᠠᠨ ᠤ ᠰᠢᠶᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ᠃ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠵᠢᠯᠤᠭᠤᠳᠴᠤ᠂ ᠡᠭᠦᠷᠭᠡ ᠬᠠᠷᠢᠭᠤᠴᠠᠯᠭ᠎ᠠ ᠪᠠ ᠡᠷᠬᠡ ᠶᠢᠨ ᠬᠢᠵᠠᠭᠠᠷ ᠶᠣᠰᠣᠭᠠᠷ ᠭᠠᠯ ᠤᠨᠲᠠᠷᠠᠭᠠᠬᠤ᠂ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠤᠨᠲᠠᠷᠠᠭᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ᠂ ᠭᠠᠵᠠᠷ ᠬᠥᠳᠡᠯᠦᠯᠲᠡ ᠪᠠ ᠭᠠᠵᠠᠷ ᠰᠢᠨᠵᠢᠯᠡᠭᠡᠨ ᠤ ᠭᠠᠮᠰᠢᠭ ᠠᠴᠠ ᠠᠪᠤᠷᠠᠬᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠠᠴᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ ᠵᠣᠬᠢᠴᠠᠭᠤᠯᠤᠨ ᠵᠢᠯᠤᠭᠤᠳᠴᠤ᠂ ᠡᠯ᠎ᠡ ᠭᠠᠵᠠᠷ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃    ︵ᠳᠤᠯᠤᠭ᠎ᠠ︶ᠡᠷᠬᠡ ᠮᠡᠳᠡᠯ ᠤᠨ ᠶᠣᠰᠣᠭᠠᠷ ᠪᠦᠬᠦ ᠰᠢᠶᠠᠨ ᠤ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠬᠤ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠤᠨ᠎ᠠ᠃    ︵ᠨᠠᠢᠮᠠ︶ᠪᠦᠬᠦ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠠᠶᠤᠯ᠂ ᠦᠶᠡᠷ ᠭᠠᠩ ᠬᠠᠭᠰᠠᠷᠠᠭᠠᠨ ᠤ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠤᠨ ᠭᠠᠮᠰᠢᠭ ᠵᠡᠷᠭᠡ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠤᠭᠤᠳᠴᠤ᠂ ᠪᠦᠬᠦ ᠰᠢᠶᠠᠨ ᠤ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠵᠤ᠂ ᠪᠦᠬᠦ ᠰᠢᠶᠠᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃    ︵ᠶᠢᠰᠦ︶ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠬᠤ ᠬᠠᠨᠳᠢᠪ ᠤᠨ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠵᠢᠴᠢ ᠰᠢᠶᠠᠨ ᠤ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠤᠨ ᠬᠤᠪᠢᠶᠠᠷᠢᠯᠠᠬᠤ ᠶᠢᠨ ᠬᠠᠮᠲᠤ ᠠᠰᠢᠭᠯᠠᠯᠲᠠ ᠳᠤ ᠬᠢᠨᠠᠯᠲᠠ ᠲᠠᠯᠪᠢᠨ᠎ᠠ᠃    ︵ᠠᠷᠪᠠ︶ᠦᠴᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ᠂ ᠪᠦᠬᠦ ᠰᠢᠶᠠᠨ ᠤ ᠡᠯ᠎ᠡ ᠡᠭᠦᠳᠡ᠂ ᠡᠯ᠎ᠡ ᠰᠢᠶᠠᠩ ᠪᠠᠯᠭᠠᠰᠤ ᠵᠢᠴᠢ ᠨᠡᠭᠡᠭᠡᠨ ᠬᠥᠭᠵᠢᠭᠦᠯᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠠᠷᠪᠠᠨ ᠨᠢᠭᠡ︶ᠱᠠᠲᠤ ᠬᠤᠪᠢᠶᠠᠬᠤ᠂ ᠬᠠᠷᠢᠶ᠎ᠠ ᠭᠠᠵᠠᠷ ᠤᠨ ᠵᠠᠷᠴᠢᠮ ᠶᠣᠰᠣᠭᠠᠷ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠵᠢᠴᠢ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ ᠪᠣᠯᠣᠨ ᠬᠤᠯᠪᠣᠭᠳᠠᠯ ᠪᠦᠬᠦᠢ ᠲᠥᠬᠦᠭᠡᠷᠦᠮᠵᠢ ︵ᠣᠨᠴᠠ ᠲᠥᠷᠥᠯ ᠤᠨ ᠲᠣᠨᠤᠭ ᠲᠥᠬᠦᠭᠡᠷᠦᠮᠵᠢ ᠡᠭᠦᠨ ᠳᠤ ᠪᠠᠭᠲᠠᠬᠤ ᠦᠭᠡᠢ︶ ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠨ ᠣᠷᠣᠭᠤᠯᠬᠤ ᠳᠦᠷᠢᠮ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠦᠬᠦ ᠰᠢᠶᠠᠨ ᠤ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠪᠣᠯᠣᠨ ᠬᠤᠸᠠᠷ ᠫᠤᠤᠵᠢᠩ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠠᠷᠪᠠᠨ ᠬᠤᠶᠠᠷ︶ᠡᠩ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠤᠭᠤᠳᠴᠤ᠂ ᠠᠳᠡᠯ ᠢ ᠪᠠᠶᠢᠴᠠᠭᠠᠨ ᠰᠢᠢᠳᠪᠦᠷᠢᠯᠡᠭᠰᠡᠨ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠨ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠠᠷᠪᠠᠨ ᠭᠤᠷᠪᠠ︶ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠨᠣᠭᠯᠠᠯ ᠤᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠶᠠᠨ ᠤ ᠠᠮᠤ ᠪᠤᠳᠠᠭ᠎ᠠ ᠪᠠ ᠡᠳ᠋ ᠪᠣᠳᠠᠰ ᠢ ᠨᠥᠭᠡᠴᠡᠯᠡᠬᠦ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠮᠡᠳᠡᠭᠡ ᠵᠠᠩᠭᠢ ᠶᠢᠨ ᠲᠠᠪᠴᠠᠩ ᠪᠠ ᠰᠢᠯᠵᠢᠭᠦᠯᠦᠨ ᠥᠭᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠮᠰᠢᠭ ᠠᠴᠠ ᠠᠪᠤᠷᠠᠬᠤ ᠦᠶ᠎ᠡ ᠳᠤ ᠨᠢᠭᠡᠳᠦᠯᠲᠡᠢ ᠲᠣᠬᠢᠷᠠᠭᠤᠯᠤᠨ᠎ᠠ᠃    ︵ᠠᠷᠪᠠᠨ ᠳᠥᠷᠪᠡ︶ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠣᠯᠣᠨ ᠪᠣᠯᠪᠠᠰᠤᠷᠠᠯ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃     ︵ᠠᠷᠪᠠᠨ ᠲᠠᠪᠤ︶ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠵᠢᠷᠭᠤᠭ᠎ᠠ︶ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃    ︵ᠠᠷᠪᠠᠨ ᠳᠣᠯᠤᠭ᠎ᠠ︶ᠡᠭᠦᠷᠭᠡ ᠴᠢᠳᠠᠪᠤᠷᠢ ᠶᠢᠨ ᠬᠤᠪᠢᠷᠠᠯᠲᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭᠵᠢᠭᠦᠯᠵᠦ᠂ ᠨᠢᠭᠡᠳᠦᠯᠲᠡᠢ ᠲᠥᠯᠥᠪᠵᠢᠭᠦᠯᠵᠦ᠂ ᠨᠢᠭᠡᠳᠦᠯᠲᠡᠢ ᠤᠳᠤᠷᠢᠳᠤᠭᠰᠠᠨ᠂ ᠡᠷᠬᠡ ᠬᠠᠷᠢᠭᠤᠴᠠᠯᠭ᠎ᠠ ᠨᠢᠭᠡᠳᠦᠯᠲᠡᠢ᠂ ᠡᠷᠬᠡ ᠰᠦᠷ ᠲᠠᠢ ᠥᠨᠳᠥᠷ ᠪᠦᠲᠦᠮᠵᠢᠲᠡᠶ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠰᠢᠰᠲ᠋ᠧᠮ ᠢ ᠪᠠᠶᠢᠭᠤᠯᠵᠤ᠂ ᠨᠢᠭᠡᠳᠦᠯᠲᠡᠢ ᠵᠢᠯᠣᠭᠤᠳᠤᠭᠰᠠᠨ᠂ ᠲᠤᠰᠬᠠᠢ ᠪᠠ ᠪᠠᠶᠢᠩᠭᠤ ᠬᠤᠣᠰᠯᠠᠭᠰᠠᠨ᠂ ᠲᠤᠰᠬᠠᠯ ᠢᠶᠠᠷ ᠬᠤᠷᠴᠠ ᠰᠡᠷᠭᠡᠭ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠭᠰᠡᠨ᠂ ᠡᠩ ᠤᠨ ᠦᠶ᠎ᠡ ᠪᠠ ᠲᠡᠶᠢᠨ ᠤ ᠦᠶ᠎ᠡ ᠶᠢ ᠤᠶᠠᠯᠳᠤᠭᠤᠯᠤᠭᠰᠠᠨ ᠳᠤᠮᠳᠠᠳᠤ ᠤᠯᠤᠰ ᠤᠨ ᠣᠨᠴᠠᠯᠢᠭ ᠲᠠᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠢ ᠪᠣᠶ ᠪᠣᠯᠭᠠᠬᠤ ᠶᠢ ᠠᠬᠢᠭᠤᠯᠤᠨ᠎ᠠ᠃ ᠨᠢᠭᠡ ᠳᠤ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠡᠪ ᠤᠨ ᠪᠠᠶᠢᠳᠠᠯ ᠢᠶᠠᠷ ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠶᠢᠳᠠᠯ ᠢᠶᠠᠷ ᠭᠠᠮᠰᠢᠭ ᠠᠴᠠ ᠠᠪᠤᠷᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ ᠴᠢᠬᠤᠯᠠᠴᠢᠯᠠᠵᠤ ᠪᠠᠶᠢᠭᠰᠠᠨ ᠠᠴᠠ ᠭᠠᠮᠰᠢᠭ ᠠᠴᠠ ᠡᠮᠦᠨᠡᠬᠢ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠬᠤ᠂ ᠳᠠᠩ ᠭᠠᠭᠴᠠ ᠭᠠᠮᠰᠢᠭ ᠢ ᠠᠷᠭᠠᠴᠠᠭᠠᠬᠤ ᠠᠴᠠ ᠶᠡᠷᠦᠩᠬᠡᠶᠢᠯᠡᠭᠰᠡᠨ ᠭᠠᠮᠰᠢᠭ ᠢ ᠪᠠᠭᠠᠰᠬᠠᠬᠤ ᠲᠡᠶᠢᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠭᠰᠠᠨ ᠠᠴᠠ ᠭᠠᠮᠰᠢᠭ ᠤᠨ ᠲᠦᠭᠰᠢᠭᠦᠷᠢ ᠶᠢ ᠪᠠᠭᠠᠰᠬᠠᠬᠤ ᠲᠡᠶᠢᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠢᠷᠢ ᠲᠦᠪᠰᠢᠨ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠤᠶᠠᠷ ᠲᠤ᠂ ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠰᠣᠷᠢᠯᠲᠠ ᠶᠢ ᠴᠢᠩᠭᠠᠳᠬᠠᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠣᠯᠠᠨ ᠨᠡᠶᠢᠲᠡ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠬᠥᠮᠥᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠦᠨᠡᠨ ᠬᠦ ᠪᠠᠭᠠᠰᠬᠠᠨ᠎ᠠ᠃ ᠭᠤᠷᠪᠠ ᠳᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠨ᠎ᠠ᠃    ︵ᠠᠷᠪᠠᠨ ᠨᠠᠶᠢᠮᠠ︶ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃    1. ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠪᠤᠷᠠᠬᠤ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃    ︵1︶ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ ᠪᠣᠯᠣᠨ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠢ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠥᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠤᠭᠤᠳᠴᠤ ᠵᠣᠬᠢᠴᠠᠭᠤᠯᠤᠨ᠎ᠠ︔ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢᠨ ᠬᠠᠮᠲᠤ ᠡᠷᠬᠡ ᠶᠢᠨ ᠬᠢᠵᠠᠭᠠᠷ ᠶᠣᠰᠣᠭᠠᠷ ᠲᠣᠭᠲᠠᠭᠠᠯ ᠭᠠᠷᠭᠠᠨ᠎ᠠ︔ ᠬᠦᠨᠳᠦ ᠶᠡᠭᠡ ᠭᠠᠮᠰᠢᠭ ᠢ ᠠᠷᠭᠠᠴᠠᠬᠤ ᠶᠢᠨ ᠵᠢᠯᠤᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠂ ᠬᠤᠲᠠ ᠵᠢᠴᠢ ᠰᠢᠶᠠᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠢ ᠬᠠᠮᠵᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠦᠶᠡᠷ ᠤᠰᠤᠳᠤᠯ ᠤᠨ ᠭᠠᠮᠰᠢᠭ᠂ ᠭᠠᠵᠠᠷ ᠬᠥᠳᠡᠯᠦᠯᠲᠡ ᠪᠣᠯᠣᠨ ᠭᠠᠵᠠᠷ ᠤᠨ ᠭᠠᠮᠰᠢᠭ ᠵᠡᠷᠭᠡ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ︔ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠨᠢᠭᠡᠳᠦᠯᠲᠡᠢ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠵᠤ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ ᠣᠯᠠᠨ ᠵᠦᠢᠯ ᠤᠨ ᠭᠠᠮᠰᠢᠭ ᠤᠨ ᠲᠥᠷᠥᠯ ᠵᠦᠢᠯ ᠪᠠ ᠭᠠᠮᠰᠢᠭ ᠤᠨ ᠬᠡᠯᠬᠢᠶ᠎ᠡ ᠶᠢᠨ ᠶᠡᠷᠦᠩᠬᠡᠶᠢᠯᠡᠭᠰᠡᠨ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠡᠷᠬᠡ ᠣᠯᠭᠤᠭᠰᠠᠨ ᠶᠣᠰᠣᠭᠠᠷ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠯ ᠤᠨ ᠠᠶᠤᠯ ᠤᠨ ᠲᠦᠭᠰᠢᠭᠦᠷᠢ᠂ ᠭᠠᠯ ᠤᠨ ᠠᠶᠤᠯ ᠤᠨ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠬᠠᠷᠢᠭᠤᠴᠠᠨ᠎ᠠ᠃    ︵2︶ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠪᠣᠯᠣᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ︔ ᠭᠠᠵᠠᠷ ᠤᠨ ᠭᠠᠢ ᠭᠠᠮᠰᠢᠭ ᠢ ᠪᠠᠶᠢᠴᠠᠭᠠᠵᠤ ᠦᠨᠡᠯᠡᠬᠦ ᠵᠢᠴᠢ ᠳᠠᠯᠳᠠ ᠭᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠤᠭᠤᠳᠬᠤ ᠪᠠ ᠬᠢᠨᠠᠯᠲᠠ ᠲᠠᠯᠪᠢᠨ᠎ᠠ︔ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠢ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ︔ ᠭᠠᠵᠠᠷ ᠤᠨ ᠭᠠᠢ ᠭᠠᠮᠰᠢᠭ ᠤᠨ ᠪᠠᠷᠢᠯᠭ᠎ᠠ ᠶᠢ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ︔ ᠭᠠᠵᠠᠷ ᠤᠨ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃    ︵3︶ᠤᠰᠤᠨ ᠤ ᠶᠠᠪᠤᠳᠠᠯ ᠤᠨ ᠲᠣᠪᠴᠢᠶ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠦᠶᠡᠷ ᠤᠨ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠪᠣᠯᠣᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ︔ ᠤᠰᠤᠨ ᠤ ᠪᠠᠶᠢᠳᠠᠯ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ︔ ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠣᠯᠣᠨ ᠴᠢᠬᠤᠯᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠦᠶᠡᠷ ᠤᠨ ᠭᠠᠮᠰᠢᠭ ᠢ ᠰᠡᠷᠭᠡᠶᠢᠯᠡᠨ ᠲᠣᠬᠢᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠳᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠦᠶᠡᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃    ︵4︶ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ︔ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠬᠤ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠡᠬᠢᠨ ᠤ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃    ︵5︶ᠪᠣᠳᠠᠲᠤ ᠪᠠᠶᠢᠳᠠᠯ ᠢ ᠦᠨᠳᠦᠰᠦᠯᠡᠨ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠵᠥᠪᠳᠡᠯᠴᠡᠵᠦ ᠪᠣᠯᠣᠨ᠎ᠠ᠂ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠪᠠᠶᠢᠭᠤᠯᠤᠮᠵᠢ ᠶᠢᠨ ᠨᠡᠷ᠎ᠡ ᠪᠠᠷ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠵᠤ ᠪᠣᠯᠣᠨ᠎ᠠ᠃    2. ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠪᠦᠬᠦ ᠰᠢᠶᠠᠨ ᠤ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃    ︵1︶ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠤᠷᠠᠳᠤᠭᠰᠠᠨ ᠪᠦᠬᠦ ᠰᠢᠶᠠᠨ ᠤ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠬᠡᠷᠡᠭᠴᠡᠭᠡ ᠪᠠ ᠰᠢᠯᠵᠢᠭᠦᠯᠦᠨ ᠬᠡᠷᠡᠭᠯᠡᠬᠦ ᠰᠢᠢᠳᠪᠦᠷᠢᠲᠦ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠪᠠ᠃ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠣᠨ ᠤ ᠬᠤᠳᠠᠯᠳᠤᠨ ᠠᠪᠬᠤ ᠲᠥᠯᠥᠪᠯᠡᠭᠡ ᠶᠢ ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ ᠰᠢᠯᠵᠢᠭᠦᠯᠦᠨ ᠬᠡᠷᠡᠭᠯᠡᠬᠦ ᠵᠠᠷᠯᠢᠭ ᠪᠠᠭᠤᠯᠭᠠᠨ᠎ᠠ᠃    ︵2︶ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠦᠴᠦᠸᠠᠨ ᠰᠢᠶᠠᠨ ᠤ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠲᠥᠯᠦᠪᠵᠢᠭᠦᠯᠭᠡ᠂ ᠲᠥᠷᠥᠯ ᠵᠦᠢᠯ ᠤᠨ ᠭᠠᠷᠴᠠᠭ ᠪᠣᠯᠣᠨ ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠪᠦᠬᠦ ᠰᠢᠶᠠᠨ ᠤ ᠭᠠᠮᠰᠢᠭ ᠠᠴᠠ ᠠᠪᠤᠷᠠᠬᠤ ᠡᠳ᠋ ᠪᠣᠳᠠᠰ ᠢ ᠬᠤᠷᠢᠶᠠᠨ ᠨᠥᠭᠡᠴᠡᠯᠡᠬᠦ᠂ ᠡᠭᠡᠯᠵᠢᠯᠡᠭᠦᠯᠬᠦ ᠪᠠ ᠡᠳᠦᠷ ᠲᠤᠳᠤᠮ ᠤᠨ ᠬᠠᠮᠢᠶᠠᠷᠤᠯᠲᠠ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠡᠷᠡᠭᠯᠡᠬᠦ ᠵᠠᠷᠯᠢᠭ ᠢ ᠦᠨᠳᠦᠰᠦᠯᠡᠨ ᠳᠡᠰ ᠳᠠᠷᠠᠭᠠᠯᠠᠯ ᠶᠣᠰᠣᠭᠠᠷ ᠵᠣᠬᠢᠶᠠᠨ ᠪᠠᠶᠢᠭᠤᠯᠵᠤ ᠰᠢᠯᠵᠢᠭᠦᠯᠦᠨ ᠭᠠᠷᠭᠠᠨ᠎ᠠ᠃    ᠳᠥᠷᠪᠡᠳᠦᠭᠡᠷ ᠵᠦᠢᠯ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠲᠣᠬᠢᠷᠠᠭᠤᠯᠪᠠ᠄    ︵ᠨᠢᠭᠡ︶ᠶᠡᠷᠦᠩᠬᠡᠶᠢᠯᠡᠭᠰᠡᠨ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠲᠡᠷᠭᠡ ᠬᠥᠰᠬᠡ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠵᠦ᠂ ᠰᠠᠯᠠᠭ᠎ᠠ ᠮᠥᠴᠢᠷ ᠤᠨ ᠲᠥᠰᠥᠪ ᠪᠠ ᠲᠥᠰᠥᠪ ᠤᠨ ᠭᠦᠢᠴᠡᠳᠬᠡᠯ᠂ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ ᠪᠠ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ ᠵᠡᠷᠭᠡ ᠠᠵᠢᠯ ᠢ ᠬᠠᠷᠢᠭᠤᠴᠠᠨ᠎ᠠ᠃ ᠪᠦᠬᠦ ᠲᠠᠯ᠎ᠠ ᠶᠢᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠪᠣᠯᠣᠨ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠡᠪ ᠬᠠᠮᠲᠤ ᠵᠠᠯᠠᠭᠤᠴᠤᠳ ᠤᠨ ᠡᠪᠯᠡᠯ ᠪᠣᠯᠣᠨ ᠤᠯᠠᠨ ᠲᠦᠮᠡᠨ ᠤ ᠠᠵᠢᠯ ᠢ ᠬᠠᠷᠢᠭᠤᠴᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠠᠶᠤᠯᠭᠦᠢ ᠦᠢᠯᠡᠳᠪᠦᠷᠢᠯᠡᠯ ᠤᠨ ᠰᠣᠨᠢᠨ ᠮᠡᠳᠡᠭᠡᠨ ᠤ ᠤᠬᠠᠭᠤᠯᠭ᠎ᠠ᠂ ᠪᠠᠶᠢᠳᠠᠯ ᠢ ᠠᠷᠭᠠᠴᠠᠬᠤ᠂ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠵᠦ᠂ ᠤᠯᠠᠨ ᠨᠡᠶᠢᠲᠡ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠥᠷᠨᠢᠭᠦᠯᠦᠨ᠎ᠡ᠃ ᠪᠠᠶᠢᠭᠤᠯᠭ᠎ᠠ ᠪᠣᠯᠣᠨ ᠬᠠᠷᠢᠶ᠎ᠠ ᠨᠢᠭᠡᠴᠢ ᠶᠢᠨ ᠢᠶᠠᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠵᠡᠷᠭᠡ ᠠᠵᠢᠯ ᠢ ᠬᠠᠷᠢᠭᠤᠴᠠᠨ᠎ᠠ᠃    ︵ᠬᠤᠶᠠᠷ︶ᠭᠠᠯ ᠤᠨ ᠠᠶᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠲᠠᠰᠤᠭ᠃ ᠤᠯᠤᠰ ᠤᠨ ᠭᠠᠯ ᠤᠨᠲᠠᠷᠠᠭᠠᠬᠤ ᠬᠠᠤᠯᠢ ᠲᠣᠭᠲᠠᠭᠠᠯ ᠪᠣᠯᠣᠨ ᠮᠡᠷᠭᠡᠵᠢᠯ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠣᠷᠣᠨ ᠨᠤᠲᠤᠭ ᠤᠨ ᠴᠢᠨᠠᠷᠲᠠᠢ ᠭᠠᠯ ᠤᠨᠲᠠᠷᠠᠭᠠᠬᠤ ᠬᠠᠤᠯᠢ ᠲᠣᠭᠲᠠᠭᠠᠯ ᠪᠣᠯᠣᠨ ᠮᠡᠷᠭᠡᠵᠢᠯ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠦᠬᠦ ᠰᠢᠶᠠᠨ ᠤ ᠬᠤᠲᠠ ᠪᠠᠯᠭᠠᠰᠤ᠂ ᠬᠥᠳᠡᠭᠡ ᠲᠣᠰᠬᠤᠨ᠂ ᠣᠶ ᠰᠢᠭᠤᠢ᠂ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠠᠬᠢᠭᠤᠯᠤᠨ ᠨᠠᠶᠢᠳᠠᠪᠤᠷᠢᠵᠢᠭᠤᠯᠬᠤ ᠶᠢ ᠵᠢᠯᠤᠭᠤᠳᠴᠤ᠂ ᠪᠦᠬᠦ ᠰᠢᠶᠠᠨ ᠤ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠢ ᠵᠢᠯᠣᠭᠤᠳᠤᠨ᠎ᠠ᠃    ︵ᠭᠤᠷᠪᠠ︶ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠠᠰᠤᠭ᠃ ᠪᠦᠬᠦ ᠰᠢᠶᠠᠨ ᠤ ᠬᠢᠮᠢ ᠶᠢᠨ ᠠᠵᠤ ᠦᠢᠯᠡᠳᠪᠦᠷᠢ ︵ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢ ᠪᠠᠭᠲᠠᠭᠠᠨ᠎ᠠ︶᠂ ᠡᠮ ᠡᠮᠨᠡᠯᠭᠡ᠂ ᠠᠶᠤᠯᠲᠠᠢ ᠬᠢᠮᠢ ᠶᠢᠨ ᠪᠣᠳᠠᠰ ᠪᠠ ᠬᠤᠸᠠᠷ ᠫᠤᠤᠵᠢᠩ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠠᠵᠢᠯ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠵᠤ᠂ ᠪᠦᠬᠦ ᠰᠢᠶᠠᠨ ᠤ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠢ ᠡᠭᠦᠷᠭᠡᠯᠡᠵᠦ᠂ ᠪᠦᠬᠦ ᠰᠢᠶᠠᠨ ᠤ ᠠᠶᠤᠯᠲᠠᠢ ᠬᠢᠮᠢ ᠶᠢᠨ ᠪᠣᠳᠠᠰ ᠢ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠡᠮ ᠤᠨ ᠲᠥᠷᠥᠯ ᠤᠨ ᠪᠤᠰᠤ ᠠᠮᠠᠷᠬᠠᠨ ᠬᠤᠣᠷ ᠦᠢᠯᠡᠳᠬᠦ ᠬᠢᠮᠢ ᠶᠢᠨ ᠪᠣᠳᠠᠰ ᠤᠨ ᠦᠢᠯᠡᠳᠪᠦᠷᠢᠯᠡᠯ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠪᠦᠬᠦ ᠰᠢᠶᠠᠨ ᠤ ᠠᠶᠤᠯᠲᠠᠢ ᠬᠢᠮᠢ ᠶᠢᠨ ᠪᠣᠳᠠᠰ ︵ᠬᠥᠮᠥᠷᠭᠡᠯᠡᠨ ᠬᠠᠳᠠᠭᠠᠯᠠᠬᠤ ᠦᠭᠡᠢ︶ ᠢ ᠡᠵᠡᠩᠨᠡᠬᠦ ᠵᠥᠪᠰᠢᠶᠡᠷᠡᠯ ᠢ ᠬᠠᠷᠢᠭᠤᠴᠠᠵᠤ᠂ ᠬᠤᠸᠠᠷ ᠫᠤᠤᠵᠢᠩ ᠡᠵᠡᠩᠨᠡᠬᠦ ︵ᠵᠢᠵᠢᠭᠯᠡᠨ ᠬᠤᠳᠠᠯᠳᠤᠬᠤ︶ ᠵᠥᠪᠰᠢᠶᠡᠷᠡᠯ ᠢ ᠬᠠᠷᠭᠤᠴᠠᠨ᠎ᠠ᠃    ︵ᠳᠥᠷᠪᠡ︶ ᠠᠶᠤᠯᠭᠦᠢ ᠦᠢᠯᠡᠳᠪᠦᠷᠢᠯᠡᠯ ᠤᠨ ᠰᠠᠭᠤᠷᠢ ᠲᠠᠰᠤᠭ᠃ ᠨᠡᠭᠦᠷᠡᠰᠦᠨ ᠤ ᠪᠤᠰᠤ ᠠᠭᠤᠷᠬᠠᠢ ᠶᠢᠨ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠶᠢ ᠬᠠᠷᠢᠭᠤᠴᠠᠨ᠎ᠠ︶ ᠲᠡᠮᠦᠷᠯᠢᠭ ᠪᠣᠯᠪᠠᠰᠤᠷᠠᠭᠤᠯᠬᠤ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠨᠠᠪᠴᠢᠨ ᠲᠠᠮᠠᠬᠢ᠂ ᠠᠷᠠᠯᠵᠢᠶ᠎ᠠ ᠬᠤᠳᠠᠯᠳᠤᠭ᠎ᠠ ᠵᠡᠷᠭᠡ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠰᠠᠭᠤᠷᠢ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠬᠠᠮᠢᠶ᠎ᠠ ᠪᠦᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃    ᠲᠠᠪᠤᠳᠤᠭᠠᠷ ᠵᠦᠢᠯ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 9 ᠬᠥᠮᠥᠨ᠂ ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ 3 ᠬᠥᠮᠥᠨ᠃    ᠵᠢᠷᠭᠤᠳᠤᠭᠠᠷ ᠵᠦᠢᠯ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠣᠭᠠᠨ ᠤ ᠵᠦᠢᠯᠡᠰ ᠢ ᠠᠰ ᠲᠤᠨᠢ ᠲᠣᠭᠲᠠᠭᠠᠨ᠎ᠠ᠃    ᠳᠣᠯᠣᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠤ ᠲᠣᠬᠢᠷᠠᠭᠤᠯᠤᠯᠲᠠ ᠶᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠲᠣᠭᠲᠠᠭᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃    ᠨᠠᠢᠮᠠᠳᠤᠭᠠᠷ ᠵᠦᠢᠯ ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠬᠤᠶᠠᠷ᠂ ᠠᠵᠢᠯᠯᠠᠬᠤ ᠭᠠᠵᠠᠷ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠴᠠᠩ ᠰᠢᠩ ᠪᠠᠷᠠᠭᠤᠨ ᠵᠡᠭᠡᠯᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠮᠣ ᠠᠰᠠᠷ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ    ᠭᠤᠷᠪᠠ᠂ ᠠᠯᠪᠠᠯᠠᠬᠤ ᠴᠠᠭ᠄ ᠠᠵᠢᠯᠯᠠᠬᠤ ᠡᠳᠦᠷ ᠤᠨ 8᠄ 30-12᠄ 00 14᠄ 30-17᠄ 30    ᠳᠥᠷᠪᠡ᠂ ᠬᠠᠷᠢᠯᠴᠠᠬᠤ ᠠᠷᠭ᠎ᠠ ᠬᠡᠯᠪᠡᠷᠢ᠄ 0471 - 8818298    ᠲᠠᠪᠤ᠂ ᠬᠠᠷᠢᠭᠤᠴᠠᠯᠭᠠᠲᠠᠨ᠄ ᠨᠢᠶᠧ ᠰᠢᠶᠠᠩ ᠷᠦᠩ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号