ᠬᠠᠷᠠᠭᠠᠯᠵᠠᠯ ᠢᠷᠡᠯ᠎ᠡ︕ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠲᠠᠪᠤᠨ ᠶᠠᠮᠤᠨ ᠰᠢᠨ᠎ᠡ ᠶᠢ ᠬᠤᠳᠠᠯᠳᠤᠨ ᠠᠪᠬᠤ ᠶᠢᠨ ᠨᠡᠮᠡᠭᠦᠷᠢ ᠶᠢᠨ ᠬᠡᠷᠡᠭᠵᠢᠭᠦᠯᠬᠦ  ᠲᠥᠰᠥᠯ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2025/1/17
      ᠰᠢᠨᠬᠤᠸᠠ ᠬᠤᠷᠢᠶᠠᠨ ᠤ ᠪᠡᠭᠡᠵᠢᠩ 1 ᠳ᠋ᠦ᠋ᠭᠡᠷ ᠰᠠᠷ᠎ᠠ ᠶᠢᠨ 15 ᠤ ᠡᠳᠦᠷ ᠤᠨ ᠴᠠᠭᠢᠯᠭᠠᠨ ᠮᠡᠳᠡᠭᠡ  ︵ᠰᠣᠷᠪᠤᠯᠵᠢᠯᠠᠬᠴᠢ ᠰᠢᠶᠧ ᠰᠢ ᠶᠣᠣ᠂ ᠲᠠᠩ ᠱᠢ ᠨᠢᠩ︶         ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠰᠠᠯᠠᠭ᠎ᠠ ᠮᠥᠴᠢᠷ ᠤᠳ 15 ᠤ ᠡᠳᠦᠷ ᠬᠤᠶᠠᠷ ᠬᠤᠪᠢ ᠪᠢᠴᠢᠭ ᠮᠠᠲ᠋ᠧᠷᠢᠶᠠᠯ ᠨᠡᠶᠢᠲᠡᠯᠡᠵᠦ᠂ ᠭᠠᠷ ᠤᠲᠠᠰᠤ᠂ ᠬᠠᠪᠲᠠᠰᠤᠨ ᠺᠣᠮᠫᠢᠦ᠋ᠲ᠋ᠧᠷ᠂ ᠣᠶᠤᠨᠴᠢ ᠭᠠᠷ ᠴᠠᠭ ︵ᠪᠠᠭᠤᠪᠴᠢ︶ ᠤᠨ ᠰᠢᠨ᠎ᠡ ᠶᠢ ᠬᠤᠳᠠᠯᠳᠤᠨ ᠠᠪᠬᠤ ᠶᠢᠨ ᠨᠡᠮᠡᠭᠦᠷᠢ ᠵᠢᠴᠢ 2025 ᠣᠨ ᠳᠠᠬᠢ ᠭᠡᠷ ᠤᠨ ᠴᠠᠭᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠳᠤ ᠲᠣᠬᠢᠷᠠᠭᠤᠯᠤᠯᠲᠠ ᠬᠢᠵᠦ᠂ ᠪᠣᠳᠠᠲᠠᠢ ᠨᠡᠮᠡᠭᠦᠷᠢ ᠶᠢᠨ ᠳᠦᠷᠣᠯ ᠪᠠ ᠪᠠᠷᠢᠮᠵᠢᠶ᠎ᠠ ᠶᠢ ᠲᠣᠳᠣᠷᠬᠠᠶᠢᠯᠠᠪᠠ᠃ ᠡᠭᠦᠨ ᠳᠤ᠂ ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠬᠤᠳᠠᠯᠳᠤᠨ ᠠᠪᠬᠤ ᠪᠦᠷᠢ ᠳᠤ ᠬᠠᠮᠤᠭ ᠤᠨ ᠢᠯᠡᠭᠦᠦ ᠳᠤ ᠪᠠᠨ 500 ᠲᠥᠭᠦᠷᠢᠭ ᠤᠨ ᠨᠡᠮᠡᠭᠦᠷᠢ ᠣᠯᠭᠤᠵᠤ᠂ 12 ᠲᠥᠷᠥᠯ ᠤᠨ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠬᠤᠳᠠᠯᠳᠤᠨ ᠠᠪᠬᠤ ᠳᠤ ᠵᠦᠢᠯ ᠪᠦᠷᠢ ᠳᠤ ᠬᠠᠮᠤᠭ ᠤᠨ ᠢᠯᠡᠭᠦᠦ ᠳᠤ ᠪᠠᠨ 2000 ᠲᠥᠭᠦᠷᠢᠭ ᠤᠨ ᠨᠡᠮᠡᠭᠦᠷᠢ ᠣᠯᠭᠤᠨ᠎ᠠ᠃       ᠭᠠᠷ ᠤᠲᠠᠰᠤ᠂ ᠬᠠᠪᠲᠠᠰᠤᠨ ᠺᠣᠮᠫᠢᠦ᠋ᠲ᠋ᠧᠷ᠂ ᠣᠶᠤᠨᠴᠢ ᠭᠠᠷ ᠴᠠᠭ ︵ᠪᠠᠭᠤᠪᠴᠢ︶ ᠤᠨ ᠰᠢᠨ᠎ᠡ ᠶᠢ ᠬᠤᠳᠠᠯᠳᠤᠨ ᠠᠪᠬᠤ ᠨᠡᠮᠡᠭᠦᠷᠢ ᠶᠢᠨ ᠬᠡᠷᠡᠭᠵᠢᠭᠦᠯᠬᠦ ᠲᠥᠰᠥᠯ ᠳᠤ ᠲᠣᠳᠣᠷᠬᠠᠶᠢᠯᠠᠭᠰᠠᠨ ᠢᠶᠠᠷ᠂ ᠬᠤᠪᠢ ᠬᠥᠮᠥᠨ ᠤ ᠬᠡᠷᠡᠭᠯᠡᠭᠴᠢᠳ ᠲᠠᠩ ᠵᠦᠢᠯ ᠤᠨ ᠪᠣᠷᠤᠯᠠᠭᠤᠯᠭ᠎ᠠ ᠶᠢᠨ ᠦᠨ᠎ᠡ ᠨᠢ 6000 ᠲᠥᠭᠦᠷᠢᠭ ᠠᠴᠠ ᠬᠡᠲᠦᠷᠡᠬᠦ ᠦᠭᠡᠢ ᠭᠠᠷ ᠤᠲᠠᠰᠤ᠂ ᠬᠠᠪᠲᠠᠰᠤᠨ ᠺᠣᠮᠫᠢᠦ᠋ᠲ᠋ᠧᠷ᠂ ᠣᠶᠤᠨᠴᠢ ᠭᠠᠷ ᠴᠠᠭ ︵ᠪᠠᠭᠤᠪᠴᠢ︶ ᠵᠡᠷᠭᠡ 3 ᠲᠥᠷᠥᠯ ᠤᠨ ᠳ᠋ᠢᠭᠢᠲ ᠦᠢᠯᠡᠳᠬᠦᠨ ᠬᠤᠳᠠᠯᠳᠤᠨ ᠠᠪᠬᠤ ᠳᠤ᠂ ᠰᠢᠨ᠎ᠡ ᠶᠢ ᠬᠤᠳᠠᠯᠳᠤᠨ ᠠᠪᠬᠤ ᠨᠡᠮᠡᠭᠦᠷᠢ ᠭᠥᠷᠳᠡᠵᠦ ᠪᠣᠯᠣᠨ᠎ᠠ᠃ ᠬᠥᠮᠥᠨ ᠪᠦᠷᠢ ᠨᠢᠭᠡ ᠲᠥᠷᠥᠯ ᠠᠴᠠ 1 ᠵᠦᠢᠯ ᠤᠨ ᠨᠡᠮᠡᠭᠦᠷᠢ ᠣᠯᠵᠤ ᠪᠣᠯᠣᠨ᠎ᠠ᠂ ᠵᠦᠢᠯ ᠪᠦᠷᠢ ᠶᠢᠨ ᠨᠡᠮᠡᠭᠦᠷᠢ ᠶᠢᠨ ᠬᠠᠷᠢᠴᠠᠯ  ᠨᠢ ᠦᠢᠯᠡᠳᠪᠦᠷᠢᠯᠡᠬᠦ᠂ ᠭᠦᠢᠯᠭᠡᠭᠡᠯᠡᠬᠦ ᠭᠤᠭᠴᠤᠭ᠎ᠠ ᠵᠢᠴᠢ ᠰᠢᠯᠵᠢᠮᠡᠯ ᠬᠤᠯᠪᠣᠭ᠎ᠠ ᠶᠢᠨ ᠡᠵᠡᠩᠨᠡᠯᠲᠡ ᠶᠢᠨ ᠬᠤᠳᠠᠯᠳᠤᠭᠠᠴᠢᠨ ᠠᠴᠠ ᠦᠵᠡᠭᠦᠯᠦᠭᠰᠡᠨ ᠬᠠᠷᠠᠭᠠᠯᠵᠠᠯ ᠵᠡᠷᠭᠡ ᠶᠢ ᠬᠠᠰᠤᠭᠰᠠᠨ ᠤ ᠳᠠᠷᠠᠭᠠᠬᠢ ᠡᠴᠦᠰ ᠤᠨ ᠪᠣᠷᠣᠯᠠᠭᠤᠯᠬᠤ ᠦᠨ᠎ᠡ ᠶᠢᠨ 15% ᠪᠠᠶᠢᠵᠤ᠂ ᠵᠦᠢᠯ ᠪᠦᠷᠢ ᠶᠢᠨ ᠨᠡᠮᠡᠭᠦᠷᠢ ᠨᠢ ᠬᠠᠮᠤᠭ ᠤᠨ ᠢᠯᠡᠭᠦᠦ ᠳᠤ ᠪᠠᠨ 500 ᠲᠥᠭᠦᠷᠢᠭ ᠠᠴᠠ ᠬᠡᠲᠦᠷᠡᠵᠦ ᠪᠣᠯᠬᠤ ᠦᠭᠡᠢ᠃ ᠡᠯ᠎ᠡ ᠭᠠᠵᠠᠷ ᠤᠨ ᠬᠢᠨ ᠲᠣᠰ ᠲᠥᠰᠥᠯ ᠢ ᠨᠠᠷᠢᠯᠢᠭᠵᠢᠭᠤᠯᠤᠨ ᠬᠡᠷᠡᠭᠵᠢᠭᠦᠯᠬᠦ ᠨᠠᠷᠢᠨ ᠳᠦᠷᠢᠮ ᠢ ᠦᠨᠳᠦᠰᠦᠯᠡᠨ᠂ 1 ᠳ᠋ᠦ᠋ᠭᠡᠷ ᠰᠠᠷ᠎ᠠ ᠶᠢᠨ 20 ᠤ ᠡᠳᠦᠷ ᠠᠴᠠ ᠡᠬᠢᠯᠡᠨ ᠪᠥᠬᠦ ᠤᠯᠤᠰ ᠲᠤ ᠬᠡᠷᠡᠭᠵᠢᠭᠦᠯᠦᠨ᠎ᠡ᠃       2025 ᠣᠨ ᠳᠠᠬᠢ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ ᠳᠤ ᠲᠣᠳᠣᠷᠬᠠᠶᠢᠯᠠᠭᠰᠠᠨ ᠢᠶᠠᠷ᠂ ᠬᠤᠪᠢ ᠬᠥᠮᠥᠨ ᠤ ᠬᠡᠷᠡᠭᠯᠡᠭᠴᠢᠳ ᠲᠤ 2 ᠳ᠋ᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠨᠧᠷᠭᠢ ᠠᠷᠪᠢᠯᠠᠬᠤ ᠦᠢᠯᠡᠳᠦᠯ ᠪᠤᠶᠤ ᠤᠰᠤ ᠠᠷᠪᠢᠯᠠᠬᠤ ᠦᠢᠯᠡᠳᠦᠯ ᠲᠠᠢ ᠪᠠᠷᠢᠮᠵᠢᠶᠠᠲᠤ ᠬᠥᠯᠳᠡᠭᠡᠭᠦᠷ᠂ ᠬᠤᠪᠴᠠᠰᠤ ᠤᠬᠢᠶᠠᠬᠤ ᠮᠠᠰᠢᠨ᠂ ᠲᠧᠯᠸᠢᠰ᠂ ᠠᠭᠠᠷ ᠲᠣᠬᠢᠷᠠᠭᠤᠯᠤᠭᠴᠢ᠂ ᠺᠣᠮᠫᠢᠦ᠋ᠲ᠋ᠧᠷ᠂ ᠤᠰᠤ ᠬᠠᠯᠠᠭᠠᠭᠤᠷ᠂ ᠭᠡᠷ ᠲᠤ ᠬᠡᠷᠡᠭᠯᠡᠬᠦ ᠵᠤᠤᠬ᠎ᠠ ᠶᠢᠨ ᠬᠡᠷᠡᠭᠰᠡᠯ᠂ ᠲᠣᠰᠣ ᠤᠲᠤᠭ᠎ᠠ ᠰᠣᠷᠣᠬᠤ ᠮᠠᠰᠢᠨ᠂ ᠤᠰᠤ ᠴᠡᠪᠡᠷᠰᠢᠭᠦᠯᠬᠦ ᠮᠠᠰᠢᠨ᠂ ᠠᠶᠠᠭ᠎ᠠ ᠤᠬᠢᠶᠠᠬᠤ ᠮᠠᠰᠢᠨ᠂ ᠪᠤᠳᠠᠭ᠎ᠠ ᠴᠢᠨᠠᠬᠤ ᠴᠠᠬᠢᠯᠭᠠᠨ ᠲᠣᠭᠤᠭ᠎ᠠ᠂ ᠪᠢᠴᠢᠯ ᠳᠣᠯᠭᠢᠶᠠᠨᠲᠤ ᠵᠤᠤᠬ᠎ᠠ ᠵᠡᠷᠭᠡ 12 ᠲᠥᠷᠥᠯ ᠤᠨ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠬᠤᠳᠠᠯᠳᠤᠨ ᠠᠪᠬᠤ ᠳᠤ ᠨᠡᠮᠡᠭᠦᠷᠢ ᠣᠯᠭᠤᠨ᠎ᠠ᠃ ᠨᠡᠮᠡᠭᠦᠷᠢᠯᠡᠬᠦ ᠪᠠᠷᠢᠮᠵᠢᠶ᠎ᠠ ᠨᠢ ᠳᠡᠭᠡᠷ᠎ᠡ ᠳᠤᠷᠠᠳᠤᠭᠰᠠᠨ ᠦᠢᠯᠡᠳᠬᠦᠨ ᠤ ᠡᠴᠦᠰ ᠤᠨ ᠪᠣᠷᠣᠯᠠᠭᠤᠯᠬᠤ ᠦᠨ᠎ᠡ ᠶᠢᠨ 15% ᠪᠠᠶᠢᠵᠤ᠂ ᠡᠭᠦᠨ ᠳᠤ 1 ᠳ᠋ᠦ᠋ᠭᠡᠷ ᠳᠡᠰ ᠵᠢᠴᠢ ᠲᠡᠭᠦᠨ ᠠᠴᠠ ᠳᠡᠭᠡᠭᠰᠢᠬᠢ ᠡᠨᠧᠷᠭᠢ ᠠᠷᠪᠢᠯᠠᠬᠤ ᠦᠢᠯᠡᠳᠦᠯ ᠪᠤᠶᠤ ᠤᠰᠤ ᠠᠷᠪᠢᠯᠠᠬᠤ ᠦᠢᠯᠡᠳᠦᠯ ᠲᠠᠢ ᠪᠠᠷᠢᠮᠵᠢᠶᠠᠲᠤ ᠦᠢᠯᠡᠳᠬᠦᠨ ᠬᠤᠳᠠᠯᠳᠤᠨ ᠠᠪᠤᠭᠰᠠᠨ ᠳᠤ ᠨᠢ ᠦᠢᠯᠡᠳᠬᠦᠨ ᠤ ᠡᠴᠦᠰ ᠤᠨ ᠪᠣᠷᠣᠯᠠᠭᠤᠯᠬᠤ ᠦᠨ᠎ᠡ ᠶᠢᠨ 5%᠎ ᠪᠠᠷ ᠳᠠᠬᠢᠵᠤ ᠨᠡᠮᠡᠭᠦᠷᠢ ᠣᠯᠭᠤᠨ᠎ᠠ᠃ ᠬᠡᠷᠡᠭᠯᠡᠭᠴᠢᠳ ᠪᠦᠷᠢ ᠨᠢᠭᠡ ᠲᠥᠷᠥᠯ ᠤᠨ ᠦᠢᠯᠡᠳᠬᠦᠨ ᠠᠴᠠ 1 ᠵᠦᠢᠯ ︵ᠠᠭᠠᠷ ᠲᠣᠬᠢᠷᠠᠭᠤᠯᠤᠭᠴᠢ ᠶᠢᠨ ᠦᠢᠯᠡᠳᠬᠦᠨ ᠳᠤ ᠬᠠᠮᠤᠭ ᠤᠨ ᠢᠯᠡᠭᠦᠦ ᠳᠤ ᠪᠠᠨ 3 ᠵᠦᠢᠯ ᠳᠤ ᠨᠡᠮᠡᠭᠦᠷᠢ ᠣᠯᠭᠤᠵᠤ ᠪᠣᠯᠣᠨ᠎ᠠ︶ ᠤᠨ ᠨᠡᠮᠡᠭᠦᠷᠢ ᠣᠯᠵᠤ ᠪᠣᠯᠣᠨ᠎ᠠ᠂ ᠵᠦᠢᠯ ᠪᠦᠷᠢ ᠶᠢᠨ ᠨᠡᠮᠡᠭᠦᠷᠢ ᠨᠢ 2000 ᠲᠥᠭᠦᠷᠢᠭ ᠠᠴᠠ ᠬᠡᠲᠦᠷᠡᠭᠦᠯᠬᠦ ᠦᠭᠡᠢ᠃ ᠡᠯ᠎ᠡ ᠭᠠᠵᠠᠷ ᠤᠨ ᠬᠢᠨ ᠳᠡᠭᠡᠷ᠎ᠡ ᠳᠤᠷᠠᠳᠤᠭᠰᠠᠨ 12 ᠲᠥᠷᠥᠯ ᠤᠨ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠤ ᠪᠣᠳᠠᠲᠠᠢ ᠵᠦᠢᠯᠡᠰ ᠢᠶᠠᠨ ᠥᠪᠡᠰᠦᠪᠡᠨ ᠡᠵᠡᠨ ᠮᠡᠳᠡᠨ ᠲᠣᠭᠲᠠᠭᠠᠨ᠎ᠠ᠃  
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号