ᠨᠢᠭᠡ᠂ ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ᠰᠢᠶᠠᠨ ᠤ ᠳᠣᠲᠣᠷᠠᠬᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ | ᠦᠢᠯᠡᠴᠢᠯᠡᠭᠡᠨ ᠤ ᠬᠠᠮᠢᠶᠠᠷᠤᠯᠲᠠ ᠪᠠᠲᠤᠯᠠᠭ᠎ᠠ ᠪᠠ ᠲᠥᠪᠬᠢᠨᠡᠭᠦᠯᠵᠦ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ | ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ᠂ ᠤᠯᠤᠰ ᠣᠷᠣᠨ | ᠪᠠ ᠠᠷᠠᠳ ᠲᠦᠮᠡᠨ ᠤ ᠲᠥᠯᠥᠭᠡ ᠬᠤᠪᠢ ᠨᠡᠮᠡᠷᠢ ᠦᠵᠡᠭᠦᠯᠬᠦ ᠣᠶᠤᠨ ᠰᠠᠨᠠᠭᠠᠨ ᠤ ᠬᠡᠪ ᠨᠠᠮᠪᠠ ᠪᠠ ᠥᠷᠲᠡᠭ ᠤᠨ | ᠤᠳᠤᠷᠢᠳᠤᠮᠵᠢ ᠶᠢ ᠮᠠᠭᠲᠠᠨ ᠰᠠᠶᠢᠰᠢᠶᠠᠨ᠎ᠠ᠃ | ︵ᠬᠤᠶᠠᠷ︶ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠪᠣᠯᠣᠨ ᠴᠡᠷᠢᠭ ᠤᠨ ᠬᠠᠷᠢᠶ᠎ᠠ ᠦᠭᠡᠢ | ᠠᠵᠢᠯ ᠠᠴᠠ ᠪᠠᠨ ᠠᠮᠠᠷᠠᠭᠰᠠᠨ ᠠᠵᠢᠯᠲᠠᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠵᠢᠯ ᠪᠠ ᠪᠡᠶ᠎ᠡ ᠪᠠᠨ | ᠳᠠᠭᠠᠭᠠᠵᠤ ᠠᠵᠢᠯ ᠣᠯᠣᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠢᠯᠡᠴᠢᠯᠡᠬᠦ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ | ︵ᠭᠤᠷᠪᠠ︶ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠥᠮᠥᠵᠢᠭᠦᠯᠦᠨ ᠪᠣᠯᠪᠠᠰᠤᠷᠠᠭᠤᠯᠬᠤ ᠠᠵᠢᠯ ᠢ ᠵᠣᠬᠢᠶᠠᠨ | ᠪᠠᠶᠢᠭᠤᠯᠵᠤ᠂ ᠴᠡᠷᠢᠭ ᠠᠴᠠ ᠬᠠᠯᠠᠭᠳᠠᠭᠰᠠᠳ ᠪᠠ ᠴᠡᠷᠢᠭ ᠢ ᠳᠠᠭᠠᠵᠤ ᠰᠢᠯᠵᠢᠭᠰᠡᠨ ᠭᠡᠷ ᠪᠦᠯᠢ ᠶᠢᠨ ᠬᠢᠨ ᠤ ᠠᠵᠢᠯ | ᠣᠯᠵᠤ ᠦᠢᠯᠡᠰ ᠴᠣᠭᠴᠠᠯᠠᠬᠤ ᠶᠢ ᠵᠣᠬᠢᠴᠠᠭᠤᠯᠤᠨ ᠲᠡᠳᠬᠦᠨ᠎ᠡ᠃ | ︵ᠳᠥᠷᠪᠡ︶ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ︵ᠲᠠᠪᠤ︶ᠨᠥᠬᠦᠴᠡᠯ ᠳᠤ ᠨᠡᠶᠢᠴᠡᠭᠰᠡᠨ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠴᠡᠷᠢᠭ ᠤᠨ ᠬᠠᠷᠢᠶ᠎ᠠ ᠦᠭᠡᠢ | ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠡᠮ ᠡᠮᠨᠡᠯᠭᠡ ᠶᠢᠨ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠬᠠᠷᠠᠭᠠᠯᠵᠠᠯ ᠤᠨ ᠪᠠᠲᠤᠯᠠᠭ᠎ᠠ ᠶᠢᠨ ᠠᠵᠢᠯ ᠢ | ᠵᠣᠬᠢᠶᠠᠨ ᠪᠠᠶᠢᠭᠤᠯᠤᠨ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ᠡᠪᠡᠳᠴᠢᠯᠡᠵᠦ ᠰᠢᠷᠬᠠᠲᠤᠭᠰᠠᠨ ᠵᠡᠮᠳᠡᠭ ᠪᠣᠯᠤᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠬᠠᠮᠢᠶᠠᠷᠤᠯᠲᠠ ᠪᠣᠯᠣᠨ ᠠᠰᠠᠷᠠᠮᠵᠢ ᠶᠢᠨ ᠠᠵᠢᠯ ᠢ ᠨᠠᠶᠢᠳᠠᠪᠤᠷᠢᠵᠢᠭᠤᠯᠵᠤ᠂ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠪᠠᠶᠢᠭᠤᠯᠤᠮᠵᠢ ᠶᠢᠨ | ᠲᠥᠯᠦᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠴᠡᠷᠢᠭ ᠤᠨ ᠠᠯᠪᠠ ᠭᠦᠢᠴᠡᠳᠬᠡᠬᠦ ᠳᠤ | ᠲᠣᠬᠢᠷᠠᠬᠤ ᠦᠭᠡᠢ ᠰᠢᠷᠬᠠᠲᠤᠭᠰᠠᠨ ᠡᠪᠡᠳᠴᠢᠨ ᠲᠠᠢ ᠵᠡᠮᠳᠡᠭ ᠴᠡᠷᠢᠭ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ︵ᠳᠤᠯᠤᠭ᠎ᠠ︶ᠪᠦᠬᠦ ᠣᠷᠣᠨ ᠤ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ ᠨᠠᠶᠢᠳᠠᠪᠤᠷᠢᠵᠢᠭᠤᠯᠵᠤ᠂ ᠵᠢᠩᠬᠢᠨᠢ ᠠᠯᠪᠠᠨ ᠤ ᠴᠡᠷᠢᠭ᠂ ᠴᠡᠷᠢᠭ ᠤᠨ ᠠᠯᠪᠠ ᠠᠴᠠ | ᠬᠠᠯᠠᠭᠳᠠᠭᠰᠠᠳ ᠪᠠ ᠴᠡᠷᠢᠭ ᠤᠨ ᠭᠡᠷ ᠪᠦᠯᠢ ᠶᠢᠨ ᠬᠠᠷᠠᠭᠠᠯᠵᠠᠯ᠂ ᠠᠰᠠᠷᠠᠮᠵᠢ ᠵᠡᠷᠭᠡ ᠠᠵᠢᠯ ᠢ ᠬᠠᠷᠢᠭᠤᠴᠠᠨ᠎ᠠ᠃ | ︵ᠨᠠᠢᠮᠠ︶ᠦᠷᠡᠭᠳᠡᠭᠰᠡᠨ ᠪᠠᠭᠠᠲᠤᠷ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ | ᠱᠠᠩᠨᠠᠬᠤ᠂ ᠳᠤᠷᠠᠰᠬᠠᠬᠤ ᠠᠵᠢᠯᠯᠠᠭ᠎ᠠ ᠵᠡᠷᠭᠡ ᠠᠵᠢᠯ ᠢ ᠬᠠᠷᠢᠭᠤᠴᠠᠵᠤ᠂ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ | ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠠᠵᠢᠯ ᠤᠨ ᠨᠢᠭᠡᠴᠡ ᠪᠣᠯᠣᠨ ᠬᠤᠪᠢ ᠬᠥᠮᠥᠨ ᠤ ᠲᠡᠷᠢᠭᠦᠨ ᠤ ᠨᠡᠶᠢᠲᠡᠯᠢᠭ ᠦᠢᠯᠡ | ᠠᠵᠢᠯᠯᠠᠭ᠎ᠠ ᠶᠢ ᠳ᠋ᠦᠩᠨᠡᠨ ᠤᠬᠠᠭᠤᠯᠤᠨ᠎ᠠ᠃ | ︵ᠶᠢᠰᠦ︶ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ ᠪᠦᠬᠦᠢ ᠬᠥᠮᠥᠰ ᠢ ᠬᠠᠪᠰᠤᠷᠤᠨ ᠲᠡᠳᠬᠦᠵᠦ | ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠ︶ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠵᠠᠭᠤᠴᠢ | ᠦᠢᠯᠡᠴᠢᠯᠡᠭᠡᠨ ᠤ ᠠᠵᠢᠯ ᠢ ᠵᠣᠬᠢᠴᠠᠭᠤᠯᠤᠨ ᠥᠷᠨᠢᠭᠦᠯᠦᠨ᠎ᠡ᠃ | ︵ᠠᠷᠪᠠᠨ ᠨᠢᠭᠡ︶ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ᠬᠤᠶᠠᠷ᠂ ᠳᠣᠲᠣᠭᠠᠳᠤ ᠶᠢᠨ ᠪᠠᠶᠢᠭᠤᠯᠤᠮᠵᠢ | ︵ᠨᠢᠭᠡ︶ᠶᠡᠷᠦᠩᠬᠡᠶᠢᠯᠡᠭᠰᠡᠨ ᠲᠠᠰᠤᠭ᠃ ᠨᠢᠭᠡ ᠳᠤ᠂ ᠲᠣᠪᠴᠢᠶᠠᠨ ᠤ ᠪᠠᠶᠢᠭᠤᠯᠭ᠎ᠠ ᠶᠢᠨ ᠡᠳᠦᠷ ᠲᠤᠲᠤᠮ ᠤᠨ | ᠠᠵᠢᠯᠯᠠᠭᠠᠨ ᠤ ᠠᠵᠢᠯ ᠢ ᠬᠠᠷᠢᠭᠤᠴᠠᠨ᠎ᠠ︔ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ | ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠡᠭᠦᠷᠭᠡᠯᠡᠨ᠎ᠡ︔ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ | ᠵᠠᠰᠠᠭ ᠵᠠᠬᠢᠷᠭᠠᠨ ᠤ ᠵᠠᠷᠭᠤ ᠬᠢᠬᠦ ᠵᠡᠷᠭᠡ ᠠᠵᠢᠯ ᠢ ᠬᠠᠷᠢᠭᠤᠴᠠᠨ᠎ᠠ︔ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ | ᠠᠵᠢᠯ ᠢ ᠬᠠᠷᠢᠭᠤᠴᠠᠨ᠎ᠠ︔ ᠲᠣᠪᠴᠢᠶᠠᠨ ᠤ ᠪᠠᠶᠢᠭᠤᠯᠭ᠎ᠠ ᠶᠢᠨ ᠠᠯᠪᠠᠨ ᠡᠳ᠋ ᠪᠣᠳᠠᠰ ᠤᠨ ᠬᠠᠮᠢᠶᠠᠷᠤᠯᠲᠠ | ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠬᠤᠶᠠᠷ ᠲᠤ᠂ ᠲᠣᠪᠴᠢᠶᠠᠨ ᠤ ᠪᠠᠶᠢᠭᠤᠯᠭ᠎ᠠ ᠪᠣᠯᠣᠨ ᠬᠠᠷᠢᠶ᠎ᠠ ᠠᠵᠢᠯ | ᠦᠢᠯᠡᠰ ᠤᠨ ᠨᠢᠭᠡᠴᠢ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠨ᠎ᠠ︔ | ᠪᠠᠶᠢᠭᠤᠯᠭ᠎ᠠ ᠪᠣᠯᠣᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ | ᠣᠷᠣᠨ ᠲᠤᠭ᠎ᠠ᠂ ᠬᠥᠳᠡᠯᠮᠦᠷᠢ ᠴᠠᠯᠢᠩ ᠪᠣᠯᠣᠨ ᠰᠤᠷᠤᠯᠴᠠᠯᠭ᠎ᠠ ᠬᠥᠮᠦᠵᠢᠯ ᠤᠨ ᠠᠵᠢᠯ ᠢ ᠡᠭᠦᠷᠭᠡᠯᠡᠨ᠎ᠡ᠃ ᠭᠤᠷᠪᠠ ᠳᠤ᠂ | ᠪᠠᠶᠢᠭᠤᠯᠭ᠎ᠠ ᠶᠢᠨ ᠡᠳ᠋ ᠤᠨ ᠶᠠᠪᠤᠳᠠᠯ ᠪᠠ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠳᠦᠷᠢᠮ | ᠲᠣᠭᠲᠠᠭᠠᠯ ᠲᠣᠭᠲᠠᠭᠠᠬᠤ ᠶᠢ ᠬᠠᠷᠢᠭᠤᠴᠠᠨ᠎ᠠ︔ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠡᠯ᠎ᠡ ᠲᠥᠷᠥᠯ ᠤᠨ | ᠪᠠᠲᠤᠯᠠᠭ᠎ᠠ ᠵᠢᠴᠢ ᠠᠰᠠᠷᠠᠨ ᠬᠠᠷᠠᠭᠠᠯᠵᠠᠬᠤ ᠪᠡᠯᠡ ᠮᠥᠩᠭᠦ ᠶᠢᠨ ᠬᠠᠮᠢᠶᠠᠷᠤᠯᠲᠠ ᠶᠢᠨ ᠲᠥᠯᠥᠪᠯᠡᠭᠡ ᠶᠢᠨ ᠠᠵᠢᠯ ᠢ | ᠬᠠᠷᠢᠭᠤᠴᠠᠨ᠎ᠠ︔ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠣᠰᠬᠠᠬᠤ ᠲᠥᠷᠥᠯ | ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠴᠡᠷᠢᠭ ᠠᠴᠠ ᠬᠠᠯᠠᠭᠳᠠᠭᠰᠠᠳ ᠤᠨ | ᠡᠯ᠎ᠡ ᠲᠥᠷᠥᠯ ᠤᠨ ᠪᠠᠲᠤᠯᠠᠭ᠎ᠠ ᠶᠢᠨ ᠮᠥᠩᠭᠦ ᠪᠠ ᠦᠢᠯᠡᠰ ᠪᠣᠰᠬᠠᠵᠤ ᠠᠵᠢᠯ ᠣᠯᠭᠤᠬᠤ ᠲᠥᠷᠥᠯ ᠵᠦᠢᠯ ᠤᠨ ᠪᠡᠯᠡ | ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ ᠶᠢ ᠬᠠᠷᠢᠭᠤᠴᠠᠨ᠎ᠠ︔ ᠪᠠᠶᠢᠭᠤᠯᠭ᠎ᠠ ᠶᠢᠨ | ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ ᠵᠡᠷᠭᠡ ᠠᠵᠢᠯ ᠢ | ᠡᠭᠦᠷᠭᠡᠯᠡᠨ᠎ᠡ᠃ | ︵ᠬᠤᠶᠠᠷ︶ᠲᠤᠬᠠᠶᠢᠯᠠᠭᠰᠠᠨ ᠠᠵᠢᠯ ᠤᠨ ᠲᠠᠰᠤᠭ᠃ ᠨᠢᠭᠡ ᠳᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠦᠵᠡᠯ ᠰᠠᠨᠠᠭ᠎ᠠ ᠤᠯᠤᠰ ᠲᠥᠷᠥ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ᠂ ᠳ᠋ᠦᠩᠨᠡᠯᠲᠡ ᠬᠢᠵᠦ ᠬᠥᠬᠢᠭᠦᠯᠦᠨ | ᠰᠠᠶᠢᠰᠢᠶᠠᠬᠤ᠂ ᠢᠷᠠᠭᠤ ᠠᠯᠳᠠᠷ ᠤᠨ ᠱᠠᠩᠨᠠᠯ ᠣᠯᠭᠤᠬᠤ ᠪᠠ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠡᠭᠦᠷᠭᠡᠯᠡᠨ᠎ᠡ︔ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠮᠵᠢᠯᠴᠠᠨ ᠰᠠᠶᠢᠲᠤᠷ | ᠵᠢᠯᠣᠭᠤᠳᠤᠨ᠎ᠠ︔ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ | ᠪᠦᠬᠦᠢ ᠬᠥᠮᠥᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠡᠭᠦᠷᠭᠡᠯᠡᠨ᠎ᠡ︔ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠦ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠡᠭᠦᠷᠭᠡᠯᠡᠨ᠎ᠡ᠃ ᠬᠤᠶᠠᠷ ᠲᠤ᠂ ᠮᠠᠨ ᠤ ᠰᠢᠶᠠᠨ ᠳᠤ ᠰᠢᠯᠵᠢᠭᠦᠯᠦᠨ | ᠲᠤᠰᠢᠶᠠᠬᠤ ᠠᠵᠢᠯ ᠤᠨ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠪᠣᠯᠣᠨ | ᠴᠡᠷᠢᠭ ᠤᠨ ᠬᠥᠮᠥᠨ ᠤ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠢ ᠲᠥᠪᠬᠢᠨᠡᠭᠦᠯᠬᠦ ᠠᠵᠢᠯ ᠢ ᠬᠠᠷᠢᠭᠤᠴᠠᠨ | ᠪᠡᠶᠡᠯᠡᠭᠦᠯᠦᠨ᠎ᠡ᠃ ᠭᠤᠷᠪᠠ ᠳᠤ ᠪᠦᠬᠦ ᠰᠢᠶᠠᠨ ᠤ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠤᠨ ᠠᠯᠪᠠ ᠠᠴᠠ | ᠬᠠᠯᠠᠭᠳᠠᠭᠰᠠᠨ ᠪᠠᠶᠢᠯᠳᠤᠭᠴᠢ᠂ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠤ ᠠᠵᠢᠯ ᠣᠯᠵᠤ ᠦᠢᠯᠡᠰ ᠪᠣᠰᠬᠠᠬᠤ | ᠠᠵᠢᠯ ᠢ ᠵᠢᠯᠣᠭᠤᠳᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠠᠵᠢᠯ ᠣᠯᠵᠤ ᠦᠢᠯᠡᠰ ᠪᠣᠰᠬᠠᠬᠤ ᠶᠢ | ᠠᠬᠢᠭᠤᠯᠬᠤ ᠪᠠ ᠰᠤᠷᠭᠠᠨ ᠬᠥᠮᠥᠵᠢᠭᠦᠯᠵᠦ ᠪᠣᠯᠪᠠᠰᠤᠷᠠᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ︔ ᠬᠤᠯᠪᠣᠭᠳᠠᠯ ᠪᠦᠬᠦᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ | ᠪᠣᠰᠬᠠᠬᠤ ᠵᠠᠭᠤᠴᠢ ᠦᠢᠯᠡᠴᠢᠯᠡᠭᠡᠨ ᠤ ᠠᠵᠢᠯ ᠢ ᠵᠣᠬᠢᠴᠠᠭᠤᠯᠤᠨ ᠥᠷᠨᠢᠭᠦᠯᠦᠨ᠎ᠡ︔ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠶᠢᠨ ᠪᠠᠲᠤᠯᠠᠭ᠎ᠠ ᠶᠢᠨ ᠠᠵᠢᠯ ᠢ ᠵᠣᠬᠢᠴᠠᠭᠤᠯᠤᠨ | ᠨᠠᠶᠢᠳᠠᠪᠤᠷᠢᠵᠢᠭᠤᠯᠤᠨ᠎ᠠ᠃ ᠳᠥᠷᠪᠡ ᠳᠤ ᠪᠦᠬᠦ ᠰᠢᠶᠠᠨ ᠤ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ | ᠠᠵᠢᠯ ᠢ ᠵᠣᠬᠢᠴᠠᠭᠤᠯᠤᠨ ᠵᠢᠯᠣᠭᠤᠳᠤᠨ᠎ᠠ︔ ᠴᠡᠷᠢᠭ ᠤᠨ ᠠᠯᠪᠠ ᠬᠠᠭᠠᠵᠤ ᠪᠠᠶᠢᠭ᠎ᠠ ᠴᠡᠷᠢᠭ᠂ ᠴᠡᠷᠢᠭ ᠤᠨ ᠭᠡᠷ ᠪᠦᠯᠢ | ᠪᠠ ᠴᠡᠷᠢᠭ ᠤᠨ ᠭᠡᠷ ᠪᠦᠯᠢ ᠶᠢᠨ ᠬᠠᠷᠠᠭᠠᠯᠵᠠᠯ᠂ ᠠᠰᠠᠷᠠᠮᠵᠢ ᠵᠡᠷᠭᠡ ᠠᠵᠢᠯ ᠢ ᠡᠭᠦᠷᠭᠡᠯᠡᠨ᠎ᠡ︔ ᠦᠷᠭᠦᠯᠵᠢᠯᠡᠨ ᠠᠯᠪᠠ | ᠬᠠᠭᠠᠵᠤ ᠪᠠᠶᠢᠭ᠎ᠠ ᠵᠡᠮᠳᠡᠭ ᠴᠡᠷᠢᠭ ᠬᠥᠮᠥᠨ ᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ︔ | ᠦᠷᠡᠭᠳᠡᠭᠰᠡᠨ ᠪᠠᠭᠠᠲᠤᠷᠴᠤᠳ ᠢ ᠪᠠᠲᠤᠯᠠᠨ ᠰᠠᠶᠢᠰᠢᠶᠠᠬᠤ ᠪᠠ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠵᠡᠷᠭᠡ | ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠭᠤᠷᠪᠠ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠵᠢᠶᠠᠨ ᠺᠠᠩ ᠪᠠᠷᠠᠭᠤᠨ | ᠵᠡᠭᠡᠯᠢ ᠶᠢᠨ ᠴᠢᠩ ᠱᠠᠨ ᠬᠦᠷᠢᠶᠡᠯᠡᠩ ᠤᠨ ᠳᠣᠲᠣᠷ᠎ᠠ ︵ᠦᠴᠦᠸᠠᠨ ᠰᠢᠶᠠᠨ ᠤ ᠴᠢᠩ ᠱᠠᠨ ᠬᠦᠷᠢᠶᠡᠯᠡᠩ ᠤᠨ ᠵᠡᠭᠦᠨ | ᠲᠠᠯ᠎ᠠ︶ | ᠳᠥᠷᠪᠡ᠂ ᠠᠯᠪᠠᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30-12᠄ 00 14᠄ 30-17᠄ | 30 | ᠲᠠᠪᠤ᠂ ᠬᠠᠷᠢᠯᠴᠠᠬᠤ ᠠᠷᠭ᠎ᠠ ᠬᠡᠯᠪᠡᠷᠢ᠄ 0471 - 8823036 | ᠵᠢᠷᠭᠤᠭ᠎ᠠ᠂ ᠬᠠᠷᠢᠭᠤᠴᠠᠯᠭᠠᠲᠠᠨ᠄ ᠰᠦ᠋ ᠸᠧᠨ ᠬᠠᠢ | | |