ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
ᠨᠡᠶᠢᠲᠡᠯᠡᠭᠰᠡᠨ ᠴᠠᠭ᠄
2025/1/19
   ᠨᠢᠭᠡ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ    ᠨᠢᠭᠡᠳᠦᠭᠡᠷ ᠵᠦᠢᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃    ᠬᠤᠶᠠᠳᠤᠭᠠᠷ ᠵᠦᠢᠯ ᠦᠴᠦᠸᠠᠨ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠬᠤ ᠪᠥᠭᠡᠳ ᠵᠢᠩᠬᠢᠨᠢ ᠰᠠᠯᠠᠭᠠᠨ ᠤ ᠳᠡᠰ᠃ ᠦᠴᠦᠸᠠᠨ ᠰᠢᠶᠠᠨ ᠤ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠦᠴᠦᠸᠠᠨ ᠰᠢᠶᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ ᠤᠨ ᠫᠠᠶᠢᠰᠠ ᠶᠢ ᠨᠡᠮᠡᠵᠦ ᠡᠯᠭᠦᠪᠡ᠃    ᠭᠤᠷᠪᠠᠳᠤᠭᠠᠷ ᠵᠦᠢᠯ ᠦᠴᠦᠸᠠᠨ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄    ︵ᠨᠢᠭᠡ︶ᠪᠦᠬᠦ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠥᠯ ᠢ ᠲᠤᠭᠤᠷᠪᠢᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠶᠢ ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠭᠦᠷᠢᠰᠢᠭᠦᠯᠬᠦ᠂ ᠨᠡᠶᠢᠳᠡᠮ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠠᠬᠢᠭᠤᠯᠤᠨ᠂ ᠣᠳᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠭᠤᠣᠯ ᠴᠣᠭᠴᠠ ᠶᠢ ᠣᠯᠠᠨ ᠡᠰᠢᠵᠢᠭᠦᠯᠬᠦ᠂ ᠬᠠᠩᠭᠠᠬᠤ ᠠᠷᠭ᠎ᠠ ᠮᠠᠶ᠋ᠢᠭ ᠢ ᠣᠯᠠᠨ ᠶᠠᠩᠵᠤ ᠶᠢᠨ ᠪᠣᠯᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡ ᠪᠠ ᠡᠮ ᠤᠨ ᠵᠦᠢᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃    ︵ᠭᠤᠷᠪᠠ︶ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠯᠦᠪᠵᠢᠭᠦᠯᠭᠡ ᠵᠢᠴᠢ ᠠᠷᠠᠳ ᠣᠯᠠᠨ ᠤ ᠡᠷᠡᠭᠦᠯ ᠮᠡᠨᠳᠦ ᠳᠤ ᠬᠦᠨᠳᠦ ᠨᠣᠴᠢᠲᠠᠢ ᠬᠥᠨᠥᠭᠡᠯ ᠤᠴᠠᠷᠠᠭᠤᠯᠬᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠢ ᠬᠠᠮᠢᠶᠠᠷᠬᠤ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠦᠯᠦ ᠬᠠᠯᠳᠠᠭᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠨ ᠬᠢᠵᠠᠭᠠᠷᠯᠠᠬᠤ ᠪᠠ ᠡᠯ᠎ᠡ ᠲᠥᠷᠥᠯ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢ ᠵᠣᠬᠢᠴᠠᠭᠤᠯᠤᠨ᠎ᠠ᠃    ︵ᠳᠥᠷᠪᠡ︶ᠬᠥᠮᠥᠨ ᠠᠮᠠ ᠶᠢᠨ ᠨᠠᠰᠤᠵᠢᠯ ᠢ ᠠᠷᠭᠠᠴᠠᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠰᠢᠶᠠᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠠᠵᠢᠯ ᠢ ᠬᠠᠷᠢᠭᠤᠴᠠᠨ ᠠᠬᠢᠭᠤᠯᠤᠨ᠎ᠠ᠃    ︵ᠲᠠᠪᠤ︶ᠤᠯᠤᠰ ᠤᠨ ᠡᠮ ᠤᠨ ᠵᠦᠢᠯ ᠤᠨ ᠲᠥᠷᠥ ᠶᠢᠨ ᠪᠣᠳᠣᠯᠭ᠎ᠠ ᠪᠠ ᠦᠨᠳᠦᠰᠦᠨ ᠡᠮ ᠤᠨ ᠵᠦᠢᠯ ᠤᠨ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠯᠡᠵᠦ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠡᠶᠢᠲᠡᠯᠡᠨ᠎ᠡ᠃    ︵ᠵᠢᠷᠭᠤᠭ᠎ᠠ︶ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠠᠷᠢᠭᠤᠨ ᠴᠡᠪᠡᠷ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠦᠨ᠎ᠡ᠃ ︽ᠲᠠᠮᠠᠬᠢ ᠶᠢ ᠬᠢᠵᠠᠭᠠᠷᠯᠠᠬᠤ ᠪᠦᠳᠦᠭᠦᠪᠴᠢ ᠨᠡᠶᠢᠲᠡ ᠶᠢᠨ ᠭᠡᠷ᠎ᠡ︾ ᠶᠢ ᠭᠦᠢᠴᠡᠳᠬᠡᠬᠦ ᠠᠵᠢᠯ ᠢ ᠲᠦᠷᠦᠭᠦᠯᠡᠨ ᠬᠢᠨ᠎ᠡ᠃    ︵ᠳᠤᠯᠤᠭ᠎ᠠ︶ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠶᠢᠨ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠵᠤ᠂ ᠡᠮᠴᠢᠯᠡᠭᠡᠨ ᠤ ᠦᠢᠯᠡᠴᠢᠯᠡᠭᠡ ᠶᠢ ᠦᠨᠡᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠰᠢᠰᠲ᠋ᠧᠮ ᠢ ᠪᠠᠶᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠡᠮᠴᠢᠯᠡᠭᠡ ᠶᠢᠨ ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠠᠵᠢᠯ ᠡᠷᠭᠢᠯᠡᠬᠦ ᠳᠦᠷᠢᠮ᠂ ᠦᠢᠯᠡᠴᠢᠯᠡᠭᠡᠨ ᠤ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠨᠠᠢᠮᠠ︶ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠬᠥᠮᠥᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠬᠥᠮᠥᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃    ︵ᠶᠢᠰᠦ︶ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠪᠠ ᠶᠡᠷᠦᠩᠬᠡᠢ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠵᠢᠯᠤᠭᠤᠳᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃    ︵ᠠᠷᠪᠠ︶ᠮᠣᠩᠭᠤᠯ ᠡᠮ ᠡᠮᠨᠡᠯᠬᠡ ᠬᠢᠲᠠᠳ ᠡᠮ ᠡᠮᠨᠡᠯᠬᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ᠂ ᠰᠣᠶᠣᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠪᠠᠲᠤᠯᠠᠬᠤ ᠪᠠ ᠠᠬᠢᠭᠤᠯᠵᠤ᠂ ᠮᠣᠩᠭᠤᠯ ᠡᠮ ᠡᠮᠨᠡᠯᠬᠡ ᠬᠢᠲᠠᠳ ᠡᠮ ᠡᠮᠨᠡᠯᠬᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠬᠥᠭᠵᠢᠨ ᠬᠥᠭᠵᠢᠬᠦ ᠶᠢ ᠠᠬᠢᠭᠤᠯᠤᠨ᠎ᠠ᠃ ᠴᠢᠬᠤᠯᠠ ᠶᠡᠭᠡ ᠠᠵᠢᠯᠯᠠᠭ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃    ︵ᠠᠷᠪᠠᠨ ᠨᠢᠭᠡ︶ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃    ︵ᠠᠷᠪᠠᠨ ᠬᠤᠶᠠᠷ︶ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠭᠤᠷᠪᠠ︶ᠡᠭᠦᠷᠭᠡ ᠴᠢᠳᠠᠪᠤᠷᠢ ᠶᠢᠨ ᠬᠤᠪᠢᠷᠠᠯᠲᠠ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠶᠡᠭᠡ ᠡᠷᠡᠭᠦᠯ ᠬᠠᠮᠠᠭᠠᠯᠠᠯ᠂ ᠶᠡᠭᠡ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠡᠷᠡᠭᠦᠯ ᠮᠡᠨᠳᠦ ᠦᠴᠦᠸᠠᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠡᠷᠡᠭᠦᠯ ᠮᠡᠨᠳᠦ ᠶᠢ ᠠᠬᠢᠭᠤᠯᠬᠤ᠂ ᠬᠡᠪ ᠵᠠᠭᠪᠤᠷ ᠢ ᠬᠤᠪᠢᠷᠠᠭᠤᠯᠬᠤ᠂ ᠦᠨᠳᠦᠰᠦᠨ ᠱᠠᠲᠤ ᠶᠢ ᠴᠢᠩᠭᠠᠳᠬᠠᠬᠤ᠂ ᠪᠠᠲᠤᠯᠠᠭ᠎ᠠ ᠶᠢ ᠴᠢᠬᠤᠯᠠᠴᠢᠯᠠᠬᠤ ᠪᠠᠷ ᠬᠦᠴᠦᠯᠡᠬᠦ ᠴᠡᠭ ᠪᠣᠯᠭᠠᠵᠤ᠂ ᠡᠪᠡᠳᠴᠢᠨ ᠵᠠᠰᠠᠬᠤ ᠪᠠᠷ ᠭᠤᠣᠯ ᠪᠣᠯᠭᠠᠬᠤ ᠶᠢ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠪᠣᠯᠭᠠᠨ ᠬᠤᠪᠢᠷᠠᠭᠤᠯᠵᠤ᠂ ᠠᠷᠠᠳ ᠣᠯᠠᠨ ᠳᠤ ᠪᠥᠬᠦ ᠲᠠᠯ᠎ᠠ ᠶᠢᠨ ᠪᠥᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ᠨᠢᠭᠡ ᠳᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠪᠠ ᠡᠷᠡᠭᠦᠯ ᠮᠡᠨᠳᠦ ᠶᠢ ᠠᠬᠢᠭᠤᠯᠬᠤ ᠶᠢ ᠨᠡᠩ ᠴᠢᠬᠤᠯᠠᠴᠢᠯᠠᠵᠤ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ᠂ ᠬᠥᠮᠥᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠶᠠᠷ ᠲᠤ ᠠᠵᠢᠯ ᠤᠨ ᠭᠤᠣᠯᠳᠠᠯᠭ᠎ᠠ ᠪᠠᠨ ᠳᠣᠷᠣᠭᠰᠢ ᠰᠢᠯᠵᠢᠭᠦᠯᠬᠦ ᠪᠠ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠨᠠᠩ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠤᠷᠲᠤᠳᠬᠠᠬᠤ᠂ ᠬᠥᠳᠡᠭᠡ ᠲᠣᠰᠬᠤᠨ ᠢ ᠬᠠᠮᠤᠷᠬᠤ᠂ ᠬᠢᠯᠢ ᠬᠢᠵᠠᠭᠠᠷ ᠣᠷᠣᠨ ᠪᠠ ᠠᠮᠢᠳᠤᠷᠠᠯ ᠨᠢ ᠬᠦᠴᠢᠷᠳᠡᠯᠲᠡᠢ ᠣᠯᠠᠨ ᠲᠦᠮᠡᠨ ᠲᠡᠶᠢᠰᠢ ᠬᠡᠯᠪᠡᠶᠢᠯᠭᠡᠬᠦ ᠶᠢ ᠠᠬᠢᠭᠤᠯᠤᠨ᠎ᠠ᠃ ᠭᠤᠷᠪᠠ ᠳᠤ᠂ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢ ᠨᠠᠩ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠲᠦᠭᠡᠮᠡᠯ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠶᠢ ᠠᠬᠢᠭᠤᠯᠤᠨ᠎ᠠ᠃ ᠳᠥᠷᠪᠡ ᠳᠤ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠲᠠᠪᠤ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠵᠡᠩᠨᠡᠯᠲᠡ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠶᠢ ᠨᠠᠶᠢᠳᠠᠪᠤᠷᠢᠵᠢᠭᠤᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠭᠤᠣᠯ ᠴᠣᠭᠴᠠ ᠶᠢᠨ ᠤᠯᠠᠨ ᠡᠰᠢᠵᠢᠯᠲᠡ᠂ ᠬᠠᠩᠭᠠᠬᠤ ᠠᠷᠭ᠎ᠠ ᠮᠠᠶ᠋ᠢᠭ ᠤᠨ ᠣᠯᠠᠨ ᠶᠠᠩᠵᠤᠴᠢᠯᠠᠬᠤ ᠶᠢ ᠠᠬᠢᠭᠤᠯᠤᠨ᠎ᠠ᠃    ︵ᠠᠷᠪᠠᠨ ᠳᠥᠷᠪᠡᠳᠦᠭᠡᠷ︶ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃    1. ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠤᠯᠪᠣᠭᠳᠠᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠥᠮᠥᠨ ᠠᠮᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠬᠠᠷᠢᠭᠤᠴᠠᠨ ᠥᠷᠨᠢᠭᠦᠯᠵᠦ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠬᠥᠩᠭᠡᠵᠢᠯ ᠤᠨ ᠬᠠᠮᠢᠶ᠎ᠠ ᠪᠦᠬᠦᠢ ᠬᠥᠮᠥᠨ ᠠᠮᠠ ᠶᠢᠨ ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ᠂ ᠲᠠᠷᠬᠠᠯᠲᠠ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠠᠵᠤ ᠠᠬᠤᠢ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠢᠵᠢ ᠪᠦᠷᠢᠳᠦᠭᠦᠯᠦᠨ ᠵᠣᠯᠭᠠᠭᠤᠯᠬᠤ ᠶᠢ ᠠᠬᠢᠭᠤᠯᠵᠤ᠂ ᠬᠥᠮᠥᠨ ᠠᠮᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠰᠢᠶᠠᠨ ᠤ ᠬᠥᠮᠥᠨ ᠠᠮᠠ ᠶᠢᠨ ᠬᠥᠭᠵᠢᠯᠲᠡ ᠶᠢᠨ ᠲᠥᠯᠦᠪᠵᠢᠭᠦᠯᠭᠡ ᠳᠠᠬᠢ ᠬᠤᠯᠪᠣᠭᠳᠠᠯ ᠪᠦᠬᠦᠢ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠥᠮᠥᠨ ᠠᠮᠠ ᠶᠢᠨ ᠬᠤᠪᠢᠷᠠᠯᠲᠠ ᠶᠢᠨ ᠪᠠᠶᠢᠳᠠᠯ ᠵᠢᠴᠢ ᠬᠠᠨᠳᠤᠰᠢ ᠶᠢᠨ ᠨᠥᠯᠥᠭᠡ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠬᠥᠮᠥᠨ ᠠᠮᠠ ᠶᠢ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠳᠦᠷᠢᠮ ᠢ ᠪᠠᠶᠢᠭᠤᠯᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠥᠮᠥᠨ ᠠᠮᠠ ᠶᠢᠨ ᠨᠥᠯᠥᠭᠡ ᠶᠢ ᠦᠨᠡᠯᠡᠨ ᠵᠢᠱᠢᠬᠦ ᠶᠢ ᠥᠷᠨᠢᠭᠦᠯᠵᠦ᠂ ᠴᠢᠬᠤᠯᠠ ᠶᠡᠭᠡ ᠬᠥᠮᠥᠨ ᠠᠮᠠ ᠶᠢᠨ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠲᠣᠭᠲᠠᠴᠠ ᠶᠢ ᠲᠡᠭᠦᠯᠳᠡᠷᠵᠢᠭᠦᠯᠵᠦ᠂ ᠬᠥᠮᠥᠨ ᠠᠮᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠬᠥᠮᠥᠨ ᠠᠮᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠥᠮᠥᠨ ᠠᠮᠠ ᠬᠢᠭᠡᠳ ᠠᠵᠤ ᠠᠬᠤᠢ᠂ ᠨᠡᠶᠢᠭᠡᠮ᠂ ᠡᠬᠢ ᠪᠠᠶᠠᠯᠢᠭ᠂ ᠣᠷᠴᠢᠨ ᠲᠣᠭᠤᠷᠢᠨ ᠤ ᠵᠣᠬᠢᠴᠠᠩᠭᠤᠢ ᠦᠷᠭᠦᠯᠵᠢᠯᠡᠬᠦ ᠬᠥᠭᠵᠢᠯᠲᠡ ᠵᠢᠴᠢ ᠬᠥᠮᠥᠨ ᠠᠮᠠ ᠶᠢᠨ ᠤᠷᠲᠤ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃    2. ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠥᠮᠥᠨ ᠠᠮᠠ ᠶᠢᠨ ᠨᠠᠰᠤᠵᠢᠯ ᠢ ᠠᠷᠭᠠᠴᠠᠬᠤ᠂ ᠡᠮᠨᠡᠬᠦ ᠪᠠ ᠠᠰᠠᠷᠠᠬᠤ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠷᠢᠭᠤᠴᠠᠨ ᠲᠣᠭᠲᠠᠭᠠᠵᠤ᠂ ᠨᠠᠰᠤᠲᠠᠶᠢᠴᠤᠳ ᠤᠨ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠵᠤ᠂ ᠰᠢᠮᠳᠠᠭᠤᠯᠤᠨ ᠵᠢᠯᠤᠭᠤᠳᠴᠤ᠂ ᠵᠣᠬᠢᠶᠠᠨ ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ ᠡᠮᠴᠢᠯᠡᠭᠡᠨ ᠤ ᠬᠠᠷᠠᠭᠠᠯᠵᠠᠨ ᠠᠰᠠᠷᠠᠬᠤ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠶᠢᠷ᠎ᠠ ᠬᠠᠯᠠᠮᠵᠢ ᠶᠢᠨ ᠦᠢᠯᠡᠴᠢᠯᠡᠭᠡ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠡᠭᠦᠷᠭᠡᠯᠡᠨ᠎ᠡ᠃ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ᠂ ᠰᠢᠪᠠᠳᠠᠨ ᠵᠢᠯᠤᠭᠤᠳᠬᠤ᠂ ᠬᠢᠨᠠᠨ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠦᠪᠵᠢᠭᠦᠯᠭᠡ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠᠭᠠᠶ ᠬᠦᠴᠢᠷᠳᠡᠯᠲᠡᠢ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃    3. ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠵᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠪᠤᠶᠤ ᠢᠯᠡᠴᠢᠯᠡᠨ ᠮᠡᠳᠡᠭᠦᠯᠦᠯᠲᠡ ᠶᠢ ᠣᠯᠵᠤ ᠮᠡᠳᠡᠪᠡᠯ ᠢᠳᠡᠭᠡᠨ ᠳᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠮᠡᠳᠡᠬᠦ ᠶᠢ ᠣᠯᠵᠤ ᠮᠡᠳᠡᠪᠡᠯ᠂ ᠳᠠᠷᠤᠶᠢᠬᠠᠨ ᠵᠣᠬᠢᠶᠠᠨ ᠪᠠᠶᠢᠭᠤᠯᠤᠨ ᠰᠢᠯᠭᠠᠨ ᠪᠠᠶᠢᠴᠠᠭᠠᠬᠤ ᠪᠠ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠶᠢᠨ ᠬᠠᠮᠲᠤ ᠴᠠᠭ ᠲᠤᠬᠠᠢ ᠳᠤᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠤ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠴᠠᠭ ᠲᠤᠬᠠᠢ ᠳᠤᠨᠢ ᠮᠡᠳᠡᠭᠳᠡᠵᠦ᠂ ᠠᠮᠤᠷ ᠲᠦᠪᠰᠢᠨ ᠤ ᠳ᠋ᠦᠩᠨᠡᠯᠲᠡ ᠭᠠᠷᠭᠠᠭᠰᠠᠨ ᠢᠳᠡᠭᠡᠨ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠳᠠᠷᠤᠶᠢᠬᠠᠨ ᠠᠷᠭ᠎ᠠ ᠬᠡᠮᠵᠢᠶ᠎ᠡ ᠠᠪᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠪᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠴᠢᠬᠤᠯᠠᠲᠠᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤᠨᠢ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠰᠠᠨᠠᠭᠤᠯᠭ᠎ᠠ ᠳᠤᠷᠠᠳᠬᠤ ᠬᠡᠷᠡᠭᠲᠡᠢ᠃ ᠡᠭᠦᠨ ᠤ ᠬᠠᠮᠲᠤ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠣᠷᠣᠨ ᠨᠤᠲᠤᠭ ᠤᠨ ᠴᠢᠨᠠᠷᠲᠠᠢ ᠡᠮ ᠤᠨ ᠵᠦᠢᠯ ᠤᠨ ᠪᠠᠷᠢᠮᠵᠢᠶ᠎ᠠ ᠪᠠ ᠵᠢᠷᠤᠮᠵᠢᠯ ᠢ ᠲᠣᠭᠲᠠᠭᠠᠵᠤ᠂ ᠬᠦᠨᠳᠦ ᠶᠡᠭᠡ ᠡᠮ ᠤᠨ ᠵᠦᠢᠯ ᠤᠨ ᠡᠷᠡᠭᠦᠯ ᠪᠤᠰᠤ ᠲᠤᠰᠬᠠᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠢ ᠬᠠᠷᠢᠯᠴᠠᠨ ᠮᠡᠳᠡᠭᠡᠯᠡᠬᠦ ᠲᠣᠭᠲᠠᠴᠠ ᠪᠠ ᠬᠠᠮᠲᠤᠷᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃    4. ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠲᠠᠢ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠳᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃    5. ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠵᠦᠢᠯᠡᠰ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠬᠤ ᠠᠵᠢᠯ ᠢ ᠡᠭᠦᠷᠭᠡᠯᠡᠵᠦ᠂ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶ᠎ᠠ ᠪᠦᠬᠦᠢ ᠵᠦᠢᠯᠡᠰ ᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃    ᠳᠥᠷᠪᠡᠳᠦᠭᠡᠷ ᠵᠦᠢᠯ ᠦᠴᠦᠸᠠᠨ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠲᠣᠬᠢᠷᠠᠭᠤᠯᠪᠠ᠄    ︵ᠨᠢᠭᠡ︶ᠶᠡᠷᠦᠩᠬᠡᠶᠢᠯᠡᠭᠰᠡᠨ ᠠᠯᠪᠠᠨ ᠭᠡᠷ᠃ ᠤᠳᠤᠷᠢᠳᠬᠤ ᠪᠠᠭ ᠤᠨ ᠪᠠᠶᠢᠭᠤᠯᠤᠯᠲᠠ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠤᠶᠤᠨ ᠤ ᠪᠣᠯᠪᠠᠰᠤᠨ ᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠨᠳᠦᠰᠦᠲᠡᠨ ᠤ ᠨᠢᠭᠡᠳᠦᠮᠡᠯ ᠹᠷᠣᠨᠲ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠤᠨ ᠶᠠᠪᠤᠳᠠᠯ ᠪᠠ ᠪᠠᠶᠢᠭᠤᠯᠭ᠎ᠠ ᠶᠢᠨ ᠬᠡᠷᠡᠭ ᠶᠠᠪᠤᠳᠠᠯ ᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠪᠢᠴᠢᠭ ᠮᠠᠲ᠋ᠧᠷᠢᠶᠠᠯ ᠴᠠᠬᠢᠯᠭᠠᠨ᠂ ᠬᠤᠷᠠᠯ ᠤᠨ ᠶᠠᠪᠤᠳᠠᠯ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠰᠢᠮᠳᠠᠭᠤᠯᠤᠨ ᠪᠠᠶᠢᠴᠠᠭᠠᠬᠤ ᠵᠡᠷᠭᠡ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠡᠭᠦᠷᠭᠡᠯᠡᠨ᠎ᠡ︔ ᠡᠯᠧᠺᠲᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ᠂ ᠪᠠᠶᠢᠭᠤᠯᠭ᠎ᠠ ᠶᠢᠨ ᠳᠦᠷᠢᠮ ᠲᠣᠭᠲᠠᠭᠠᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ︔ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠳᠠᠲᠠᠢ ᠠᠵᠢᠯ ᠢ ᠡᠭᠦᠷᠭᠡᠯᠡᠨ᠎ᠡ︔ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠤᠭᠤᠳᠴᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠮᠡᠳᠡᠭᠡ ᠵᠠᠩᠭᠢ ᠶᠢ ᠨᠡᠶᠢᠲᠡᠯᠡᠨ᠎ᠡ᠃    ︵ᠬᠤᠶᠠᠷ︶ᠠᠵᠢᠯᠲᠠᠨ ᠤ ᠶᠠᠪᠤᠳᠠᠯ ᠡᠳ᠋ ᠤᠨ ᠶᠠᠪᠤᠳᠠᠯ ᠤᠨ ᠲᠠᠰᠤᠭ᠃ ᠪᠦᠬᠦ ᠰᠢᠶᠠᠨ ᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠴᠢᠳᠠᠪᠤᠷᠢᠲᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠰᠢᠶᠠᠨ ᠤ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠬᠢᠷᠢ ᠬᠡᠮ᠂ ᠰᠤᠪᠢᠯᠠᠭᠴᠢ ᠶᠢᠨ ᠠᠵᠢᠯ ᠡᠷᠬᠢᠯᠡᠬᠦ ᠬᠢᠷᠢ ᠬᠡᠮ᠂ ᠡᠷᠡᠭᠦᠯ ᠬᠠᠮᠠᠭᠠᠯᠠᠯ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠬᠢᠷᠢ ᠬᠡᠮ ᠢ ᠵᠥᠪᠰᠢᠶᠡᠷᠡᠨ ᠣᠷᠣᠭᠤᠯᠬᠤ ᠶᠢ ᠬᠠᠷᠢᠭᠤᠴᠠᠨ᠎ᠠ︔ ᠬᠠᠷᠢᠶ᠎ᠠ ᠬᠤᠶᠠᠳᠤᠭᠠᠷ ᠳᠡᠰ ᠤᠨ ᠨᠢᠭᠡᠴᠡ ᠪᠠ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠲᠤᠰᠬᠠᠢ ᠮᠡᠷᠭᠡᠵᠢᠯ ᠤᠨ ᠠᠵᠢᠯᠲᠠᠨ ᠤ ᠬᠢᠷᠢ ᠬᠡᠮ ᠢ ᠮᠠᠭᠠᠳᠯᠠᠨ ᠲᠣᠭᠲᠠᠭᠠᠬᠤ᠂ ᠠᠵᠢᠯ ᠤᠨ ᠪᠠᠶᠢᠷᠢ ᠳᠤ ᠤᠷᠢᠨ ᠲᠣᠮᠢᠯᠠᠬᠤ᠂ ᠠᠮᠵᠢᠯᠲᠠ ᠪᠦᠲᠦᠮᠵᠢ ᠶᠢᠨ ᠴᠠᠯᠢᠩ ᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠬᠤ ᠶᠢ ᠬᠠᠷᠢᠭᠤᠴᠠᠨ᠎ᠠ︔ ᠲᠣᠪᠴᠢᠶ᠎ᠠ ᠶᠢᠨ ᠪᠠᠶᠢᠭᠤᠯᠭ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠲᠣᠬᠢᠷᠠᠭᠤᠯᠤᠯᠲᠠ᠂ ᠴᠠᠯᠢᠩ ᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠬᠠᠮᠢᠶᠠᠷᠤᠯᠲᠠ ᠶᠢ ᠬᠠᠷᠢᠭᠤᠴᠠᠵᠤ᠂ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠵᠢᠯᠣᠭᠤᠳᠤᠨ᠎ᠠ᠃ ᠺᠠᠳ᠋ᠷ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮᠨᠡᠯᠭᠡ ᠳᠤ ᠰᠠᠭᠤᠭᠰᠠᠨ ᠶᠡᠭᠡ ᠡᠮᠴᠢ᠂ ᠲᠤᠰᠬᠠᠢ ᠰᠠᠯᠠᠭᠠᠨ ᠤ ᠡᠮᠴᠢ ᠶᠢᠨ ᠪᠣᠯᠪᠠᠰᠤᠷᠠᠭᠤᠯᠤᠯ ᠵᠡᠷᠭᠡ ᠲᠡᠭᠦᠰᠦᠭᠰᠡᠨ ᠤ ᠳᠠᠷᠠᠭᠠᠬᠢ ᠠᠨᠠᠭᠠᠬᠤ ᠤᠬᠠᠭᠠᠨ ᠤ ᠰᠤᠷᠭᠠᠨ ᠬᠥᠮᠦᠵᠢᠯ ᠪᠣᠯᠣᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠯ᠎ᠡ ᠱᠠᠲᠤᠨ ᠤ ᠲᠤᠰᠬᠠᠢ ᠵᠠᠷᠤᠳᠠᠯ ᠤᠨ ᠲᠣᠬᠢᠷᠠᠭᠤᠯᠤᠯᠲᠠ ᠬᠡᠷᠡᠭᠯᠡᠯᠲᠡ ᠪᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ︔ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠵᠢᠴᠢ ᠪᠦᠬᠦ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠵᠦᠢᠯ ᠤᠨ ᠵᠠᠷᠤᠳᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠵᠢᠯ ᠲᠥᠷᠥᠯ ᠤᠨ ᠡᠳ᠋ ᠤᠨ ᠶᠠᠪᠤᠳᠠᠯ ᠤᠨ ᠳᠦᠷᠢᠮ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠲᠣᠮᠣ ᠬᠡᠯᠪᠡᠷᠢ ᠶᠢᠨ ᠲᠥᠬᠦᠭᠡᠷᠦᠮᠵᠢ ᠶᠢ ᠲᠥᠪᠯᠡᠷᠡᠭᠦᠯᠦᠨ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠦᠨ᠎ᠡ︔ ᠪᠠᠶᠢᠭᠤᠯᠭ᠎ᠠ ᠪᠠ ᠬᠠᠷᠢᠶ᠎ᠠ ᠪᠦᠬᠦᠢ ᠲᠥᠰᠥᠪ ᠤᠨ ᠬᠠᠮᠢᠶᠠᠷᠤᠯᠲᠠ ᠶᠢᠨ ᠨᠢᠭᠡᠴᠢ ᠶᠢᠨ ᠲᠥᠰᠥᠪ ᠪᠠ ᠲᠥᠰᠥᠪ ᠤᠨ ᠭᠦᠢᠴᠡᠳᠬᠡᠯ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠪᠠ ᠳᠣᠲᠣᠭᠠᠳᠤ ᠶᠢᠨ ᠬᠢᠨᠠᠨ ᠪᠤᠳᠤᠬᠤ ᠳᠦᠷᠢᠮ ᠢ ᠡᠭᠦᠷᠭᠡᠯᠡᠨ᠎ᠡ᠃    ︵ᠭᠤᠷᠪᠠ︶ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠰᠤᠭ᠃ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠵᠢᠯᠤᠭᠤᠳᠬᠤ ᠪᠠ ᠬᠢᠨᠠᠯᠲᠠ ᠲᠠᠯᠪᠢᠬᠤ ᠬᠡᠷᠡᠭᠲᠡᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠤᠭᠤᠳᠴᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠪᠣᠯᠣᠨ ᠶᠠᠳᠠᠭᠤ ᠶᠢ ᠲᠡᠳᠬᠦᠬᠦ ᠠᠵᠢᠯ ᠢ ᠬᠠᠷᠢᠭᠤᠴᠠᠨ᠎ᠠ︔ ᠬᠥᠳᠡᠭᠡ ᠲᠣᠰᠬᠤᠨ ᠤ ᠡᠮᠴᠢ ᠶᠢᠨ ᠠᠵᠢᠯ ᠡᠷᠬᠢᠯᠡᠬᠦ ᠳᠠᠩᠰᠠᠯᠠᠯ ᠬᠢᠭᠡᠳ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠢ᠃ ᠤᠯᠤᠰ ᠤᠨ ᠦᠨᠳᠦᠰᠦᠨ ᠡᠮ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠤᠨ ᠵᠦᠢᠯ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠡᠮ ᠤᠨ ᠵᠦᠢᠯᠡᠰ ᠤᠨ ᠬᠡᠷᠡᠭᠯᠡᠯᠲᠡ ᠶᠢ ᠬᠢᠨᠠᠨ ᠰᠢᠨᠵᠢᠬᠦ᠂ ᠡᠮᠴᠢᠯᠡᠭᠡᠨ ᠤ ᠶᠡᠷᠦᠩᠬᠡᠶᠢᠯᠡᠭᠰᠡᠨ ᠦᠨᠡᠯᠡᠯᠲᠡ ᠬᠢᠬᠦ ᠪᠠ ᠳᠤᠲᠠᠭᠳᠠᠵᠤ ᠪᠠᠶᠢᠭ᠎ᠠ ᠡᠮ ᠤᠨ ᠵᠦᠢᠯᠡᠰ ᠤᠨ ᠰᠡᠷᠡᠮᠵᠢᠯᠡᠭᠦᠯᠬᠦ ᠶᠢ ᠥᠷᠨᠢᠭᠦᠯᠦᠨ᠎ᠡ᠃ ᠡᠮ ᠤᠨ ᠵᠦᠢᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠪᠠ ᠦᠨᠳᠦᠰᠦᠨ ᠡᠮ ᠤᠨ ᠭᠠᠷᠴᠠᠭ ᠤᠨ ᠳᠣᠲᠣᠷᠠᠬᠢ ᠡᠮ ᠤᠨ ᠵᠦᠢᠯ ᠢ ᠦᠢᠯᠡᠳᠪᠦᠷᠢᠯᠡᠬᠦ ᠪᠠᠷ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠢᠨᠠᠨ ᠬᠠᠮᠢᠶᠠᠷᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠪᠦᠬᠦ ᠰᠢᠶᠠᠨ ᠤ ᠮᠣᠩᠭᠤᠯ ᠬᠢᠲᠠᠳ ᠡᠮ ᠡᠮᠨᠡᠯᠭᠡ᠂ ᠮᠣᠩᠭᠤᠯ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠬᠤ ᠦᠢᠯᠡᠰ᠂ ᠮᠣᠩᠭᠤᠯ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠤ ᠰᠤᠳᠤᠯᠤᠯ ᠪᠣᠯᠣᠨ ᠮᠡᠷᠭᠡᠵᠢᠯ ᠤᠨ ᠨᠡᠭᠡᠭᠡᠯᠲᠡ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠮᠣᠩᠭᠤᠯ ᠬᠢᠲᠠᠳ ᠡᠮᠨᠡᠯᠭᠡ ᠶᠢᠨ ᠠᠵᠢᠯ ᠤᠨ ᠬᠠᠮᠢᠶᠠᠷᠤᠯᠲᠠ ᠶᠢᠨ ᠵᠢᠷᠤᠮᠵᠢᠯ᠂ ᠳᠦᠷᠢᠮ ᠲᠣᠭᠲᠠᠭᠠᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠰᠢᠶᠠᠨ ᠤ ᠮᠣᠩᠭᠤᠯ ᠬᠢᠲᠠᠳ ᠡᠮᠨᠡᠯᠭᠡ ᠶᠢᠨ ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠬᠢᠭᠡᠳ ᠲᠤᠰᠬᠠᠢ ᠵᠦᠢᠯ ᠤᠨ ᠵᠠᠷᠤᠳᠠᠯ ᠤᠨ ᠬᠠᠮᠢᠶᠠᠷᠤᠯᠲᠠ ᠶᠢ ᠲᠣᠭᠲᠠᠭᠠᠨ᠎ᠠ︔ ᠪᠦᠬᠦ ᠰᠢᠶᠠᠨ ᠤ ᠮᠣᠩᠭᠤᠯ ᠬᠢᠲᠠᠳ ᠡᠮ ᠡᠮᠨᠡᠯᠭᠡ ᠶᠢᠨ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠨ᠎ᠠ︔ ᠮᠣᠩᠭᠤᠯ ᠬᠢᠲᠠᠳ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠵᠢᠴᠢ ᠠᠵᠢᠯᠲᠠᠨ ᠢ ᠣᠷᠣᠭᠤᠯᠬᠤ ᠶᠢ ᠵᠥᠪᠰᠢᠶᠡᠷᠡᠬᠦ ᠶᠢ ᠬᠠᠷᠢᠭᠤᠴᠠᠵᠤ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ᠂ ᠦᠢᠯᠡᠴᠢᠯᠡᠭᠡ ᠵᠡᠷᠭᠡ ᠲᠠᠯ᠎ᠠ ᠶᠢᠨ ᠦᠨᠡᠯᠡᠯᠲᠡ ᠬᠢᠨᠠᠯᠲᠠ ᠬᠠᠮᠢᠶᠠᠷᠤᠯᠲᠠ ᠵᠢᠴᠢ ᠮᠣᠩᠭᠤᠯ ᠬᠢᠲᠠᠳ ᠡᠮ ᠡᠮᠨᠡᠯᠭᠡ ᠶᠢᠨ ᠲᠣᠬᠢᠷᠠᠬᠤ ᠮᠡᠷᠭᠡᠵᠢᠯ ᠢ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠠᠨᠠᠭᠠᠬᠤ ᠤᠬᠠᠭᠠᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠬᠤ᠂ ᠬᠠᠮᠠᠭᠠᠯᠠᠬᠤ᠂ ᠨᠡᠭᠡᠭᠡᠨ ᠬᠥᠭᠵᠢᠭᠦᠯᠬᠦ᠂ ᠬᠥᠭᠵᠢᠭᠦᠯᠬᠦ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃    ︵ᠳᠥᠷᠪᠡ︶ᠬᠥᠮᠥᠨ ᠠᠮᠠ ᠶᠢ ᠬᠢᠨᠠᠨ ᠬᠡᠮᠵᠢᠬᠦ ᠪᠠ ᠭᠡᠷ ᠪᠦᠯᠢ ᠶᠢᠨ ᠬᠥᠭᠵᠢᠯᠲᠡ ᠶᠢᠨ ᠲᠠᠰᠤᠭ᠃ ᠬᠥᠮᠥᠨ ᠠᠮᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠬᠦ ᠶᠢᠨ ᠬᠠᠮᠲᠤ ᠬᠥᠮᠥᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠬᠡᠦᠬᠡᠳ ᠠᠪᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢ ᠲᠡᠳᠬᠦᠨ ᠲᠤᠰᠠᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ ᠨᠠᠰᠤᠵᠢᠯ ᠢ ᠠᠷᠭᠠᠴᠠᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠡᠮᠴᠢᠯᠡᠭᠡ ᠨᠠᠰᠤᠵᠢᠯ ᠢ ᠤᠶᠠᠯᠳᠤᠭᠤᠯᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠣᠯᠣᠨ ᠵᠢᠷᠤᠮᠵᠢᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠷᠡᠭᠦᠯ ᠮᠡᠨᠳᠦ ᠦᠴᠦᠸᠠᠨ ᠤ ᠪᠠᠶᠢᠯᠳᠤᠬᠤ ᠪᠣᠳᠣᠯᠭ᠎ᠠ ᠶᠢ ᠵᠣᠬᠢᠴᠠᠭᠤᠯᠤᠨ ᠠᠬᠢᠭᠤᠯᠬᠤ ᠠᠵᠢᠯ ᠢ ᠡᠭᠦᠷᠭᠡᠯᠡᠵᠦ᠂ ᠪᠦᠬᠦ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠳᠤᠮᠳᠠ ᠤᠷᠳᠤ ᠬᠤᠭᠤᠴᠠᠭᠠᠨ ᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠵᠢᠴᠢ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠵᠢᠯᠤᠭᠤᠳᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠬᠡ ᠨᠢᠯᠬᠠᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠣᠯᠣᠨ ᠵᠢᠷᠤᠮᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠡᠬᠡ ᠨᠢᠯᠬᠠᠰ ᠤᠨ ᠡᠷᠡᠭᠦᠯ ᠬᠠᠮᠠᠭᠠᠯᠠᠯ᠂ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ᠂ ᠨᠢᠯᠬ᠎ᠠ ᠬᠡᠦᠬᠡᠳ ᠤᠨ ᠡᠷᠲᠡ ᠬᠤᠭᠤᠴᠠᠭᠠᠨ ᠤ ᠬᠥᠭᠵᠢᠯᠲᠡ᠂ ᠬᠥᠮᠥᠨ ᠲᠥᠷᠥᠯᠬᠢᠲᠡᠨ ᠤ ᠲᠤᠰᠠᠯᠠᠬᠤ ᠦᠷᠡᠵᠢᠯ ᠤᠨ ᠮᠡᠷᠭᠡᠵᠢᠯ ᠤᠨ ᠬᠠᠮᠢᠶᠠᠷᠤᠯᠲᠠ ᠪᠣᠯᠣᠨ ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃    ︵ᠲᠠᠪᠤ︶ᠡᠪᠡᠳ᠋ᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠠᠰᠤᠭ᠃ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ᠂ ᠠᠷᠠᠳ ᠲᠦᠮᠡᠨ ᠤ ᠡᠷᠡᠭᠦᠯ ᠮᠡᠨᠳᠦ ᠶᠢ ᠬᠦᠨᠳᠦ ᠨᠣᠴᠢᠲᠠᠢ ᠬᠤᠬᠢᠷᠠᠭᠤᠯᠬᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠢ ᠬᠠᠮᠢᠶᠠᠷᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠭᠡᠯᠢᠯᠡᠭᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠲᠡᠭᠦᠯᠳᠡᠷᠵᠢᠭᠦᠯᠦᠨ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠡᠭᠦᠷᠭᠡᠯᠡᠨ᠎ᠡ᠃ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠢᠳᠡᠭᠡᠨ ᠤ ᠠᠮᠤᠷ ᠲᠦᠪᠰᠢᠨ ᠤ ᠠᠵᠤ ᠠᠬᠤᠶᠢᠯᠠᠯ ᠤᠨ ᠪᠠᠷᠢᠮᠵᠢᠶ᠎ᠠ ᠶᠢ ᠳᠠᠩᠰᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠰᠣᠯᠢᠯᠴᠠᠬᠤ ᠶᠢ ᠥᠷᠨᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠭᠤᠯᠭ᠎ᠠ᠂ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠣᠨᠢᠨ ᠮᠡᠳᠡᠭᠡ ᠪᠠ ᠮᠡᠳᠡᠭᠡ ᠵᠠᠩᠭᠢ ᠨᠡᠶᠢᠲᠡᠯᠡᠬᠦ ᠠᠵᠢᠯ ᠢ ᠡᠭᠦᠷᠭᠡᠯᠡᠨ᠎ᠡ᠃ ︽ᠲᠠᠮᠠᠬᠢ ᠶᠢ ᠬᠢᠵᠠᠭᠠᠷᠯᠠᠬᠤ ᠲᠥᠰᠥᠪ ᠤᠨ ᠨᠡᠶᠢᠲᠡ ᠶᠢᠨ ᠭᠡᠷ᠎ᠡ︾ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃ ᠰᠢᠶᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠵᠣᠬᠢᠴᠠᠭᠤᠯᠤᠨ ᠠᠬᠢᠭᠤᠯᠬᠤ ᠺᠣᠮᠢᠰ ᠤᠨ ᠠᠯᠪᠠᠨ ᠭᠡᠷ ᠤᠨ ᠠᠵᠢᠯ ᠢ ᠡᠭᠦᠷᠭᠡᠯᠡᠨ᠎ᠡ᠃    ︵ᠵᠢᠷᠭᠤᠭ᠎ᠠ︶ᠡᠮᠨᠡᠯᠭᠡ ᠶᠢᠨ ᠶᠠᠪᠤᠳᠠᠯ ᠡᠮᠨᠡᠯᠭᠡ ᠶᠢᠨ ᠬᠠᠮᠢᠶᠠᠷᠤᠯᠲᠠ ᠶᠢᠨ ᠲᠠᠰᠤᠭ᠃ ᠤᠯᠤᠰ ᠤᠨ ᠡᠮᠴᠢᠯᠡᠭᠡᠨ ᠤ ᠪᠠᠶᠢᠭᠤᠯᠤᠮᠵᠢ᠂ ᠴᠢᠰᠤ ᠠᠪᠬᠤ ᠬᠠᠩᠭᠠᠬᠤ ᠪᠠᠶᠢᠭᠤᠯᠤᠮᠵᠢ᠂ ᠡᠮᠴᠢᠯᠡᠭᠡᠨ ᠤ ᠶᠠᠰᠤ ᠴᠢᠨᠠᠷ᠂ ᠡᠮᠴᠢᠯᠡᠭᠡᠨ ᠤ ᠠᠮᠤᠷ ᠲᠦᠪᠰᠢᠨ᠂ ᠡᠮᠴᠢᠯᠡᠭᠡᠨ ᠤ ᠦᠢᠯᠡᠴᠢᠯᠡᠭᠡ᠂ ᠰᠤᠪᠢᠯᠠᠯᠲᠠ ᠶᠢᠨ ᠶᠠᠰᠤ ᠴᠢᠨᠠᠷ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠲᠥᠷᠥ ᠶᠢᠨ ᠪᠣᠳᠣᠯᠭ᠎ᠠ᠂ ᠵᠢᠷᠤᠮᠵᠢᠯ᠂ ᠪᠠᠷᠢᠮᠵᠢᠶ᠎ᠠ ᠶᠢ ᠬᠠᠷᠢᠭᠤᠴᠠᠨ ᠬᠡᠷᠡᠭᠵᠢᠭᠦᠯᠦᠨ᠎ᠡ︔ ᠤᠯᠤᠰ ᠤᠨ ᠡᠮᠨᠡᠯᠭᠡ ᠶᠢᠨ ᠠᠵᠢᠯᠲᠠᠨ ᠤ ᠠᠵᠢᠯ ᠡᠷᠬᠢᠯᠡᠬᠦ ᠶᠢ ᠵᠥᠪᠰᠢᠶᠡᠷᠡᠬᠦ᠂ ᠰᠢᠯᠭᠠᠨ ᠬᠢᠨᠠᠬᠤ᠂ ᠪᠣᠯᠪᠠᠰᠤᠷᠠᠭᠤᠯᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠬᠡᠷᠡᠭᠵᠢᠭᠦᠯᠦᠨ᠎ᠡ︔ ᠪᠥᠬᠦ ᠰᠢᠶᠠᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠶᠠᠰᠤ ᠴᠢᠨᠠᠷ ᠢ ᠦᠨᠡᠯᠡᠬᠦ ᠪᠠ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡ ᠶᠢ ᠬᠢᠨᠠᠨ ᠬᠠᠮᠢᠶᠠᠷᠬᠤ ᠠᠷᠭ᠎ᠠ᠂ ᠲᠥᠰᠥᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ ᠭᠤᠣᠯ ᠪᠣᠯᠭᠠᠭᠰᠠᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ ᠪᠦᠷᠢᠨᠰᠢᠭᠦᠯᠦᠨ᠎ᠡ︔ ᠪᠥᠬᠦ ᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠶᠠᠪᠤᠳᠠᠯ᠂ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ᠂ ᠡᠮᠴᠢᠯᠡᠭᠡᠨ ᠤ ᠮᠡᠷᠭᠡᠵᠢᠯ ᠤᠨ ᠬᠡᠷᠡᠭᠯᠡᠯᠲᠡ᠂ ᠡᠮᠴᠢᠯᠡᠭᠡᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠢᠯᠣᠭᠤᠳᠤᠨ᠎ᠠ︔ ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠢ ᠡᠮᠨᠡᠯᠭᠡ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ᠂ ᠪᠠᠷᠢᠮᠵᠢᠶ᠎ᠠ ᠶᠢ ᠬᠡᠷᠡᠭᠵᠢᠭᠦᠯᠬᠦ ᠶᠢ ᠬᠠᠷᠢᠭᠤᠴᠠᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠵᠦ᠂ ᠡᠮᠴᠢᠯᠡᠭᠡᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠠᠷᠢᠭᠤᠨ ᠴᠡᠪᠡᠷ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠯᠣᠭᠤᠳᠤᠨ ᠵᠢᠷᠤᠮᠵᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠷᠣᠨ ᠨᠤᠲᠤᠭ ᠤᠨ ᠴᠢᠨᠠᠷᠲᠠᠢ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠪᠠ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠬᠤ ᠪᠠ ᠲᠤᠭᠤᠷᠪᠢᠬᠤ ᠶᠢ ᠬᠠᠷᠢᠭᠤᠴᠠᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠡᠭᠦᠷᠭᠡᠯᠡᠨ᠎ᠡ︔    ᠪᠠᠶᠢᠭᠤᠯᠭ᠋᠎ᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠪᠠᠶᠢᠭᠤᠯᠭ᠎ᠠ ᠪᠣᠯᠣᠨ ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠪᠦᠬᠦ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃    ᠲᠠᠪᠤᠳᠤᠭᠠᠷ ᠵᠦᠢᠯ ᠦᠴᠦᠸᠠᠨ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠠᠰᠠᠭ ᠵᠠᠬᠢᠷᠭᠠᠨ ᠤ ᠣᠷᠣᠨ ᠲᠤᠭ᠎ᠠ 10 ᠪᠠᠶᠢᠵᠤ᠂ ᠨᠢᠭᠡᠨ ᠡᠷᠬᠢᠯᠡᠭᠴᠢ ᠪᠠᠶᠢᠵᠤ᠂ 3 ᠳᠡᠳ᠋ ᠡᠷᠬᠢᠯᠡᠭᠴᠢ ᠲᠣᠬᠢᠷᠠᠭᠤᠯᠪᠠ᠃    ᠵᠢᠷᠭᠤᠳᠤᠭᠠᠷ ᠵᠦᠢᠯ ᠦᠴᠦᠸᠠᠨ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠣᠭᠠᠨ ᠤ ᠵᠦᠢᠯᠡᠰ ᠢ ᠠᠰ ᠲᠤᠨᠢ ᠲᠣᠭᠲᠠᠭᠠᠨ᠎ᠠ᠃    ᠳᠣᠯᠣᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠤ ᠲᠣᠬᠢᠷᠠᠭᠤᠯᠤᠯᠲᠠ ᠶᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠲᠣᠭᠲᠠᠭᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃    ᠨᠠᠢᠮᠠᠳᠤᠭᠠᠷ ᠵᠦᠢᠯ ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠬᠤᠶᠠᠷ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠵᠢᠶᠠᠨ ᠺᠠᠩ ᠵᠡᠭᠡᠯᠢ    ᠭᠤᠷᠪᠠ᠂ ᠠᠯᠪᠠᠯᠠᠬᠤ ᠴᠠᠭ᠄ ᠠᠵᠢᠯᠯᠠᠬᠤ ᠡᠳᠦᠷ ᠤᠨ 8᠄ 30-12᠄ 00  14᠄ 30-17᠄ 30    ᠳᠥᠷᠪᠡ᠂ ᠬᠠᠷᠢᠯᠴᠠᠬᠤ ᠠᠷᠭ᠎ᠠ ᠬᠡᠯᠪᠡᠷᠢ᠄ 0471 - 8822718    ᠲᠠᠪᠤ᠂ ᠬᠠᠷᠢᠭᠤᠴᠠᠯᠭᠠᠲᠠᠨ᠄ ᠷᠧᠨ ᡁᠢ ᠰᠢᠶᠠᠨ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号