ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
ᠨᠡᠶᠢᠲᠡᠯᠡᠭᠰᠡᠨ ᠴᠠᠭ᠄
2025/1/20
   ᠨᠢᠭᠡ᠂ ᠭᠤᠣᠯ ᠡᠭᠦᠷᠭᠡ ᠬᠠᠷᠢᠭᠤᠴᠠᠯᠭ᠎ᠠ᠂ ᠳᠣᠲᠣᠭᠠᠳᠤ ᠪᠠᠶᠢᠭᠤᠯᠤᠮᠵᠢ ᠪᠣᠯᠣᠨ ᠠᠵᠢᠯᠲᠠᠨ ᠤ ᠣᠷᠣᠨ ᠲᠤᠭ᠎ᠠ    ᠨᠢᠭᠡᠳᠦᠭᠡᠷ ᠵᠦᠢᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃    ᠬᠤᠶᠠᠳᠤᠭᠠᠷ ᠵᠦᠢᠯ ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠣᠨ᠎ᠠ᠂ ᠵᠢᠩᠬᠢᠨᠢ ᠰᠠᠯᠠᠭᠠᠨ ᠤ ᠳᠡᠰ᠃ ᠦ ᠴᠤᠨ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶᠠᠨ ᠤ ᠫᠠᠶᠢᠰᠠ ᠡᠯᠭᠦᠪᠡ᠃    ᠭᠤᠷᠪᠠᠳᠤᠭᠠᠷ ᠵᠦᠢᠯ ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠰᠣᠶᠣᠯ ᠵᠢᠭᠤᠯᠴᠢᠯᠠᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠦᠢᠯᠡᠰ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠰᠣᠶᠣᠯ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄    ︵ᠨᠢᠭᠡ︶ ᠪᠦᠬᠦ ᠰᠢᠶᠠᠨ ᠤ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠪᠦᠬᠦ ᠰᠢᠶᠠᠨ ᠤ ᠰᠣᠶᠣᠯ ᠤᠷᠠᠯᠢᠭ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃    ︵ᠬᠤᠶᠠᠷ︶ ᠪᠦᠬᠦ ᠰᠢᠶᠠᠨ ᠤ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠵᠤ᠂ ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠣᠯᠣᠨ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠠᠬᠢᠭᠤᠯᠤᠨ᠎ᠠ᠃    ︵ᠭᠤᠷᠪᠠ︶ ᠪᠦᠬᠦ ᠰᠢᠶᠠᠨ ᠤ ᠤᠷᠠᠯᠢᠭ ᠤᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠵᠢᠯᠤᠭᠤᠳᠴᠤ᠂ ᠰᠣᠶᠣᠯ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠵᠣᠬᠢᠶᠠᠨ ᠪᠠᠶᠢᠭᠤᠯᠤᠨ᠎ᠠ᠃ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃    ︵ᠳᠥᠷᠪᠡ︶ ᠪᠦᠬᠦ ᠰᠢᠶᠠᠨ ᠤ ᠴᠢᠨᠠᠷᠲᠠᠢ ᠴᠢᠬᠤᠯᠠ ᠶᠡᠭᠡ ᠨᠡᠶᠢᠭᠡᠮ ᠤᠨ ᠰᠣᠶᠣᠯ ᠤᠨ ᠠᠵᠢᠯᠯᠠᠭ᠎ᠠ ᠶᠢ ᠬᠠᠮᠢᠶᠠᠷᠤᠨ᠎ᠠ᠃ ᠭᠤᠣᠯᠳᠠᠯᠭ᠎ᠠ ᠲᠠᠢ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠴᠤ᠂ ᠪᠦᠬᠦ ᠰᠢᠶᠠᠨ ᠤ ᠰᠣᠶᠣᠯ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠰᠣᠶᠣᠯ ᠤᠨ ᠠᠵᠤ ᠦᠢᠯᠡᠰ᠂ ᠵᠢᠭᠤᠯᠴᠢᠯᠠᠯ ᠤᠨ ᠠᠵᠤ ᠦᠢᠯᠡᠰ ᠤᠨ ᠭᠠᠳᠠᠭᠠᠳᠤ ᠲᠠᠢ ᠬᠠᠮᠲᠤᠷᠠᠯᠴᠠᠬᠤ ᠪᠠ ᠵᠠᠬ᠎ᠠ ᠳᠡᠯᠭᠡᠭᠦᠷ ᠲᠤ ᠳᠡᠯᠭᠡᠷᠡᠭᠦᠯᠬᠦ ᠶᠢ ᠠᠬᠢᠭᠤᠯᠤᠨ᠎ᠠ᠃    ︵ᠲᠠᠪᠤ︶ ᠪᠦᠬᠦ ᠰᠢᠶᠠᠨ ᠤ ᠵᠢᠭᠤᠯᠴᠢᠯᠠᠯ ᠤᠨ ᠦᠢᠯᠡᠰ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ᠂ ᠬᠤᠪᠢᠰᠬᠠᠯᠲᠤ ᠵᠢᠭᠤᠯᠴᠢᠯᠠᠯ ᠪᠠ ᠠᠮᠠᠷᠠᠯᠲᠠ ᠶᠢᠨ ᠡᠳᠦᠷ ᠤᠨ ᠵᠢᠭᠤᠯᠴᠢᠯᠠᠯ ᠢ ᠵᠢᠯᠣᠭᠤᠳᠤᠨ ᠠᠬᠢᠭᠤᠯᠤᠨ᠎ᠠ᠃ ᠪᠦᠬᠦ ᠰᠢᠶᠠᠨ ᠤ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠲᠥᠯᠥᠪᠵᠢᠭᠦᠯᠬᠦ᠂ ᠨᠡᠭᠡᠭᠡᠨ ᠬᠥᠭᠵᠢᠭᠦᠯᠬᠦ ᠪᠠ ᠬᠠᠮᠢᠶ᠎ᠠ ᠪᠦᠬᠦᠢ ᠬᠠᠮᠠᠭᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃ ᠭᠤᠣᠯᠳᠠᠯᠭ᠎ᠠ ᠲᠠᠢ ᠵᠢᠭᠤᠯᠴᠢᠯᠠᠯ ᠤᠨ ᠣᠷᠣᠨ ᠪᠦᠰᠡ᠂ ᠵᠢᠭᠤᠯᠴᠢᠯᠠᠯ ᠤᠨ ᠵᠣᠷᠢᠭᠰᠠᠨ ᠭᠠᠵᠠᠷ ᠪᠠ ᠵᠢᠭᠤᠯᠴᠢᠯᠠᠯ ᠤᠨ ᠵᠠᠮ ᠱᠤᠭᠤᠮ ᠢ ᠲᠥᠯᠥᠪᠵᠢᠭᠦᠯᠦᠨ ᠨᠡᠭᠡᠭᠡᠨ ᠬᠥᠭᠵᠢᠭᠦᠯᠬᠦ ᠶᠢ ᠵᠢᠯᠤᠭᠤᠳᠴᠤ᠂ ᠰᠡᠯᠡᠭᠦᠴᠡᠨ ᠠᠮᠠᠷᠠᠬᠤ ᠶᠢ ᠬᠥᠲᠥᠯᠥᠨ ᠵᠢᠯᠣᠭᠤᠳᠤᠨ᠎ᠠ᠃ ᠪᠦᠬᠦ ᠰᠢᠶᠠᠨ ᠤ ᠵᠢᠭᠤᠯᠴᠢᠯᠠᠯ ᠤᠨ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠨ᠎ᠡ᠃ ᠵᠢᠭᠤᠯᠴᠢᠯᠠᠯ ᠤᠨ ᠲᠤᠭ᠎ᠠ ᠪᠦᠷᠢᠳᠬᠡᠯ ᠵᠢᠴᠢ ᠠᠵᠢᠯ ᠲᠦᠷᠦᠯ ᠤᠨ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃ ᠠᠮᠠᠷᠠᠯᠲᠠ ᠶᠢᠨ ᠡᠳᠦᠷ ᠤᠨ ᠵᠢᠭᠤᠯᠴᠢᠯᠠᠯ ᠪᠠ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ᠂ ᠬᠢᠨᠠᠯᠲᠠ ᠲᠠᠯᠪᠢᠵᠤ ᠬᠠᠮᠢᠶᠠᠷᠬᠤ ᠦᠢᠯᠡᠴᠢᠯᠡᠭᠡᠨ ᠤ ᠶᠠᠰᠤ ᠴᠢᠨᠠᠷ ᠢ ᠬᠠᠮᠠᠭᠠᠯᠠᠬᠤ᠂ ᠵᠢᠭᠤᠯᠴᠢᠯᠠᠯ ᠤᠨ ᠬᠡᠷᠡᠭᠯᠡᠭᠴᠢᠳ ᠪᠠ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠵᠢᠭᠤᠯᠴᠢᠯᠠᠯ ᠤᠨ ᠠᠵᠤ ᠠᠬᠤᠶᠢᠯᠠᠯ ᠪᠠ ᠠᠵᠢᠯᠯᠠᠭᠰᠠᠳ ᠤᠨ ᠡᠵᠡᠩᠨᠡᠯᠲᠡ ᠪᠠ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠵᠢᠭᠤᠯᠴᠢᠯᠠᠯ ᠤᠨ ᠣᠷᠣᠨ᠂ ᠵᠢᠭᠤᠯᠴᠢᠯᠠᠯ ᠤᠨ ᠪᠡᠯᠡᠳᠬᠡᠮᠵᠢ᠂ ᠵᠢᠭᠤᠯᠴᠢᠯᠠᠯ ᠤᠨ ᠦᠢᠯᠡᠴᠢᠯᠡᠭᠡ᠂ ᠵᠢᠭᠤᠯᠴᠢᠯᠠᠯ ᠤᠨ ᠦᠢᠯᠡᠳᠬᠦᠨ ᠵᠡᠷᠭᠡ ᠲᠠᠯ᠎ᠠ ᠶᠢᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠢᠭᠤᠯᠴᠢᠯᠠᠯ ᠤᠨ ᠠᠮᠤᠷ ᠲᠦᠪᠰᠢᠨ ᠢ ᠶᠡᠷᠦᠩᠬᠡᠶᠢᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠵᠢᠭᠤᠯᠴᠢᠯᠠᠯ ᠤᠨ ᠠᠵᠢᠯ ᠲᠥᠷᠥᠯ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠤᠭᠤᠳᠴᠤ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ ᠵᠢᠯᠣᠭᠤᠳᠤᠨ᠎ᠠ᠃ ᠵᠢᠭᠤᠯᠴᠢᠯᠠᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠵᠤ᠂ ᠤᠯᠤᠰ ᠤᠨ ᠬᠢᠯᠢ ᠶᠢᠨ ᠭᠠᠳᠠᠨ᠎ᠠ ᠵᠢᠭᠤᠯᠴᠢᠯᠠᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠶᠠᠩᠭᠠᠩ ᠣᠣᠮᠧᠨ ᠲᠠᠶᠢᠸᠠᠨ ᠳᠤ ᠬᠦᠷᠴᠦ ᠵᠢᠭᠤᠯᠴᠢᠯᠠᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠶᠠᠩᠭᠠᠩ ᠣᠣᠮᠧᠨ ᠲᠠᠶᠢᠸᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠢ ᠳᠡᠯᠭᠡᠷᠡᠭᠦᠯᠬᠦ ᠠᠵᠢᠯ ᠢ ᠵᠢᠯᠣᠭᠤᠳᠤᠨ᠎ᠠ᠃ ᠬᠢᠯᠢ ᠠᠴᠠ ᠭᠠᠷᠬᠤ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠢ ᠡᠵᠡᠩᠨᠡᠬᠦ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠢ ᠡᠵᠡᠩᠨᠡᠬᠦ ᠳᠤ ᠳᠠᠮᠵᠢᠭᠤᠯᠤᠨ ᠮᠡᠳᠡᠭᠦᠯᠬᠦ ᠠᠵᠢᠯ ᠢ ᠡᠭᠦᠷᠭᠡᠯᠡᠨ᠎ᠡ᠃ ᠪᠦᠬᠦ ᠰᠢᠶᠠᠨ ᠤ ᠵᠢᠭᠤᠯᠴᠢᠯᠠᠯ ᠤᠨ ᠴᠢᠳᠠᠪᠤᠷᠢᠲᠠᠨ ᠤ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠵᠢᠭᠤᠯᠴᠢᠯᠠᠯ ᠤᠨ ᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ᠎ᠠ᠃ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠡᠷᠬᠢᠯᠡᠭᠰᠡᠨ ᠠᠵᠢᠯ ᠤᠨ ᠬᠢᠷᠢ ᠬᠡᠮ ᠤᠨ ᠪᠠᠷᠢᠮᠵᠢᠶ᠎ᠠ ᠪᠠ ᠵᠡᠷᠭᠡ ᠲᠠᠰ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃    ︵ᠵᠢᠷᠭᠤᠭ᠎ᠠ︶ ᠪᠦᠬᠦ ᠰᠢᠶᠠᠨ ᠤ ᠪᠡᠶ᠎ᠡ ᠶᠢᠨ ᠲᠠᠮᠢᠷ ᠤᠨ ᠦᠢᠯᠡᠰ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠰᠢᠶᠠᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠴᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠰᠢᠶᠠᠨ ᠤ ᠭᠤᠷᠪᠠᠳᠤᠭᠠᠷ ᠱᠠᠲᠤᠨ ᠤ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢ ᠬᠢᠨᠠᠨ ᠬᠠᠷᠭᠤᠭᠤᠯᠬᠤ᠂ ᠮᠡᠳᠡᠭᠦᠯᠦᠨ ᠵᠥᠪᠰᠢᠶᠡᠷᠡᠭᠦᠯᠬᠦ ᠪᠠ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠰᠢᠶᠠᠨ ᠤ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠢᠯᠣᠭᠤᠳᠤᠨ ᠥᠷᠨᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠲᠦᠭᠡᠮᠡᠯᠵᠢᠭᠦᠯᠬᠦ ᠪᠠ ᠳᠡᠭᠡᠭᠰᠢᠯᠡᠭᠦᠯᠬᠦ ᠶᠢ ᠰᠠᠶᠢᠲᠤᠷ ᠠᠳᠬᠤᠨ᠎ᠠ᠃ ᠪᠦᠬᠦ ᠰᠢᠶᠠᠨ ᠤ ᠴᠢᠨᠠᠷᠲᠠᠢ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠪᠣᠯᠣᠨ ᠪᠡᠶ᠎ᠡ ᠶᠢᠨ ᠲᠠᠮᠢᠷ ᠤᠨ ᠲᠥᠷᠥᠯ ᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠪᠦᠬᠦ ᠰᠢᠶᠠᠨ ᠤ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠪᠣᠯᠣᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠵᠤ᠂ ᠪᠦᠬᠦ ᠰᠢᠶᠠᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠪᠣᠷᠣᠯᠠᠭᠤᠯᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃    ︵ᠳᠤᠯᠤᠭ᠎ᠠ︶ ᠪᠦᠬᠦ ᠰᠢᠶᠠᠨ ᠤ ᠣᠯᠠᠨ ᠨᠡᠶᠢᠲᠡ ᠶᠢᠨ ᠨᠣᠮ ᠤᠨ ᠰᠠᠩ᠂ ᠲᠡᠦᠬᠡ ᠶᠢᠨ ᠳᠤᠷᠠᠰᠬᠠᠯᠲᠤ ᠵᠦᠢᠯ ᠮᠦᠽᠧᠢ ᠵᠢᠴᠢ ᠪᠣᠳᠠᠰ ᠤᠨ ᠪᠤᠰᠤ ᠰᠣᠶᠣᠯ ᠤᠨ ᠥᠪ ᠢ ᠰᠤᠳᠤᠯᠬᠤ᠂ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠬᠠᠷᠢᠭᠤᠴᠠᠨ᠎ᠠ᠃    ︵ᠨᠠᠢᠮᠠ︶ ᠪᠦᠬᠦ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠬᠠᠷᠢᠭᠤᠴᠠᠵᠤ᠂ ᠰᠣᠶᠣᠯ ᠤᠨ ᠵᠠᠬ᠎ᠠ ᠳᠡᠯᠭᠡᠭᠦᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠰᠣᠶᠣᠯ ᠤᠨ ᠵᠠᠬ᠎ᠠ ᠳᠡᠯᠭᠡᠭᠦᠷ ᠤᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠢ ᠥᠷᠨᠢᠭᠦᠯᠵᠦ᠂ ᠰᠢᠶᠠᠩ ᠪᠠᠯᠭᠠᠰᠤᠨ ᠤ ᠰᠣᠶᠣᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠪᠦᠲᠦᠭᠡᠨ ᠪᠠᠶᠢᠭᠤᠯᠬᠤ ᠨᠢᠭᠡᠴᠢ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃    ︵ᠶᠢᠰᠦ︶ ᠪᠦᠬᠦ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠦᠨ ᠵᠢᠯᠤᠭᠤᠳᠴᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠴᠢᠭᠯᠡᠯ ᠢ ᠵᠢᠯᠣᠭᠤᠳᠤᠨ᠎ᠠ᠃    ︵ᠠᠷᠪᠠ︶ ᠲᠤᠰ ᠰᠢᠰᠲ᠋ᠧᠮ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠵᠠᠯᠬᠠᠭᠠᠬᠤ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠨ᠎ᠠ᠃    ︵ᠠᠷᠪᠠᠨ ᠨᠢᠭᠡ︶ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠰᠣᠶᠣᠯ ᠤᠨ ᠥᠷᠲᠡᠭᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠤᠨ᠎ᠠ᠃    ︵ᠠᠷᠪᠠᠨ ᠬᠤᠶᠠᠷ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃    ︵ᠠᠷᠪᠠᠨ ᠭᠤᠷᠪᠠ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠳᠥᠷᠪᠡᠳᠦᠭᠡᠷ ᠵᠦᠢᠯ ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠲᠣᠬᠢᠷᠠᠭᠤᠯᠪᠠ᠄    ︵ᠨᠢᠭᠡ︶ ᠠᠯᠪᠠᠨ ᠭᠡᠷ᠃ ᠠᠵᠢᠯ ᠤᠨ ᠲᠥᠯᠥᠪᠯᠡᠭᠡ ᠲᠣᠭᠲᠠᠭᠠᠬᠤ᠂ ᠠᠵᠢᠯ ᠤᠨ ᠳ᠋ᠦᠩᠨᠡᠯᠲᠡ᠂ ᠨᠢᠭᠤᠴᠠ ᠶᠢ ᠬᠠᠮᠠᠭᠠᠯᠠᠬᠤ᠂ ᠪᠢᠴᠢᠭ ᠬᠠᠷ᠎ᠠ ᠶᠢᠨ ᠳᠠᠩᠰᠠ ᠡᠪᠬᠡᠮᠡᠯ ᠢ ᠰᠢᠢᠳᠪᠦᠷᠢᠯᠡᠬᠦ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠡᠳᠦᠷ ᠲᠤᠲᠤᠮ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢ ᠬᠠᠷᠢᠭᠤᠴᠠᠵᠤ᠂ ᠪᠠᠶᠢᠭᠤᠯᠭ᠎ᠠ ᠶᠢᠨ ᠳᠣᠲᠣᠭᠠᠳᠤ ᠶᠢᠨ ᠠᠵᠢᠯ ᠢ ᠵᠣᠬᠢᠴᠠᠭᠤᠯᠤᠨ᠎ᠠ᠃ ᠠᠵᠢᠯᠲᠠᠨ ᠤ ᠶᠠᠪᠤᠳᠠᠯ᠂ ᠤᠬᠠᠭᠤᠯᠭ᠎ᠠ ᠬᠥᠮᠦᠵᠢᠯ᠂ ᠬᠥᠳᠡᠯᠮᠦᠷᠢ ᠴᠠᠯᠢᠩ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠ ᠬᠠᠮᠢᠶᠠᠷᠬᠤ ᠶᠢ ᠬᠠᠷᠢᠭᠤᠴᠠᠨ᠎ᠠ᠃ ᠲᠤᠰᠬᠠᠢ ᠮᠡᠷᠭᠡᠵᠢᠯ ᠤᠨ ᠠᠵᠢᠯᠲᠠᠨ ᠢ ᠪᠣᠯᠪᠠᠰᠤᠷᠠᠭᠤᠯᠬᠤ᠂ ᠬᠢᠨᠠᠨ ᠰᠢᠯᠭᠠᠬᠤ᠂ ᠬᠠᠮᠢᠶᠠᠷᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ ᠠᠵᠢᠯᠲᠠᠨ ᠢ ᠰᠢᠯᠢᠨ ᠳᠡᠪᠰᠢᠭᠦᠯᠵᠦ ᠬᠥᠮᠥᠵᠢᠭᠦᠯᠬᠦ᠂ ᠬᠢᠨᠠᠨ ᠰᠢᠯᠭᠠᠬᠤ᠂ ᠬᠢᠨᠠᠯᠲᠠ ᠲᠠᠯᠪᠢᠬᠤ᠂ ᠬᠠᠮᠢᠶᠠᠷᠬᠤ ᠪᠠ ᠴᠢᠳᠠᠪᠤᠷᠢᠲᠠᠨ ᠤ ᠠᠵᠢᠯ ᠢ ᠬᠠᠷᠢᠭᠤᠴᠠᠨ᠎ᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠪᠠ ᠳᠣᠲᠣᠭᠠᠳᠤ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠬᠠᠷᠢᠭᠤᠴᠠᠨ᠎ᠠ᠃ ᠲᠥᠯᠥᠪᠯᠡᠭᠡᠲᠦ ᠦᠷᠡᠵᠢᠯ ᠤᠨ ᠠᠵᠢᠯ ᠢ ᠬᠠᠷᠢᠭᠤᠴᠠᠨ᠎ᠠ᠃ ᠭᠠᠳᠠᠭᠠᠳᠤ ᠰᠣᠶᠣᠯ ᠤᠨ ᠤᠬᠠᠭᠤᠯᠭ᠎ᠠ ᠪᠠ ᠰᠣᠯᠢᠯᠴᠠᠭᠠᠨ ᠤ ᠠᠵᠢᠯ ᠢ ᠬᠠᠷᠢᠭᠤᠴᠠᠨ᠎ᠠ᠃    ︵ᠬᠤᠶᠠᠷ︶ ᠰᠣᠶᠣᠯ ᠤᠷᠠᠯᠢᠭ ᠬᠢᠭᠡᠳ ᠠᠵᠤ ᠦᠢᠯᠡᠰ ᠤᠨ ᠲᠠᠰᠤᠭ᠃ ᠨᠡᠶᠢᠭᠡᠮ ᠤᠨ ᠰᠣᠶᠣᠯ ᠤᠷᠠᠯᠢᠭ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠯᠠᠨ ᠲᠦᠮᠡᠨ ᠤ ᠰᠣᠶᠣᠯ ᠤᠨ ᠣᠷᠳᠣᠨ ︵ᠥᠷᠲᠡᠭᠡ︶  ᠤ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠶᠢ ᠵᠢᠯᠣᠭᠤᠳᠤᠨ᠎ᠠ᠃ ᠪᠦᠬᠦ ᠰᠢᠶᠠᠨ ᠤ ᠠᠵᠤ ᠠᠬᠤᠶᠢᠯᠠᠯ ᠤᠨ ᠰᠣᠶᠣᠯ᠂ ᠨᠡᠶᠢᠭᠡᠮ ᠲᠣᠭᠤᠷᠢᠭ ᠤᠨ ᠰᠣᠶᠣᠯ᠂ ᠰᠤᠷᠭᠠᠭᠤᠯᠢ ᠶᠢᠨ ᠬᠦᠷᠢᠶᠡᠨ ᠤ ᠰᠣᠶᠣᠯ᠂ ᠪᠠᠭᠠᠴᠤᠳ ᠬᠡᠦᠬᠡᠳ ᠤᠨ ᠰᠣᠶᠣᠯ᠂ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠠᠵᠢᠯᠯᠠᠭ᠎ᠠ ᠪᠠ ᠵᠣᠬᠢᠶᠠᠨ ᠪᠦᠲᠦᠭᠡᠯᠭᠡ ᠶᠢ ᠵᠢᠯᠣᠭᠤᠳᠤᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠠᠭᠤᠳᠠᠯᠤᠨ ᠡᠮᠬᠢᠳᠬᠡᠬᠦ᠂ ᠬᠠᠮᠠᠭᠠᠯᠠᠨ ᠤᠯᠠᠮᠵᠢᠯᠠᠬᠤ ᠪᠠ ᠪᠠᠳᠠᠷᠠᠭᠤᠯᠬᠤ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠠᠷᠠᠳ ᠤᠨ ᠤᠷᠠᠯᠢᠭ ᠤᠨ ᠨᠡᠶᠢᠭᠡᠮ ᠤᠨ ᠪᠦᠯᠬᠦᠮ ᠤᠨ ᠬᠠᠮᠢᠶᠠᠷᠤᠯᠲᠠ ᠶᠢ ᠬᠠᠷᠢᠭᠤᠴᠠᠵᠤ᠂ ᠣᠷᠣᠨ ᠨᠤᠲᠤᠭ ᠤᠨ ᠣᠨᠴᠠᠯᠢᠭ ᠪᠦᠬᠦᠢ ᠠᠷᠠᠳ ᠤᠨ ᠰᠣᠶᠣᠯ ᠵᠢᠴᠢ ᠲᠡᠭᠦᠨ ᠤ ᠤᠷᠠᠯᠢᠭ ᠤᠨ ᠢᠯᠡᠷᠡᠬᠦ ᠬᠡᠯᠪᠡᠷᠢ ᠶᠢᠨ ᠰᠣᠶᠣᠯ ᠤᠨ ᠥᠪ ᠢᠶᠠᠷ ᠮᠡᠳᠡᠭᠦᠯᠬᠦ ᠠᠵᠢᠯ ᠢ ᠬᠠᠷᠢᠭᠤᠴᠠᠨ᠎ᠠ᠃ ᠲᠣᠭᠯᠠᠯᠲᠠ ᠶᠢᠨ ᠵᠠᠬ᠎ᠠ ᠳᠡᠯᠭᠡᠭᠦᠷ ᠢ ᠥᠷᠭᠡᠳᠬᠡᠬᠦ ᠶᠢ ᠬᠠᠷᠢᠭᠤᠴᠠᠵᠤ᠂ ᠰᠣᠶᠣᠯ ᠤᠨ ᠬᠠᠮᠲᠤᠷᠠᠯᠴᠠᠭ᠎ᠠ ᠬᠢᠭᠡᠳ ᠰᠣᠯᠢᠯᠴᠠᠭ᠎ᠠ ᠶᠢ ᠵᠣᠬᠢᠶᠠᠨ ᠪᠠᠶᠢᠭᠤᠯᠤᠨ᠎ᠠ᠃ᠵᠢᠴᠢ ᠲᠣᠪᠴᠢᠶ᠎ᠠ ᠶᠢᠨ ᠬᠠᠷᠢᠶ᠎ᠠ ᠤᠷᠠᠯᠢᠭ ᠤᠨ ᠨᠢᠭᠡᠴᠢ ᠶᠢᠨ ᠲᠤᠬᠠᠶᠢᠯᠠᠭᠰᠠᠨ ᠠᠵᠢᠯ ᠤᠨ ᠪᠦᠲᠦᠭᠡᠨ ᠪᠠᠶᠢᠭᠤᠯᠤᠯᠲᠠ ᠪᠦᠬᠦ ᠰᠢᠶᠠᠨ ᠤ ᠴᠢᠬᠤᠯᠠ ᠶᠡᠭᠡ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠲᠣᠬᠢᠷᠠᠭᠤᠯᠬᠤ ᠠᠵᠢᠯ ᠢ ᠬᠠᠷᠢᠭᠤᠴᠠᠨ᠎ᠠ᠃    ᠪᠦᠬᠦ ᠰᠢᠶᠠᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠶᠢ ᠬᠠᠷᠢᠭᠤᠴᠠᠵᠤ᠂ ᠪᠦᠬᠦ ᠰᠢᠶᠠᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠨ᠎ᠠ᠃ ᠪᠦᠬᠦ ᠰᠢᠶᠠᠨ ᠤ ᠭᠤᠣᠯᠳᠠᠯᠭ᠎ᠠ ᠲᠠᠢ ᠰᠣᠶᠣᠯ ᠤᠨ ᠠᠵᠤ ᠦᠢᠯᠡᠰ ᠤᠨ ᠲᠥᠷᠥᠯ ᠵᠦᠢᠯ ᠤᠨ ᠰᠡᠳᠦᠪ ᠲᠣᠭᠲᠠᠭᠠᠬᠤ᠂ ᠬᠤᠳᠠᠯᠳᠤᠭᠠᠴᠢᠨ ᠤᠷᠢᠬᠤ ᠪᠠ ᠪᠡᠯᠡ ᠣᠷᠣᠭᠤᠯᠬᠤ᠂ ᠣᠶᠤᠨ ᠤᠬᠠᠭᠠᠨ ᠣᠷᠣᠭᠤᠯᠬᠤ ᠠᠵᠢᠯ ᠢ ᠬᠠᠷᠢᠭᠤᠴᠠᠨ᠎ᠠ᠃ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠡᠵᠡᠩᠨᠡᠯᠲᠡ ᠶᠢᠨ ᠴᠢᠳᠠᠪᠤᠷᠢᠲᠠᠨ ᠪᠠ ᠰᠣᠶᠣᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠠᠵᠢᠯ ᠢ ᠬᠠᠷᠢᠭᠤᠴᠠᠨ ᠰᠠᠶᠢᠲᠤᠷ ᠬᠢᠵᠦ᠂ ᠴᠢᠳᠠᠪᠤᠷᠢᠲᠠᠨ ᠢ ᠪᠣᠯᠪᠠᠰᠤᠷᠠᠭᠤᠯᠬᠤ᠂ ᠴᠢᠳᠠᠪᠤᠷᠢᠲᠠᠨ ᠢ ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ᠃ ᠪᠦᠬᠦ ᠰᠢᠶᠠᠨ ᠤ ᠰᠣᠶᠣᠯ ᠤᠨ ᠠᠵᠤ ᠦᠢᠯᠡᠰ ᠢ ᠨᠡᠭᠡᠭᠡᠨ ᠬᠥᠭᠵᠢᠭᠦᠯᠬᠦ ᠲᠥᠯᠥᠪᠯᠡᠭᠡ ᠶᠢ ᠲᠣᠭᠲᠠᠭᠠᠵᠤ᠂ ᠰᠣᠶᠣᠯ ᠤᠨ ᠠᠵᠤ ᠦᠢᠯᠡᠰ ᠤᠨ ᠰᠢᠨ᠎ᠡ ᠲᠥᠷᠥᠯ ᠵᠦᠢᠯ ᠢ ᠵᠢᠯᠣᠭᠤᠳᠤᠨ ᠨᠡᠭᠡᠭᠡᠨ ᠬᠥᠭᠵᠢᠭᠦᠯᠵᠦ᠂ ᠪᠦᠬᠦ ᠰᠢᠶᠠᠨ ᠤ ᠰᠣᠶᠣᠯ ᠤᠨ ᠠᠵᠤ ᠦᠢᠯᠡᠰ ᠤᠨ ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃ ᠪᠦᠬᠦ ᠰᠢᠶᠠᠨ ᠤ ᠰᠣᠶᠣᠯ ᠤᠨ ᠠᠵᠤ ᠦᠢᠯᠡᠰ ᠤᠨ ᠲᠥᠷᠥᠯ ᠵᠦᠢᠯ ᠢ ᠬᠢᠨᠠᠨ ᠲᠣᠭᠲᠠᠭᠠᠬᠤ᠂ ᠮᠡᠳᠡᠭᠦᠯᠬᠦ ᠶᠢ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠰᠣᠶᠣᠯ ᠤᠨ ᠠᠵᠤ ᠦᠢᠯᠡᠰ ᠤᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠨ᠎ᠡ᠃    ︵ᠭᠤᠷᠪᠠ︶ ᠵᠢᠭᠤᠯᠴᠢᠯᠠᠯ ᠤᠨ ᠬᠠᠮᠢᠶᠠᠷᠤᠯᠲᠠ ᠶᠢᠨ ᠲᠠᠰᠤᠭ᠃ ᠵᠢᠭᠤᠯᠴᠢᠯᠠᠯ ᠤᠨ ᠦᠢᠯᠡᠰ ᠤᠨ ᠬᠤᠯᠪᠣᠭᠳᠠᠯ ᠪᠦᠬᠦᠢ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠵᠢᠭᠤᠯᠴᠢᠯᠠᠯ ᠤᠨ ᠬᠤᠷᠢᠶᠠᠨ ᠤ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠶᠢ ᠬᠠᠤᠯᠢ ᠶᠣᠰᠣᠭᠠᠷ ᠬᠠᠮᠢᠶᠠᠷᠴᠤ᠂ ᠪᠦᠬᠦ ᠰᠢᠶᠠᠨ ᠤ ᠵᠢᠭᠤᠯᠴᠢᠯᠠᠯ ᠤᠨ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠴᠢᠬᠤᠯᠠ ᠠᠰᠠᠭᠤᠳᠠᠯ ᠢ ᠰᠤᠳᠤᠯᠤᠨ᠎ᠠ᠃ ᠵᠢᠭᠤᠯᠴᠢᠯᠠᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠡᠭᠦᠷᠭᠡᠯᠡᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠶᠢ ᠡᠭᠦᠷᠭᠡᠯᠡᠨ᠎ᠡ᠃ ᠪᠦᠬᠦ ᠰᠢᠶᠠᠨ ᠤ ᠵᠢᠭᠤᠯᠴᠢᠯᠠᠯ ᠤᠨ ᠪᠦᠬᠦᠯᠢ ᠴᠣᠭᠴᠠ ᠶᠢᠨ ᠳᠦᠷᠢ ᠲᠥᠷᠬᠦ ᠪᠠ ᠴᠢᠬᠤᠯᠠ ᠵᠢᠭᠤᠯᠴᠢᠯᠠᠯ ᠤᠨ ᠦᠢᠯᠡᠳᠬᠦᠨ ᠢ ᠭᠠᠳᠠᠭᠰᠢ ᠤᠬᠠᠭᠤᠯᠤᠨ ᠳᠡᠯᠭᠡᠷᠡᠭᠦᠯᠬᠦ ᠠᠵᠢᠯ ᠢ ᠵᠢᠯᠣᠭᠤᠳᠤᠨ᠎ᠠ᠃ ᠵᠢᠭᠤᠯᠴᠢᠯᠠᠯ ᠤᠨ ᠭᠠᠳᠠᠭᠠᠳᠤ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠢᠯᠣᠭᠤᠳᠤᠨ᠎ᠠ᠃ ᠭᠠᠳᠠᠭᠠᠳᠤ ᠳᠤ ᠰᠠᠭᠤᠭ᠎ᠠ ᠵᠢᠭᠤᠯᠴᠢᠯᠠᠯ ᠤᠨ ᠪᠠᠶᠢᠭᠤᠯᠤᠮᠵᠢ ᠲᠠᠢ ᠬᠠᠷᠢᠯᠴᠠᠨ᠎ᠠ᠃ ᠵᠢᠭᠤᠯᠴᠢᠯᠠᠯ ᠤᠨ ᠲᠠᠸᠠᠷ ᠢ ᠰᠤᠳᠤᠯᠤᠨ ᠨᠡᠭᠡᠭᠡᠬᠦ ᠶᠢ ᠵᠢᠯᠣᠭᠤᠳᠤᠨ᠎ᠠ᠃ ᠪᠦᠬᠦ ᠰᠢᠶᠠᠨ ᠤ ᠵᠢᠭᠤᠯᠴᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠪᠠ ᠵᠢᠭᠤᠯᠴᠢᠯᠠᠯ ᠤᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠨ᠎ᠡ᠃ ᠭᠤᠣᠯᠳᠠᠯᠭ᠎ᠠ ᠲᠠᠢ ᠵᠢᠭᠤᠯᠴᠢᠯᠠᠯ ᠤᠨ ᠣᠷᠣᠨ ᠤ ᠬᠤᠲᠠ᠂ ᠵᠣᠷᠢᠭᠰᠠᠨ ᠭᠠᠵᠠᠷ ᠪᠠ ᠵᠠᠮ ᠱᠤᠭᠤᠮ ᠤᠨ ᠲᠥᠯᠦᠪᠵᠢᠭᠦᠯᠭᠡ᠂ ᠨᠡᠭᠡᠭᠡᠨ ᠬᠥᠭᠵᠢᠭᠦᠯᠦᠯᠲᠡ ᠪᠠ ᠬᠠᠮᠠᠭᠠᠯᠠᠯᠲᠠ ᠶᠢ ᠵᠢᠯᠣᠭᠤᠳᠤᠨ᠎ᠠ᠃ ᠰᠡᠯᠡᠭᠦᠴᠡᠵᠦ ᠠᠮᠠᠷᠠᠬᠤ ᠪᠠ ᠵᠢᠭᠤᠯᠴᠢᠯᠠᠯ ᠤᠨ ᠦᠢᠯᠡᠰ ᠤᠨ ᠨᠡᠶᠢᠭᠡᠮ ᠤᠨ ᠪᠡᠯᠡ ᠣᠷᠣᠭᠤᠯᠤᠯᠲᠠ ᠶᠢ ᠬᠥᠲᠥᠯᠥᠨ ᠵᠢᠯᠣᠭᠤᠳᠤᠨ᠎ᠠ᠃ ᠵᠢᠭᠤᠯᠴᠢᠯᠠᠯ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠬᠤᠪᠢᠰᠬᠠᠯᠲᠤ ᠵᠢᠭᠤᠯᠴᠢᠯᠠᠯ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠦᠬᠦ ᠰᠢᠶᠠᠨ ᠤ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠤᠨ᠎ᠠ᠃ ᠵᠢᠭᠤᠯᠴᠢᠯᠠᠯ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠢᠲᠡᠭᠡᠮᠵᠢ ᠶᠢ ᠪᠠᠭᠠᠰᠬᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠡᠯ᠎ᠡ ᠲᠥᠷᠥᠯ ᠤᠨ ᠵᠢᠭᠤᠯᠴᠢᠯᠠᠯ ᠤᠨ ᠬᠤᠨᠣᠵᠤ ᠬᠡᠪᠲᠡᠬᠦ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ᠂ ᠲᠡᠷᠭᠡ ᠣᠩᠭᠤᠴᠠᠨ ᠤ ᠵᠢᠭᠤᠯᠴᠢᠯᠠᠯ ᠤᠨ ᠪᠡᠯᠡᠳᠬᠡᠮᠵᠢ ᠪᠣᠯᠣᠨ ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠢᠯᠢ ᠠᠴᠠ ᠭᠠᠷᠬᠤ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠤᠨ ᠵᠢᠭᠤᠯᠴᠢᠯᠠᠯ ᠤᠨ ᠬᠤᠷᠢᠶ᠎ᠠ ᠡᠵᠡᠩᠨᠡᠬᠦ ᠭᠤᠶᠤᠴᠢᠯᠠᠯ᠂ ᠳᠠᠮᠵᠢᠭᠤᠯᠤᠨ ᠮᠡᠳᠡᠭᠦᠯᠬᠦ ᠠᠵᠢᠯ ᠢ ᠡᠭᠦᠷᠭᠡᠯᠡᠨ᠎ᠡ᠃ ᠬᠢᠯᠢ ᠶᠢᠨ ᠳᠣᠲᠣᠷᠠᠬᠢ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠤᠨ ᠵᠢᠭᠤᠯᠴᠢᠯᠠᠯ ᠤᠨ ᠬᠤᠷᠢᠶ᠎ᠠ ᠶᠢᠨ ᠭᠤᠶᠤᠴᠢᠯᠠᠨ ᠮᠡᠳᠡᠭᠦᠯᠬᠦ ᠠᠵᠢᠯ ᠢ ᠡᠭᠦᠷᠭᠡᠯᠡᠨ᠎ᠡ᠃ ᠵᠢᠭᠤᠯᠴᠢᠯᠠᠯ ᠤᠨ ᠠᠮᠤᠷ ᠲᠦᠪᠰᠢᠨ ᠢ ᠶᠡᠷᠦᠩᠬᠡᠶᠢᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠡᠭᠦᠷᠭᠡᠯᠡᠨ᠎ᠡ᠃ ᠠᠮᠠᠷᠠᠯᠲᠠ ᠶᠢᠨ ᠡᠳᠦᠷ ᠤᠨ ᠵᠢᠭᠤᠯᠴᠢᠯᠠᠯ᠂ ᠵᠢᠭᠤᠯᠴᠢᠯᠠᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠤᠭᠤᠳᠬᠤ ᠠᠵᠢᠯ ᠢ ᠳᠠᠭᠠᠭᠠᠨ ᠡᠷᠬᠢᠯᠡᠨ᠎ᠡ᠃ ᠪᠦᠬᠦ ᠰᠢᠶᠠᠨ ᠤ ᠵᠢᠭᠤᠯᠴᠢᠯᠠᠯ ᠤᠨ ᠴᠢᠳᠠᠪᠤᠷᠢᠲᠠᠨ ᠤ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠢᠭᠤᠯᠴᠢᠯᠠᠯ ᠤᠨ ᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ᠎ᠠ᠃ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠡᠷᠬᠢᠯᠡᠭᠰᠡᠨ ᠠᠵᠢᠯ ᠤᠨ ᠬᠢᠷᠢ ᠭᠡᠮ ᠤᠨ ᠪᠠᠷᠢᠮᠵᠢᠶ᠎ᠠ ᠪᠣᠯᠣᠨ ᠵᠡᠷᠭᠡ ᠲᠠᠰ ᠤᠨ ᠪᠠᠷᠢᠮᠵᠢᠶ᠎ᠠ ᠶᠢ ᠬᠡᠷᠡᠭᠵᠢᠭᠦᠯᠬᠦ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃    ︵ᠳᠥᠷᠪᠡ︶ ᠪᠡᠶ᠎ᠡ ᠲᠠᠮᠢᠷ ᠤᠨ ᠲᠠᠰᠤᠭ᠃ ᠪᠦᠬᠦ ᠰᠢᠶᠠᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠴᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠰᠢᠶᠠᠨ ᠤ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ᠂ ᠡᠯ᠎ᠡ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠵᠡᠷᠭᠡ ᠲᠠᠰ ᠤᠨ ᠬᠢᠨᠠᠭᠴᠢ᠂ ᠮᠡᠳᠡᠭᠦᠯᠦᠨ ᠵᠥᠪᠰᠢᠶᠡᠷᠡᠭᠦᠯᠬᠦ ᠪᠠ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠰᠢᠶᠠᠨ ᠤ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠢᠯᠣᠭᠤᠳᠤᠨ ᠥᠷᠨᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠲᠦᠭᠡᠮᠡᠯᠵᠢᠭᠦᠯᠬᠦ ᠪᠠ ᠳᠡᠭᠡᠭᠰᠢᠯᠡᠭᠦᠯᠬᠦ ᠶᠢ ᠰᠠᠶᠢᠲᠤᠷ ᠠᠳᠬᠤᠨ᠎ᠠ᠃ ᠪᠦᠬᠦ ᠰᠢᠶᠠᠨ ᠤ ᠴᠢᠨᠠᠷᠲᠠᠢ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠪᠣᠯᠣᠨ ᠪᠡᠶ᠎ᠡ ᠶᠢᠨ ᠲᠠᠮᠢᠷ ᠤᠨ ᠲᠥᠷᠥᠯ ᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠪᠦᠬᠦ ᠰᠢᠶᠠᠨ ᠤ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠪᠣᠯᠣᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠨ᠎ᠠ᠃ ᠪᠦᠬᠦ ᠰᠢᠶᠠᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠪᠣᠷᠣᠯᠠᠭᠤᠯᠬᠤ ᠠᠵᠢᠯ ᠢ ᠵᠢᠯᠣᠭᠤᠳᠤᠨ᠎ᠠ᠃    ᠲᠠᠪᠤᠳᠤᠭᠠᠷ ᠵᠦᠢᠯ ᠦᠴᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠵᠠᠰᠠᠭ ᠵᠠᠬᠢᠷᠭᠠᠨ ᠤ ᠣᠷᠣᠨ ᠲᠤᠭ᠎ᠠ 8 ᠬᠥᠮᠥᠨ᠂ ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ 3 ᠬᠥᠮᠥᠨ ︵ᠨᠢᠭᠡ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︶᠃    ᠵᠢᠷᠭᠤᠳᠤᠭᠠᠷ ᠵᠦᠢᠯ ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢ ᠪᠠᠶᠢᠭᠤᠯᠬᠤ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃    ᠳᠣᠯᠣᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠢ ᠰᠢᠶᠠᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠲᠣᠭᠲᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃    ᠨᠠᠢᠮᠠᠳᠤᠭᠠᠷ ᠵᠦᠢᠯ ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠬᠤᠶᠠᠷ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠴᠢᠩ ᠱᠠᠨ ᠵᠠᠮ ᠤᠨ ᠤᠬᠠᠭᠤᠯᠭ᠎ᠠ ᠰᠣᠶᠣᠯ ᠤᠨ ᠲᠥᠪ    ᠭᠤᠷᠪᠠ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00 14᠄ 30-17᠄ 30    ᠳᠥᠷᠪᠡ᠂ ᠬᠠᠷᠢᠯᠴᠠᠬᠤ ᠠᠷᠭ᠎ᠠ ᠬᠡᠯᠪᠡᠷᠢ᠄ 0471 - 8815018    ᠲᠠᠪᠤ᠂ ᠬᠠᠷᠢᠭᠤᠴᠠᠯᠭᠠᠲᠠᠨ᠄ ᠵᠠᠩ ᠯᠢ ᠨᠠ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号