ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠲᠦᠷᠭᠡᠨ ᠪᠦᠲᠦᠭᠡᠨ ᠪᠠᠶᠢᠭᠤᠯᠤᠨ᠎ᠠ | ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ ᠶᠢᠨ ᠬᠥᠲᠥᠯᠪᠦᠷᠢ ︵2024 -2035 ᠣᠨ︶︾ ︵ᠳᠣᠷᠣᠭᠰᠢ ︽ᠬᠥᠲᠥᠯᠪᠦᠷᠢ︾ ᠭᠡᠵᠦ | ᠳᠥᠭᠦᠮᠴᠢᠯᠡᠨ᠎ᠡ︶ ᠶᠢ ᠳᠠᠷᠤᠮᠠᠯᠯᠠᠨ ᠲᠠᠷᠬᠠᠭᠠᠵᠤ᠂ 2035 ᠣᠨ ᠪᠤᠯᠬᠤ ᠳᠤ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠠᠶᠢᠭᠤᠯᠤᠨ ᠪᠦᠲᠦᠭᠡᠬᠦ ᠬᠠᠷᠠᠯᠲᠠ ᠳᠤ ᠬᠠᠨᠳᠤᠭᠤᠯᠤᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ | ᠲᠦᠷᠭᠡᠨ ᠪᠦᠲᠦᠭᠡᠨ ᠪᠠᠶᠢᠭᠤᠯᠬᠤ ᠲᠤᠬᠠᠢ ᠪᠦᠭᠦ ᠲᠠᠯ᠎ᠠ ᠶᠢᠨ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃ | ︽ᠬᠥᠲᠥᠯᠪᠦᠷᠢ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠤᠷᠭᠠᠨ | ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ | ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠶᠢᠭᠡᠮ ᠵᠢᠷᠤᠮ ᠤᠨ ᠰᠤᠷᠭᠠᠭᠤᠯᠢ | ᠡᠷᠭᠢᠯᠡᠭᠦ ᠴᠢᠭᠯᠡᠯ ᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠤᠯᠤᠰ ᠲᠥᠷᠥ ᠶᠢᠨ ᠰᠢᠨᠵᠢ ᠴᠢᠨᠠᠷ᠂ ᠠᠷᠠᠳᠴᠢ ᠰᠢᠨᠵᠢ | ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠪᠦᠭᠦ ᠲᠠᠯ᠎ᠠ ᠪᠠᠷ ᠡᠵᠡᠮᠰᠢᠵᠦ᠂ ᠶᠣᠰᠣ ᠰᠤᠷᠲᠠᠬᠤᠨ ᠢᠶᠠᠷ | ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠠᠮ ᠤᠨ ᠲᠥᠯᠥᠭᠡ ᠬᠥᠮᠥᠨ ᠢ | ᠬᠥᠮᠥᠵᠢᠭᠦᠯᠵᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠪᠦᠭᠦ ᠲᠠᠯ᠎ᠠ ᠪᠠᠷ ᠦᠢᠯᠡᠴᠢᠯᠡᠵᠦ᠂ ᠳᠤᠮᠳᠠᠳᠤ ᠤᠯᠤᠰ ᠤᠨ | ᠡᠬᠡ ᠭᠠᠵᠠᠷ ᠲᠤ ᠦᠨᠳᠦᠰᠦᠯᠡᠵᠦ ᠰᠤᠷᠭᠠᠨ ᠬᠥᠮᠦᠵᠢᠯ ᠡᠷᠭᠢᠯᠡᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ | ᠰᠢᠰᠲ᠋ᠧᠮ ᠢ ᠲᠦᠷᠭᠡᠨ ᠪᠠᠶᠢᠭᠤᠯᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ | ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ | ᠬᠥᠮᠥᠵᠢᠭᠦᠯᠵᠦ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠬᠦᠴᠦᠨ᠂ | ᠴᠢᠳᠠᠪᠤᠷᠢᠲᠠᠨ ᠤ ᠥᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ | ᠬᠦᠴᠦᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠨ᠂ ᠨᠡᠶᠢᠭᠡᠮ ᠤᠨ ᠬᠠᠮᠵᠢᠯᠴᠠᠬᠤ ᠬᠦᠴᠦᠨ᠂ ᠳᠡᠯᠡᠬᠡᠢ | ᠳᠡᠭᠡᠷᠡᠬᠢ ᠨᠥᠯᠥᠭᠡᠯᠡᠬᠦ ᠬᠦᠴᠦᠨ ᠲᠠᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ︽ᠬᠥᠲᠥᠯᠪᠦᠷᠢ︾ ᠳᠤ᠂ ᠰᠤᠷᠭᠠᠨ ᠬᠥᠮᠦᠵᠢᠯ ᠤᠨ ᠦᠢᠯᠡᠰ ᠲᠠᠬᠢ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠡᠷᠬᠡ ᠲᠡᠭᠰᠢ ᠶᠢ ᠠᠬᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ ᠶᠢ | ᠳᠣᠪᠤᠶᠢᠯᠭᠠᠵᠤ᠂ ᠪᠠᠶᠢᠯᠳᠤᠬᠤ ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠬᠥᠭᠵᠢᠯᠲᠡ ᠶᠢ ᠲᠤᠯᠭᠠᠭᠤᠷᠢᠯᠠᠬᠤ ᠶᠢ | ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠮᠵᠢᠯᠴᠠᠨ ᠠᠭᠤᠰᠤᠯᠴᠠᠬᠤ ᠶᠢ ᠭᠦᠨᠵᠡᠭᠡᠶᠢᠷᠡᠭᠦᠯᠵᠦ᠂ | ᠪᠡᠶ᠎ᠡ ᠪᠠᠨ ᠳᠠᠭᠠᠭᠠᠵᠤ ᠥᠪᠡᠷ ᠢ ᠪᠠᠨ ᠢᠲᠡᠭᠡᠬᠦ᠂ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ ᠶᠢ | ᠪᠠᠷᠢᠮᠲᠠᠯᠠᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠯᠭᠠᠭᠤᠷᠢᠯᠠᠬᠤ ᠪᠠ ᠠᠷᠠᠳ ᠤᠨ ᠠᠮᠢᠳᠤᠷᠠᠯ ᠤᠨ | ᠬᠡᠷᠡᠭᠴᠡᠭᠡ ᠶᠢ ᠬᠠᠩᠭᠠᠬᠤ᠂ ᠮᠡᠳᠡᠯᠭᠡ ᠶᠢᠨ ᠰᠤᠷᠤᠯᠴᠠᠯᠭ᠎ᠠ ᠪᠠ ᠪᠦᠭᠦ ᠲᠠᠯ᠎ᠠ ᠶᠢᠨ ᠬᠥᠭᠵᠢᠯᠲᠡ᠂ ᠴᠢᠳᠠᠪᠤᠷᠢᠲᠠᠨ ᠢ | ᠬᠥᠮᠥᠵᠢᠭᠦᠯᠬᠦ ᠪᠠ ᠨᠡᠶᠢᠭᠡᠮ ᠤᠨ ᠬᠡᠷᠡᠭᠴᠡᠭᠡ ᠶᠢ ᠬᠠᠩᠭᠠᠬᠤ᠂ ᠵᠢᠷᠤᠮᠵᠢᠯ ᠲᠠᠢ ᠡᠮᠬᠢ ᠵᠢᠷᠤᠮ ᠲᠠᠢ ᠪᠠ ᠠᠮᠢᠵᠢᠷᠠᠯ ᠤᠨ | ᠬᠦᠴᠦᠨ ᠢ ᠬᠥᠭᠵᠢᠭᠡᠬᠦ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠬᠦ ᠪᠠ ᠣᠯᠠᠨ ᠤᠯᠤᠰ ᠤᠨ | ᠲᠤᠷᠰᠢᠯᠭ᠎ᠠ ᠪᠠᠷ ᠲᠣᠯᠢ ᠪᠤᠯᠭᠠᠬᠤ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠦᠨᠳᠦᠰᠦ ᠶᠢ ᠪᠠᠬᠢᠵᠢᠭᠦᠯᠦᠨ ᠰᠦᠭ | ᠰᠦᠨᠡᠰᠦ ᠶᠢ ᠱᠤᠭᠤᠬᠤ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠰᠢᠰᠲ᠋ᠧᠮ ᠢ ᠪᠦᠭᠦ ᠲᠠᠯ᠎ᠠ ᠪᠠᠷ | ᠪᠠᠶᠢᠭᠤᠯᠵᠤ᠂ ᠲᠥᠪ ᠭᠤᠣᠯᠴᠢ ᠴᠢᠨᠠᠷ ᠰᠠᠶᠢᠲᠠᠢ ᠰᠠᠭᠤᠷᠢ ᠰᠤᠷᠭᠠᠨ ᠬᠥᠮᠦᠵᠢᠯ ᠤᠨ ᠰᠢᠰᠲ᠋ᠧᠮ᠂ ᠥᠪᠡᠷ ᠢ ᠪᠠᠨ | ᠬᠦᠴᠦᠷᠬᠡᠭᠵᠢᠭᠦᠯᠬᠦ ᠭᠠᠷᠮᠠᠭᠠᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠰᠲ᠋ᠧᠮ᠂ ᠠᠵᠤ ᠦᠢᠯᠡᠰ ᠪᠠ | ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ᠂ | ᠲᠦᠭᠡᠮᠡᠯ ᠬᠦᠷᠲᠡᠭᠡᠬᠦ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠰᠢᠰᠲ᠋ᠧᠮ᠂ ᠰᠢᠨ᠎ᠡ ᠶᠢ ᠡᠭᠦᠳᠬᠦ ᠪᠠᠷ | ᠬᠥᠲᠥᠯᠥᠨ ᠳᠠᠭᠠᠭᠤᠯᠤᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮ᠂ ᠬᠡᠪ | ᠴᠢᠨᠠᠷ ᠰᠢᠯᠢᠳᠡᠭ ᠰᠠᠶᠢᠨ ᠪᠠᠭᠰᠢ ᠶᠢᠨ ᠡᠩᠨᠡᠭᠡᠨ ᠤ ᠰᠢᠰᠲ᠋ᠧᠮ᠂ ᠨᠡᠭᠡᠭᠡᠯᠲᠡ ᠬᠢᠵᠦ ᠬᠠᠷᠢᠯᠴᠠᠨ ᠲᠣᠯᠢ ᠪᠤᠯᠭᠠᠬᠰᠠᠨ | ᠣᠯᠠᠨ ᠤᠯᠤᠰ ᠤᠨ ᠬᠠᠮᠲᠤᠷᠠᠯᠴᠠᠭᠠᠨ ᠤ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠵᠤ᠂ ᠶᠡᠭᠡ ᠠᠴᠠ ᠬᠦᠴᠦᠷᠬᠡᠭ | ᠪᠤᠯᠬᠤ ᠰᠢᠰᠲ᠋ᠧᠮ ᠲᠠᠢ ᠥᠭᠡᠳᠡᠯᠡᠯᠲᠡ ᠳᠠᠪᠰᠢᠯᠳᠠ ᠶᠢ ᠪᠡᠶᠡᠯᠡᠭᠦᠯᠬᠦ ᠬᠡᠷᠡᠭᠲᠡᠢ ᠭᠡᠵᠦ ᠳᠤᠷᠠᠳᠪᠠ᠃ | ︽ᠬᠥᠲᠥᠯᠪᠦᠷᠢ︾ ᠳᠤ 2027 ᠣᠨ ᠪᠠ 2035 ᠣᠨ ᠪᠤᠯᠲᠠᠯᠠᠭᠢ ᠭᠤᠣᠯ ᠬᠠᠷᠠᠯᠲᠠ ᠶᠢ ᠲᠣᠳᠣᠷᠬᠠᠶᠢᠯᠠᠵᠤ᠂ | 9 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠄ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ | ᠰᠢᠨ᠎ᠡ ᠪᠠᠶᠢᠷᠢᠰᠢᠯ ᠢ ᠪᠤᠢ ᠪᠤᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ | ᠴᠠᠭ ᠦᠶ᠎ᠡ ᠶᠢᠨ ᠰᠢᠨ᠎ᠡ ᠬᠥᠮᠥᠨ ᠭᠦᠮᠥᠵᠢᠭᠦᠯᠦᠨᠡ᠃ ᠰᠠᠭᠤᠷᠢ ᠰᠤᠷᠭᠠᠨ ᠬᠥᠮᠦᠵᠢᠯ ᠢ ᠬᠦᠴᠦᠷᠬᠡᠭᠵᠢᠭᠦᠯᠦᠨ | ᠰᠢᠯᠢᠳᠡᠭᠵᠢᠭᠦᠯᠵᠦ᠂ ᠠᠷᠠᠳ ᠢᠷᠭᠡᠳ ᠤᠨ ᠬᠡᠪ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠪᠠᠶᠢᠯᠳᠤᠬᠤ | ᠪᠣᠳᠣᠯᠭ᠎ᠠ ᠶᠢᠨ ᠰᠠᠭᠤᠷᠢ ᠴᠡᠭ ᠢ ᠪᠠᠭᠢᠵᠢᠭᠦᠯᠦᠨ᠎ᠡ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ | ᠪᠣᠳᠠᠲᠤ ᠬᠦᠴᠦᠨ ᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠬᠥᠲᠥᠯᠥᠨ ᠳᠠᠭᠠᠭᠤᠯᠬᠤ ᠬᠦᠴᠦᠨ ᠢ | ᠪᠠᠶᠢᠭᠤᠯᠤᠨ᠎ᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠨ ᠢ | ᠪᠣᠶᠢᠵᠢᠭᠤᠯᠤᠨ ᠪᠤᠵᠠᠭᠠᠶᠢᠷᠠᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠬᠦᠴᠦᠲᠡᠢ ᠲᠤᠯᠭᠠᠭᠤᠷᠢᠯᠠᠨ᠎ᠠ᠃ ᠤᠳᠤ ᠦᠶ᠎ᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠨ ᠪᠠᠶᠢᠭᠤᠯᠵᠤ᠂ ᠲᠣᠮᠣ ᠤᠯᠤᠰ ᠤᠨ ᠤᠷᠠᠨ ᠲᠠᠷᠬᠠᠨ᠂ ᠤᠷ᠎ᠠ | ᠮᠡᠷᠭᠡᠵᠢᠯᠲᠦ ᠳᠠᠷᠬᠠᠨ᠂ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ ᠢ ᠭᠦᠮᠥᠵᠢᠭᠦᠯᠦᠨᠡ᠃ ᠰᠤᠷᠤᠯᠴᠠᠬᠤ ᠭᠡᠯᠪᠡᠷᠢ | ᠶᠢᠨ ᠨᠡᠶᠢᠭᠡᠮ ᠢ ᠪᠠᠶᠢᠭᠤᠯᠵᠤ᠂ ᠰᠤᠷᠭᠠᠨ ᠬᠥᠮᠦᠵᠢᠯ ᠤᠨ ᠲᠣᠭᠠᠴᠢᠯᠠᠯᠲᠠ ᠪᠠᠷ ᠬᠥᠭᠵᠢᠯᠲᠡ ᠶᠢᠨ ᠰᠢᠨ᠎ᠡ ᠵᠠᠮ ᠢ | ᠨᠡᠭᠡᠭᠡᠵᠦ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠤᠯᠭᠠᠨ᠎ᠠ᠃ ᠥᠨᠳᠥᠷ ᠬᠡᠪ ᠪᠣᠯᠪᠠᠰᠤᠷᠠᠯ ᠲᠠᠢ | ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ | ᠰᠠᠭᠤᠷᠢ ᠶᠢ ᠪᠠᠲᠤᠳᠬᠠᠨ᠎ᠠ᠃ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠭᠵᠢᠭᠡᠨ᠎ᠡ᠃ ᠰᠤᠷᠭᠠᠨ ᠬᠥᠮᠦᠵᠢᠯ ᠤᠨ | ᠭᠠᠳᠠᠭᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠶᠢ ᠲᠡᠭᠦᠯᠳᠡᠷᠵᠢᠭᠦᠯᠵᠦ᠂ ᠪᠦᠭᠦ | ᠪᠥᠮᠪᠥᠷᠴᠡᠭ ᠤᠨ ᠨᠥᠯᠥᠭᠡᠯᠡᠬᠦ ᠬᠦᠴᠦᠨ ᠪᠦᠬᠦᠢ ᠴᠢᠬᠤᠯᠠ ᠰᠤᠷᠭᠠᠨ ᠬᠥᠮᠦᠵᠢᠯ ᠤᠨ ᠲᠥᠪ ᠢ ᠪᠠᠶᠢᠭᠤᠯᠤᠨ᠎ᠠ᠃ | ︽ᠬᠥᠲᠥᠯᠪᠦᠷᠢ︾ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ | ᠡᠷᠬᠡᠪᠰᠢ ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠬᠤ᠂ ᠨᠠᠮ ᠵᠠᠰᠠᠭ ᠵᠡᠷᠭᠡ ᠪᠠᠷ ᠠᠳᠬᠤᠨ ᠬᠠᠮᠲᠤ ᠪᠠᠷ | ᠬᠠᠮᠢᠶᠠᠷᠬᠤ᠂ ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠰᠤᠷᠭᠠᠨ ᠬᠥᠮᠦᠵᠢᠯ ᠤᠨ | ᠤᠳᠤᠷᠢᠳᠬᠤ ᠪᠠᠶᠢᠭᠤᠯᠤᠯ ᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ | ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠤᠯᠤᠰ | ᠲᠦᠷᠦ ᠶᠢᠨ ᠠᠮᠤᠷ ᠲᠦᠪᠰᠢᠨ ᠬᠢᠭᠡᠳ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠢ᠃ | ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠲᠥᠯᠥᠪᠯᠡᠨ | ᠵᠣᠬᠢᠴᠠᠭᠤᠯᠬᠤ᠂ ᠪᠦᠬᠦᠯᠢ ᠴᠣᠭᠴᠠ ᠪᠠᠷ ᠠᠬᠢᠭᠤᠯᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ | ᠳᠤᠮᠳᠠᠬᠢ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠬᠤ ᠬᠡᠷᠡᠭᠲᠡᠢ᠃ ᠡᠯ᠎ᠡ | ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠡᠳᠦᠷ ᠲᠤᠲᠤᠮ ᠤᠨ | ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠪᠦᠭᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ | ᠣᠷᠴᠢᠨ ᠲᠣᠭᠤᠷᠢᠨ ᠢ ᠪᠤᠢ ᠪᠤᠯᠭᠠᠵᠤ᠂ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠭᠰᠠᠨ ᠬᠥᠮᠥᠨ ᠬᠥᠮᠥᠵᠢᠭᠦᠯᠬᠦ | ᠲᠣᠭᠲᠠᠴᠠ ᠶᠢ ᠪᠦᠷᠢᠨᠰᠢᠭᠦᠯᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃ | | | | |