ᠪᠦᠭᠦ ᠤᠯᠤᠰ ᠲᠤ ᠲᠦᠷᠦᠭᠦᠯᠡᠪᠡ︕
ᠨᠡᠶᠢᠲᠡᠯᠡᠭᠰᠡᠨ ᠴᠠᠭ᠄
2025/1/21
     ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2024 ᠣᠨ ᠳᠤ ᠪᠦᠭᠦ ᠣᠷᠣᠨ ᠤ ᠲᠦᠭᠦᠬᠡᠢ ᠨᠡᠭᠦᠷᠡᠰᠦᠨ ᠤ ᠭᠠᠷᠤᠯᠲᠠ 12.97 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠵᠦ᠂ ᠪᠦᠭᠦ ᠤᠯᠤᠰ ᠤᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 4.1 ᠬᠤᠪᠢ ᠥᠨᠳᠥᠷ ᠪᠣᠯᠵᠤ᠂ ᠱᠠᠨ ᠰᠢ ᠮᠤᠵᠢ ᠠᠴᠠ ᠳᠠᠪᠠᠵᠤ ᠪᠦᠭᠦ ᠤᠯᠤᠰ ᠤᠨ ᠨᠢᠭᠡᠳᠦᠭᠡᠷ ᠲᠤ ᠣᠷᠣᠪᠠ᠃ ᠡᠭᠦᠨ ᠳᠤ᠂ ᠣᠷᠳᠣᠰ ᠬᠤᠲᠠ᠂ ᠰᠢᠯᠢ ᠶᠢᠨ ᠭᠤᠣᠯ ᠠᠶᠢᠮᠠᠭ᠂ ᠬᠥᠯᠥᠨ ᠪᠤᠶᠢᠷ ᠬᠤᠲᠠ ᠵᠡᠷᠭᠡ ᠭᠤᠷᠪᠠᠨ ᠶᠡᠭᠡ ᠲᠦᠭᠦᠬᠡᠢ ᠨᠡᠭᠦᠷᠡᠰᠦᠨ ᠤ ᠭᠤᠣᠯ ᠭᠠᠷᠤᠯᠲᠠ ᠶᠢᠨ ᠣᠷᠣᠨ ᠤ ᠭᠠᠷᠤᠯᠲᠠ ᠨᠢ ᠪᠦᠭᠦ ᠣᠷᠣᠨ ᠤ ᠲᠦᠭᠦᠬᠡᠢ ᠨᠡᠭᠦᠷᠡᠰᠦᠨ ᠤ ᠭᠠᠷᠤᠯᠲᠠ ᠶᠢᠨ 88.3% ᠶᠢ ᠡᠵᠡᠯᠡᠵᠦ᠂ ᠪᠦᠭᠦ ᠤᠯᠤᠰ ᠤᠨ ᠲᠦᠭᠦᠬᠡᠢ ᠨᠡᠭᠦᠷᠡᠰᠦᠨ ᠤ ᠭᠠᠷᠤᠯᠲᠠ ᠶᠢᠨ 24.1% ᠶᠢ ᠡᠵᠡᠯᠡᠪᠡ᠃      ᠣᠶᠢᠷ᠎ᠠ ᠶᠢᠨ ᠵᠢᠯ ᠠᠴᠠ᠂ ᠮᠠᠨ ᠤ ᠣᠷᠣᠨ︽ᠲᠦᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ ᠡᠨᠧᠷᠭᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠲᠣᠭᠲᠠᠭᠠᠵᠤ᠂ ᠤᠯᠤᠰ ᠤᠨ ᠨᠡᠭᠦᠷᠡᠰᠦᠨ ᠤ ᠬᠠᠩᠭᠠᠯᠭ᠎ᠠ ᠶᠢ ᠪᠦᠭᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃ ᠨᠡᠭᠦᠷᠡᠰᠦᠨ ᠤ ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠭᠦᠷᠡᠰᠦᠨ ᠤ ᠲᠡᠷᠢᠭᠦᠨ ᠤ ᠦᠢᠯᠡᠳᠪᠦᠷᠢᠯᠡᠬᠦ ᠴᠢᠳᠠᠪᠤᠷᠢ ᠶᠢ ᠪᠠᠳᠠᠷᠠᠭᠤᠯᠬᠤ ᠶᠢ ᠯᠠᠪᠳᠠᠭᠤᠨ ᠢᠶᠠᠷ ᠠᠬᠢᠭᠤᠯᠤᠨ᠂ ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠵᠡᠷᠭᠡ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠨᠡᠶᠢᠲᠡᠯᠡᠵᠦ᠂ ︽ᠪᠦᠭᠦ ᠣᠷᠣᠨ ᠤ ᠨᠡᠭᠦᠷᠡᠰᠦᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ᠵᠢᠴᠢ ᠭᠤᠷᠪᠠᠨ ᠵᠢᠯ ᠤᠨ ᠠᠵᠢᠯᠯᠠᠭᠠᠨ ᠤ ᠲᠥᠰᠥᠯ᠂︽ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ ᠲᠣᠭᠲᠠᠭᠤᠨ ᠢᠶᠠᠷ ᠦᠷᠭᠦᠯᠵᠢᠯᠡᠭᠦᠯᠬᠦ ᠪᠠ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠬᠦ ᠲᠥᠰᠥᠯ︾ ᠵᠡᠷᠭᠡ ᠲᠥᠷᠥ ᠶᠢᠨ ᠪᠣᠳᠣᠯᠭ᠎ᠠ ᠶᠢᠨ ᠳᠦᠷᠢᠮ ᠢ ᠲᠣᠭᠲᠠᠭᠠᠵᠤ᠂ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠨᠡᠮᠡᠭᠳᠡᠯ ᠢ ᠲᠦᠷᠭᠡᠳᠬᠡᠬᠦ᠂ ᠰᠢᠨ᠎ᠡ ᠪᠠᠷ ᠪᠦᠲᠦᠭᠡᠨ ᠪᠠᠶᠢᠭᠤᠯᠬᠤ ᠵᠦᠢᠯᠡᠰ ᠢ ᠬᠢᠨᠠᠨ ᠵᠥᠪᠰᠢᠶᠡᠷᠡᠬᠦ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠪᠠᠷ ᠳᠠᠮᠵᠢᠭᠤᠯᠤᠨ᠂ ᠪᠦᠭᠦ ᠣᠷᠣᠨ ᠤ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢᠨ ᠲᠣᠭᠲᠠᠭᠤᠨ ᠪᠠᠶᠢᠬᠤ ᠶᠢ ᠪᠠᠲᠤᠯᠠᠪᠠ᠃ ᠡᠭᠦᠨ ᠤ ᠬᠠᠮᠲᠤ᠂ ᠪᠦᠭᠦ ᠣᠷᠣᠨ ᠤ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠬᠤᠴᠤᠷᠠᠵᠤ ᠪᠠᠶᠢᠭᠰᠠᠨ ᠠᠴᠠ ᠨᠡᠬᠡᠨ ᠭᠦᠢᠴᠡᠵᠦ᠂ ᠪᠦᠭᠦ ᠤᠯᠤᠰ ᠤᠨ ᠡᠮᠦᠨ᠎ᠡ ᠡᠩᠨᠡᠭᠡᠨ ᠳᠤ ᠬᠤᠰᠢᠭᠤᠷᠠᠵᠤ᠂ ᠪᠦᠭᠦ ᠣᠷᠣᠨ ᠤ 205 ᠨᠡᠭᠦᠷᠡᠰᠦᠨ ᠠᠭᠤᠷᠬᠠᠢ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠣᠶᠤᠨᠴᠢᠯᠠᠭᠰᠠᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠬᠦ ᠴᠢᠳᠠᠪᠤᠷᠢ ᠨᠢ ᠦᠢᠯᠡᠳᠪᠦᠷᠢᠯᠡᠵᠦ ᠪᠠᠶᠢᠭ᠎ᠠ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠬᠦ ᠴᠢᠳᠠᠪᠤᠷᠢ ᠶᠢᠨ 88% ᠶᠢ ᠡᠵᠡᠯᠡᠵᠦ᠂ ᠪᠦᠭᠦ ᠣᠷᠣᠨ ᠤ ᠮᠢᠩᠭᠠᠨ ᠲᠦᠮᠡᠨ ᠲᠣᠨ ᠠᠴᠠ ᠳᠡᠭᠡᠭᠰᠢᠬᠢ ᠦᠢᠯᠡᠳᠪᠦᠷᠢᠯᠡᠵᠦ ᠪᠠᠶᠢᠭ᠎ᠠ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠪᠦᠭᠦᠨ ᠢ ᠪᠡᠶᠡᠯᠡᠭᠦᠯᠵᠦ᠂ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠤᠯᠠᠮ ᠨᠢᠭᠡ ᠠᠯᠬᠤᠮ ᠳᠡᠭᠡᠭᠰᠢᠯᠡᠵᠦ᠂ ᠪᠦᠭᠦ ᠣᠷᠣᠨ ᠤ ᠨᠡᠭᠦᠷᠡᠰᠦᠨ ᠤ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠪᠠ᠃      ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠨᠡᠭᠦᠷᠡᠰᠦᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠨᠡᠭᠦᠷᠡᠰᠦᠨ ᠤ ᠲᠡᠷᠢᠭᠦᠨ ᠤ ᠦᠢᠯᠡᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠬᠥᠭᠵᠢᠭᠡᠵᠦ᠂ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠲᠣᠭᠲᠠᠪᠤᠷᠢᠵᠢᠭᠤᠯᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠳᠤᠮᠳᠠᠬᠢ ᠨᠡᠭᠦᠷᠡᠰᠦᠨ ᠤ ︽ᠰᠠᠭᠤᠷᠢ ᠴᠢᠯᠠᠭᠤ︾ ᠪᠠ ︽ᠲᠣᠭᠲᠠᠪᠤᠷᠢᠵᠢᠭᠤᠯᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号