ᠪᠠᠶᠢᠭᠤᠯᠤᠮᠵᠢ ᠶᠢᠨ ᠲᠣᠪᠴᠢ ᠲᠠᠨᠢᠯᠴᠠᠭᠤᠯᠭ᠎ᠠ᠄ | 1. ᠦᠴᠦᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠪᠣᠯ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠣᠨ᠎ᠠ᠃ | 2. ᠦᠴᠦᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ | ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ | ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ︽ᠮᠠᠯ ᠠᠵᠤ ᠠᠬᠤᠢ ᠲᠠᠷᠢᠶᠠᠯᠠᠩ | ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ | ᠭᠤᠣᠯ ᠡᠭᠦᠷᠭᠡ ᠬᠠᠷᠢᠭᠤᠴᠠᠯᠭ᠎ᠠ᠄ | ᠪᠦᠬᠦ ᠰᠢᠶᠠᠨ ᠤ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ | ᠠᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠶᠢ ᠨᠢᠭᠡᠳᠦᠯᠲᠡᠢ | ᠲᠥᠯᠥᠪᠯᠡᠨ ᠰᠤᠳᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠥᠳᠡᠭᠡ ᠠᠵᠤ ᠠᠬᠤᠢ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ | 2. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ | ᠲᠥᠯᠥᠪᠵᠢᠭᠦᠯᠦᠨ ᠬᠡᠷᠡᠭᠵᠢᠭᠦᠯᠵᠦ᠂ ᠬᠥᠳᠡᠭᠡ ᠲᠣᠰᠬᠤᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠰᠤᠳᠤᠯᠤᠨ ᠲᠣᠭᠲᠠᠭᠠᠵᠤ᠂ ᠬᠥᠳᠡᠭᠡ ᠲᠣᠰᠬᠤᠨ ᠤ ᠨᠡᠶᠢᠭᠡᠮ ᠤᠨ ᠦᠢᠯᠡᠰ ᠤᠨ | ᠬᠥᠭᠵᠢᠯᠲᠡ ᠶᠢᠨ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢ ᠡᠭᠦᠷᠭᠡᠯᠡᠵᠦ᠂ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ | ᠲᠣᠭᠲᠠᠭᠠᠬᠤ ᠳᠤ ᠣᠷᠣᠯᠴᠠᠵᠤ᠂ ᠬᠥᠳᠡᠭᠡ ᠲᠣᠰᠬᠤᠨ ᠤ ᠨᠡᠶᠢᠭᠡᠮ ᠤᠨ ᠦᠢᠯᠡᠰ᠂ ᠤᠯᠠᠨ ᠨᠡᠶᠢᠲᠡ ᠶᠢᠨ ᠦᠢᠯᠡᠴᠢᠯᠡᠭᠡ᠂ | ᠰᠠᠭᠤᠷᠢ ᠲᠥᠬᠦᠭᠡᠷᠦᠮᠵᠢ ᠪᠣᠯᠣᠨ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ | ᠬᠡᠷᠡᠭᠲᠡᠢ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠪᠠ ᠦᠢᠯᠡᠳᠪᠦᠷᠢᠯᠡᠯ ᠤᠨ ᠣᠷᠴᠢᠨ | ᠨᠥᠬᠦᠴᠡᠯ ᠢ ᠰᠠᠶᠢᠵᠢᠷᠠᠭᠤᠯᠬᠤ ᠶᠢ ᠲᠦᠷᠦᠭᠦᠯᠡᠨ ᠵᠣᠬᠢᠴᠠᠭᠤᠯᠤᠨ ᠵᠢᠯᠣᠭᠤᠳᠤᠨ᠎ᠠ᠃ ᠬᠥᠳᠡᠭᠡ ᠲᠣᠰᠬᠤᠨ ᠤ | ᠣᠶᠤᠨ ᠤ ᠪᠣᠯᠪᠠᠰᠤᠨ ᠤ ᠪᠠᠶᠢᠭᠤᠯᠤᠯᠲᠠ᠂ ᠰᠢᠯᠢᠳᠡᠭ ᠲᠠᠷᠢᠶᠠᠯᠠᠬᠤ ᠰᠣᠶᠣᠯ᠂ ᠲᠠᠯ᠎ᠠ ᠨᠤᠲᠤᠭ ᠤᠨ ᠰᠣᠶᠣᠯ ᠤᠨ | ᠪᠠᠶᠢᠭᠤᠯᠤᠯᠲᠠ ᠶᠢ ᠵᠢᠯᠣᠭᠤᠳᠤᠨ᠎ᠠ᠃ | 3. ᠬᠥᠳᠡᠭᠡ ᠲᠣᠰᠬᠤᠨ ᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ | ᠲᠦᠯᠬᠢᠨ ᠠᠬᠢᠭᠤᠯᠵᠤ᠂ ᠪᠦᠬᠦ ᠰᠢᠶᠠᠨ ᠤ ᠬᠥᠳᠡᠭᠡ ᠲᠣᠰᠬᠤᠨ ᠤ ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠪᠣᠯᠣᠨ ᠦᠨᠳᠦᠰᠦᠨ ᠡᠵᠡᠩᠨᠡᠯᠲᠡ ᠶᠢᠨ ᠳᠦᠷᠢᠮ ᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠲᠠᠷᠢᠶᠠᠴᠢᠳ ᠤᠨ ᠳᠠᠭᠠᠭᠠᠴᠢᠯᠠᠭᠰᠠᠨ ᠭᠠᠵᠠᠷ᠂ ᠣᠷᠣᠨ ᠰᠠᠭᠤᠴᠠ ᠶᠢᠨ | ᠰᠠᠭᠤᠷᠢ ᠭᠠᠵᠠᠷ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠤᠭᠤᠳᠴᠤ᠂ ᠲᠠᠷᠢᠶᠠᠨ ᠭᠠᠵᠠᠷ ᠤᠨ | ᠬᠡᠷᠡᠭᠯᠡᠬᠦ ᠡᠷᠬᠡ ᠶᠢ ᠰᠢᠯᠵᠢᠭᠦᠯᠬᠦ ᠳᠤ ᠬᠢᠨᠠᠯᠲᠠ ᠲᠠᠯᠪᠢᠵᠤ᠂ ᠳᠠᠭᠠᠭᠠᠴᠢᠯᠠᠯᠲᠠ ᠶᠢᠨ ᠵᠢᠭᠤᠷᠠᠯᠳᠤᠭᠠᠨ ᠢ ᠬᠥᠨᠳᠡᠯᠡᠨ ᠠᠴᠠ | ᠲᠠᠰᠤᠯᠬᠤ ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠬᠥᠭᠵᠢᠯᠲᠡ᠂ ᠬᠠᠮᠲᠤ ᠶᠢᠨ ᠥᠮᠴᠢᠯᠡᠯ ᠤᠨ ᠡᠷᠬᠡ ᠶᠢᠨ ᠥᠭᠡᠷᠡᠴᠢᠯᠡᠯᠲᠡ ᠪᠣᠯᠣᠨ ᠬᠠᠮᠲᠤ ᠶᠢᠨ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠲᠠᠷᠢᠶᠠᠴᠢᠳ ᠤᠨ ᠬᠤᠷᠰᠢᠭᠰᠠᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮ ᠤᠨ ᠦᠢᠯᠡᠴᠢᠯᠡᠭᠡᠨ ᠤ | ᠵᠣᠬᠢᠶᠠᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ | ᠴᠣᠭᠴᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠥᠭᠵᠢᠯᠲᠡ ᠶᠢ ᠵᠢᠯᠣᠭᠤᠳᠤᠨ᠎ᠠ᠃ ᠲᠠᠷᠢᠶᠠᠴᠢᠨ ᠮᠠᠯᠴᠢᠳ ᠤᠨ | ᠳᠠᠷᠤᠭᠠᠰᠤ ᠶᠢ ᠬᠥᠩᠭᠡᠷᠡᠭᠦᠯᠬᠦ ᠳᠤ ᠬᠢᠨᠠᠯᠲᠠ ᠲᠠᠯᠪᠢᠵᠤ᠂ ᠲᠠᠷᠢᠶᠠᠴᠢᠳ ᠤᠨ ᠪᠡᠯᠡ ᠴᠤᠭᠯᠠᠭᠤᠯᠵᠤ ᠬᠥᠳᠡᠯᠮᠦᠷᠢ ᠬᠦᠴᠦ | ᠭᠠᠷᠭᠠᠯᠭᠠᠬᠤ ᠠᠵᠢᠯ ᠢ ᠵᠢᠯᠣᠭᠤᠳᠤᠨ᠎ᠠ᠃ | 4. ᠳᠡᠭᠡᠳᠦ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠨ ᠡᠵᠡᠩᠨᠡᠬᠦ ᠲᠥᠷᠥ ᠶᠢᠨ | ᠪᠣᠳᠣᠯᠭ᠎ᠠ᠂ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠨ᠎ᠠ᠃ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠦᠢᠯᠡᠰ᠂ ᠰᠡᠯᠡᠭᠦᠴᠡᠯ ᠤᠨ ᠲᠠᠷᠢᠶᠠᠯᠠᠩ | ᠮᠠᠯ ᠠᠵᠤ ᠠᠬᠤᠢ ᠪᠣᠯᠣᠨ ᠰᠤᠮᠤ ᠪᠠᠯᠭᠠᠰᠤᠨ ᠤ ᠠᠵᠤ ᠠᠬᠤᠶᠢᠯᠠᠯ ᠤᠨ ᠬᠥᠭᠵᠢᠯᠲᠡ ᠵᠢᠴᠢ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠴᠢᠯᠡᠯᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ | ᠬᠥᠳᠡᠭᠡ ᠲᠣᠰᠬᠤᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠵᠢᠯᠣᠭᠤᠳᠤᠨ᠎ᠠ᠃ | 5. ᠳᠡᠭᠡᠳᠦ ᠱᠠᠲᠤᠨ ᠠᠴᠠ ᠲᠣᠭᠲᠠᠭᠠᠭᠰᠠᠨ ᠶᠡᠭᠡ ᠬᠡᠮᠵᠢᠶᠡᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢᠨ | ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠡᠮᠳᠡᠭᠲᠦ ᠶᠢ | ᠪᠣᠶᠢᠵᠢᠭᠤᠯᠤᠨ ᠬᠠᠮᠠᠭᠠᠯᠠᠨ᠎ᠠ᠃ ᠲᠠᠷᠢᠶᠠᠯᠠᠩ ᠮᠠᠯ ᠠᠵᠤ ᠠᠬᠤᠢ ᠪᠣᠯᠣᠨ ᠬᠥᠳᠡᠭᠡ ᠲᠣᠰᠬᠤᠨ ᠤ ᠠᠵᠤ ᠠᠬᠤᠢ ᠶᠢᠨ | ᠠᠵᠢᠯᠯᠠᠭᠠᠨ ᠢ ᠬᠢᠨᠠᠨ ᠬᠡᠮᠵᠢᠵᠦ ᠵᠠᠳᠠᠯᠤᠨ᠂ ᠲᠠᠷᠢᠶᠠᠯᠠᠩ ᠮᠠᠯ ᠠᠵᠤ ᠠᠬᠤᠢ ᠪᠣᠯᠣᠨ ᠬᠥᠳᠡᠭᠡ ᠲᠣᠰᠬᠤᠨ ᠤ ᠠᠵᠤ | ᠠᠬᠤᠢ ᠶᠢᠨ ᠮᠡᠳᠡᠭᠡ ᠵᠠᠩᠭᠢ ᠶᠢ ᠪᠦᠷᠢᠳᠬᠡᠬᠦ ᠪᠠ ᠨᠡᠶᠢᠲᠡᠯᠡᠬᠦ ᠠᠵᠢᠯ ᠢ ᠥᠷᠨᠢᠭᠦᠯᠦᠨ᠎ᠡ᠃ ᠲᠠᠷᠢᠶᠠᠯᠠᠩ ᠮᠠᠯ ᠠᠵᠤ | ᠠᠬᠤᠢ ᠪᠣᠯᠣᠨ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ | 6. ᠲᠠᠷᠢᠮᠠᠯ ᠤᠨ ᠦᠢᠯᠡᠰ᠂ ᠮᠠᠯ ᠠᠵᠤ ᠠᠬᠤᠢ᠂ ᠵᠢᠭᠠᠰᠤᠨ ᠠᠵᠤ ᠠᠬᠤᠢ᠂ ᠲᠠᠷᠢᠶᠠᠯᠠᠩ ᠮᠠᠯ ᠠᠵᠤ ᠠᠬᠤᠢ ᠶᠢᠨ | ᠮᠠᠰᠢᠨᠴᠢᠯᠠᠯᠲᠠ ᠵᠡᠷᠭᠡ ᠡᠯ᠎ᠡ ᠠᠵᠤ ᠦᠢᠯᠡᠰ ᠤᠨ ᠵᠢᠭᠠᠨ ᠵᠢᠯᠤᠭᠤᠳᠴᠤ ᠦᠢᠯᠡᠴᠢᠯᠡᠬᠦ ᠪᠠ ᠬᠢᠨᠠᠯᠲᠠ ᠲᠠᠯᠪᠢᠵᠤ | ᠬᠠᠮᠢᠶᠠᠷᠬᠤ ᠶᠢ ᠬᠠᠷᠢᠭᠤᠴᠠᠨ᠎ᠠ᠃ ᠠᠮᠤ ᠪᠤᠳᠠᠭ᠎ᠠ᠂ ᠮᠢᠬᠠᠨ ᠤ ᠲᠥᠷᠥᠯ᠂ ᠰᠦ ᠶᠢᠨ ᠦᠢᠯᠡᠰ᠂ ᠲᠡᠵᠢᠭᠡᠯ ᠪᠣᠷᠳᠤᠭ᠎ᠠ | ᠪᠣᠯᠣᠨ ᠤᠰᠤᠨ ᠭᠠᠷᠤᠯᠲᠠ ᠵᠡᠷᠭᠡ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ | ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠲᠡ ᠶᠢᠨ ᠰᠢᠰᠲ᠋ᠧᠮᠵᠢ ᠶᠢ ᠪᠠᠶᠢᠭᠤᠯᠬᠤ ᠶᠢ ᠵᠢᠯᠣᠭᠤᠳᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠬᠢᠬᠦ ᠪᠠ ᠪᠠᠶᠢᠷᠢᠰᠢᠭᠤᠯᠤᠯᠲᠠ ᠪᠠᠨ | ᠰᠢᠯᠢᠳᠡᠭᠵᠢᠭᠦᠯᠬᠦ ᠶᠢ ᠬᠥᠲᠥᠯᠥᠨ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠭᠰᠠᠨ᠂ | ᠬᠡᠪᠴᠢᠶᠡᠵᠢᠭᠰᠡᠨ ᠦᠢᠯᠡᠳᠪᠦᠷᠢᠯᠡᠯ ᠢ ᠵᠢᠯᠤᠭᠤᠳᠴᠤ᠂ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠣᠬᠢᠷᠲᠤᠯ | ᠦᠭᠡᠢ ᠠᠮᠤᠷ ᠲᠦᠪᠰᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ | 7. ᠲᠲ᠋ᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ | ᠴᠢᠨᠠᠷ ᠤᠨ ᠠᠮᠤᠷ ᠲᠦᠪᠰᠢᠨ ᠢ ᠬᠢᠨᠠᠨ ᠰᠢᠨᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠬᠤᠯᠪᠣᠭᠳᠠᠯ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ | ᠴᠢᠨᠠᠷ ᠤᠨ ᠠᠮᠤᠷ ᠲᠦᠪᠰᠢᠨ ᠤ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠨ᠎ᠡ᠃ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠣᠪᠰᠢᠨ ᠤ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃ | ᠪᠥᠬᠦ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠵᠢᠯᠤᠭᠤᠳᠴᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ | ᠠᠮᠤᠷ ᠲᠦᠪᠰᠢᠨ ᠢ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ᠂ ᠨᠡᠶᠢᠲᠡ ᠳᠤ ᠬᠤᠣᠷᠳᠠᠭᠳᠠᠯ ᠦᠭᠡᠢ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ᠂ ᠣᠷᠭᠠᠨᠢᠭ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ᠂ ᠭᠠᠵᠠᠷ ᠵᠦᠢ ᠶᠢᠨ ᠲᠡᠮᠳᠡᠭᠲᠦ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ | 8. ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ | ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠳᠤ ᠬᠡᠷᠡᠭᠯᠡᠬᠦ ᠭᠠᠵᠠᠷ᠂ ᠵᠢᠭᠠᠰᠤᠨ ᠠᠵᠤ ᠠᠬᠤᠢ ᠶᠢᠨ | ᠤᠰᠤᠨ ᠣᠷᠣᠨ ᠵᠢᠴᠢ ᠲᠠᠷᠢᠶᠠᠯᠠᠩ ᠮᠠᠯ ᠠᠵᠤ ᠠᠬᠤᠢ ᠶᠢᠨ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ᠂ | ᠤᠰᠤᠨ ᠤ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠬᠠᠮᠢᠶᠠᠷᠤᠯᠲᠠ ᠶᠢ ᠵᠢᠯᠣᠭᠤᠳᠤᠨ᠎ᠠ᠃ ᠲᠠᠷᠢᠶᠠᠨ | ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠵᠢᠯ ᠢ | ᠬᠠᠷᠢᠭᠤᠴᠠᠵᠤ᠂ ᠲᠠᠷᠢᠶᠠᠨ ᠭᠠᠵᠠᠷ ᠵᠢᠴᠢ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠲᠠᠷᠢᠶᠠᠨ ᠭᠠᠵᠠᠷ ᠤᠨ ᠶᠠᠰᠤ ᠴᠢᠨᠠᠷ᠂ ᠬᠠᠮᠠᠭᠠᠯᠠᠯᠲᠠ ᠪᠠ ᠠᠷᠢᠭᠤᠨ ᠴᠡᠪᠡᠷ | ᠦᠢᠯᠡᠳᠪᠦᠷᠢᠯᠡᠯ ᠢ ᠬᠠᠤᠯᠢ ᠶᠣᠰᠣᠭᠠᠷ ᠬᠠᠮᠢᠶᠠᠷᠤᠨ᠎ᠠ᠃ ᠪᠡᠯᠡᠳᠬᠡᠮᠵᠢᠲᠦ ᠲᠠᠷᠢᠶᠠᠯᠠᠩ ᠮᠠᠯ ᠠᠵᠤ ᠠᠬᠤᠢ᠂ ᠠᠮᠢ | ᠠᠬᠤᠢ ᠶᠢᠨ ᠣᠷᠴᠢᠯ ᠲᠠᠷᠢᠶᠠᠯᠠᠩ ᠮᠠᠯ ᠠᠵᠤ ᠠᠬᠤᠢ ᠪᠣᠯᠣᠨ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠢ ᠶᠢᠨ | ᠬᠥᠭᠵᠢᠯᠲᠡ ᠵᠢᠴᠢ ᠬᠥᠳᠡᠭᠡ ᠲᠣᠰᠬᠤᠨ ᠤ ᠳᠠᠬᠢᠨ ᠡᠭᠦᠰᠴᠦ ᠪᠣᠯᠬᠤ ᠡᠨᠧᠷᠭᠢ ᠶᠢ ᠶᠡᠷᠦᠩᠬᠡᠶᠢᠯᠡᠨ ᠨᠡᠭᠡᠭᠡᠨ | ᠠᠰᠢᠭᠯᠠᠬᠤ᠂ ᠲᠠᠷᠢᠶᠠᠯᠠᠩ ᠤᠨ ᠠᠮᠢᠳᠤ ᠪᠣᠳᠠᠰ ᠤᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃ | 9. ᠬᠤᠯᠪᠣᠭᠳᠠᠯ ᠪᠦᠬᠦᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠣᠨ | ᠣᠷᠣᠭᠤᠯᠤᠯᠲᠠ ᠶᠢᠨ ᠡᠳ᠋ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠠᠷᠢᠶᠠᠯᠠᠩ ᠮᠠᠯ | ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠣᠨ ᠣᠷᠣᠭᠤᠯᠤᠯᠲᠠ ᠶᠢᠨ ᠪᠣᠳᠠᠰ ᠤᠨ ᠤᠯᠤᠰ᠂ ᠥᠪᠡᠷᠲᠡᠭᠡᠨ | ᠵᠠᠰᠠᠬᠤ ᠣᠷᠣᠨ ᠪᠣᠯᠣᠨ ᠬᠤᠲᠠ ᠶᠢᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠲᠠᠷᠢᠮᠠᠯ᠂ | ᠲᠡᠵᠢᠭᠡᠯ ᠡᠪᠡᠰᠦᠨ ᠤ ᠦᠷ᠎ᠡ ︵ᠴᠢᠬᠢ ᠮᠣᠳᠣ︶᠂ ᠪᠣᠷᠳᠣᠭᠤᠷ᠂ ᠡᠭᠦᠯᠳᠡᠷ ᠤᠨ ᠮᠠᠯ ᠵᠢᠭᠦᠷᠲᠡᠨ᠂ ᠲᠠᠷᠢᠶᠠᠨ ᠡᠮ᠂ ᠮᠠᠯ ᠤᠨ | ᠡᠮ᠂ ᠲᠡᠵᠢᠭᠡᠯ ᠪᠣᠷᠳᠤᠭ᠎ᠠ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠬᠢᠨᠠᠯᠲᠠ ᠬᠠᠮᠢᠶᠠᠷᠤᠯᠲᠠ ᠶᠢ ᠬᠠᠤᠯᠢ | ᠶᠣᠰᠣᠭᠠᠷ ᠥᠷᠨᠢᠭᠦᠯᠦᠨ᠎ᠡ᠃ ᠲᠡᠵᠢᠭᠡᠯ ᠡᠪᠡᠰᠦ ᠪᠣᠷᠳᠤᠭ᠎ᠠ᠂ ᠮᠠᠯ ᠤᠨ ᠡᠮ ᠤᠨ ᠦᠢᠯᠡᠳᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠨ ᠡᠮ᠂ ᠰᠠᠶᠢᠨ ᠡᠮ ᠤᠨ ᠦᠯᠡᠳᠡᠭᠳᠡᠯ ᠢ | ᠪᠠᠶᠢᠴᠠᠭᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ | ᠮᠠᠰᠢᠨ ᠤ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | 10. ᠲᠠᠷᠢᠮᠠᠯ᠂ ᠲᠡᠵᠢᠭᠡᠯ ᠡᠪᠡᠰᠦᠨ ᠤ ᠡᠪᠡᠳᠴᠢᠨ ᠬᠤᠷᠣᠬᠠᠢ ᠶᠢᠨ ᠬᠥᠨᠥᠭᠡᠯ᠂ ᠮᠠᠯ ᠵᠢᠭᠦᠷᠲᠡᠨ ᠪᠠ ᠤᠰᠤᠨ ᠤ | ᠠᠮᠢᠳᠤ ᠪᠣᠳᠠᠰ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃ ᠠᠮᠢᠲᠠᠨ ᠤᠷᠭᠤᠮᠠᠯ ᠤᠨ | ᠬᠢᠵᠢᠭ ᠰᠡᠷᠭᠡᠶᠢᠯᠡᠬᠦ ᠪᠠ ᠬᠢᠵᠢᠭ ᠪᠠᠶᠢᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠤᠭᠤᠳᠴᠤ᠂ ᠪᠦᠬᠦ ᠰᠢᠶᠠᠨ ᠤ | ᠠᠮᠢᠲᠠᠨ ᠤᠷᠭᠤᠮᠠᠯ ᠤᠨ ᠬᠢᠵᠢᠭ ᠰᠡᠷᠭᠡᠶᠢᠯᠡᠬᠦ ᠬᠢᠵᠢᠭ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠪᠠ ᠬᠢᠨᠠᠯᠲᠠ | ᠲᠠᠯᠪᠢᠵᠤ᠂ ᠭᠡᠨᠡᠳᠲᠡ ᠶᠢᠨ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ | ᠬᠠᠷᠢᠭᠤᠴᠠᠨ᠎ᠠ᠃ ᠠᠮᠢᠲᠠᠨ ᠤᠷᠭᠤᠮᠠᠯ ᠤᠨ ᠬᠥᠨᠥᠭᠡᠯᠲᠡᠢ ᠠᠮᠢᠳᠤ ᠪᠣᠳᠠᠰ ᠢ ᠨᠡᠶᠢᠳᠡᠮ ᠪᠠᠶᠢᠴᠠᠭᠠᠬᠤ ᠪᠠ | ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ᠮᠠᠯ ᠡᠮᠨᠡᠯᠭᠡ ᠶᠢᠨ ᠡᠩᠨᠡᠭᠡ᠂ ᠮᠠᠯ ᠤᠨ ᠡᠮ ᠪᠣᠯᠣᠨ ᠨᠢᠲᠤᠯᠬᠤ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | 11. ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ | ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠ ᠨᠡᠶᠢᠲᠡᠯᠡᠵᠦ᠂ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ᠂ ᠮᠠᠯ ᠤᠨ | ᠡᠮ᠂ ᠲᠡᠵᠢᠭᠡᠯ ᠪᠣᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠪᠠ ᠰᠢᠯᠵᠢᠭᠦᠯᠦᠨ ᠥᠭᠬᠦ | ᠠᠵᠢᠯ ᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠭᠠᠮᠰᠢᠭ ᠠᠴᠠ | ᠠᠪᠤᠷᠠᠬᠤ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠰᠠᠨᠠᠭᠤᠯᠭ᠎ᠠ ᠳᠤᠷᠠᠳᠴᠤ᠂ ᠭᠠᠮᠰᠢᠭ ᠠᠴᠠ ᠪᠠᠴᠢᠮ ᠠᠪᠤᠷᠠᠬᠤ | ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠰᠡᠷᠭᠦᠭᠡᠬᠦ ᠶᠢ ᠵᠢᠯᠣᠭᠤᠳᠤᠨ᠎ᠠ᠃ | 12. ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠤ ᠬᠥᠭᠵᠢᠯᠲᠡ ᠶᠢ ᠲᠡᠳᠬᠦᠬᠦ ᠡᠳ᠋ ᠤᠨ ᠵᠠᠰᠠᠭ ᠤᠨ | ᠲᠥᠷᠥ ᠶᠢᠨ ᠪᠣᠳᠣᠯᠭ᠎ᠠ᠂ ᠵᠢᠴᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠤ ᠪᠡᠯᠡ ᠣᠷᠣᠭᠤᠯᠵᠤ | ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠰᠠᠨᠠᠭᠤᠯᠭ᠎ᠠ ᠶᠢ ᠳᠤᠷᠠᠳᠤᠨ᠎ᠠ᠃ ᠰᠢᠶᠠᠨ ᠤ | ᠡᠳ᠋ ᠤᠨ ᠵᠠᠰᠠᠭ ᠠᠴᠠ ᠲᠣᠬᠢᠷᠠᠭᠤᠯᠤᠭᠰᠠᠨ ᠰᠢᠶᠠᠨ ᠤ ᠲᠤᠰ ᠱᠠᠲᠤᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ | ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠲᠠᠷᠢᠶᠠᠨ ᠭᠠᠵᠠᠷ ᠤᠨ ᠴᠡᠭᠴᠡᠯᠡᠨ ᠵᠠᠰᠠᠯᠲᠠ᠂ ᠲᠠᠷᠢᠶᠠᠯᠠᠩ ᠮᠠᠯ ᠠᠵᠤ | ᠠᠬᠤᠢ ᠶᠢᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠯᠥᠪᠯᠡᠭᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ | ᠲᠤᠭᠤᠷᠪᠢᠨ ᠲᠣᠭᠲᠠᠭᠠᠵᠤ᠂ ᠰᠠᠯᠠᠭ᠎ᠠ ᠮᠥᠴᠢᠷ ᠤᠨ ᠲᠥᠰᠥᠪ ᠢ ᠨᠠᠶᠢᠷᠠᠭᠤᠯᠤᠨ ᠵᠣᠬᠢᠶᠠᠨ᠎ᠠ᠃ ᠲᠣᠭᠲᠠᠭᠠᠭᠰᠠᠨ ᠡᠷᠬᠡ | ᠮᠡᠳᠡᠯ ᠤᠨ ᠬᠡᠪᠴᠢᠶ᠎ᠡ ᠶᠣᠰᠣᠭᠠᠷ᠂ ᠰᠢᠶᠠᠨ ᠤ ᠲᠣᠰ ᠱᠠᠲᠤᠨ ᠤ ᠲᠥᠯᠦᠪᠵᠢᠭᠦᠯᠭᠡ ᠶᠢᠨ ᠳᠣᠲᠣᠷᠠᠬᠢ ᠪᠠ ᠣᠨ ᠤ | ᠲᠥᠯᠥᠪᠯᠡᠭᠡ ᠶᠢᠨ ᠬᠡᠪᠴᠢᠶᠡᠨ ᠳᠣᠲᠣᠷᠠᠬᠢ ᠲᠠᠷᠢᠶᠠᠯᠠᠩ ᠮᠠᠯ ᠠᠵᠤ ᠠᠬᠤᠢ ᠬᠥᠳᠡᠭᠡ ᠲᠣᠰᠬᠤᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ ᠬᠠᠷᠭᠤᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ | ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠲᠣᠬᠢᠷᠠᠭᠤᠯᠤᠯᠲᠠ ᠪᠠ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | 13. ᠪᠥᠬᠦ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠤ | ᠰᠤᠳᠤᠯᠭᠠᠨ᠂ ᠮᠡᠷᠭᠡᠵᠢᠯ ᠳᠡᠯᠭᠡᠷᠡᠭᠦᠯᠬᠦ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠬᠤ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠵᠢᠯᠤᠭᠤᠳᠴᠤ᠂ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠪᠠ | ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠵᠢᠯᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠶᠤᠯᠭᠦᠢ ᠶᠢᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠡᠭᠦᠯᠳᠡᠷ ᠢ ᠬᠠᠮᠠᠭᠠᠯᠠᠬᠤ ᠠᠵᠢᠯ ᠢ | ᠥᠷᠨᠢᠭᠦᠯᠦᠨ᠎ᠡ᠃ | 14. ᠲᠠᠷᠢᠶᠠᠯᠠᠩ ᠮᠠᠯ ᠠᠵᠤ ᠠᠬᠤᠢ ᠪᠣᠯᠣᠨ ᠬᠥᠳᠡᠭᠡ ᠲᠣᠰᠬᠤᠨ ᠤ ᠴᠢᠳᠠᠪᠤᠷᠢᠲᠠᠨ ᠤ ᠠᠵᠢᠯ ᠢ | ᠵᠢᠯᠣᠭᠤᠳᠤᠨ᠎ᠠ᠃ ᠬᠥᠳᠡᠭᠡ ᠲᠣᠰᠬᠤᠨ᠂ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠤᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠨ ᠬᠥᠮᠦᠵᠢᠯ ᠪᠠ ᠨᠡᠭᠡᠭᠡᠨ ᠬᠥᠭᠵᠢᠭᠦᠯᠬᠦ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ᠂ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠬᠥᠳᠡᠭᠡ ᠲᠣᠰᠬᠤᠨ ᠤ | ᠬᠡᠷᠡᠭᠯᠡᠭᠡᠨ ᠤ ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ᠃ | 15. ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠯᠤᠭ᠎ᠠ ᠬᠤᠷᠰᠢᠯᠴᠠᠬᠤ ᠠᠵᠢᠯ ᠢ ᠲᠦᠷᠦᠭᠦᠯᠡᠨ | ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠣᠷᠣᠨ ᠤ ᠬᠤᠭᠤᠷᠣᠨᠳᠣᠬᠢ ᠠᠵᠤ ᠠᠬᠤᠢ | ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | 16. ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠵᠢᠴᠢ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠯᠦᠪᠵᠢᠭᠦᠯᠭᠡ ᠶᠢ ᠲᠦᠷᠦᠭᠦᠯᠡᠨ ᠲᠣᠭᠲᠠᠭᠠᠨ᠎ᠠ᠃ | 17. ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ | ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ | ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ | ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ | ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃ | 18. ᠰᠢᠶᠠᠨ ᠤ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ | 19. ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ | ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ | ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | 20. ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ᠳᠣᠲᠣᠭᠠᠳᠤ ᠶᠢᠨ ᠪᠠᠶᠢᠭᠤᠯᠤᠮᠵᠢ᠄ | 1. ᠶᠡᠷᠦᠩᠬᠡᠶᠢᠯᠡᠭᠰᠡᠨ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠠᠮᠤᠷ ᠲᠦᠪᠰᠢᠨ᠂ ᠨᠢᠭᠤᠴᠠ ᠶᠢ | ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠰᠣᠨᠢᠨ ᠮᠡᠳᠡᠭᠡᠨ ᠤ | ᠤᠬᠠᠭᠤᠯᠭ᠎ᠠ ᠵᠡᠷᠭᠡ ᠠᠵᠢᠯ ᠢ ᠡᠭᠦᠷᠭᠡᠯᠡᠨ᠎ᠡ᠃ ᠲᠣᠪᠴᠢᠶ᠎ᠠ ᠶᠢᠨ ᠰᠢᠰᠲ᠋ᠧᠮ ᠪᠣᠯᠣᠨ ᠲᠠᠷᠢᠶᠠᠯᠠᠩ ᠮᠠᠯ ᠠᠵᠤ ᠠᠬᠤᠢ | ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ | ᠲᠦᠷᠦᠭᠦᠯᠡᠨ ᠵᠢᠯᠣᠭᠤᠳᠤᠨ᠎ᠠ᠃ | 2. ᠥᠭᠡᠷᠡᠴᠢᠯᠡᠯᠲᠡ ᠬᠢᠭᠡᠳ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠣᠯᠣᠨ ᠬᠥᠳᠡᠭᠡ | ᠲᠣᠰᠬᠤᠨ ᠤ ᠨᠡᠶᠢᠭᠡᠮ ᠤᠨ ᠦᠢᠯᠡᠰ ᠢ ᠠᠬᠢᠭᠤᠯᠬᠤ ᠲᠠᠰᠤᠭ᠃ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠪᠦᠬᠦ | ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠪᠣᠯᠣᠨ ᠬᠥᠳᠡᠭᠡ ᠲᠣᠰᠬᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠴᠢᠭᠯᠡᠯᠲᠡ ᠲᠦᠷᠦ ᠶᠢᠨ ᠪᠣᠳᠣᠯᠭ᠎ᠠ ᠶᠢ ᠰᠤᠳᠤᠯᠤᠨ ᠲᠤᠭᠤᠷᠪᠢᠨ ᠲᠣᠭᠲᠠᠭᠠᠨ᠎ᠠ᠃ | ᠲᠠᠷᠢᠶᠠᠯᠠᠩ ᠮᠠᠯ ᠠᠵᠤ ᠠᠬᠤᠢ᠂ ᠬᠥᠳᠡᠭᠡ ᠲᠣᠰᠬᠤᠨ ᠤ ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠬᠥᠳᠡᠭᠡ | ᠲᠣᠰᠬᠤᠨ ᠤ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠢᠨᠠᠯᠲᠠ ᠲᠠᠯᠪᠢᠨ | ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠭᠠᠳᠠᠭᠠᠳᠤ ᠯᠤᠭ᠎ᠠ ᠬᠤᠷᠰᠢᠯᠴᠠᠬᠤ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ | 3. ᠬᠥᠳᠡᠭᠡ ᠲᠣᠰᠬᠤᠨ ᠤ ᠬᠤᠷᠰᠢᠭᠰᠠᠨ ᠠᠵᠤ ᠠᠬᠤᠢ ᠶᠢᠨ ᠵᠢᠯᠤᠭᠤᠳᠬᠤ ᠲᠠᠰᠤᠭ᠃ ᠬᠥᠳᠡᠭᠡ ᠲᠣᠰᠬᠤᠨ ᠤ | ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ ᠲᠠᠷᠢᠶᠠᠴᠢᠳ ᠤᠨ ᠳᠠᠷᠤᠭᠠᠰᠤ ᠶᠢ | ᠬᠥᠩᠭᠡᠷᠡᠭᠦᠯᠬᠦ ᠪᠠ ︽ᠨᠢᠭᠡ ᠶᠠᠪᠤᠳᠠᠯ ᠢ ᠨᠢᠭᠡ ᠵᠥᠪᠯᠡᠬᠦ︾ ᠪᠡᠯᠡ ᠴᠤᠭᠯᠠᠭᠤᠯᠵᠤ ᠬᠥᠳᠡᠯᠮᠦᠷᠢ ᠬᠦᠴᠦ ᠭᠠᠷᠭᠠᠯᠭᠠᠬᠤ | ᠬᠠᠮᠢᠶᠠᠷᠤᠯᠲᠠ ᠳᠤ ᠬᠢᠨᠠᠯᠲᠠ ᠲᠠᠯᠪᠢᠨ᠎ᠠ᠃ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠪᠠ ᠡᠳ᠋ ᠤᠨ | ᠶᠠᠪᠤᠳᠠᠯ ᠤᠨ ᠬᠠᠮᠢᠶᠠᠷᠤᠯᠲᠠ᠂ ᠲᠠᠷᠢᠶᠠᠴᠢᠳ ᠤᠨ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ | ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠵᠢᠯᠣᠭᠤᠳᠤᠨ᠎ᠠ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠰᠠᠭᠤᠷᠢ ᠭᠠᠵᠠᠷ ᠢ ᠬᠤᠪᠢᠶᠠᠷᠢᠯᠠᠬᠤ᠂ ᠬᠡᠷᠡᠭᠯᠡᠬᠦ᠂ | ᠰᠢᠯᠵᠢᠭᠦᠯᠬᠦ᠂ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠬᠠᠮᠢᠶᠠᠷᠤᠯᠲᠠ ᠪᠠ ᠣᠷᠣᠨ ᠰᠠᠭᠤᠴᠠ ᠶᠢᠨ ᠰᠠᠭᠤᠷᠢ | ᠭᠠᠵᠠᠷ ᠢ ᠵᠦᠢ ᠵᠣᠬᠢᠰᠲᠠᠢ ᠪᠠᠶᠢᠷᠢᠯᠠᠭᠤᠯᠬᠤ᠂ ᠭᠠᠵᠠᠷ ᠬᠡᠷᠡᠭᠯᠡᠬᠦ ᠪᠠᠷᠢᠮᠵᠢᠶ᠎ᠠ᠂ ᠬᠠᠤᠯᠢ ᠶᠢ ᠵᠥᠷᠢᠴᠡᠨ ᠭᠠᠵᠠᠷ | ᠬᠡᠷᠡᠭᠯᠡᠬᠦ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠰᠤᠯᠠ ᠪᠠᠶᠢᠭ᠎ᠠ ᠣᠷᠣᠨ ᠰᠠᠭᠤᠴᠠ ᠶᠢᠨ | ᠰᠠᠭᠤᠷᠢ ᠭᠠᠵᠠᠷ ᠪᠠ ᠰᠤᠯᠠ ᠪᠠᠶᠢᠭ᠎ᠠ ᠬᠥᠳᠡᠭᠡ ᠲᠣᠰᠬᠤᠨ ᠤ ᠭᠡᠷ ᠪᠠᠶᠢᠰᠢᠩ ᠤᠨ ᠠᠰᠢᠭᠯᠠᠯᠲᠠ ᠶᠢ ᠵᠢᠯᠣᠭᠤᠳᠤᠨ᠎ᠠ᠃ | 4. ᠲᠥᠯᠥᠪᠯᠡᠭᠡᠲᠦ ᠡᠳ᠋ ᠤᠨ ᠶᠠᠪᠤᠳᠠᠯ ᠤᠨ ᠲᠠᠰᠤᠭ᠃ ᠲᠠᠷᠢᠶᠠᠯᠠᠩ ᠮᠠᠯ ᠠᠵᠤ ᠠᠬᠤᠢ᠂ ᠬᠥᠳᠡᠭᠡ ᠲᠣᠰᠬᠤᠨ ᠤ | ᠬᠥᠭᠵᠢᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠲᠡᠳᠬᠦᠬᠦ ᠡᠳ᠋ ᠤᠨ ᠵᠠᠰᠠᠭ ᠤᠨ ᠲᠥᠷᠥ ᠶᠢᠨ | ᠪᠣᠳᠣᠯᠭ᠎ᠠ ᠪᠠ ᠲᠥᠷᠥᠯ ᠵᠦᠢᠯ ᠤᠨ ᠰᠠᠨᠠᠭᠤᠯᠭ᠎ᠠ ᠳᠤᠷᠠᠳᠴᠤ᠂ ᠣᠨ ᠤ ᠲᠥᠷᠥᠯ ᠵᠦᠢᠯ ᠤᠨ ᠲᠥᠯᠥᠪᠯᠡᠭᠡ ᠶᠢ | ᠨᠠᠶᠢᠷᠠᠭᠤᠯᠤᠨ ᠵᠣᠬᠢᠶᠠᠨ᠎ᠠ᠃ ᠲᠠᠷᠢᠶᠠᠯᠠᠩ ᠮᠠᠯ ᠠᠵᠤ ᠠᠬᠤᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ | ᠪᠡᠯᠡ ᠣᠷᠣᠭᠤᠯᠤᠯᠲᠠ ᠶᠢᠨ ᠬᠡᠪᠴᠢᠶ᠎ᠡ᠂ ᠴᠢᠭᠯᠡᠯ ᠤᠨ ᠰᠠᠨᠠᠭᠤᠯᠭ᠎ᠠ ᠶᠢ ᠵᠣᠬᠢᠶᠠᠨ ᠪᠠᠶᠢᠭᠤᠯᠤᠨ ᠳᠤᠷᠠᠳᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠰᠠᠯᠠᠭ᠎ᠠ ᠮᠥᠴᠢᠷ ᠤᠨ ᠲᠥᠰᠥᠪ ᠢ ᠨᠠᠶᠢᠷᠠᠭᠤᠯᠤᠨ ᠮᠡᠳᠡᠭᠦᠯᠬᠦ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠮᠥᠩᠭᠦᠨ ᠭᠦᠢᠯᠭᠡᠭᠡᠨ᠂ ᠢᠲᠡᠭᠡᠮᠵᠢᠲᠦ ᠵᠢᠭᠡᠯᠡᠯᠭᠡ | ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠲᠣᠭᠲᠠᠭᠠᠬᠤ ᠳᠤ | ᠣᠷᠣᠯᠴᠠᠬᠤ ᠬᠡᠷᠡᠭᠲᠡᠢ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠡᠳ᠋ ᠤᠨ ᠶᠠᠪᠤᠳᠠᠯ᠂ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠠᠮᠢᠶᠠᠷᠤᠯᠲᠠ ᠪᠠ ᠵᠠᠰᠠᠭ ᠤᠨ ᠣᠷᠳᠣᠨ ᠬᠤᠳᠠᠯᠳᠤᠨ ᠠᠪᠬᠤ ᠬᠠᠮᠢᠶᠠᠷᠤᠯᠲᠠ ᠵᠡᠷᠭᠡ ᠠᠵᠢᠯ ᠢ | ᠵᠢᠯᠣᠭᠤᠳᠤᠨ᠎ᠠ᠃ ᠰᠢᠰᠲ᠋ᠧᠮ ᠤᠨ ᠳᠣᠲᠣᠭᠠᠳᠤ ᠶᠢᠨ ᠬᠢᠨᠠᠨ ᠪᠣᠳᠣᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ | 5. ᠰᠢᠨᠵᠢᠯᠡᠬᠦ ᠤᠬᠠᠭᠠᠨ ᠮᠡᠷᠭᠡᠵᠢᠯ ᠤᠨ ᠲᠠᠰᠤᠭ᠃ ᠪᠦᠬᠦ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢᠨ ᠲᠦᠷᠦ ᠶᠢᠨ ᠪᠣᠳᠣᠯᠭ᠎ᠠ ᠪᠣᠯᠣᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠪᠦᠬᠦ | ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠳᠤᠷᠠᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠰᠲ᠋ᠧᠮ ᠤᠨ | ᠥᠭᠡᠷᠡᠴᠢᠯᠡᠯᠲᠡ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ᠂ | ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠢ ᠣᠷᠣᠭᠤᠯᠤᠨ ᠠᠪᠴᠢᠷᠠᠬᠤ᠂ ᠦᠷ᠎ᠡ ᠪᠦᠲᠦᠭᠡᠯ ᠢ ᠬᠤᠪᠢᠷᠠᠭᠤᠯᠬᠤ | ᠪᠠ ᠮᠡᠷᠭᠡᠵᠢᠯ ᠳᠡᠯᠭᠡᠷᠡᠭᠦᠯᠬᠦ ᠠᠵᠢᠯ ᠢ ᠠᠬᠢᠭᠤᠯᠬᠤ ᠶᠢ ᠡᠭᠦᠷᠭᠡᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠠᠩᠬᠠᠨ ᠤ ᠬᠢᠨᠠᠯᠲᠠ᠂ ᠬᠤᠷᠢᠶᠠᠩᠭᠤᠶᠢᠯᠠᠬᠤ᠂ | ᠲᠠᠨᠢᠯᠴᠠᠭᠤᠯᠬᠤ᠂ ᠳᠡᠭᠡᠭᠰᠢ ᠮᠡᠳᠡᠭᠦᠯᠬᠦ ᠪᠠ ᠬᠠᠮᠵᠢᠯᠴᠠᠬᠤ᠂ ᠵᠢᠯᠤᠭᠤᠳᠬᠤ᠂ ᠬᠢᠨᠠᠯᠲᠠ ᠲᠠᠯᠪᠢᠬᠤ᠂ ᠰᠢᠯᠭᠠᠨ ᠠᠪᠬᠤ | ᠠᠵᠢᠯ ᠢ ᠬᠠᠷᠢᠭᠤᠴᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ᠂ ᠰᠢᠨᠵᠢᠯᠡᠬᠦ ᠤᠬᠠᠭᠠᠨ ᠮᠡᠷᠭᠡᠵᠢᠯ ᠤᠨ | ᠯᠠᠪᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠤᠬᠠᠭᠤᠯᠭ᠎ᠠ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ | ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠳᠠᠬᠢᠨ ᠡᠭᠦᠰᠴᠦ ᠪᠣᠯᠬᠤ ᠡᠨᠧᠷᠭᠢ ᠶᠢ ᠨᠡᠭᠡᠭᠡᠨ ᠠᠰᠢᠭᠯᠠᠬᠤ᠂ ᠡᠨᠧᠷᠭᠢ | ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠷᠢᠭᠤᠨ ᠴᠡᠪᠡᠷ ᠦᠢᠯᠡᠳᠪᠦᠷᠢᠯᠡᠬᠦ ᠪᠠ ᠠᠮᠢ | ᠠᠬᠤᠢ ᠶᠢᠨ ᠣᠷᠴᠢᠯ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ | ᠮᠡᠷᠭᠡᠵᠢᠯ ᠤᠨ ᠰᠤᠷᠭᠠᠨ ᠬᠥᠮᠦᠵᠢᠯ ᠪᠠ ᠰᠢᠨᠵᠢᠯᠡᠬᠦ ᠤᠬᠠᠬᠠᠨ ᠮᠡᠷᠭᠡᠵᠢᠯ ᠤᠨ ᠪᠣᠯᠪᠠᠰᠤᠷᠠᠯ ᠤᠨ ᠠᠵᠢᠯ ᠢ | ᠵᠢᠯᠣᠭᠤᠳᠤᠨ᠎ᠠ᠃ | 6. ᠬᠥᠳᠡᠭᠡ ᠠᠵᠤ ᠠᠬᠤᠢ ᠶᠢᠨ ᠲᠠᠰᠤᠭ᠃ ᠪᠦᠬᠦ ᠰᠢᠶᠠᠨ ᠤ ᠲᠠᠷᠢᠮᠠᠯ ᠤᠨ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠲᠠᠷᠢᠮᠠᠯ ᠤᠨ ᠦᠢᠯᠡᠰ ᠤᠨ ᠪᠦᠲᠦᠴᠡ ᠪᠠ ᠪᠠᠶᠢᠷᠢᠰᠢᠭᠤᠯᠤᠯᠲᠠ ᠶᠢᠨ ᠲᠣᠬᠢᠷᠠᠭᠤᠯᠤᠯᠲᠠ ᠵᠢᠴᠢ | ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠵᠢᠯᠤᠭᠤᠳᠴᠤ᠂ ᠲᠠᠷᠢᠶᠠᠯᠠᠩ ᠤᠨ ᠪᠠᠶᠢᠳᠠᠯ ᠤᠨ ᠮᠡᠳᠡᠭᠡ ᠵᠠᠩᠭᠢ ᠶᠢ | ᠲᠣᠬᠢᠷᠠᠭᠤᠯᠤᠨ᠎ᠠ᠃ ᠪᠣᠷᠳᠣᠭᠤᠷ ᠤᠨ ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠵᠢᠴᠢ ᠲᠠᠷᠢᠶᠠᠨ ᠡᠮ | ᠦᠢᠯᠡᠳᠪᠦᠷᠢᠯᠡᠬᠦ᠂ ᠡᠵᠡᠩᠨᠡᠬᠦ ᠪᠠ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠡᠭᠦᠷᠭᠡᠯᠡᠵᠦ᠂ ᠲᠠᠷᠢᠶᠠᠨ | ᠡᠮ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠬᠡᠷᠡᠭᠯᠡᠬᠦ ᠶᠢ ᠵᠢᠯᠣᠭᠤᠳᠤᠨ᠎ᠠ᠃ ᠤᠯᠤᠰ ᠤᠨ | ᠳᠣᠲᠣᠭᠠᠳᠤ ᠶᠢᠨ ᠪᠠ ᠬᠢᠯᠢ ᠪᠠᠷ ᠣᠷᠣᠵᠤ ᠭᠠᠷᠬᠤ ᠤᠷᠭᠤᠮᠠᠯ ᠤᠨ ᠬᠢᠵᠢᠭ ᠢ ᠪᠠᠶᠢᠴᠠᠭᠠᠬᠤ᠂ ᠲᠠᠷᠢᠮᠠᠯ ᠤᠨ ᠬᠦᠨᠳᠦ | ᠶᠡᠭᠡ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | 7. ᠮᠠᠯ ᠠᠵᠤ ᠠᠬᠤᠢ ᠮᠠᠯ ᠡᠮᠨᠡᠯᠭᠡ ᠶᠢᠨ ᠲᠠᠰᠤᠭ᠃ ᠮᠠᠯ ᠠᠵᠤ ᠠᠬᠤᠢ ᠪᠣᠯᠣᠨ ᠮᠠᠯ ᠵᠢᠭᠦᠷᠲᠡᠨ ᠨᠢᠲᠤᠯᠬᠤ | ᠠᠵᠢᠯ ᠲᠥᠷᠥᠯ ᠤᠨ ᠬᠤᠯᠪᠣᠭᠳᠠᠬᠤ ᠴᠢᠨᠠᠷᠲᠠᠢ ᠬᠠᠤᠯᠢ ᠲᠣᠭᠲᠠᠭᠠᠯ ᠳᠦᠷᠢᠮ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠨ᠎ᠠ᠃ ᠮᠠᠯ ᠠᠵᠤ ᠠᠬᠤᠢ᠂ ᠮᠠᠯ ᠵᠢᠭᠦᠷᠲᠡᠨ ᠨᠢᠲᠤᠯᠬᠤ ᠠᠵᠢᠯ ᠲᠥᠷᠥᠯ ᠤᠨ ᠬᠥᠭᠵᠢᠯᠲᠡ ᠶᠢᠨ | ᠲᠥᠷᠥ ᠶᠢᠨ ᠪᠣᠳᠣᠯᠭ᠎ᠠ ᠪᠣᠯᠣᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠮᠠᠯ ᠵᠢᠭᠦᠷᠲᠡᠨ ᠤ | ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠢᠯᠣᠭᠤᠳᠤᠨ᠎ᠠ᠃ ᠮᠠᠯ ᠵᠢᠭᠦᠷᠲᠡᠨ ᠨᠢᠲᠤᠯᠬᠤ᠂ ᠲᠦᠭᠦᠬᠡᠢ | ᠰᠦ ᠦᠢᠯᠡᠳᠪᠦᠷᠢᠯᠡᠵᠦ ᠬᠤᠳᠠᠯᠳᠤᠨ ᠠᠪᠬᠤ ᠭᠤᠭᠴᠤᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ | ᠲᠠᠯᠪᠢᠵᠤ ᠬᠠᠮᠢᠶᠠᠷᠤᠨ᠎ᠠ᠃ ᠮᠠᠯ ᠠᠵᠤ ᠠᠬᠤᠢ᠂ ᠮᠠᠯ ᠵᠢᠭᠦᠷᠲᠡᠨ ᠨᠢᠲᠤᠯᠬᠤ ᠠᠵᠢᠯ ᠲᠥᠷᠥᠯ ᠤᠨ ᠲᠤᠭ᠎ᠠ | ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠠᠵᠢᠯ ᠢ ᠬᠠᠷᠢᠭᠤᠴᠠᠨ᠎ᠠ᠃ | 8. ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ᠃ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠥᠷᠨᠢᠭᠦᠯᠬᠦ ᠳᠤ ᠣᠷᠣᠯᠴᠠᠨ᠎ᠠ᠃ ᠲᠠᠷᠢᠶᠠᠨ | ᠭᠠᠵᠠᠷ ᠢ ᠴᠡᠭᠴᠡᠯᠡᠨ ᠵᠠᠰᠠᠬᠤ ᠲᠥᠷᠥᠯ ᠵᠦᠢᠯ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ | ᠠᠬᠤᠢ ᠶᠢᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠵᠢᠴᠢ ᠲᠥᠷᠥᠯ ᠵᠦᠢᠯ᠂ ᠪᠡᠯᠡ ᠮᠥᠩᠭᠦ | ᠪᠣᠯᠣᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠷᠥᠯ ᠵᠦᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠪᠠ ᠬᠢᠨᠠᠨ ᠪᠠᠶᠢᠴᠠᠭᠠᠨ᠎ᠠ᠃ | ᠪᠠᠶᠢᠭᠤᠯᠭ᠋ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠪᠠ | ᠣᠯᠠᠨ ᠲᠦᠮᠡᠨ ᠤ ᠠᠵᠢᠯ ᠢ ᠬᠠᠷᠢᠭᠤᠴᠠᠵᠤ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ | ᠳᠤᠭᠤᠶᠢᠯᠠᠩ ᠤᠨ ᠠᠵᠢᠯ ᠢ ᠬᠠᠮᠵᠢᠯᠴᠠᠨ᠎ᠠ᠃ | ᠠᠵᠢᠯᠯᠠᠬᠤ ᠭᠠᠵᠠᠷ᠄ ᠦᠴᠦᠸᠠᠨ ᠰᠢᠶᠠᠨ ᠤ ᠴᠢᠩ ᠱᠠᠨ ᠵᠠᠮ ᠤᠨ ᠬᠥᠬᠡ 26 ᠳ᠋ᠤᠭᠠᠷ ᠲᠣᠭᠠᠲᠤ | ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 0 014᠄ 30-17᠄ 30 | ᠠᠵᠢᠯᠯᠠᠬᠤ ᠤᠲᠠᠰᠤ᠄ 0471 - 8822689 | ᠬᠠᠷᠢᠭᠤᠴᠠᠯᠭᠠᠲᠠᠨ᠄ ᠳ᠋ᠦ᠋ ᠰᠢᠶᠣᠣ ᠬᠤᠩ | | |