ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | | | ᠥᠪᠥᠷ ᠵᠠᠰᠠᠭ ᠠᠯᠪᠠᠨ ᠦᠰᠦᠭ ﹇2024﹈ 66 ᠳ᠋ᠤᠭᠠᠷ ᠲᠣᠭᠠᠲᠤ | | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠣᠷᠠᠳᠤ ᠱᠠᠲᠤ ᠤᠷᠤᠭᠤ ᠲᠤᠰᠬᠠᠢ ᠵᠦᠢᠯ ᠢᠶᠠᠷ | ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠠᠭᠤᠯᠭ᠎ᠠ ᠳᠤ ᠵᠠᠰᠠᠪᠤᠷᠢ | ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ | ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | | | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ | ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ︽ᠬᠡᠨ ᠭᠤᠣᠯᠴᠢᠯᠠᠨ | ᠬᠠᠮᠢᠶᠠᠷᠪᠠᠯ᠂ ᠲᠡᠷᠡ ᠬᠤᠪᠢᠶᠠᠷᠢᠯᠠᠬᠤ ᠪᠠ ᠬᠠᠷᠢᠭᠤᠴᠠᠬᠤ︾ ᠵᠠᠷᠴᠢᠮ ᠢᠶᠠᠷ᠂ ᠲᠤᠰᠬᠠᠢ ᠵᠦᠢᠯ ᠢᠶᠠᠷ ᠰᠢᠯᠵᠢᠭᠦᠯᠦᠨ ᠥᠭᠬᠦ | ᠬᠠᠮᠢᠶᠠᠷᠤᠯᠲᠠ ᠶᠢᠨ ᠲᠠᠯ᠎ᠠ ᠳᠠᠬᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠠ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠲᠣᠳᠣᠷᠬᠠᠢ | ᠪᠣᠯᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠣᠷᠠᠳᠤ ᠱᠠᠲᠤ ᠤᠷᠤᠭᠤ ᠲᠤᠰᠬᠠᠢ ᠵᠦᠢᠯ ᠢᠶᠠᠷ ᠰᠢᠯᠵᠢᠭᠦᠯᠦᠨ | ᠥᠭᠬᠦ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 134 ᠳ᠋ᠦ᠋ᠭᠡᠷ ᠲᠣᠭᠠᠲᠤ᠂ | ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢᠨ ᠬᠤᠯᠪᠣᠭᠳᠠᠯ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠪᠠᠷ | ᠲᠣᠭᠲᠠᠵᠤ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯ ᠲᠣᠰ ᠰᠠᠯᠠᠭ᠎ᠠ | ᠮᠥᠴᠢᠷ ᠤᠨ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠭᠤᠣᠯ ᠴᠣᠭᠴᠠ ᠪᠠᠶᠢᠵᠤ᠂ ᠲᠤᠰᠬᠠᠢ | ᠵᠦᠢᠯ ᠢᠶᠠᠷ ᠰᠢᠯᠵᠢᠭᠦᠯᠦᠨ ᠥᠭᠭᠦᠭᠰᠡᠨ ᠪᠡᠯᠡ ᠮᠥᠩᠭᠦ ᠶᠢᠨ ᠭᠦᠢᠴᠡᠳᠭᠡᠯᠲᠡ ᠪᠠ ᠲᠥᠷᠥᠯ ᠵᠦᠢᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠡᠯᠡ ᠮᠥᠩᠭᠦ ᠶᠢ ᠳᠣᠷᠣᠭᠰᠢ | ᠪᠠᠭᠤᠯᠭᠠᠬᠤ ᠪᠠ ᠰᠠᠯᠭᠠᠨ ᠥᠭᠬᠦ ᠠᠵᠢᠯ ᠢ ᠬᠠᠷᠢᠭᠤᠴᠠᠨ᠎ᠠ ᠭᠡᠵᠦ ᠲᠣᠳᠣᠷᠬᠠᠢ ᠲᠣᠭᠲᠠᠭᠠᠪᠠ᠃ ︽ᠠᠷᠭ᠎ᠠ︾ ᠶᠢᠨ | ᠳᠥᠷᠪᠡᠳᠦᠭᠡᠷ ᠵᠦᠢᠯ ᠤᠨ ᠬᠠᠮᠢᠶ᠎ᠠ ᠪᠦᠬᠦᠢ ᠠᠭᠤᠯᠭ᠎ᠠ ᠳᠤ ᠳᠣᠣᠷᠠᠬᠢ ᠮᠡᠲᠦ ᠵᠠᠰᠠᠪᠤᠷᠢ ᠣᠷᠣᠭᠤᠯᠪᠠ᠄ | ︵ᠨᠢᠭᠡ︶ ᠬᠤᠶᠠᠳᠤᠭᠠᠷ ᠵᠤᠷᠪᠤᠰ ᠤᠨ ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ | ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠶᠡᠷᠦᠩᠬᠡᠢ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢ | ᠬᠠᠷᠢᠭᠤᠴᠠᠵᠤ᠂ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠣᠳᠠᠲᠠᠢ ᠪᠡᠯᠡ ᠮᠥᠩᠭᠦ ᠶᠢᠨ ᠬᠠᠮᠢᠶᠠᠷᠤᠯᠲᠠ ᠶᠢᠨ | ᠠᠷᠭ᠎ᠠ ᠶᠢ ᠲᠣᠭᠲᠠᠭᠠᠬᠤ ᠪᠤᠶᠤ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ | ᠬᠠᠮᠲᠤᠷᠠᠵᠤ ᠲᠣᠭᠲᠠᠭᠠᠨ᠎ᠠ︔ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠶᠢ ᠲᠣᠭᠲᠠᠭᠠᠬᠤ᠂ ᠲᠣᠬᠢᠷᠠᠭᠤᠯᠬᠤ | ᠵᠦᠢᠯᠡᠰ ᠢ ᠬᠢᠨᠠᠨ ᠬᠠᠷᠭᠤᠭᠤᠯᠤᠨ᠎ᠠ︔ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠲᠥᠰᠥᠪ ᠢ ᠨᠠᠶᠢᠷᠠᠭᠤᠯᠤᠨ | ᠵᠣᠬᠢᠶᠠᠬᠤ ᠪᠠ ᠭᠦᠢᠴᠡᠳᠬᠡᠬᠦ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠲᠤᠰᠬᠠᠢ ᠵᠦᠢᠯ ᠢᠶᠠᠷ ᠰᠢᠯᠵᠢᠭᠦᠯᠦᠨ | ᠥᠭᠭᠦᠭᠰᠡᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠵᠡᠷᠭᠡ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃︾ ᠭᠡᠳᠡᠭ ᠲᠤ ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠨᠢ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠶᠡᠷᠦᠩᠬᠡᠢ ᠬᠠᠮᠢᠶᠠᠷᠤᠯᠲᠠ ᠶᠢᠨ ᠳᠦᠷᠢᠮ ᠢ ᠲᠤᠭᠤᠷᠪᠢᠨ | ᠲᠣᠭᠲᠠᠭᠠᠬᠤ ᠶᠢ ᠬᠠᠷᠢᠭᠤᠴᠠᠵᠤ᠂ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠣᠳᠠᠲᠠᠢ ᠪᠡᠯᠡ ᠮᠥᠩᠭᠦ ᠶᠢᠨ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠪᠤᠶᠤ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠯᠦᠭᠡ ᠬᠠᠮᠲᠤᠷᠠᠵᠤ ᠲᠣᠭᠲᠠᠭᠠᠨ᠎ᠠ︔ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠶᠢ ᠲᠣᠭᠲᠠᠭᠠᠬᠤ᠂ | ᠲᠣᠬᠢᠷᠠᠭᠤᠯᠬᠤ ᠵᠦᠢᠯᠡᠰ ᠢ ᠬᠢᠨᠠᠨ ᠬᠠᠷᠭᠤᠭᠤᠯᠤᠨ᠎ᠠ︔ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠲᠥᠰᠥᠪ ᠢ | ᠬᠤᠷᠢᠶᠠᠩᠭᠤᠶᠢᠯᠠᠵᠤ ᠨᠠᠶᠢᠷᠠᠭᠤᠯᠤᠨ ᠵᠣᠬᠢᠶᠠᠬᠤ᠂ ᠪᠡᠯᠡ ᠮᠥᠩᠭᠦ ᠶᠢ ᠳᠣᠷᠣᠭᠰᠢ ᠪᠠᠭᠤᠯᠭᠠᠬᠤ ᠪᠠ ᠰᠠᠯᠭᠠᠨ ᠥᠭᠬᠦ | ᠠᠵᠢᠯ ᠢ ᠭᠦᠢᠴᠡᠳᠬᠡᠬᠦ᠂ ᠲᠤᠰᠬᠠᠢ ᠵᠦᠢᠯ ᠢᠶᠠᠷ ᠰᠢᠯᠵᠢᠭᠦᠯᠦᠨ ᠥᠭᠭᠦᠭᠰᠡᠨ ᠠᠵᠢᠯ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃︾ ᠭᠡᠵᠦ | ᠵᠠᠰᠠᠪᠤᠷᠢ ᠣᠷᠣᠭᠤᠯᠪᠠ᠃ | ︵ᠬᠤᠶᠠᠷ︶ ᠭᠤᠷᠪᠠᠳᠤᠭᠠᠷ ᠵᠤᠷᠪᠤᠰ ᠤᠨ ︽ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠵᠢᠯᠴᠠᠨ ᠲᠤᠰᠬᠠᠢ | ᠵᠦᠢᠯ ᠢᠶᠠᠷ ᠰᠢᠯᠵᠢᠭᠦᠯᠦᠨ ᠥᠭᠬᠦ ᠪᠣᠳᠠᠲᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ︔ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠵᠢᠯᠴᠠᠨ ᠲᠤᠰᠬᠠᠢ ᠵᠦᠢᠯ ᠢᠶᠠᠷ | ᠰᠢᠯᠵᠢᠭᠦᠯᠦᠨ ᠥᠭᠬᠦ ᠶᠢ ᠪᠣᠳᠠᠲᠠᠢ ᠬᠠᠮᠢᠶᠠᠷᠤᠨ᠎ᠠ᠃︾ ᠭᠡᠳᠡᠭ ᠲᠤ ︽ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠣᠯ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠭᠤᠣᠯ | ᠴᠣᠭᠴᠠ ᠪᠠᠶᠢᠵᠤ᠂ ᠲᠣᠰ ᠰᠠᠯᠠᠭ᠎ᠠ ᠮᠥᠴᠢᠷ ᠤᠨ ᠢᠶᠠᠨ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠲᠥᠰᠥᠪ ᠢ | ᠨᠠᠶᠢᠷᠠᠭᠤᠯᠤᠨ ᠵᠣᠬᠢᠶᠠᠬᠤ ᠪᠠ ᠭᠦᠢᠴᠡᠳᠬᠡᠬᠦ ᠶᠢ ᠪᠥᠬᠦ ᠲᠠᠯ᠎ᠠ ᠪᠠᠷ ᠬᠠᠷᠢᠭᠤᠴᠠᠨ᠎ᠠ︔ ᠲᠤᠰᠬᠠᠢ ᠵᠦᠢᠯ ᠢᠶᠠᠷ | ᠰᠢᠯᠵᠢᠭᠦᠯᠦᠨ ᠥᠭᠬᠦ ᠪᠡᠯᠡ ᠮᠥᠩᠭᠦ ᠶᠢᠨ ᠬᠡᠷᠡᠭᠯᠡᠯᠲᠡ ᠵᠢᠴᠢ ᠲᠥᠷᠥᠯ ᠵᠦᠢᠯ ᠤᠨ ᠬᠡᠷᠡᠭᠵᠢᠭᠦᠯᠦᠯᠲᠡ ᠳᠤ ᠵᠢᠭᠠᠨ | ᠵᠢᠯᠤᠭᠤᠳᠬᠤ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠲᠠᠢ ᠬᠤᠯᠪᠤᠭᠠᠯᠠᠨ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠣᠳᠠᠲᠠᠢ ᠪᠡᠯᠡ ᠮᠥᠩᠭᠦ ᠶᠢᠨ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ︔ ᠪᠡᠯᠡ ᠮᠥᠩᠭᠦᠨ ᠤ ᠲᠥᠰᠥᠪ ᠢ ᠭᠤᠶᠤᠴᠢᠯᠠᠨ ᠮᠡᠳᠡᠭᠦᠯᠬᠦ᠂ ᠲᠥᠷᠥᠯ | ᠵᠦᠢᠯ ᠭᠤᠶᠤᠴᠢᠯᠠᠨ ᠮᠡᠳᠡᠭᠦᠯᠬᠦ ᠵᠦᠭᠯᠡᠭᠦᠷ ᠢ ᠨᠡᠶᠢᠲᠡᠯᠡᠬᠦ᠂ ᠲᠥᠷᠥᠯ ᠵᠦᠢᠯ ᠢ ᠬᠢᠨᠠᠨ ᠬᠠᠷᠭᠤᠭᠤᠯᠬᠤ᠂ ᠪᠡᠯᠡ ᠮᠥᠩᠭᠦ | ᠬᠤᠪᠢᠶᠠᠷᠢᠯᠠᠬᠤ ᠲᠥᠰᠥᠯ ᠢ ᠲᠣᠭᠲᠠᠭᠠᠬᠤ ᠵᠡᠷᠭᠡ ᠠᠵᠢᠯ ᠢ ᠬᠠᠷᠢᠭᠤᠴᠠᠨ᠎ᠠ︾ ᠭᠡᠵᠦ ᠵᠠᠰᠠᠪᠤᠷᠢ ᠣᠷᠣᠭᠤᠯᠪᠠ᠃ | ᠬᠤᠶᠠᠷ᠂ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠢ | ᠵᠦᠢᠯ ᠢᠶᠠᠷ ᠰᠢᠯᠵᠢᠭᠦᠯᠦᠨ ᠥᠭᠬᠦ ᠪᠡᠯᠡ ᠮᠥᠩᠭᠦ ᠶᠢᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ | ᠬᠤᠪᠢᠶᠠᠷᠢᠯᠠᠬᠤ ᠠᠵᠢᠯ ᠢ ᠬᠠᠷᠢᠭᠤᠴᠠᠨ᠂ ᠡᠳ᠋ ᠤᠨ ᠵᠠᠰᠠᠭ ᠤᠨ ᠰᠠᠯᠠᠭ᠎ᠠ ᠮᠥᠴᠢᠷ ᠣᠷᠣᠯᠴᠠᠬᠤ ᠪᠠᠨ ᠪᠣᠯᠢᠨ᠎ᠠ ᠭᠡᠵᠦ | ᠲᠣᠳᠣᠷᠬᠠᠢ ᠲᠣᠭᠲᠠᠭᠠᠪᠠ᠃ ︽ᠠᠷᠭ᠎ᠠ︾ ᠶᠢᠨ ᠬᠤᠷᠢᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ︽ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠡᠯᠡ ᠮᠥᠩᠭᠦ ᠶᠢᠨ ᠭᠤᠶᠤᠴᠢᠯᠠᠨ | ᠮᠡᠳᠡᠭᠦᠯᠬᠦ᠂ ᠬᠢᠨᠠᠨ ᠬᠠᠷᠭᠤᠭᠤᠯᠬᠤ ᠪᠠ ᠬᠤᠪᠢᠶᠠᠷᠢᠯᠠᠬᠤ ᠠᠵᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ᠎ᠠ᠃︾ | ᠭᠡᠳᠡᠭ ᠲᠤ ︽ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠢ | ᠵᠦᠢᠯ ᠢᠶᠠᠷ ᠰᠢᠯᠵᠢᠭᠦᠯᠦᠨ ᠥᠭᠬᠦ ᠪᠡᠯᠡ ᠮᠥᠩᠭᠦ ᠶᠢᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ | ᠬᠤᠪᠢᠶᠠᠷᠢᠯᠠᠬᠤ ᠠᠵᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ᠎ᠠ︾ ᠭᠡᠵᠦ ᠵᠠᠰᠠᠪᠤᠷᠢ ᠣᠷᠣᠭᠤᠯᠪᠠ᠃ | ᠭᠤᠷᠪᠠ᠂ ᠠᠶᠢᠮᠠᠭ ᠬᠤᠲᠠ ᠶᠢᠨ ᠬᠢᠨ ᠤ ᠳᠡᠭᠡᠭᠰᠢ ᠮᠡᠳᠡᠭᠦᠯᠦᠭᠰᠡᠨ ᠲᠤᠰᠬᠠᠢ ᠵᠦᠢᠯ ᠢᠶᠠᠷ ᠰᠢᠯᠵᠢᠭᠦᠯᠦᠨ ᠥᠭᠬᠦ | ᠪᠡᠯᠡ ᠮᠥᠩᠭᠦ ᠶᠢᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠵᠥᠪᠬᠡᠨ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠳᠠᠭᠢᠵᠤ | ᠮᠡᠳᠡᠭᠦᠯᠵᠦ ᠬᠦᠷᠭᠡᠬᠦ ᠦᠭᠡᠢ ᠭᠡᠵᠦ ᠲᠣᠳᠣᠷᠬᠠᠢ ᠲᠣᠭᠲᠠᠭᠠᠪᠠ᠃ ︽ᠠᠷᠭ᠎ᠠ︾ ᠶᠢᠨ ᠬᠤᠷᠢᠨ ᠨᠢᠭᠡᠳᠦᠭᠡᠷ ᠵᠦᠢᠯ ᠤᠨ | ︽ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠡᠯᠡ ᠮᠥᠩᠭᠦ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠣᠷᠣᠨ ᠨᠤᠲᠤᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠬᠢᠨᠠᠨ | ᠬᠠᠷᠭᠤᠭᠤᠯᠤᠭᠠᠳ ᠳᠡᠭᠡᠭᠰᠢ ᠮᠡᠳᠡᠭᠦᠯᠬᠦ ᠬᠡᠷᠡᠭᠲᠡᠢ ᠪᠠᠶᠢᠪᠠᠯ᠂ ᠱᠠᠲᠤ ᠳᠠᠷᠠᠭᠠᠯᠠᠨ ᠬᠢᠨᠠᠨ ᠬᠠᠷᠭᠤᠭᠤᠯᠵᠤ ᠳᠡᠭᠡᠭᠰᠢ | ᠮᠡᠳᠡᠭᠦᠯᠬᠦ ᠶᠢᠨ ᠬᠠᠮᠲᠤ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠰᠠᠭ ᠤᠨ | ᠣᠷᠳᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠤᠯᠪᠤᠭᠠᠯᠠᠨ ᠲᠣᠭᠲᠠᠭᠰᠠᠨ ᠴᠠᠭ ᠬᠢᠵᠠᠭᠠᠷ ᠲᠤ | ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ | ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃︾ | ᠭᠡᠳᠡᠭ ᠲᠤ ︽ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠡᠯᠡ ᠮᠥᠩᠭᠦ ᠶᠢ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠣᠷᠣᠨ ᠨᠤᠲᠤᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠬᠢᠨᠠᠨ | ᠬᠠᠷᠭᠤᠭᠤᠯᠤᠭᠠᠳ ᠳᠡᠭᠡᠭᠰᠢ ᠮᠡᠳᠡᠭᠦᠯᠬᠦ ᠬᠡᠷᠡᠭᠲᠡᠢ ᠪᠠᠶᠢᠪᠠᠯ᠂ ᠱᠠᠲᠤ ᠳᠠᠷᠠᠭᠠᠯᠠᠨ ᠬᠢᠨᠠᠨ ᠬᠠᠷᠭᠤᠭᠤᠯᠵᠤ ᠳᠡᠭᠡᠭᠰᠢ | ᠮᠡᠳᠡᠭᠦᠯᠬᠦ ᠶᠢᠨ ᠬᠠᠮᠲᠤ᠂ ᠵᠠᠰᠠᠭ ᠤᠨ ᠣᠷᠳᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠤᠯᠪᠤᠭᠠᠯᠠᠨ ᠲᠣᠭᠲᠠᠭᠰᠠᠨ ᠴᠠᠭ ᠬᠢᠵᠠᠭᠠᠷ ᠲᠤ | ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ︾ ᠭᠡᠵᠦ ᠵᠠᠰᠠᠪᠤᠷᠢ ᠣᠷᠣᠭᠤᠯᠪᠠ᠃ | ᠳᠥᠷᠪᠡ᠂ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠶᠢᠮᠠᠭ | ᠬᠤᠲᠠ ᠶᠢᠨ ᠬᠢᠨ ᠤ ᠳᠡᠭᠡᠭᠰᠢ ᠮᠡᠳᠡᠭᠦᠯᠦᠭᠰᠡᠨ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠡᠯᠡ ᠮᠥᠩᠭᠦ ᠶᠢᠨ | ᠲᠥᠷᠥᠯ ᠵᠦᠢᠯ ᠢ ᠬᠢᠨᠠᠨ ᠬᠠᠷᠭᠤᠭᠤᠯᠬᠤ ᠪᠠ ᠪᠡᠯᠡ ᠮᠥᠩᠭᠦ ᠬᠤᠪᠢᠶᠠᠷᠢᠯᠠᠬᠤ ᠶᠢ ᠬᠠᠷᠢᠭᠤᠴᠠᠵᠤ᠂ ᠡᠳ᠋ ᠤᠨ | ᠵᠠᠰᠠᠭ ᠤᠨ ᠰᠠᠯᠠᠭ᠎ᠠ ᠮᠥᠴᠢᠷ ᠳᠠᠬᠢᠵᠤ ᠣᠷᠣᠯᠴᠠᠬᠤ ᠦᠭᠡᠢ ᠭᠡᠵᠦ ᠲᠣᠳᠣᠷᠬᠠᠢ ᠲᠣᠭᠲᠠᠭᠠᠪᠠ᠃ ︽ᠠᠷᠭ᠎ᠠ︾ ᠶᠢᠨ | ᠬᠤᠷᠢᠨ ᠲᠠᠪᠤᠳᠤᠭᠠᠷ ᠵᠦᠢᠯ ᠤᠨ ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ | ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠥᠷᠥᠯ ᠵᠦᠢᠯ ᠤᠨ | ᠬᠢᠨᠠᠨ ᠬᠠᠷᠭᠤᠭᠤᠯᠬᠤ ᠠᠵᠢᠯ ᠢ ᠴᠠᠭ ᠲᠤᠬᠠᠢ ᠳᠤ ᠨᠢ ᠥᠷᠨᠢᠭᠦᠯᠵᠦ᠂ ᠪᠡᠯᠡ ᠮᠥᠩᠭᠦ ᠬᠤᠪᠢᠶᠠᠷᠢᠯᠠᠬᠤ ᠲᠥᠰᠥᠯ ᠢ | ᠲᠡᠰ ᠳᠠᠷᠠᠭᠠᠯᠠᠯ ᠶᠣᠰᠣᠭᠠᠷ ᠳᠤᠷᠠᠳᠬᠤ ᠬᠡᠷᠡᠭᠲᠡᠢ᠃︾ ᠭᠡᠳᠡᠭ ᠲᠤ ︽ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠥᠷᠥᠯ ᠵᠦᠢᠯ ᠢ ᠬᠢᠨᠠᠨ ᠬᠠᠷᠭᠤᠭᠤᠯᠬᠤ ᠠᠵᠢᠯ ᠢ ᠴᠠᠭ ᠲᠤᠬᠠᠢ ᠳᠤ ᠨᠢ | ᠥᠷᠨᠢᠭᠦᠯᠵᠦ᠂ ᠪᠡᠯᠡ ᠮᠥᠩᠭᠦ ᠬᠤᠪᠢᠶᠠᠷᠢᠯᠠᠬᠤ ᠲᠥᠰᠥᠯ ᠢ ᠲᠠᠰ ᠳᠠᠷᠠᠭᠠᠯᠠᠯ ᠶᠣᠰᠣᠭᠠᠷ ᠳᠤᠷᠠᠳᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠪᠡᠯᠡ ᠮᠥᠩᠭᠦ ᠬᠡᠷᠡᠭᠯᠡᠬᠦ ᠬᠡᠪᠴᠢᠶ᠎ᠡ᠂ ᠳᠡᠮᠵᠢᠬᠦ | ᠴᠢᠭᠯᠡᠯ ᠳᠤ ᠲᠣᠭᠲᠠᠭᠠᠯ ᠳᠤ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ ᠬᠢᠨ᠎ᠡ︾ ᠭᠡᠵᠦ ᠵᠠᠰᠠᠪᠤᠷᠢ ᠣᠷᠣᠭᠤᠯᠪᠠ᠃ | ᠲᠠᠪᠤ᠂ ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠡᠷᠡᠭᠵᠢᠭᠦᠯᠬᠦ | ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ | | | 2024 ᠣᠨ ᠤ 12 ᠳ᠋ᠤᠭᠠᠷ ᠰᠠᠷ᠎ᠠ ᠶᠢᠨ 3 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | |