ᠨᠢᠭᠡ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ | ᠲᠤᠭ᠎ᠠ | ᠨᠢᠭᠡᠳᠦᠭᠡᠷ ᠵᠤᠷᠪᠤᠰ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠦᠴᠦᠸᠠᠨ | ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ | ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠦᠴᠦᠸᠠᠨ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠪᠣᠯ ᠦᠴᠦᠸᠠᠨ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠣᠯᠣᠨ᠎ᠠ᠃ | ᠭᠤᠷᠪᠠᠳᠤᠭᠠᠷ ᠵᠦᠢᠯ ᠦᠴᠦᠸᠠᠨ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠤᠰᠤᠨ ᠤ ᠶᠠᠪᠤᠳᠠᠯ ᠤᠨ | ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠵᠢᠴᠢ ᠰᠢᠶᠠᠨ ᠤ ᠨᠠᠮ ᠤᠨ ᠬᠤᠷᠢᠶᠠᠨ ᠤ ᠬᠠᠮᠢᠶ᠎ᠠ | ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠤᠰᠤᠨ ᠤ ᠶᠠᠪᠤᠳᠠᠯ ᠤᠨ ᠠᠵᠢᠯ ᠳᠠᠬᠢ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠪᠠᠲᠤᠯᠠᠬᠤ ᠶᠢ ᠬᠠᠷᠢᠭᠤᠴᠠᠨ᠎ᠠ᠃ | ᠪᠦᠬᠦ ᠰᠢᠶᠠᠨ ᠤ ᠤᠰᠤᠨ ᠤ ᠶᠠᠪᠤᠳᠠᠯ ᠤᠨ ᠲᠥᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢ ᠲᠣᠭᠲᠠᠭᠠᠨ᠎ᠠ᠃ ᠪᠦᠬᠦ | ᠰᠢᠶᠠᠨ ᠤ ᠤᠰᠤᠨ ᠤ ᠡᠬᠢ ᠪᠠᠶᠠᠯᠢᠭ ᠤᠨ ᠲᠥᠯᠦᠪᠵᠢᠭᠦᠯᠭᠡ᠂ ᠭᠤᠣᠯ ᠮᠥᠷᠡᠨ ᠨᠠᠭᠤᠷ ᠴᠥᠭᠦᠷᠥᠮ ᠤᠨ ᠰᠠᠪᠠ | ᠭᠠᠵᠠᠷ ᠤᠨ ᠲᠥᠯᠦᠪᠵᠢᠭᠦᠯᠭᠡ᠂ ᠦᠶᠡᠷ ᠢ ᠰᠡᠷᠭᠡᠶᠢᠯᠡᠬᠦ ᠲᠥᠯᠦᠪᠵᠢᠭᠦᠯᠭᠡ᠂ ᠬᠤᠳᠠ ᠬᠥᠳᠡᠭᠡ ᠶᠢᠨ ᠤᠰᠤ ᠬᠠᠩᠭᠠᠬᠤ | ᠵᠡᠷᠭᠡ ᠲᠤᠰᠬᠠᠢ ᠲᠥᠯᠦᠪᠵᠢᠭᠦᠯᠭᠡ ᠵᠡᠷᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠬᠤᠶᠠᠷ︶ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠣᠯᠣᠨ ᠠᠮᠢ ᠠᠬᠤᠢ ᠣᠷᠴᠢᠨ ᠲᠣᠭᠤᠷᠢᠨ ᠤ ᠤᠰᠤ | ᠬᠡᠷᠡᠭᠯᠡᠬᠦ ᠶᠢ ᠨᠢᠭᠡᠳᠦᠯᠲᠡᠢ ᠲᠥᠯᠥᠪᠵᠢᠭᠦᠯᠬᠦ ᠪᠠ ᠪᠠᠲᠤᠯᠠᠬᠤ ᠶᠢ ᠬᠠᠷᠢᠭᠤᠴᠠᠵᠤ᠂ ᠤᠰᠤᠨ ᠤ ᠡᠬᠢ ᠪᠠᠶᠠᠯᠢᠭ ᠤᠨ | ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠰᠢᠶᠠᠨ ᠤ | ᠤᠰᠤᠨ ᠤ ᠡᠬᠢ ᠪᠠᠶᠠᠯᠢᠭ ᠤᠨ ᠳᠤᠮᠳᠠ ᠤᠷᠳᠤ ᠬᠤᠭᠤᠴᠠᠭᠠᠨ ᠤ ᠲᠥᠯᠦᠪᠵᠢᠭᠦᠯᠭᠡ ᠪᠣᠯᠣᠨ ᠣᠨ ᠤ ᠬᠠᠩᠭᠠᠯᠭ᠎ᠠ | ᠬᠡᠷᠡᠭᠴᠡᠭᠡ ᠶᠢᠨ ᠲᠥᠯᠥᠪᠯᠡᠭᠡ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠥᠯ ᠢ ᠲᠣᠭᠲᠠᠭᠠᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠰᠢᠶᠠᠨ ᠤ ᠴᠢᠬᠤᠯᠠ ᠰᠠᠪᠠ ᠭᠠᠵᠠᠷ᠂ ᠣᠷᠣᠨ ᠪᠦᠰᠡ ᠵᠢᠴᠢ | ᠤᠰᠤ ᠲᠠᠲᠠᠬᠤ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠨ᠎ᠠ᠃ ᠤᠰᠤ | ᠲᠠᠲᠠᠬᠤ ᠵᠥᠪᠰᠢᠶᠡᠷᠡᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠠ ᠦᠶᠡᠷ ᠢ ᠰᠡᠷᠭᠡᠶᠢᠯᠡᠬᠦ ᠨᠤᠲᠠᠯᠠᠯᠲᠠ ᠶᠢᠨ | ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ | ᠠᠵᠢᠯ ᠢ ᠵᠢᠯᠣᠭᠤᠳᠤᠨ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠪᠣᠯᠣᠨ ᠰᠢᠶᠠᠩ ᠪᠠᠯᠭᠠᠰᠤᠨ ᠤ | ᠤᠰᠤ ᠬᠠᠩᠭᠠᠬᠤ ᠠᠵᠢᠯ ᠢ ᠵᠢᠯᠣᠭᠤᠳᠤᠨ᠎ᠠ᠃ | ︵ᠭᠤᠷᠪᠠ︶ ᠤᠰᠤᠨ ᠤ ᠶᠠᠪᠤᠳᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ | ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ | ᠰᠢᠶᠠᠨ ᠤ ᠤᠰᠤᠨ ᠤ ᠶᠠᠪᠤᠳᠠᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ | ᠲᠣᠬᠢᠷᠠᠭᠤᠯᠤᠯᠲᠠ ᠶᠢᠨ ᠰᠠᠨᠠᠭᠤᠯᠭ᠎ᠠ ᠳᠤᠷᠠᠳᠬᠤ ᠶᠢ ᠬᠠᠷᠢᠭᠤᠴᠠᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠳᠤ | ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠳᠥᠷᠪᠡ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠭᠠᠵᠠᠷ ᠳᠣᠣᠷᠠᠬᠢ | ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠢᠶᠠᠷᠤᠯᠲᠠ ᠬᠠᠮᠠᠭᠠᠯᠠᠯᠲᠠ ᠵᠢᠴᠢ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠤᠰᠤᠨ ᠤ ᠡᠬᠢ ᠪᠠᠶᠠᠯᠢᠭ ᠢ ᠪᠠᠶᠢᠴᠠᠭᠠᠨ ᠦᠨᠡᠯᠡᠬᠦ ᠬᠠᠮᠢᠶ᠎ᠠ ᠪᠦᠬᠦᠢ ᠠᠵᠢᠯ ᠢ ᠲᠣᠭᠲᠠᠭᠠᠯ ᠶᠣᠰᠣᠭᠠᠷ ᠵᠣᠬᠢᠶᠠᠨ | ᠪᠠᠶᠢᠭᠤᠯᠤᠨ ᠥᠷᠨᠢᠭᠦᠯᠦᠨ᠎ᠡ᠃ | ︵ᠲᠠᠪᠤ︶ ᠤᠰᠤ ᠶᠢ ᠭᠠᠮᠨᠠᠨ ᠠᠷᠪᠢᠯᠠᠬᠤ ᠶᠢ ᠬᠠᠷᠢᠭᠤᠴᠠᠨ᠎ᠠ᠃ ᠤᠰᠤ ᠶᠢ ᠠᠷᠪᠢᠯᠠᠵᠤ ᠬᠡᠷᠡᠭᠯᠡᠬᠦ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠤᠰᠤ ᠶᠢ ᠠᠷᠪᠢᠯᠠᠵᠤ ᠬᠡᠷᠡᠭᠯᠡᠬᠦ ᠲᠥᠯᠦᠪᠵᠢᠭᠦᠯᠭᠡ ᠶᠢ ᠵᠣᠬᠢᠶᠠᠨ | ᠪᠠᠶᠢᠭᠤᠯᠤᠨ ᠨᠠᠶᠢᠷᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠷᠢᠮᠵᠢᠶ᠎ᠠ ᠶᠢ | ᠵᠣᠬᠢᠶᠠᠨ ᠪᠠᠶᠢᠭᠤᠯᠤᠨ ᠲᠣᠭᠲᠠᠭᠠᠨ᠎ᠠ᠃ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠵᠡᠷᠭᠡ | ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃ | ︵ᠵᠢᠷᠭᠤᠭ᠎ᠠ︶ ᠪᠦᠬᠦ ᠰᠢᠶᠠᠨ ᠤ ᠤᠰᠤ ᠬᠠᠩᠭᠠᠬᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠤᠰᠤ ᠬᠠᠩᠭᠠᠬᠤ ᠠᠵᠢᠯ ᠲᠥᠷᠥᠯ ᠤᠨ ᠬᠠᠮᠢᠶᠠᠷᠤᠯᠲᠠ ᠶᠢᠨ ᠵᠢᠷᠤᠮᠵᠢᠯ ᠢ ᠲᠤᠭᠤᠷᠪᠢᠨ | ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤ ᠬᠠᠩᠭᠠᠬᠤ ᠠᠵᠢᠯ ᠲᠥᠷᠥᠯ ᠤᠨ ᠣᠨᠴᠠ | ᠵᠥᠪᠰᠢᠶᠡᠷᠡᠭᠰᠡᠨ ᠡᠵᠡᠩᠨᠡᠯᠲᠡ ᠬᠠᠮᠢᠶᠠᠷᠤᠯᠲᠠ ᠶᠢ ᠬᠠᠷᠢᠭᠤᠴᠠᠨ᠎ᠠ᠃ | ︵ᠳᠤᠯᠤᠭ᠎ᠠ︶ ᠤᠰᠤᠨ ᠠᠰᠢᠭᠯᠠᠯᠲᠠ ᠶᠢᠨ ᠪᠡᠯᠡᠳᠬᠡᠮᠵᠢ᠂ ᠤᠰᠤᠨ ᠣᠷᠣᠨ ᠵᠢᠴᠢ ᠡᠷᠭᠢ ᠳᠠᠭᠠᠤ ᠶᠢᠨ | ᠬᠠᠮᠢᠶᠠᠷᠤᠯᠲᠠ᠂ ᠬᠠᠮᠠᠭᠠᠯᠠᠯᠲᠠ ᠬᠢᠭᠡᠳ ᠶᠡᠷᠦᠩᠬᠡᠶᠢᠯᠡᠭᠰᠡᠨ ᠠᠰᠢᠭᠯᠠᠯᠲᠠ ᠶᠢ ᠵᠢᠯᠣᠭᠤᠳᠤᠨ᠎ᠠ᠃ ᠤᠰᠤᠨ | ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠰᠦᠯᠵᠢᠶᠡᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ | ᠵᠢᠯᠣᠭᠤᠳᠤᠨ᠎ᠠ᠃ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠪᠠ ᠬᠠᠮᠠᠭᠠᠯᠠᠬᠤ ᠶᠢ ᠵᠢᠯᠣᠭᠤᠳᠤᠨ᠎ᠠ᠃ ᠭᠤᠣᠯ | ᠮᠥᠷᠡᠨ ᠨᠠᠭᠤᠷ ᠴᠥᠭᠦᠷᠥᠮ ᠤᠨ ᠤᠰᠤᠨ ᠤ ᠠᠮᠢ ᠠᠬᠤᠢ ᠶᠢ ᠬᠠᠮᠠᠭᠠᠯᠠᠬᠤ ᠬᠢᠭᠡᠳ ᠰᠡᠷᠭᠦᠭᠡᠬᠦ᠂ ᠭᠤᠣᠯ ᠮᠥᠷᠡᠨ | ᠨᠠᠭᠤᠷ ᠴᠥᠭᠦᠷᠥᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠣᠯ ᠮᠥᠷᠡᠨ | ᠨᠠᠭᠤᠷ ᠴᠥᠭᠦᠷᠥᠮ ᠤᠨ ᠤᠰᠤᠨ ᠠᠰᠢᠭᠯᠠᠯᠲᠠ ᠶᠢ ᠬᠤᠯᠪᠣᠬᠤ ᠠᠵᠢᠯ ᠢ ᠵᠢᠯᠣᠭᠤᠳᠤᠨ᠎ᠠ᠃ ᠭᠤᠣᠯ ᠤᠨ ᠵᠠᠮ᠂ ᠤᠰᠤᠨ | ᠴᠥᠭᠦᠷᠥᠮ ᠢ ᠶᠡᠷᠦᠩᠬᠡᠶᠢᠯᠡᠨ ᠵᠠᠰᠠᠬᠤ ᠪᠠ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ | ︵ᠨᠠᠢᠮᠠ︶ ᠤᠰᠤᠨ ᠤ ᠶᠠᠪᠤᠳᠠᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ | ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠤᠰᠤ ᠬᠠᠩᠭᠠᠬᠤ᠂ ᠪᠣᠬᠢᠷ ᠤᠰᠤ ᠰᠢᠢᠳᠪᠦᠷᠢᠯᠡᠬᠦ ᠵᠢᠴᠢ | ᠳᠠᠬᠢᠨ ᠠᠰᠢᠭᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠶᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠢᠯᠣᠭᠤᠳᠤᠨ᠎ᠠ᠃ ᠤᠰᠤᠨ ᠤ ᠶᠠᠪᠤᠳᠠᠯ ᠤᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠳᠤ ᠬᠢᠨᠠᠯᠲᠠ ᠲᠠᠯᠪᠢᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠤᠰᠤ ᠭᠠᠩ ᠤᠨ ᠭᠠᠮᠰᠢᠭ ᠢ ᠰᠡᠷᠭᠡᠶᠢᠯᠡᠬᠦ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ | ︵ᠶᠢᠰᠦ︶ ᠲᠤᠰ ᠰᠢᠶᠠᠨ ᠤ ᠬᠥᠷᠥᠰᠥ ᠰᠢᠷᠣᠢ ᠶᠢ ᠬᠠᠮᠠᠭᠠᠯᠠᠬᠤ ᠶᠢ ᠬᠠᠷᠢᠭᠤᠴᠠᠨ᠎ᠠ᠃ ᠬᠥᠷᠥᠰᠥ ᠰᠢᠷᠣᠢ ᠶᠢ | ᠬᠠᠮᠠᠭᠠᠯᠠᠬᠤ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ | ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠤᠷᠢᠳᠴᠢᠯᠠᠨ ᠮᠡᠳᠡᠭᠡᠯᠡᠬᠦ ᠶᠢ | ᠪᠠᠷᠢᠮᠲᠠᠯᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠨ᠎ᠡ᠃ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠢ ᠶᠢᠨ ᠬᠠᠮᠠᠭᠠᠯᠠᠯᠲᠠ ᠳᠤ ᠬᠢᠨᠠᠯᠲᠠ ᠲᠠᠯᠪᠢᠵᠤ ᠬᠠᠮᠢᠶᠠᠷᠬᠤ | ᠵᠢᠴᠢ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠨᠥᠬᠦᠪᠦᠷᠢ ᠵᠠᠷᠤᠳᠠᠯ ᠲᠠᠲᠠᠪᠤᠷᠢᠯᠠᠬᠤ ᠠᠵᠢᠯ ᠢ ᠬᠠᠷᠢᠭᠤᠴᠠᠨ᠎ᠠ᠃ | ᠭᠤᠣᠯᠳᠠᠯᠭ᠎ᠠ ᠲᠠᠢ ᠬᠥᠷᠥᠰᠥ ᠰᠢᠷᠣᠢ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠ︶ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ᠳᠤᠮᠳᠠ ᠵᠢᠵᠢᠭ | ᠬᠡᠯᠪᠡᠷᠢ ᠶᠢᠨ ᠤᠰᠤᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠵᠢᠯᠤᠭᠤᠳᠴᠤ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ | ︵ᠠᠷᠪᠠᠨ ᠨᠢᠭᠡ︶ ᠪᠦᠬᠦ ᠰᠢᠶᠠᠨ ᠤ ᠤᠰᠤᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠶᠡᠭᠡ | ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠵᠣᠬᠢᠴᠠᠭᠤᠯᠬᠤ᠂ ᠰᠢᠶᠠᠩ ᠪᠠᠯᠭᠠᠰᠤ ᠠᠯᠤᠰᠯᠠᠭᠰᠠᠨ ᠤᠰᠤᠨ ᠤ ᠶᠠᠪᠤᠳᠠᠯ ᠤᠨ | ᠵᠢᠭᠤᠷᠠᠯᠳᠤᠭᠠᠨ ᠢ ᠬᠠᠷᠢᠭᠤᠴᠠᠨ᠎ᠠ᠃ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠠᠷᠪᠠᠨ ᠬᠤᠶᠠᠷ︶ ᠤᠰᠤᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠦᠨ᠎ᠡ᠃ | ᠤᠰᠤᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠤᠰᠤᠨ ᠤ | ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ | ᠵᠢᠯᠣᠭᠤᠳᠤᠨ᠎ᠠ᠃ | ︵ᠠᠷᠪᠠᠨ ᠭᠤᠷᠪᠠ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ | ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠳᠥᠷᠪᠡᠳᠦᠭᠡᠷ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠲᠠᠪᠤ︶ ᠡᠭᠦᠷᠭᠡ ᠴᠢᠳᠠᠪᠤᠷᠢ ᠶᠢᠨ ᠬᠤᠪᠢᠷᠠᠯᠲᠠ᠃ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ | ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ᠂ ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠪᠢᠯᠠᠨ | ᠬᠠᠮᠠᠭᠠᠯᠠᠬᠤ ᠶᠢ ᠦᠨᠡᠨᠬᠦ ᠴᠢᠩᠭᠠᠳᠬᠠᠨ᠎ᠠ᠃ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠬᠠᠩᠭᠠᠯᠭ᠎ᠠ ᠶᠢ ᠨᠡᠮᠡᠭᠳᠡᠭᠦᠯᠬᠦ ᠠᠴᠠ ᠬᠡᠷᠡᠭᠴᠡᠭᠡ ᠶᠢᠨ ᠬᠠᠮᠢᠶᠠᠷᠤᠯᠲᠠ ᠶᠢ ᠨᠡᠩ ᠴᠢᠬᠤᠯᠠᠴᠢᠯᠠᠬᠤ ᠲᠡᠶᠢᠰᠢ ᠰᠢᠯᠵᠢᠵᠦ᠂ | ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠤᠰᠤ ᠬᠡᠷᠡᠭᠯᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ᠂ | ᠤᠰᠤᠨ ᠣᠷᠣᠨ ᠪᠠ ᠤᠰᠤᠨ ᠤ ᠶᠠᠪᠤᠳᠠᠯ ᠤᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ | ᠭᠤᠣᠯ ᠮᠥᠷᠡᠨ ᠨᠠᠭᠤᠷ ᠴᠥᠭᠦᠷᠥᠮ ᠤᠨ ᠡᠷᠡᠭᠦᠯ ᠪᠥᠭᠡᠳ ᠦᠵᠡᠰᠬᠦᠯᠡᠩᠲᠦ ᠰᠠᠶᠢᠬᠠᠨ ᠪᠠᠶᠢᠬᠤ ᠶᠢ ᠬᠠᠮᠠᠭᠠᠯᠠᠨ᠎ᠠ᠃ | ᠨᠢᠭᠡᠳᠦᠯᠲᠡᠢ ᠲᠥᠯᠥᠪᠯᠡᠵᠦ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠨ᠂ ᠤᠰᠤ ᠬᠡᠷᠡᠭᠯᠡᠬᠦ ᠵᠦᠢ ᠵᠣᠬᠢᠰᠲᠠᠢ | ᠬᠡᠷᠡᠭᠴᠡᠭᠡ ᠱᠠᠭᠠᠷᠳᠠᠯᠭ᠎ᠠ ᠪᠣᠯᠣᠨ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠠᠲᠤᠯᠠᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠳᠤ ᠤᠰᠤ ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃ | ︵ᠠᠷᠪᠠᠨ ᠵᠢᠷᠭᠤᠭ᠎ᠠ︶ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠤᠰᠤᠨ ᠤ ᠶᠠᠪᠤᠳᠠᠯ ᠤᠨ ᠬᠠᠮᠢᠶ᠎ᠠ | ᠪᠦᠬᠦᠢ ᠬᠢᠨᠠᠨ ᠵᠥᠪᠰᠢᠶᠡᠷᠡᠬᠦ ᠵᠦᠢᠯᠡᠰ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ | ᠬᠢᠨᠠᠨ ᠬᠠᠮᠢᠶᠠᠷᠬᠤ ᠠᠵᠢᠯ ᠢ ᠡᠭᠦᠷᠭᠡᠯᠡᠵᠦ᠂ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠤᠰᠤᠨ ᠤ ᠶᠠᠪᠤᠳᠠᠯ ᠤᠨ ᠬᠠᠮᠢᠶ᠎ᠠ ᠪᠦᠬᠦᠢ ᠵᠦᠢᠯᠡᠰ ᠢ ᠬᠢᠨᠠᠨ | ᠵᠥᠪᠰᠢᠶᠡᠷᠡᠬᠦ ᠠᠵᠢᠯ ᠢ ᠬᠠᠷᠢᠭᠤᠴᠠᠨ᠎ᠠ᠃ | ᠳᠥᠷᠪᠡᠳᠦᠭᠡᠷ ᠵᠦᠢᠯ ᠦᠴᠦᠸᠠᠨ ᠰᠢᠶᠠᠨ ᠤ ᠤᠰᠤᠨ ᠤ ᠶᠠᠪᠤᠳᠠᠯ ᠤᠨ ᠲᠣᠪᠴᠢᠶᠠᠨ ᠤ ᠳᠣᠣᠷᠠᠬᠢ ᠳᠣᠲᠣᠭᠠᠳᠤ | ᠪᠠᠶᠢᠭᠤᠯᠤᠮᠵᠢ | ᠤᠴᠤᠸᠠᠨ ᠰᠢᠶᠠᠨ ᠤ ᠤᠰᠤᠨ ᠤ ᠶᠠᠪᠤᠳᠠᠯ ᠤᠨ ᠢᠨᠵᠧᠨᠧᠷᠢᠩ ᠤᠨ ᠶᠠᠰᠤ ᠴᠢᠨᠠᠷ ᠤᠨ ᠲᠥᠪ | ᠦᠴᠦᠸᠠᠨ ᠰᠢᠶᠠᠨ ᠤ ᠤᠰᠤᠨ ᠤ ᠶᠠᠪᠤᠳᠠᠯ ᠤᠨ ᠢᠨᠵᠧᠨᠧᠷᠢᠩ ᠤᠨ ᠶᠠᠰᠤ ᠴᠢᠨᠠᠷ ᠤᠨ ᠲᠥᠪ ᠪᠣᠯ ᠰᠢᠶᠠᠨ ᠤ | ᠤᠰᠤᠨ ᠤ ᠶᠠᠪᠤᠳᠠᠯ ᠤᠨ ᠲᠣᠪᠴᠢᠶ᠎ᠠ ᠶᠢᠨ ᠬᠠᠷᠢᠶᠠᠯᠠᠭᠳᠠᠬᠤ ᠲᠠᠰᠤᠭ ᠤᠨ ᠱᠠᠲᠤᠨ ᠤ ᠨᠡᠶᠢᠲᠡ ᠶᠢᠨ ᠠᠰᠠᠷᠠᠮᠵᠢ ᠶᠢᠨ | ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠣᠨ᠎ᠠ᠃ | ᠭᠤᠣᠯ ᠡᠭᠦᠷᠭᠡ ᠬᠠᠷᠢᠭᠤᠴᠠᠯᠭ᠎ᠠ | 1. ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤᠷ | ᠲᠦᠪᠰᠢᠨ ᠳᠤ ᠬᠢᠨᠠᠯᠲᠠ ᠲᠠᠯᠪᠢᠬᠤ ᠲᠤᠬᠠᠶᠢᠯᠠᠭᠰᠠᠨ ᠠᠵᠢᠯ ᠢ ᠡᠭᠦᠷᠭᠡᠯᠡᠨ᠎ᠡ᠃ | 2. ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠠᠰᠤ | ᠴᠢᠨᠠᠷ ᠢ ᠲᠣᠭᠤᠷᠢᠨ ᠪᠠᠶᠢᠴᠠᠭᠠᠬᠤ ᠵᠢᠴᠢ ᠴᠡᠭᠴᠡᠯᠡᠨ ᠰᠠᠶᠢᠵᠢᠷᠠᠭᠤᠯᠵᠤ ᠬᠢᠨᠠᠯᠲᠠ ᠲᠠᠯᠪᠢᠬᠤ ᠠᠵᠢᠯ ᠶᠠᠪᠤᠳᠠᠯ ᠤᠨ | ᠴᠢᠨᠠᠷᠲᠠᠢ ᠠᠵᠢᠯ ᠢ ᠡᠭᠦᠷᠭᠡᠯᠡᠵᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠪᠣᠯᠣᠨ ᠠᠶᠤᠯᠭᠦᠢ | ᠦᠢᠯᠡᠳᠪᠦᠷᠢᠯᠡᠯ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠳᠤ ᠣᠷᠣᠯᠴᠠᠨ᠎ᠠ᠃ | 3. ᠠᠶᠤᠯᠭᠦᠢ ᠦᠢᠯᠡᠳᠪᠦᠷᠢᠯᠡᠯ ᠢ ᠪᠠᠶᠢᠴᠠᠭᠠᠬᠤ ᠵᠢᠴᠢ ᠬᠢᠨᠠᠨ ᠰᠢᠯᠭᠠᠬᠤ ᠠᠵᠢᠯ ᠢ ᠡᠭᠦᠷᠭᠡᠯᠡᠵᠦ᠂ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠢᠴᠢ ᠶᠠᠰᠤ ᠴᠢᠨᠠᠷ ᠢ ᠬᠢᠨᠠᠨ ᠰᠢᠯᠭᠠᠬᠤ ᠳᠤ | ᠣᠷᠣᠯᠴᠠᠬᠤ᠂ ᠤᠰᠤᠨ ᠤ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠵᠢᠴᠢ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠰᠠᠯᠠᠬᠤ ᠴᠢᠨᠠᠷᠲᠠᠢ ᠠᠵᠢᠯ ᠳᠤ ᠣᠷᠣᠯᠴᠠᠨ᠎ᠠ᠃ | ᠤᠰᠤᠨ ᠤ ᠴᠢᠨᠠᠷ ᠲᠤ ᠬᠢᠨᠠᠯᠲᠠ ᠲᠠᠯᠪᠢᠵᠤ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ | 5. ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃ | ᠤᠴᠤᠸᠠᠨ ᠰᠢᠶᠠᠨ ᠤ ᠤᠰᠤᠨ ᠤ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠪ | ᠦᠴᠦᠸᠠᠨ ᠰᠢᠶᠠᠨ ᠤ ᠤᠰᠤᠨ ᠤ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠪ ᠪᠣᠯ ᠰᠢᠶᠠᠨ ᠤ | ᠤᠰᠤᠨ ᠤ ᠶᠠᠪᠤᠳᠠᠯ ᠤᠨ ᠲᠣᠪᠴᠢᠶ᠎ᠠ ᠶᠢᠨ ᠬᠠᠷᠢᠶ᠎ᠠ ᠲᠠᠰᠤᠭ ᠤᠨ ᠱᠠᠲᠤᠨ ᠤ ᠨᠡᠶᠢᠲᠡ ᠶᠢᠨ ᠠᠰᠠᠷᠠᠮᠵᠢ ᠶᠢᠨ | ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠣᠨ᠎ᠠ᠃ | ᠭᠤᠣᠯ ᠡᠭᠦᠷᠭᠡ ᠬᠠᠷᠢᠭᠤᠴᠠᠯᠭ᠎ᠠ | 1. ᠲᠣᠪᠴᠢᠶ᠎ᠠ ᠶᠢᠨ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠬᠡᠷᠡᠭ ᠶᠠᠪᠤᠳᠠᠯ ᠤᠨ ᠦᠢᠯᠡᠴᠢᠯᠡᠭᠡ᠂ ᠴᠢᠬᠤᠯᠠ ᠶᠡᠭᠡ | ᠬᠤᠷᠠᠯ᠂ ᠴᠢᠬᠤᠯᠠ ᠠᠵᠢᠯᠯᠠᠭ᠎ᠠ ᠶᠢᠨ ᠪᠠᠲᠤᠯᠠᠭ᠎ᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠲᠣᠪᠴᠢᠶ᠎ᠠ ᠶᠢᠨ | ᠪᠠᠶᠢᠭᠤᠯᠭ᠎ᠠ ᠶᠢᠨ ᠠᠯᠪᠠᠯᠠᠬᠤ ᠲᠥᠬᠦᠭᠡᠷᠦᠮᠵᠢ᠂ ᠲᠥᠬᠦᠭᠡᠷᠦᠮᠵᠢ ᠶᠢᠨ ᠠᠵᠢᠯᠯᠠᠭᠠᠨ ᠢ ᠬᠠᠮᠠᠭᠠᠯᠠᠬᠤ ᠠᠵᠢᠯ ᠪᠠ | ᠤᠰᠤᠨ ᠤ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠬᠡᠷᠡᠭᠯᠡᠯᠲᠡ ᠶᠢ ᠡᠭᠦᠷᠭᠡᠯᠡᠨ᠎ᠡ᠃ | ᠲᠣᠪᠴᠢᠶᠠᠨ ᠤ ᠪᠠᠶᠢᠭᠤᠯᠭ᠎ᠠ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ᠂ ᠵᠠᠬᠢᠳᠠᠯ | ᠰᠤᠷᠪᠤᠯᠵᠢᠯᠠᠯ ᠬᠢᠬᠦ᠂ ᠶᠡᠷᠦᠩᠬᠡᠶᠢᠯᠡᠨ ᠵᠠᠰᠠᠬᠤ ᠵᠡᠷᠭᠡ ᠲᠤᠰᠠᠯᠠᠬᠤ ᠴᠢᠨ᠋ᠠᠷᠲᠠᠶ ᠠᠵᠢᠯ ᠢ ᠡᠭᠦᠷᠭᠡᠯᠡᠨ᠎ᠡ᠃ | 2. ᠤᠰᠤᠨ ᠤ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠨ ᠵᠠᠰᠠᠬᠤ ᠶᠠᠪᠤᠳᠠᠯ ᠤᠨ ᠴᠢᠨᠠᠷᠲᠠᠢ ᠠᠵᠢᠯ ᠢ | ᠡᠭᠦᠷᠭᠡᠯᠡᠨ᠎ᠡ᠃ ᠪᠦᠬᠦ ᠰᠢᠶᠠᠨ ᠤ ᠭᠤᠣᠯ ᠤᠨ ᠵᠠᠮ ᠤᠨ ᠣᠭᠲᠣᠯᠣᠭᠠᠰᠤ ᠶᠢᠨ ᠤᠰᠤᠨ ᠤ ᠴᠢᠨᠠᠷ ᠢ ᠬᠢᠨᠠᠨ ᠬᠡᠮᠵᠢᠬᠦ ᠶᠢ | ᠡᠭᠦᠷᠭᠡᠯᠡᠵᠦ᠂ ᠰᠢᠶᠠᠨ ᠤ ᠬᠡᠪᠴᠢᠶᠡᠨ ᠤ ᠳᠣᠲᠣᠷᠠᠬᠢ ᠭᠤᠣᠯ ᠮᠥᠷᠡᠨ ᠤ ᠤᠰᠤᠨ ᠣᠷᠣᠨ᠂ ᠤᠰᠤᠨ ᠤ ᠭᠠᠳᠠᠷᠭᠤ ᠶᠢ | ᠨᠡᠭᠡᠭᠡᠨ ᠠᠰᠢᠭᠯᠠᠬᠤ ᠪᠠ ᠰᠢᠶᠠᠨ ᠤ ᠱᠠᠲᠤᠨ ᠤ ᠭᠤᠣᠯ ᠮᠥᠷᠡᠨ ᠢ ᠲᠣᠭᠤᠷᠢᠨ ᠪᠠᠶᠢᠴᠠᠭᠠᠬᠤ ᠠᠵᠢᠯ ᠤᠨ ᠴᠢᠨᠠᠷᠲᠠᠢ | ᠠᠵᠢᠯ ᠢ ᠬᠠᠮᠵᠢᠨ ᠥᠷᠨᠢᠭᠦᠯᠦᠨ᠎ᠡ᠃ ᠬᠤᠲᠠ ᠶᠢᠨ ᠲᠣᠭᠤᠷᠢᠭ ᠤᠨ ᠬᠡᠪᠴᠢᠶᠡᠨ ᠳᠣᠲᠣᠷᠠᠬᠢ ᠭᠤᠣᠯ ᠤᠨ ᠵᠠᠮ ᠤᠨ | ᠦᠵᠡᠮᠵᠢ ᠶᠢᠨ ᠤᠰᠤᠨ ᠴᠣᠭᠴᠠ ᠶᠢᠨ ᠡᠳᠦᠷ ᠲᠤᠲᠤᠮ ᠤᠨ ᠭᠤᠣᠯ ᠮᠥᠷᠡᠨ ᠢ ᠴᠠᠭᠳᠠᠨ ᠪᠠᠶᠢᠴᠠᠭᠠᠵᠤ᠂ ᠤᠰᠤᠨ | ᠠᠰᠢᠭᠯᠠᠯᠲᠠ ᠶᠢᠨ ᠪᠡᠯᠡᠳᠬᠡᠮᠵᠢ ᠶᠢ ᠬᠠᠮᠠᠭᠠᠯᠠᠨ ᠠᠷᠠᠴᠢᠯᠠᠬᠤ ᠶᠢ ᠡᠭᠦᠷᠭᠡᠯᠡᠨ᠎ᠡ᠃ | 3. ᠪᠥᠬᠦ ᠰᠢᠶᠠᠨ ᠤ ᠬᠥᠷᠥᠰᠥ ᠰᠢᠷᠣᠢ ᠶᠢ ᠬᠠᠮᠠᠭᠠᠯᠠᠬᠤ ᠣᠷᠣᠨ ᠲᠤᠭ᠎ᠠ ᠶᠢ ᠨᠠᠶᠢᠷᠠᠭᠤᠯᠤᠨ ᠵᠣᠬᠢᠶᠠᠬᠤ ᠳᠤ | ᠣᠷᠣᠯᠴᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠦᠬᠦ ᠰᠢᠶᠠᠨ ᠤ ᠬᠥᠷᠥᠰᠥ ᠰᠢᠷᠣᠢ ᠶᠢ | ᠬᠠᠮᠠᠭᠠᠯᠠᠵᠤ ᠶᠡᠷᠦᠩᠬᠡᠶᠢᠯᠡᠨ ᠵᠠᠰᠠᠬᠤ ᠪᠠ ᠰᠡᠷᠭᠡᠶᠢᠯᠡᠨ ᠬᠠᠮᠠᠭᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ | ᠡᠭᠦᠷᠭᠡᠯᠡᠨ᠎ᠡ᠃ ᠪᠦᠬᠦ ᠰᠢᠶᠠᠨ ᠤ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠬᠥᠷᠥᠰᠥ | ᠰᠢᠷᠣᠢ ᠢᠳᠡᠭᠳᠡᠭᠰᠡᠨ ᠣᠷᠣᠨ ᠪᠣᠯᠣᠨ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠣᠷᠣᠨ ᠤ ᠬᠥᠳᠡᠯᠦᠩᠭᠦᠢ ᠬᠢᠨᠠᠨ | ᠬᠡᠮᠵᠢᠬᠦ ᠪᠠ ᠤᠷᠢᠳᠴᠢᠯᠠᠨ ᠮᠡᠳᠡᠭᠡᠯᠡᠬᠦ ᠠᠵᠢᠯ ᠢ ᠡᠭᠦᠷᠭᠡᠯᠡᠨ᠎ᠡ᠃ | 4. ᠪᠦᠬᠦ ᠰᠢᠶᠠᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠢ | ᠡᠭᠦᠷᠭᠡᠯᠡᠨ᠎ᠡ᠃ ᠬᠥᠳᠡᠭᠡ ᠲᠣᠰᠬᠤᠨ ᠤ ᠬᠥᠮᠥᠨ ᠮᠠᠯ ᠤᠨ ᠤᠤᠭᠤᠬᠤ ᠤᠰᠤ ᠶᠢ ᠵᠢᠯᠣᠭᠤᠳᠤᠨ ᠵᠣᠬᠢᠴᠠᠭᠤᠯᠬᠤ | ᠠᠵᠢᠯ ᠢ ᠡᠭᠦᠷᠭᠡᠯᠡᠨ᠎ᠡ᠃ ᠪᠦᠬᠦ ᠰᠢᠶᠠᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ | ᠢᠨᠵᠧᠨᠧᠷᠢᠩ ᠢ ᠵᠣᠬᠢᠶᠠᠨ ᠪᠠᠶᠢᠭᠤᠯᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ᠂ ᠪᠠᠶᠢᠴᠠᠭᠠᠬᠤ᠂ ᠰᠢᠯᠭᠠᠨ ᠠᠪᠬᠤ | ᠠᠵᠢᠯ ᠢ ᠡᠭᠦᠷᠭᠡᠯᠡᠨ᠎ᠡ᠃ ᠪᠦᠬᠦ ᠰᠢᠶᠠᠨ ᠤ ᠬᠥᠳᠡᠭᠡ ᠲᠣᠰᠬᠤᠨ ᠤ ᠠᠮᠤᠷ ᠲᠦᠪᠰᠢᠨ ᠤᠤᠭᠤᠬᠤ ᠤᠰᠤᠨ ᠤ ᠮᠡᠳᠡᠭᠡ | ᠵᠠᠩᠭᠢᠵᠢᠯᠲᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | 5. ᠪᠦᠬᠦ ᠰᠢᠶᠠᠨ ᠤ ᠤᠰᠤᠨ ᠴᠥᠭᠦᠷᠥᠮ ᠢ ᠬᠠᠮᠢᠶᠠᠷᠬᠤ᠂ ᠠᠷᠠᠴᠢᠯᠠᠨ ᠬᠠᠮᠠᠭᠠᠯᠠᠬᠤ᠂ ᠰᠡᠯᠪᠢᠨ ᠵᠠᠰᠠᠬᠤ ᠠᠵᠢᠯ ᠢ | ᠡᠭᠦᠷᠭᠡᠯᠡᠨ᠎ᠡ᠃ | 6. ᠤᠰᠤᠨ ᠤ ᠡᠬᠢ ᠪᠠᠶᠠᠯᠢᠭ ᠤᠨ ᠲᠥᠯᠦᠪᠵᠢᠭᠦᠯᠭᠡ᠂ ᠭᠤᠣᠯ ᠮᠥᠷᠡᠨ ᠨᠠᠭᠤᠷ ᠴᠥᠭᠦᠷᠥᠮ ᠤᠨ ᠰᠠᠪᠠ | ᠭᠠᠵᠠᠷ ᠤᠨ ᠲᠥᠯᠦᠪᠵᠢᠭᠦᠯᠭᠡ᠂ ᠦᠶᠡᠷ ᠢ ᠰᠡᠷᠭᠡᠶᠢᠯᠡᠬᠦ ᠲᠥᠯᠦᠪᠵᠢᠭᠦᠯᠭᠡ᠂ ᠤᠰᠤᠨ ᠤ ᠶᠠᠪᠤᠳᠠᠯ ᠤᠨ ᠳᠤᠮᠳᠠ ᠪᠠ | ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠲᠤᠰᠬᠠᠢ ᠵᠦᠢᠯ ᠤᠨ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠬᠦ ᠶᠢᠨ ᠬᠠᠮᠲᠤ ᠡᠯ᠎ᠡ ᠵᠦᠢᠯ ᠤᠨ | ᠲᠥᠯᠦᠪᠵᠢᠭᠦᠯᠭᠡ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ | ᠥᠷᠨᠢᠭᠦᠯᠦᠨ᠎ᠡ᠃ | 7. ᠪᠦᠬᠦ ᠰᠢᠶᠠᠨ ᠤ ᠤᠰᠤᠨ ᠤ ᠶᠠᠪᠤᠳᠠᠯ ᠤᠨ ᠠᠵᠢᠯ ᠤᠨ ᠮᠡᠷᠭᠡᠵᠢᠯ ᠤᠨ ᠵᠥᠪᠯᠡᠯᠭᠡ ᠥᠭᠬᠦ ᠪᠠ ᠮᠡᠷᠭᠡᠵᠢᠯ ᠤᠨ | ᠪᠣᠯᠪᠠᠰᠤᠷᠠᠭᠤᠯᠤᠯ ᠢ ᠡᠭᠦᠷᠭᠡᠯᠡᠨ᠎ᠡ᠃ | 8. ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠬᠠᠮᠢᠶ᠎ᠠ ᠪᠦᠬᠦᠢ ᠠᠵᠢᠯ ᠤᠨ ᠮᠡᠷᠭᠡᠵᠢᠯ ᠤᠨ | ᠲᠤᠯᠭᠠᠭᠤᠷᠢᠯᠠᠯ ᠢ ᠡᠭᠦᠷᠭᠡᠯᠡᠨ᠎ᠡ᠃ | 9. ᠪᠦᠬᠦ ᠰᠢᠶᠠᠨ ᠤ ᠤᠰᠤᠨ ᠤ ᠶᠠᠪᠤᠳᠠᠯ ᠤᠨ ᠢᠨᠵᠧᠨᠧᠷᠢᠩ ᠤᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠵᠢᠴᠢ | ᠦᠷ᠎ᠡ ᠪᠦᠲᠦᠭᠡᠯ ᠢ ᠰᠤᠳᠤᠯᠤᠨ ᠬᠡᠷᠡᠭᠯᠡᠵᠦ ᠳᠡᠯᠭᠡᠷᠡᠭᠦᠯᠬᠦ ᠠᠵᠢᠯ ᠢ ᠡᠭᠦᠷᠭᠡᠯᠡᠨ᠎ᠡ᠃ | 10. ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃ | ᠤᠴᠤᠸᠠᠨ ᠰᠢᠶᠠᠨ ᠤ ᠬᠤᠲᠠ ᠬᠥᠳᠡᠭᠡ ᠶᠢᠨ ᠤᠰᠤ ᠬᠠᠩᠭᠠᠬᠤ ᠦᠢᠯᠡᠴᠢᠯᠡᠭᠡᠨ ᠤ ᠲᠥᠪ | ᠦᠴᠦᠸᠠᠨ ᠰᠢᠶᠠᠨ ᠤ ᠬᠤᠲᠠ ᠬᠥᠳᠡᠭᠡ ᠶᠢᠨ ᠤᠰᠤ ᠬᠠᠩᠭᠠᠬᠤ ᠦᠢᠯᠡᠴᠢᠯᠡᠭᠡᠨ ᠤ ᠲᠥᠪ ᠪᠣᠯ ᠰᠢᠶᠠᠨ ᠤ | ᠤᠰᠤᠨ ᠤ ᠶᠠᠪᠤᠳᠠᠯ ᠤᠨ ᠲᠣᠪᠴᠢᠶ᠎ᠠ ᠶᠢᠨ ᠬᠠᠷᠢᠶᠠᠨ ᠳᠠᠬᠢ ᠲᠠᠰᠤᠭ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ | ᠬᠤᠶᠠᠳᠤᠭᠠᠷ ᠲᠥᠷᠥᠯ ᠪᠣᠯᠣᠨ᠎ᠠ᠃ | ᠠᠵᠢᠯ ᠦᠢᠯᠡᠰ ᠤᠨ ᠨᠢᠭᠡᠴᠢ᠃ | ︵ᠨᠢᠭᠡ︶ ᠭᠤᠣᠯ ᠡᠭᠦᠷᠭᠡ ᠬᠠᠷᠢᠭᠤᠴᠠᠯᠭ᠎ᠠ | 1. ᠬᠤᠲᠠ ᠲᠣᠭᠤᠷᠢᠭ ᠤᠨ ᠦᠢᠯᠡᠳᠪᠦᠷᠢᠯᠡᠯ᠂ ᠠᠮᠢᠳᠤᠷᠠᠯ ᠤᠨ ᠬᠡᠪ ᠤᠨ ᠤᠰᠤ ᠬᠡᠷᠡᠭᠯᠡᠬᠦ ᠪᠠᠲᠤᠯᠠᠭ᠎ᠠ ᠪᠣᠯᠣᠨ | ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ | 2. ᠬᠤᠲᠠ ᠶᠢᠨ ᠵᠠᠰᠠᠭ ᠤᠨ ᠤᠰᠤ ᠬᠠᠩᠭᠠᠬᠤ ᠪᠠᠷᠢᠯᠭ᠎ᠠ ᠶᠢᠨ ᠪᠡᠯᠡᠳᠬᠡᠮᠵᠢ ᠶᠢᠨ ᠬᠠᠮᠢᠶᠠᠷᠤᠯᠲᠠ᠂ | ᠬᠠᠮᠠᠭᠠᠯᠠᠯᠲᠠ᠂ ᠪᠠᠲᠤᠯᠠᠭ᠎ᠠ ᠵᠡᠷᠭᠡ ᠠᠵᠢᠯ ᠢ ᠬᠠᠷᠢᠭᠤᠴᠠᠨ᠎ᠠ᠃ | 3. ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃ | ᠦᠴᠦᠸᠠᠨ ᠰᠢᠶᠠᠨ ᠤ ᠤᠰᠤᠨ ᠤ ᠡᠬᠢ ᠪᠠᠶᠠᠯᠢᠭ ᠬᠢᠭᠡᠳ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ | ᠲᠥᠪ ︵ᠦᠴᠦᠸᠠᠨ ᠰᠢᠶᠠᠨ ᠤ ᠦᠶᠡᠷ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠲᠥᠪ︶ | ᠦᠴᠦᠸᠠᠨ ᠰᠢᠶᠠᠨ ᠤ ᠤᠰᠤᠨ ᠤ ᠶᠠᠪᠤᠳᠠᠯ ᠤᠨ ᠲᠣᠪᠴᠢᠶᠠᠨ ᠤ ᠬᠠᠷᠢᠶ᠎ᠠ ᠨᠡᠶᠢᠲᠡ ᠶᠢᠨ ᠠᠰᠠᠷᠠᠮᠵᠢ ᠪᠣᠯ | ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠣᠨ᠎ᠠ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ | ᠰᠠᠯᠠᠭᠠᠨ ᠲᠠᠰ ᠲᠤ ᠨᠡᠯᠢᠶᠡᠳ ᠲᠡᠩᠴᠡᠨ᠎ᠡ᠃ | ᠦᠴᠦᠸᠠᠨ ᠰᠢᠶᠠᠨ ᠤ ᠤᠰᠤᠨ ᠤ ᠡᠬᠢ ᠪᠠᠶᠠᠯᠢᠭ ᠬᠢᠭᠡᠳ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ | ᠲᠥᠪ ︵ᠦᠴᠦᠸᠠᠨ ᠰᠢᠶᠠᠨ ᠤ ᠦᠶᠡᠷ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠲᠥᠪ︶ ᠨᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ | ᠤᠰᠤᠨ ᠠᠰᠢᠭᠯᠠᠯᠲᠠ ᠶᠢᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠂ ᠲᠣᠪᠴᠢᠶ᠎ᠠ ᠶᠢᠨ | ᠪᠠᠶᠢᠭᠤᠯᠭ᠎ᠠ ᠶᠢ ᠬᠠᠮᠵᠢᠨ ᠪᠥᠬᠦ ᠰᠢᠶᠠᠨ ᠤ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠭᠤᠣᠯ ᠮᠥᠷᠡᠨ ᠨᠠᠭᠤᠷ | ᠴᠥᠭᠦᠷᠥᠮ ᠤᠨ ᠬᠠᠮᠢᠶᠠᠷᠤᠯᠲᠠ᠂ ᠤᠰᠤ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠵᠡᠷᠭᠡ ᠠᠵᠢᠯ ᠢ | ᠥᠷᠨᠢᠭᠦᠯᠦᠨ᠎ᠡ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠯ᠎ᠠ ᠪᠠᠷ ᠬᠢ ᠬᠤᠯᠪᠣᠭᠳᠠᠯ | ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠢ ᠤᠬᠠᠭᠤᠯᠤᠨ ᠲᠤᠭᠤᠰᠢᠯᠠᠭᠤᠯᠤᠨ | ᠨᠠᠶᠢᠳᠠᠪᠤᠷᠢᠵᠢᠭᠤᠯᠤᠨ᠎ᠠ᠃ | ︵ᠬᠤᠶᠠᠷ︶ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠨᠡᠭᠡᠭᠡᠨ ᠠᠰᠢᠭᠯᠠᠬᠤ ᠮᠡᠷᠭᠡᠵᠢᠯ ᠤᠨ ᠲᠤᠯᠭᠠᠭᠤᠷᠢᠯᠠᠬᠤ | ᠠᠵᠢᠯ ᠢ ᠡᠭᠦᠷᠭᠡᠯᠡᠨ᠎ᠡ᠃ ᠤᠰᠤᠨ ᠤ ᠡᠷᠬᠡ ᠶᠢ ᠬᠤᠷᠢᠶᠠᠨ ᠬᠠᠳᠠᠭᠠᠯᠠᠬᠤ᠂ ᠤᠰᠤᠨ ᠤ ᠡᠷᠬᠡ ᠶᠢ ᠰᠢᠯᠵᠢᠭᠦᠯᠦᠨ ᠥᠭᠬᠦ | ᠪᠠ ᠠᠷᠠᠯᠵᠢᠶᠠᠯᠠᠬᠤ ᠮᠡᠷᠭᠡᠵᠢᠯ ᠤᠨ ᠲᠤᠯᠭᠠᠭᠤᠷᠢᠯᠠᠯ ᠪᠠ ᠵᠠᠰᠠᠭ ᠵᠠᠬᠢᠷᠭᠠᠨ ᠤ ᠲᠤᠰᠠᠯᠠᠬᠤ ᠴᠢᠨᠠᠷᠲᠠᠢ ᠠᠵᠢᠯ ᠢ | ᠡᠭᠦᠷᠭᠡᠯᠡᠨ᠎ᠡ᠃ ᠪᠦᠬᠦ ᠰᠢᠶᠠᠨ ᠤ ᠤᠰᠤ ᠶᠢ ᠠᠷᠪᠢᠯᠠᠨ ᠬᠡᠷᠡᠭᠯᠡᠬᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ | ᠪᠠᠶᠢᠭᠤᠯᠤᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠰᠢᠯᠭᠠᠨ ᠬᠢᠨᠠᠬᠤ ᠳᠤ ᠮᠡᠷᠭᠡᠵᠢᠯ ᠤᠨ ᠲᠤᠯᠭᠠᠭᠤᠷᠢᠯᠠᠬᠤ | ᠠᠵᠢᠯ ᠢ ᠡᠭᠦᠷᠭᠡᠯᠡᠨ᠎ᠡ᠃ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ ᠵᠠᠰᠠᠬᠤ ᠶᠢᠨ ᠲᠤᠰᠠᠯᠠᠬᠤ ᠴᠢᠨᠠᠷᠲᠠᠢ ᠠᠵᠢᠯ ᠢ | ᠡᠭᠦᠷᠭᠡᠯᠡᠨ᠎ᠡ᠃ ᠡᠯ᠎ᠡ ᠲᠥᠷᠥᠯ ᠤᠨ ᠤᠰᠤ ᠲᠠᠲᠠᠬᠤ ᠭᠠᠵᠠᠷ ᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ᠂ ᠲᠤᠭ᠎ᠠ | ᠪᠠᠷᠢᠮᠲᠠ ᠶᠢ ᠵᠠᠳᠠᠯᠬᠤ ᠵᠢᠴᠢ ᠰᠡᠷᠡᠮᠵᠢᠯᠡᠭᠦᠯᠬᠦ᠂ ᠤᠷᠢᠳᠴᠢᠯᠠᠨ ᠮᠡᠳᠡᠭᠡᠯᠡᠬᠦ ᠠᠵᠢᠯ ᠢ ᠡᠭᠦᠷᠭᠡᠯᠡᠨ᠎ᠡ᠃ | ᠲᠣᠪᠴᠢᠶ᠎ᠠ ᠶᠢᠨ ᠪᠠᠶᠢᠭᠤᠯᠭ᠎ᠠ ᠶᠢ ᠬᠠᠮᠵᠢᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ᠂ ᠤᠰᠤᠨ ᠤ ᠡᠬᠢ | ᠪᠠᠶᠠᠯᠢᠭ ᠢ ᠲᠥᠯᠥᠪᠦᠷᠢ ᠲᠠᠢ ᠬᠡᠷᠡᠭᠯᠡᠬᠦ᠂ ᠤᠰᠤᠨ ᠤ ᠡᠷᠬᠡ ᠶᠢ ᠬᠤᠷᠢᠶᠠᠨ ᠬᠠᠳᠠᠭᠠᠯᠠᠵᠤ ᠰᠢᠯᠵᠢᠭᠦᠯᠦᠨ ᠥᠭᠬᠦ ᠪᠠ | ᠠᠷᠠᠯᠵᠢᠶᠠᠯᠠᠬᠤ ᠵᠡᠷᠭᠡ ᠠᠵᠢᠯ ᠢ ᠥᠷᠨᠢᠭᠦᠯᠦᠨ᠎ᠡ᠃ ᠰᠢᠶᠠᠨ ᠤ ᠬᠠᠷᠢᠶ᠎ᠠ ᠣᠷᠣᠨ ᠤ ᠭᠠᠵᠠᠷ ᠳᠣᠣᠷᠠᠬᠢ ᠤᠰᠤ ᠶᠢ | ᠬᠠᠮᠠᠭᠠᠯᠠᠬᠤ᠂ ᠬᠠᠮᠢᠶᠠᠷᠬᠤ᠂ ᠵᠠᠰᠠᠬᠤ ᠵᠢᠴᠢ ᠬᠡᠲᠦᠷᠡᠲᠡᠯ᠎ᠡ ᠮᠠᠯᠲᠠᠭᠰᠠᠨ ᠣᠷᠣᠨ ᠢ ᠵᠠᠰᠠᠬᠤ ᠠᠵᠢᠯ ᠢ ᠡᠭᠦᠷᠭᠡᠯᠡᠨ᠎ᠡ᠃ | ᠰᠢᠶᠠᠨ ᠤ ᠬᠤᠲᠠ ᠶᠢᠨ ᠬᠠᠷᠢᠶ᠎ᠠ ᠣᠷᠣᠨ ᠤ ᠳᠣᠲᠣᠷᠠᠬᠢ ᠥᠪᠡᠰᠦᠪᠡᠨ ᠪᠠᠶᠢᠭᠤᠯᠤᠭᠰᠠᠨ ᠪᠡᠯᠡᠳᠬᠡᠮᠵᠢ ᠶᠢᠨ ᠤᠰᠤ | ᠬᠡᠷᠡᠭᠯᠡᠬᠦ ᠶᠢᠨ ᠬᠠᠮᠢᠶᠠᠷᠤᠯᠲᠠ ᠵᠢᠴᠢ ᠬᠠᠮᠠᠭᠠᠯᠠᠬᠤ ᠠᠵᠢᠯ ᠢ ᠬᠠᠮᠵᠢᠨ ᠥᠷᠨᠢᠭᠦᠯᠵᠦ᠂ ᠤᠤᠭᠤᠬᠤ ᠤᠰᠤᠨ ᠤ ᠤᠰᠤᠨ | ᠰᠤᠷᠪᠤᠯᠵᠢ ᠶᠢᠨ ᠭᠠᠵᠠᠷ ᠢ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠵᠢᠴᠢ ᠪᠥᠬᠦ ᠰᠢᠶᠠᠨ ᠤ ᠤᠰᠤᠨ ᠤ | ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢ ᠰᠢᠯᠭᠠᠨ ᠬᠢᠨᠠᠬᠤ ᠵᠡᠷᠭᠡ ᠠᠵᠢᠯ ᠢ ᠬᠠᠮᠵᠢᠨ | ᠥᠷᠨᠢᠭᠦᠯᠦᠨ᠎ᠡ᠃ ᠬᠠᠮᠢᠶ᠎ᠠ ᠪᠦᠬᠦᠢ ᠮᠡᠷᠭᠡᠵᠢᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠣᠷᠣᠨ ᠨᠤᠲᠤᠭ ᠤᠨ ᠠᠵᠢᠯ | ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠨᠠᠶᠢᠷᠠᠭᠤᠯᠤᠨ ᠵᠣᠬᠢᠶᠠᠵᠤ᠂ ᠰᠢᠶᠠᠨ ᠤ ᠬᠠᠷᠢᠶ᠎ᠠ ᠣᠷᠣᠨ ᠤ | ᠬᠡᠪᠴᠢᠶᠡᠨ ᠳᠣᠲᠣᠷᠠᠬᠢ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠡᠷᠦᠬᠡ ᠶᠢᠨ ᠲᠥᠯᠥᠪᠯᠡᠭᠡ ᠶᠢᠨ ᠤᠰᠤ | ᠬᠡᠷᠡᠭᠯᠡᠬᠦ ᠬᠡᠮᠵᠢᠶ᠎ᠡ ᠶᠢ ᠬᠢᠨᠠᠨ ᠲᠣᠭᠲᠠᠭᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠵᠤ᠂ ᠳᠡᠭᠡᠳᠦ ᠱᠠᠲᠤᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠡᠯ᠎ᠡ ᠲᠥᠷᠥᠯ ᠤᠨ ᠤᠰᠤ ᠬᠡᠷᠡᠭᠯᠡᠬᠦ ᠲᠤᠭ᠎ᠠ | ᠪᠦᠷᠢᠳᠬᠡᠯ ᠤᠨ ᠮᠡᠳᠡᠭᠦᠯᠬᠦ ᠬᠦᠰᠦᠨᠦᠭᠲᠦ᠂ ᠤᠰᠤᠨ ᠤ ᠡᠬᠢ ᠪᠠᠶᠠᠯᠢᠭ ᠤᠨ ᠠᠯᠪᠠᠨ ᠮᠡᠳᠡᠭᠡ ᠵᠢᠴᠢ ᠣᠨ ᠤ | ᠮᠡᠳᠡᠭᠦᠯᠦᠯᠲᠡ ᠶᠢ ᠲᠠᠭᠯᠠᠨ ᠮᠡᠳᠡᠭᠦᠯᠬᠦ ᠠᠵᠢᠯ ᠢ ᠪᠡᠶᠡᠯᠡᠭᠦᠯᠵᠦ᠂ ᠲᠥᠯᠥᠪᠯᠡᠭᠡ ᠶᠢᠨ ᠤᠰᠤ ᠬᠡᠷᠡᠭᠯᠡᠬᠦ ᠬᠡᠮᠵᠢᠶ᠎ᠡ ᠶᠢ | ᠬᠢᠨᠠᠨ ᠲᠣᠭᠲᠠᠭᠠᠬᠤ ᠠᠵᠢᠯ ᠢ ᠪᠡᠶᠡᠯᠡᠭᠦᠯᠦᠨ᠎ᠡ᠃ ᠤᠰᠤ ᠶᠢ ᠠᠷᠪᠢᠯᠠᠨ ᠬᠡᠷᠡᠭᠯᠡᠬᠦ ᠲᠥᠷᠥ ᠶᠢᠨ ᠪᠣᠳᠣᠯᠭ᠎ᠠ ᠪᠠ | ᠳᠦᠷᠢᠮ ᠢ ᠲᠤᠭᠤᠷᠪᠢᠬᠤ ᠳᠤ ᠮᠡᠷᠭᠡᠵᠢᠯ ᠤᠨ ᠳᠡᠮᠵᠢᠯᠭᠡ ᠬᠠᠩᠭᠠᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ | ᠪᠠᠶᠢᠭᠤᠯᠤᠯᠲᠠ᠂ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ | ᠥᠷᠨᠢᠭᠦᠯᠵᠦ᠂ ᠭᠤᠣᠯᠴᠢᠯᠠᠨ ᠬᠠᠮᠢᠶᠠᠷᠬᠤ ᠨᠢᠭᠡᠴᠢ ᠶᠢ ᠬᠠᠮᠵᠢᠨ ᠤᠰᠤ ᠶᠢ ᠠᠷᠪᠢᠯᠠᠨ ᠬᠡᠷᠡᠭᠯᠡᠬᠦ ᠶᠢ ᠬᠢᠨᠠᠨ ᠰᠢᠯᠭᠠᠬᠤ | ᠪᠠ ᠪᠠᠶᠢᠴᠠᠭᠠᠬᠤ᠂ ᠤᠰᠤ ᠠᠷᠪᠢᠯᠠᠬᠤ ᠲᠠᠰᠤᠯᠤᠭᠴᠢ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ᠃ ᠤᠰᠤ ᠶᠢ | ᠠᠷᠪᠢᠯᠠᠨ ᠬᠡᠷᠡᠭᠯᠡᠬᠦ ᠲᠡᠷᠢᠭᠦᠨ ᠤ ᠲᠤᠷᠰᠢᠯᠭ᠎ᠠ ᠶᠢ ᠵᠣᠬᠢᠶᠠᠨ ᠪᠠᠶᠢᠭᠤᠯᠤᠨ ᠰᠣᠯᠢᠯᠴᠠᠵᠤ᠂ ᠤᠰᠤ ᠠᠷᠪᠢᠯᠠᠬᠤ | ᠪᠣᠯᠪᠠᠰᠤᠷᠠᠭᠤᠯᠤᠯ ᠪᠠ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠤᠰᠤ ᠶᠢ ᠠᠷᠪᠢᠯᠠᠨ | ᠬᠡᠷᠡᠭᠯᠡᠬᠦ ᠶᠢ ᠠᠬᠢᠭᠤᠯᠤᠨ᠎ᠠ᠃ ᠰᠢᠶᠠᠨ ᠤ ᠬᠠᠷᠢᠶ᠎ᠠ ᠣᠷᠣᠨ ᠤ ᠳᠣᠲᠣᠷᠠᠬᠢ ᠡᠯ᠎ᠡ ᠲᠥᠷᠥᠯ ᠤᠨ ᠤᠰᠤ ᠲᠠᠲᠠᠬᠤ | ᠠᠮᠠ ᠶᠢ ᠳᠠᠩᠰᠠᠯᠠᠨ ᠲᠡᠮᠳᠡᠭᠯᠡᠬᠦ᠂ ᠬᠠᠮᠢᠶᠠᠷᠬᠤ ᠠᠵᠢᠯ ᠢ ᠡᠭᠦᠷᠭᠡᠯᠡᠵᠦ᠂ ᠤᠰᠤᠨ ᠤ ᠡᠬᠢ ᠪᠠᠶᠠᠯᠢᠭ ᠤᠨ ᠨᠤᠲᠠᠯᠠᠯᠲᠠ᠂ | ᠤᠰᠤᠨ ᠤ ᠲᠡᠩᠴᠡᠭᠦᠷᠢ ᠶᠢ ᠬᠡᠮᠵᠢᠨ ᠲᠤᠷᠰᠢᠬᠤ ᠵᠢᠴᠢ ᠤᠰᠤ ᠠᠪᠬᠤ ᠵᠥᠪᠰᠢᠶᠡᠷᠡᠯ ᠢ ᠬᠢᠨᠠᠨ ᠰᠢᠯᠭᠠᠬᠤ ᠠᠵᠢᠯ ᠢ | ᠬᠠᠮᠵᠢᠯᠴᠠᠨ ᠥᠷᠨᠢᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠯ᠎ᠠ ᠶᠢᠨ ᠬᠠᠮᠢᠶ᠎ᠠ ᠪᠦᠬᠦᠢ | ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ︵ᠭᠤᠷᠪᠠ︶ ᠪᠦᠬᠦ ᠰᠢᠶᠠᠨ ᠤ ᠦᠶᠡᠷ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠴᠢᠨᠠᠷᠲᠠᠢ᠂ | ᠲᠤᠰᠠᠯᠠᠬᠤ ᠴᠢᠨᠠᠷᠲᠠᠢ᠂ ᠦᠢᠯᠡᠴᠢᠯᠡᠭᠡᠨ ᠤ ᠴᠢᠨᠠᠷᠲᠠᠢ ᠠᠵᠢᠯ ᠢ ᠬᠠᠷᠢᠭᠤᠴᠠᠵᠤ᠂ ᠪᠦᠬᠦ ᠰᠢᠶᠠᠨ ᠤ ᠦᠶᠡᠷ ᠭᠠᠩ | ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠪᠡᠯᠡᠳᠬᠡᠯ ᠲᠥᠰᠥᠯ᠂ ᠲᠥᠰᠥᠯ ᠢ ᠨᠠᠶᠢᠷᠠᠭᠤᠯᠤᠨ ᠵᠣᠬᠢᠶᠠᠬᠤ ᠵᠢᠴᠢ | ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠤᠰᠤ | ᠭᠠᠩ ᠤᠨ ᠭᠠᠮᠰᠢᠭ ᠢ ᠦᠨᠡᠯᠡᠬᠦ᠂ ᠤᠰᠤᠨ ᠴᠥᠭᠦᠷᠥᠮ ᠤᠨ ᠬᠠᠮᠢᠶᠠᠷᠤᠯᠲᠠ ᠶᠢᠨ ᠨᠢᠭᠡᠴᠢ ᠶᠢ ᠵᠢᠯᠤᠭᠤᠳᠴᠤ ᠪᠠᠶᠢᠭᠠᠳ | ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠵᠡᠷᠭᠡ ᠮᠡᠷᠭᠡᠵᠢᠯ ᠤᠨ ᠲᠤᠯᠭᠠᠭᠤᠷᠢᠯᠠᠬᠤ | ᠠᠵᠢᠯ ᠢ ᠰᠠᠶᠢᠲᠤᠷ ᠬᠢᠨ᠎ᠡ᠃ ᠦᠶᠡᠷ ᠢ ᠰᠡᠷᠭᠡᠶᠢᠯᠡᠬᠦ᠂ ᠰᠦᠩ ᠬᠠᠯᠢᠶ᠎ᠠ ᠶᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠵᠤ | ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠯ ᠪᠣᠯᠣᠨ ᠠᠶᠤᠯ ᠠᠴᠠ ᠠᠪᠤᠷᠠᠬᠤ ᠡᠳ᠋ ᠪᠣᠳᠠᠰ ᠤᠨ ᠨᠥᠭᠡᠴᠡ | ᠪᠣᠯᠣᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠳᠥᠷᠪᠡ︶ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠭᠤᠣᠯ | ᠮᠥᠷᠡᠨ ᠤ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠭᠤᠣᠯ ᠤᠨ ᠵᠠᠮ ᠤᠨ | ᠣᠭᠲᠣᠯᠣᠭᠠᠰᠤ ᠶᠢᠨ ᠤᠰᠤᠨ ᠤ ᠴᠢᠨᠠᠷ ᠢ ᠬᠢᠨᠠᠨ ᠬᠡᠮᠵᠢᠬᠦ᠂ ᠡᠳᠦᠷ ᠲᠤ ᠭᠤᠣᠯ ᠢ ᠴᠠᠭᠳᠠᠨ ᠪᠠᠶᠢᠴᠠᠭᠠᠬᠤ ᠶᠢ | ᠬᠠᠷᠢᠭᠤᠴᠠᠨ᠎ᠠ᠃ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠭᠤᠣᠯ ᠤᠨ ᠵᠠᠮ ᠤᠨ | ᠤᠰᠤᠨ ᠤ ᠶᠠᠪᠤᠳᠠᠯ ᠤᠨ ᠢᠨᠵᠧᠨᠧᠷᠢᠩ ᠢ ᠥᠷᠨᠢᠭᠦᠯᠵᠦ᠂ ᠣᠷᠣᠨ ᠤ ᠳᠣᠲᠣᠷᠠᠬᠢ ᠭᠤᠣᠯ ᠤᠨ ᠵᠠᠮ ᠤᠨ ᠤᠰᠤᠨ | ᠣᠷᠣᠨ ᠤ ᠡᠷᠭᠢ ᠶᠢᠨ ᠱᠤᠭᠤᠮ᠂ ᠤᠰᠤᠨ ᠰᠤᠷᠪᠤᠯᠵᠢ ᠶᠢ ᠨᠡᠭᠡᠭᠡᠨ ᠠᠰᠢᠭᠯᠠᠬᠤ ᠬᠠᠮᠢᠶᠠᠷᠤᠯᠲᠠ ᠶᠢ ᠪᠠᠶᠢᠭᠤᠯᠤᠨ᠎ᠠ᠃ | ᠬᠤᠲᠠ ᠶᠢᠨ ᠲᠣᠭᠤᠷᠢᠭ ᠤᠨ ᠬᠡᠪᠴᠢᠶᠡᠨ ᠳᠣᠲᠣᠷᠠᠬᠢ ᠭᠤᠣᠯ ᠤᠨ ᠵᠠᠮ ᠤᠨ ᠤᠰᠤᠨ ᠤ ᠦᠵᠡᠮᠵᠢ ᠶᠢᠨ | ᠢᠨᠵᠧᠨᠧᠷᠢᠩ ᠤᠨ ᠬᠤᠷᠠᠭᠰᠠᠨ ᠢ ᠴᠡᠪᠡᠷᠯᠡᠨ ᠨᠡᠪᠲᠡᠷᠡᠭᠦᠯᠬᠦ᠂ ᠡᠳᠦᠷ ᠲᠤᠲᠤᠮ ᠤᠨ ᠠᠷᠢᠭᠤᠨ ᠴᠡᠪᠡᠷ᠂ ᠭᠤᠣᠯ | ᠮᠥᠷᠡᠨ ᠢ ᠴᠠᠭᠳᠠᠨ ᠪᠠᠶᠢᠴᠠᠭᠠᠵᠤ ᠠᠷᠢᠭᠤᠨ ᠴᠡᠪᠡᠷ ᠪᠠᠶᠢᠯᠭᠠᠬᠤ ᠠᠵᠢᠯ ᠵᠢᠴᠢ ᠤᠰᠤᠨ ᠠᠰᠢᠭᠯᠠᠯᠲᠠ ᠶᠢᠨ | ᠪᠡᠯᠡᠳᠬᠡᠮᠵᠢ ᠶᠢ ᠰᠡᠯᠪᠢᠨ ᠵᠠᠰᠠᠬᠤ᠂ ᠬᠠᠮᠠᠭᠠᠯᠠᠬᠤ᠂ ᠠᠷᠠᠴᠢᠯᠠᠨ ᠬᠠᠮᠠᠭᠠᠯᠠᠬᠤ ᠵᠡᠷᠭᠡ ᠠᠵᠢᠯ ᠢ ᠡᠭᠦᠷᠭᠡᠯᠡᠨ᠎ᠡ᠃ | ︵ᠲᠠᠪᠤ︶ ᠦᠴᠦᠸᠠᠨ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ | ᠪᠦᠬᠦᠢ ᠠᠵᠢᠯ ᠢ ᠪᠡᠶᠡᠯᠡᠭᠦᠯᠦᠨ᠎ᠡ᠃ | ᠲᠠᠪᠤᠳᠤᠭᠠᠷ ᠵᠦᠢᠯ ᠦᠴᠦᠸᠠᠨ ᠰᠢᠶᠠᠨ ᠤ ᠤᠰᠤᠨ ᠤ ᠶᠠᠪᠤᠳᠠᠯ ᠤᠨ ᠲᠣᠪᠴᠢᠶᠠᠨ ᠤ ᠵᠠᠰᠠᠭ ᠵᠠᠬᠢᠷᠭᠠᠨ ᠤ | ᠣᠷᠣᠨ ᠲᠤᠭ᠎ᠠ 7 ᠪᠠᠶᠢᠵᠤ᠂ ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ 2 ᠬᠥᠮᠥᠨ | ᠲᠣᠬᠢᠷᠠᠭᠤᠯᠪᠠ᠃ | ᠵᠢᠷᠭᠤᠳᠤᠭᠠᠷ ᠵᠦᠢᠯ ᠦᠴᠦᠸᠠᠨ ᠰᠢᠶᠠᠨ ᠤ ᠤᠰᠤᠨ ᠤ ᠶᠠᠪᠤᠳᠠᠯ ᠤᠨ ᠲᠣᠪᠴᠢᠶᠠᠨ ᠤ ᠬᠠᠷᠢᠶ᠎ᠠ ᠠᠵᠢᠯ | ᠦᠢᠯᠡᠰ ᠤᠨ ᠨᠢᠭᠡᠴᠢ ᠶᠢ ᠪᠠᠶᠢᠭᠤᠯᠬᠤ᠂ ᠡᠭᠦᠷᠭᠡ ᠬᠠᠷᠢᠭᠤᠴᠠᠯᠭ᠎ᠠ ᠪᠠ ᠨᠠᠶᠢᠷᠠᠭᠤᠯᠤᠨ ᠵᠣᠬᠢᠶᠠᠬᠤ ᠵᠦᠢᠯᠡᠰ ᠢ ᠠᠰ | ᠲᠤᠨᠢ ᠲᠣᠭᠲᠠᠭᠠᠨ᠎ᠠ᠃ | ᠬᠤᠶᠠᠷ᠂ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠦᠴᠦᠸᠠᠨ | ᠰᠢᠶᠠᠨ ᠤ ᠬᠥᠬᠡ ᠡᠷᠭᠢ ᠪᠠᠯᠭᠠᠰᠤᠨ ᠤ ᠺᠢᠨᠣ᠋ ᠲᠧᠯᠸᠢᠰ ᠤᠨ ᠪᠠᠷᠠᠭᠤᠨ ᠵᠡᠭᠡᠯᠢ ᠶᠢᠨ 2 ᠳ᠋ᠤᠭᠠᠷ ᠲᠣᠭᠠᠲᠤ | ᠭᠤᠷᠪᠠ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00 14᠄ 30-17᠄ 30 | ᠳᠥᠷᠪᠡ᠂ ᠬᠠᠷᠢᠯᠴᠠᠬᠤ ᠠᠷᠭ᠎ᠠ ᠬᠡᠯᠪᠡᠷᠢ᠄ 0471 - 8816580 | ᠲᠠᠪᠤ᠂ ᠬᠠᠷᠢᠭᠤᠴᠠᠯᠭᠠᠲᠠᠨ᠄ ᠸᠠᠩ ᠬᠤᠩ ᠯᠢᠶᠠᠩ | | |