170.3 ᠲᠦᠮᠡᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠤᠨ ᠦᠨᠳᠦᠰᠦᠨ ᠠᠮᠢᠳᠤᠷᠠᠯ ᠪᠠᠲᠤᠯᠠᠭ᠎ᠠ ᠲᠠᠢ ᠪᠣᠯᠪᠠ
ᠨᠡᠶᠢᠲᠡᠯᠡᠭᠰᠡᠨ ᠴᠠᠭ᠄
2025/1/22
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ 2024 ᠣᠨ ᠳᠤ ᠮᠠᠨ ᠤ ᠣᠷᠣᠨ ᠬᠤᠲᠠ ᠬᠥᠳᠡᠭᠡ ᠶᠢᠨ 170.3 ᠲᠦᠮᠡᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠪᠠ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠪᠠ᠃      ᠠᠷᠠᠳ ᠤᠨ ᠠᠮᠢᠳᠤᠷᠠᠯ ᠪᠣᠯ ᠠᠷᠠᠳ ᠲᠦᠮᠡᠨ ᠤ ᠵᠣᠯ ᠵᠢᠷᠭᠠᠯ ᠤᠨ ᠰᠠᠭᠤᠷᠢ᠂ ᠨᠡᠶᠢᠭᠡᠮ ᠤᠨ ᠡᠶ᠎ᠡ ᠵᠣᠬᠢᠴᠠᠯ ᠤᠨ ᠦᠨᠳᠦᠰᠦ ᠮᠥᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠤᠯᠠᠮ ᠨᠢᠭᠡ ᠠᠯᠬᠤᠮ ᠪᠠᠲᠤᠯᠠᠨ ᠰᠠᠬᠢᠬᠤ ᠶᠢᠨ ᠲᠤᠰᠠᠳᠠ᠂ ᠮᠠᠨ ᠤ ᠣᠷᠣᠨ ᠲᠠᠰ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠦᠷᠭᠦᠯᠵᠢᠯᠡᠨ ᠪᠦᠷᠢᠨᠰᠢᠭᠦᠯᠵᠦ᠂ ᠪᠦᠭᠦ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠲᠤᠯᠠᠭ᠎ᠠ ᠶᠢᠨ ᠪᠠᠷᠢᠮᠵᠢᠶ᠎ᠠ 807 ᠲᠥᠭᠦᠷᠢᠭ\ ᠰᠠᠷ᠎ᠠ᠂ 588 ᠲᠥᠭᠦᠷᠢᠭ\ ᠰᠠᠷ᠎ᠠ ᠪᠣᠯᠵᠤ᠂ ᠪᠦᠭᠦ ᠤᠯᠤᠰ ᠲᠤ 11᠂ 13 ᠳ᠋ᠤᠭᠠᠷ ᠲᠤ ᠵᠢᠭᠰᠠᠭᠠᠭᠳᠠᠪᠠ᠃      ᠣᠨᠣᠪᠴᠢᠲᠠᠶ ᠪᠠᠷ ᠠᠪᠤᠷᠠᠨ ᠲᠤᠰᠠᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠣᠷᠣᠨ ︽ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠬᠠᠪᠢᠳᠠᠬᠤ ᠭᠡᠷ ᠪᠦᠯᠢ ᠪᠠ ᠵᠠᠶᠢᠯᠠᠰᠢ ᠦᠭᠡᠢ ᠵᠠᠷᠤᠯᠭ᠎ᠠ ᠲᠠᠢ ᠶᠠᠳᠠᠭᠤ ᠬᠦᠴᠢᠷᠳᠡᠯᠲᠡᠢ ᠭᠡᠷ ᠪᠦᠯᠢ ᠶᠢ ᠮᠠᠭᠠᠳᠯᠠᠨ ᠲᠣᠭᠲᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠪᠦᠭᠦ ᠣᠷᠣᠨ ᠤ 204.1 ᠲᠦᠮᠡᠨ ᠳᠣᠣᠷ᠎ᠠ ᠣᠷᠣᠯᠭ᠎ᠠ ᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠰᠢᠨᠵᠢᠬᠦ ᠳᠤ ᠣᠷᠣᠭᠤᠯᠪᠠ᠃      2024 ᠣᠨ ᠳᠤ ᠮᠠᠨ ᠤ ᠣᠷᠣᠨ ᠨᠡᠶᠢᠲᠡ 13.12 ᠲᠦᠮᠡᠨ ᠬᠥᠮᠥᠨ ᠤᠳᠠᠭ᠎ᠠ ᠶᠢ ᠲᠦᠷ ᠴᠠᠭ ᠠᠪᠤᠷᠠᠨ ᠲᠤᠰᠠᠯᠠᠵᠤ᠂ ᠪᠡᠯᠡ ᠮᠥᠩᠭᠦ ᠶᠢᠨ ᠵᠠᠷᠤᠯᠭ᠎ᠠ 2.81 ᠳ᠋ᠦᠩᠰᠢᠭᠤᠷ ᠲᠥᠭᠦᠷᠢᠭ ᠲᠤ ᠬᠦᠷᠴᠦ᠂ ᠪᠡᠯᠡᠨ ᠵᠣᠭᠤᠰ᠂ ᠬᠡᠷᠡᠭᠯᠡᠭᠡᠨ ᠤ ᠲᠡᠮᠳᠡᠭᠲᠦ ᠵᠡᠷᠭᠡ ᠠᠷᠭ᠎ᠠ ᠮᠠᠶ᠋ᠢᠭ ᠢᠶᠠᠷ 3.77 ᠳ᠋ᠦᠩᠰᠢᠭᠤᠷ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠣᠯᠭᠤᠵᠤ᠂ 196.5 ᠲᠦᠮᠡᠨ ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠡᠭᠦᠨ ᠤ ᠬᠠᠮᠲᠤ᠂ ᠣᠷᠣᠯᠭ᠎ᠠ ᠪᠠᠭᠠᠲᠠᠢ ᠬᠥᠮᠥᠨ ᠠᠮᠠ ᠶᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠬᠢᠭᠡᠳ ᠬᠥᠳᠡᠭᠡ ᠲᠣᠰᠬᠤᠨ ᠤ ᠳᠠᠭᠢᠨ ᠶᠠᠳᠠᠭᠤᠷᠠᠬᠤ ᠶᠢ ᠰᠡᠷᠭᠡᠶᠢᠯᠡᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠵᠣᠯᠭᠠᠯᠳᠤᠭᠤᠯᠬᠤ ᠲᠤᠷᠰᠢᠯᠲᠠ ᠶᠢᠨ ᠠᠵᠢᠯ ᠢ ᠢᠳᠡᠪᠬᠢᠲᠡᠢ ᠰᠦᠪᠡᠭᠴᠢᠯᠡᠨ ᠠᠬᠢᠭᠤᠯᠵᠤ᠂ ︽ᠥᠪᠥᠷ ᠮᠣᠩᠭᠤᠯ ᠤᠨ ᠠᠪᠤᠷᠠᠨ ᠲᠤᠰᠠᠯᠠᠬᠤ ᠶᠢ ᠨᠡᠪᠲᠡᠷᠡᠭᠦᠯᠬᠦ︾ ᠲᠤᠬᠠᠢ ᠶᠢᠨ ᠭᠠᠵᠠᠷ ᠤᠨ ᠪᠠᠶᠢᠷᠢᠯᠠᠭᠤᠯᠤᠯᠲᠠ ᠶᠢ ᠪᠡᠶᠡᠯᠡᠭᠦᠯᠪᠡ᠃ ᠮᠠᠨ ᠤ ᠣᠷᠣᠨ ᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ 7 ᠵᠢᠯ ᠳᠠᠷᠠᠭᠠᠯᠠᠨ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠤ ᠠᠮᠵᠢᠯᠲᠠ ᠪᠦᠲᠦᠮᠵᠢ ᠶᠢᠨ ᠦᠨᠡᠯᠡᠯᠲᠡ ᠳᠤ ︽ᠰᠢᠯᠢᠳᠡᠭ︾ ᠲᠠᠰ ᠢᠶᠠᠷ ᠦᠨᠡᠯᠡᠭᠳᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号