ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ︽ᠪᠣᠬᠢᠷᠳᠤᠯ ᠦᠭᠡᠢ ᠮᠡᠷᠭᠡᠵᠢᠯ ᠢ ᠳᠡᠯᠭᠡᠷᠡᠭᠦᠯᠬᠦ ᠭᠠᠷᠴᠠᠭ ︵2024 ᠣᠨ ᠤ ᠬᠡᠪᠯᠡᠯ︶︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2025/1/22
     ᠲᠡᠷᠢᠭᠦᠨ ᠤ ᠪᠣᠬᠢᠷᠳᠤᠯ ᠦᠭᠡᠢ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠬᠦ ᠶᠢᠨ ᠲᠥᠯᠥᠭᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠠᠮᠤᠨ ᠵᠡᠷᠭᠡ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠪᠣᠬᠢᠷᠳᠤᠯ ᠦᠭᠡᠢ ᠮᠡᠷᠭᠡᠵᠢᠯ ᠢ ᠳᠡᠯᠭᠡᠷᠡᠭᠦᠯᠬᠦ ᠭᠠᠷᠴᠠᠭ ︵2024 ᠣᠨ ᠤ ᠬᠡᠪᠯᠡᠯ︶︾ ᠢ 20 ᠤ ᠡᠳᠦᠷ ᠨᠡᠶᠢᠲᠡᠯᠡᠪᠡ᠃      ᠭᠠᠷᠴᠠᠭ ᠲᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠤ ᠦᠢᠯᠡᠰ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ᠂ ᠡᠨᠧᠷᠭᠢ ᠶᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠶᠢ  ᠨᠢ ᠬᠤᠪᠢᠷᠠᠭᠤᠯᠬᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠ ᠠᠰᠢᠭᠯᠠᠬᠤ᠂ ᠰᠠᠭᠤᠷᠢ ᠲᠥᠬᠦᠭᠡᠷᠦᠮᠵᠢ ᠶᠢ ᠪᠣᠬᠢᠷᠳᠤᠯ ᠦᠭᠡᠢ ᠪᠠᠷ ᠲᠠᠰ ᠳᠡᠪᠰᠢᠭᠦᠯᠬᠦ᠂ ᠪᠣᠬᠢᠷᠳᠤᠯ ᠦᠭᠡᠢ ᠦᠢᠯᠡᠴᠢᠯᠡᠭᠡ ᠵᠡᠷᠭᠡ 7 ᠶᠡᠭᠡ ᠲᠥᠷᠥᠯ ᠤᠨ ᠠᠵᠤ ᠦᠢᠯᠡᠰ ᠤᠨ 112 ᠵᠦᠢᠯ ᠤᠨ ᠲᠡᠷᠢᠭᠦᠨ ᠤ ᠪᠣᠬᠢᠷᠳᠤᠯ ᠦᠭᠡᠢ ᠮᠡᠷᠭᠡᠵᠢᠯ ᠢ ᠰᠢᠯᠢᠨ ᠰᠣᠩᠭᠤᠵᠤ᠂ ᠮᠡᠷᠭᠡᠵᠢᠯ ᠪᠦᠷᠢ ᠶᠢᠨ ᠠᠭᠤᠯᠭ᠎ᠠ᠂ ᠭᠤᠣᠯ ᠪᠤᠯᠬᠤ ᠮᠡᠷᠭᠡᠵᠢᠯ ᠤᠨ ᠪᠣᠯᠵᠣᠯᠲᠤ ᠲᠤᠭ᠎ᠠ᠂ ᠪᠣᠳᠠᠲᠠᠢ ᠬᠡᠷᠡᠭᠯᠡᠭᠰᠡᠨ ᠵᠢᠱᠢᠶ᠎ᠡ᠂ ᠠᠮᠢ ᠠᠬᠤᠢ ᠶᠢᠨ ᠦᠷ᠎ᠡ ᠠᠰᠢᠭ ᠵᠡᠷᠭᠡ ᠶᠢ ᠲᠣᠳᠣᠷᠬᠠᠢ ᠵᠢᠭᠰᠠᠭᠠᠪᠠ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠡᠭᠦᠨ ᠢ ᠦᠨᠳᠦᠰᠦᠯᠡᠨ ᠬᠤᠯᠪᠣᠭᠳᠠᠯ ᠪᠦᠬᠦᠢ ᠮᠡᠷᠭᠡᠵᠢᠯ ᠤᠨ ᠭᠤᠣᠯ ᠦᠨᠳᠦᠰᠦᠯᠡᠯ᠂ ᠠᠷᠭ᠎ᠠ ᠵᠠᠮ ᠤᠨ ᠴᠢᠭᠯᠡᠯ ᠵᠢᠴᠢ ᠬᠡᠷᠡᠭᠯᠡᠭᠡᠨ ᠤ ᠦᠵᠡᠭᠳᠡᠯ ᠪᠣᠯᠣᠨ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠣᠶᠢᠯᠠᠭᠠᠵᠤ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠡᠯᠭᠡᠷᠡᠭᠦᠯᠦᠨ ᠬᠡᠷᠡᠭᠯᠡᠵᠦ ᠪᠣᠯᠣᠨ᠎ᠠ᠃      ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠪᠦᠭᠦ ᠤᠯᠤᠰ ᠤᠨ ᠠᠮᠢ ᠠᠬᠤᠢ ᠶᠢᠨ ᠡᠳᠦᠷ᠂ ᠪᠦᠭᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠵᠡᠷᠭᠡ ᠲᠠᠢ ᠤᠶᠠᠯᠳᠤᠭᠤᠯᠤᠨ᠂ ᠵᠠᠮ ᠤᠨ ᠬᠠᠵᠠᠭᠤ ᠶᠢᠨ ᠮᠡᠷᠭᠡᠵᠢᠯ ᠤᠨ ᠦᠵᠡᠭᠦᠯᠭᠡ᠂ ᠦᠷ᠎ᠡ ᠪᠦᠲᠦᠭᠡᠯ ᠤᠨ ᠲᠠᠨᠢᠯᠴᠠᠭᠤᠯᠭ᠎ᠠ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠡᠷᠭᠡᠵᠢᠯ ᠤᠨ ᠠᠵᠤ ᠦᠢᠯᠡᠰᠵᠢᠯᠲᠡ ᠶᠢᠨ ᠬᠡᠷᠡᠭᠯᠡᠯᠲᠡ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠤᠨ ᠪᠣᠬᠢᠷᠳᠤᠯ ᠦᠭᠡᠢ ᠢᠲᠡᠭᠡᠮᠵᠢᠲᠦ ᠵᠢᠭᠡᠯᠡᠯᠭᠡ᠂ ᠪᠣᠬᠢᠷᠳᠤᠯ ᠦᠭᠡᠢ ᠵᠢᠭᠡᠯᠡᠯᠭᠡ ᠶᠢᠨ ᠲᠡᠮᠳᠡᠭᠲᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠳᠡᠮᠵᠢᠬᠦ ᠵᠡᠷᠭᠡ ᠠᠷᠭ᠎ᠠ ᠪᠠᠷ ᠳᠠᠮᠵᠢᠨ᠂ ᠭᠠᠷᠴᠠᠭ ᠲᠠᠬᠢ ᠪᠣᠬᠢᠷᠳᠤᠯ ᠦᠭᠡᠢ ᠮᠡᠷᠭᠡᠵᠢᠯ ᠤᠨ ᠬᠡᠷᠡᠭᠯᠡᠭᠡᠨ ᠤ ᠲᠤᠬᠠᠢ ᠪᠡᠯᠡ ᠬᠤᠷᠠᠮᠳᠤᠭᠤᠯᠭ᠎ᠠ ᠶᠢ ᠴᠢᠩᠭᠠᠳᠬᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号