1 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ | ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠦᠴᠦᠸᠠᠨ ᠰᠢᠶᠠᠨ ᠤ 2025 | ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯᠳᠠᠯᠭ᠎ᠠ ᠲᠠᠢ ᠬᠠᠷᠠᠯᠲᠠ ᠡᠭᠦᠷᠭᠡ ᠶᠢᠨ ᠵᠠᠳᠠᠯᠤᠯᠲᠠ︾ | ︵ᠬᠢᠨᠠᠨ ᠵᠥᠪᠯᠡᠬᠦ ᠨᠣᠣᠷᠠᠭ︶ ᠶᠢ ᠬᠢᠨᠠᠨ ᠵᠥᠪᠯᠡᠵᠦ᠂ ᠦᠴᠦᠸᠠᠨ ᠰᠢᠶᠠᠨ ᠤ 2025 ᠣᠨ ᠤ ᠨᠢᠭᠡᠳᠦᠭᠡᠷ | ᠤᠯᠠᠷᠢᠯ ᠤᠨ ᠠᠵᠢᠯ ᠤᠨ ᠲᠣᠬᠢᠷᠠᠭᠤᠯᠤᠯᠲᠠ ᠪᠣᠯᠣᠨ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ 2025 ᠣᠨ ᠤ ᠵᠠᠰᠠᠭ ᠤᠨ | ᠣᠷᠳᠣᠨ ᠤ ᠠᠵᠢᠯ ᠳᠤ ᠶᠡᠷᠦᠩᠬᠡᠢ ᠲᠣᠬᠢᠷᠠᠭᠤᠯᠤᠯᠲᠠ ᠪᠠ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠡᠯ᠎ᠡ | ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ | ᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠡᠯ᠎ᠡ ᠵᠦᠢᠯ ᠤᠨ | ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠣᠨ ᠤ ᠬᠠᠷᠠᠯᠲᠠ | ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠨᠢᠭᠲᠠ ᠬᠠᠮᠵᠢᠯᠴᠠᠨ ᠬᠠᠮᠲᠤᠷᠠᠯᠴᠠᠵᠤ᠂ | ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯ᠎ᠡ ᠲᠦᠷᠦᠭᠦᠯᠡᠬᠦ ᠨᠢᠭᠡᠴᠢ ᠲᠦᠷᠦᠭᠦᠯᠡᠨ | ᠶᠡᠷᠦᠩᠬᠡᠶᠢᠯᠡᠨ ᠠᠳᠬᠤᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠨᠢᠭᠡᠳᠦᠯᠲᠡᠢ ᠲᠥᠯᠥᠪᠯᠡᠨ ᠠᠬᠢᠭᠤᠯᠬᠤ᠂ | ᠰᠢᠮᠳᠠᠭᠤᠯᠤᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠬᠠᠷᠠᠯᠲᠠ ᠪᠠᠷ | ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠠᠬᠢ ᠭᠤᠣᠯ ᠠᠵᠢᠯ ᠤᠨ ᠬᠠᠷᠠᠯᠲᠠ ᠡᠭᠦᠷᠭᠡ ᠶᠢ ᠣᠨ ᠤ ᠬᠠᠷᠠᠯᠲᠠᠲᠤ | ᠬᠠᠮᠢᠶᠠᠷᠤᠯᠲᠠ ᠶᠢᠨ ᠰᠢᠯᠭᠠᠨ ᠬᠢᠨᠠᠬᠤ ᠰᠢᠰᠲ᠋ᠧᠮ ᠳᠤ ᠣᠷᠣᠭᠤᠯᠵᠤ᠂ ᠣᠨ ᠤ ᠰᠢᠮᠳᠠᠭᠤᠯᠤᠨ ᠪᠠᠶᠢᠴᠠᠭᠠᠬᠤ | ᠭᠤᠣᠯᠳᠠᠯᠭ᠎ᠠ ᠳᠤ ᠣᠷᠣᠭᠤᠯᠤᠨ᠂ ᠨᠢᠭᠡ ᠤᠯᠠᠷᠢᠯ ᠳᠤ ᠨᠢᠭᠡ ᠰᠢᠮᠳᠠᠭᠤᠯᠤᠨ ᠭᠦᠢᠴᠡᠳᠬᠡᠵᠦ ᠨᠢᠭᠡ ᠵᠠᠷᠯᠠᠨ | ᠮᠡᠳᠡᠭᠳᠡᠬᠦ ᠶᠢ ᠬᠡᠷᠡᠭᠵᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ | ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠤᠨ ︽ᠰᠠᠶᠢᠨ ᠡᠬᠢᠯᠡᠯᠲᠡ︾ ᠶᠢ | ᠪᠡᠶᠡᠯᠡᠭᠦᠯᠬᠦ ᠨᠢ ᠪᠦᠬᠦ ᠵᠢᠯ ᠤᠨ ᠠᠵᠢᠯ ᠤᠨ ᠶᠡᠭᠡ ᠲᠠᠯ᠎ᠠ ᠲᠠᠢ ᠬᠤᠯᠪᠣᠭᠳᠠᠨ᠎ᠠ᠂ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠪᠦᠬᠦ ᠬᠦᠴᠦᠨ ᠢᠶᠠᠷ ᠢᠶᠠᠨ ᠲᠦᠷᠦᠯ ᠵᠦᠢᠯ ᠭᠠᠷᠭᠠᠵᠤ᠂ ᠪᠡᠯᠡ ᠣᠷᠣᠭᠤᠯᠤᠯᠲᠠ ᠶᠢ ᠠᠬᠢᠭᠤᠯᠵᠤ᠂ | 2025 ᠣᠨ ᠳᠤ ᠪᠠᠶᠢᠭᠤᠯᠵᠤ ᠪᠠᠶᠢᠭ᠎ᠠ ᠲᠦᠷᠦᠯ ᠵᠦᠢᠯ ᠵᠢᠴᠢ ᠰᠢᠨ᠎ᠡ ᠪᠠᠷ ᠠᠵᠢᠯ ᠡᠬᠢᠯᠡᠭᠦᠯᠬᠦ ᠲᠦᠷᠦᠯ ᠵᠦᠢᠯ ᠢ | ᠴᠢᠩᠭ᠎ᠠ ᠠᠩᠬᠠᠷᠴᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ᠲᠦᠷᠦᠯ ᠵᠦᠢᠯ ᠤᠨ ᠠᠵᠤ ᠠᠬᠤᠶᠢᠯᠠᠯ ᠤᠨ ᠪᠠᠶᠠᠷ ᠤᠨ ᠳᠠᠷᠠᠭᠠᠬᠢ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠲᠥᠰᠥᠯ ᠢ ᠤᠷᠢᠳᠴᠢᠯᠠᠨ ᠰᠠᠶᠢᠲᠤᠷ ᠲᠣᠭᠲᠠᠭᠠᠵᠤ᠂ ᠨᠢᠭᠡᠳᠦᠭᠡᠷ | ᠤᠯᠠᠷᠢᠯ ᠳᠤ ᠨᠡᠩ ᠤᠯᠠᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠨᠡᠩ ᠤᠯᠠᠨ ᠪᠣᠳᠠᠲᠤ ᠴᠣᠭᠴᠠ ᠶᠢ | ᠪᠦᠷᠢᠯᠳᠦᠭᠦᠯᠵᠦ᠂ ᠪᠦᠬᠦ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠰᠠᠭᠤᠷᠢ | ᠲᠠᠯᠪᠢᠬᠤ ᠬᠡᠷᠡᠭᠲᠡᠢ᠃ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠠᠵᠤ ᠠᠬᠤᠢ ᠶᠢᠨ ᠠᠵᠢᠯᠯᠠᠭᠠᠨ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ | ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠲᠥᠷᠥᠯ ᠵᠦᠢᠯ ᠤᠨ ᠲᠣᠬᠢᠷᠠᠭᠤᠯᠤᠯᠲᠠ ᠶᠢ | ᠴᠢᠩᠭᠠᠳᠬᠠᠨ᠂ ᠠᠵᠢᠯ ᠤᠨ ᠪᠠᠲᠤᠯᠠᠭ᠎ᠠ ᠶᠢ ᠴᠢᠩᠭᠠᠷᠠᠭᠤᠯᠵᠤ᠂ ᠣᠨ ᠤ ︽ᠰᠠᠶᠢᠨ ᠡᠬᠢᠯᠡᠯᠲᠡ︾ ᠶᠢ ᠤᠷᠤᠭᠰᠢᠲᠠᠢ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠬᠢᠨ ᠦᠢᠯᠡᠴᠢᠯᠡᠭᠡᠨ ᠤ | ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠨᠠᠷᠢᠨ | ᠨᠢᠭᠲᠠ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ | ᠠᠵᠤ ᠠᠬᠤᠶᠢᠯᠠᠯ ᠤᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠠᠵᠤ | ᠠᠬᠤᠶᠢᠯᠠᠯ ᠤᠨ ᠦᠢᠯᠡᠴᠢᠯᠡᠭᠡᠨ ᠤ ᠠᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠠᠵᠤ ᠠᠬᠤᠶᠢᠯᠠᠯ ᠤᠨ | ᠬᠥᠭᠵᠢᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠬᠦ ᠰᠢᠶᠠᠨ ᠢᠶᠠᠷ ᠢᠶᠠᠨ ᠠᠮᠤᠷ ᠲᠦᠪᠰᠢᠨ ᠢ ᠠᠳᠬᠤᠬᠤ ᠪᠣᠯ ᠳᠠᠷᠤᠢ ᠬᠥᠭᠵᠢᠯᠲᠡ ᠶᠢ | ᠠᠳᠬᠤᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠶᠡᠭᠡ ᠲᠠᠯ᠎ᠠ ᠶᠢ ᠪᠠᠲᠤᠯᠠᠬᠤ ᠤᠬᠠᠮᠰᠠᠷ ᠢ ᠪᠠᠲᠤ ᠪᠤᠢ | ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠵᠤ᠂ ᠠᠷᠠᠳ ᠤᠯᠠᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠴᠠᠭᠠᠨ ᠰᠠᠷ᠎ᠠ ᠣᠶᠢᠷᠠᠳᠴᠤ ᠪᠠᠶᠢᠭ᠎ᠠ ᠦᠶ᠎ᠡ ᠳᠤ᠂ | ᠵᠠᠮ ᠬᠠᠷᠢᠯᠴᠠᠭᠠᠨ ᠤ ᠠᠮᠤᠷ ᠲᠦᠪᠰᠢᠨ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠬᠤᠷᠳᠤᠴᠠ ᠪᠠ ᠬᠥᠮᠦᠨ ᠤ | ᠲᠤᠭ᠎ᠠ ᠬᠡᠲᠦᠷᠡᠬᠦ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ᠂ ᠠᠷᠢᠬᠢ ᠤᠤᠭᠤᠵᠤ ᠲᠡᠷᠭᠡ ᠵᠢᠯᠤᠭᠤᠳᠬᠤ | ᠪᠠ ᠰᠣᠭᠲᠣᠭᠤ ᠪᠠᠷ ᠲᠡᠷᠭᠡ ᠵᠢᠯᠤᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠭᠠᠯ ᠤᠨᠲᠠᠷᠠᠭᠠᠬᠤ ᠠᠮᠤᠷ ᠲᠦᠪᠰᠢᠨ ᠢ ᠭᠤᠣᠯᠳᠠᠯᠭ᠎ᠠ ᠲᠠᠢ | ᠰᠠᠶᠢᠲᠤᠷ ᠠᠳᠬᠤᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠪᠠ | ᠴᠠᠬᠢᠯᠭᠠᠨ ᠬᠤᠷᠢᠶᠠᠭᠤᠷ ᠲᠡᠷᠭᠡ ᠶᠢᠨ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ᠂ ᠠᠮᠢ ᠵᠢᠭᠤᠲᠠᠬᠤ ᠵᠠᠮ ᠢ | ᠪᠥᠭᠯᠡᠬᠦ ᠵᠡᠷᠭᠡ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠢ᠃ ᠬᠠᠮᠲᠤᠷᠠᠨ ᠬᠠᠤᠯᠢ | ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠪᠠ ᠬᠤᠸᠠᠷ ᠫᠤᠤᠵᠢᠩ | ᠲᠡᠭᠡᠭᠡᠪᠦᠷᠢᠯᠡᠬᠦ᠂ ᠬᠠᠳᠠᠭᠠᠯᠠᠬᠤ ᠵᠡᠷᠭᠡ ᠵᠠᠩᠭᠢᠯᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠵᠦᠪᠰᠢᠶᠡᠷᠡᠯ ᠤᠨ ᠪᠢᠴᠢᠭ ᠦᠭᠡᠢ ᠦᠨᠡᠮᠯᠡᠯ ᠦᠭᠡᠢ ᠵᠡᠷᠭᠡ ᠬᠠᠤᠯᠢ ᠪᠤᠰᠤ ᠡᠵᠡᠩᠨᠡᠯᠲᠡ ᠶᠢᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠡᠯ᠎ᠡ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ | ᠮᠥᠴᠢᠷ ᠤᠳ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ | ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ | ᠬᠠᠷᠢᠭᠤᠴᠠᠯᠭ᠎ᠠ ᠨᠡᠬᠡᠮᠵᠢᠯᠡᠬᠦ︾ ᠳᠦᠷᠢᠮ ᠢ ᠴᠢᠩᠭ᠎ᠠ ᠬᠡᠷᠡᠭᠵᠢᠭᠦᠯᠵᠦ᠂ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ | ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠠᠶᠤᠯᠭᠦᠢ | ᠦᠢᠯᠡᠳᠪᠦᠷᠢᠯᠡᠯ ᠤᠨ ᠵᠢᠵᠢᠭᠦᠷᠯᠡᠨ ᠰᠠᠬᠢᠬᠤ ᠶᠢ ᠦᠨᠡᠨᠬᠦ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠨ | ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠠᠶᠤᠯᠭᠦᠢ | ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨᠬᠦ | ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠳᠡᠭᠡᠳᠦ ᠬᠡᠮᠵᠢᠶᠡᠨ ᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ | ᠠᠵᠢᠯᠯᠠᠭ᠎ᠠ ᠶᠢᠨ ᠤᠬᠠᠮᠰᠠᠷ ᠢᠶᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠠᠳᠬᠤᠵᠤ᠂ | ᠮᠥᠷᠥᠨ ᠳᠡᠭᠡᠷ᠎ᠡ ᠪᠠᠨ ᠡᠭᠦᠷᠭᠡᠯᠡᠵᠦ᠂ ᠴᠢᠨᠠᠭᠰᠢᠳᠠ ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠦᠷᠢᠯᠡᠵᠦ᠂ | ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ | ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠴᠢᠨᠠᠷ ᠰᠠᠶᠢᠲᠠᠢ ᠠᠮᠢ ᠠᠬᠤᠢ ᠣᠷᠴᠢᠨ | ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠴᠠᠭᠠᠨ ᠰᠠᠷ᠎ᠠ ᠣᠶᠢᠷᠠᠳᠴᠤ ᠪᠠᠶᠢᠭ᠎ᠠ ᠦᠶ᠎ᠡ ᠳᠤ᠂ ᠡᠯ᠎ᠡ ᠰᠢᠶᠠᠩ ᠪᠠᠯᠭᠠᠰᠤ᠂ ᠰᠠᠯᠠᠭ᠎ᠠ | ᠮᠥᠴᠢᠷ ᠤᠨ ᠬᠢᠨ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠬᠤ ᠠᠵᠢᠯ ᠢ ᠰᠠᠶᠢᠲᠤᠷ ᠬᠢᠵᠦ᠂ ᠬᠦᠴᠢᠷᠳᠡᠯᠲᠡᠢ | ᠤᠯᠠᠨ ᠲᠦᠮᠡᠨ ᠢ ᠬᠠᠪᠰᠤᠷᠤᠨ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠵᠦ᠂ | ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ︵ᠰᠤᠷᠪᠤᠯᠵᠢᠯᠠᠭᠴᠢ᠄ ᠯᠢᠦᠢ ᠫᠢᠩ ᠫᠢᠩ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |