ᠵᠠᠮ ᠲᠡᠭᠡᠭᠡᠪᠦᠷᠢ ᠶᠢᠨ ᠲᠣᠪᠴᠢᠶ᠎ᠠ
ᠨᠡᠶᠢᠲᠡᠯᠡᠭᠰᠡᠨ ᠴᠠᠭ᠄
2025/1/23
   ᠨᠢᠭᠡ᠂ ᠡᠭᠦᠷᠭᠡ ᠴᠢᠳᠠᠪᠤᠷᠢ ᠶᠢ ᠲᠣᠬᠢᠷᠠᠭᠤᠯᠬᠤ᠂ ᠳᠣᠲᠣᠭᠠᠳᠤ ᠪᠠᠶᠢᠭᠤᠯᠤᠮᠵᠢ ᠪᠣᠯᠣᠨ ᠠᠵᠢᠯᠲᠠᠨ ᠤ ᠣᠷᠣᠨ ᠲᠣᠭᠠᠨ ᠤ ᠲᠤᠬᠠᠢ ᠲᠣᠭᠲᠠᠭᠠᠯ    ᠨᠢᠭᠡᠳᠦᠭᠡᠷ ᠵᠦᠢᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃    ᠬᠤᠶᠠᠳᠤᠭᠠᠷ ᠵᠦᠢᠯ ᠦᠴᠦᠸᠠᠨ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ ᠪᠣᠯ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠳᠡᠰ ᠪᠣᠯᠣᠨ᠎ᠠ᠃    ᠭᠤᠷᠪᠠᠳᠤᠭᠠᠷ ᠵᠦᠢᠯ ᠦᠴᠦᠸᠠᠨ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠵᠢᠴᠢ ᠰᠢᠶᠠᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄    ︵ᠨᠢᠭᠡ︶ ᠪᠦᠬᠦ ᠰᠢᠶᠠᠨ ᠤ ᠵᠠᠰᠠᠮᠠᠯ ᠵᠠᠮ ᠤᠨ ᠬᠠᠮᠢᠶ᠎ᠠ ᠪᠦᠬᠦᠢ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠵᠤ᠂ ᠪᠦᠬᠦ ᠰᠢᠶᠠᠨ ᠤ ᠵᠠᠰᠠᠮᠠᠯ ᠵᠠᠮ ᠢ ᠬᠠᠮᠠᠭᠠᠯᠠᠬᠤ ᠬᠠᠮᠢᠶ᠎ᠠ ᠪᠦᠬᠦᠢ ᠳᠦᠷᠢᠮ᠂ ᠬᠡᠷᠡᠭᠵᠢᠭᠦᠯᠬᠦ ᠲᠥᠰᠥᠯ ᠢ ᠲᠣᠭᠲᠠᠭᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠬᠠᠮᠢᠶ᠎ᠠ ᠪᠦᠬᠦᠢ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃    ︵ᠬᠤᠶᠠᠷ︶ ᠪᠦᠬᠦ ᠰᠢᠶᠠᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠤᠭᠤᠳᠴᠤ᠂ ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠪᠡᠯᠡ ᠮᠥᠩᠭᠦ ᠵᠢᠴᠢ ᠡᠳ᠋ ᠤᠨ ᠵᠠᠰᠠᠭ᠂ ᠭᠠᠵᠠᠷ ᠰᠢᠷᠣᠢ᠂ ᠦᠨ᠎ᠡ ᠬᠠᠩᠰᠢ᠂ ᠪᠡᠯᠡ ᠲᠣᠬᠢᠷᠠᠭᠤᠯᠭ᠎ᠠ ᠵᠡᠷᠭᠡ ᠲᠠᠯ᠎ᠠ ᠳᠤ ᠬᠤᠯᠪᠣᠭᠳᠠᠬᠤ ᠪᠤᠰᠤᠳ ᠰᠠᠨᠠᠭᠤᠯᠭ᠎ᠠ ᠶᠢ ᠳᠤᠷᠠᠳᠴᠤ᠂ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠭᠤᠷᠪᠠ︶ ᠪᠦᠬᠦ ᠰᠢᠶᠠᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠬᠡᠮᠵᠢᠶ᠎ᠡ ᠠᠴᠠ ᠬᠡᠲᠦᠷᠡᠭᠰᠡᠨ ᠲᠡᠭᠡᠭᠡᠪᠦᠷᠢ ᠶᠢᠨ ᠵᠠᠮ ᠳᠤ ᠬᠤᠯᠪᠣᠭᠳᠠᠬᠤ ᠪᠠᠷᠢᠯᠭ᠎ᠠ ᠶᠢᠨ ᠬᠠᠮᠢᠶ᠎ᠠ ᠪᠦᠬᠦᠢ ᠵᠦᠢᠯᠡᠰ ᠢ ᠬᠠᠮᠢᠶᠠᠷᠴᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ ᠶᠠᠪᠤᠳᠠᠯ᠂ ᠡᠵᠡᠩᠨᠡᠯᠲᠡ ᠶᠢᠨ ᠦᠢᠯᠡᠴᠢᠯᠡᠭᠡ ᠵᠡᠷᠭᠡ ᠠᠵᠢᠯ ᠢ ᠵᠢᠯᠣᠭᠤᠳᠤᠨ᠎ᠠ᠃ ᠵᠠᠰᠠᠮᠠᠯ ᠵᠠᠮ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠵᠠᠮ ᠤᠨ ᠲᠣᠣᠷ ᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃    ︵ᠳᠥᠷᠪᠡ︶ ᠪᠦᠬᠦ ᠰᠢᠶᠠᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠶᠢᠭᠤᠯᠤᠭᠰᠠᠨ ᠦᠨ᠎ᠡ ᠶᠢᠨ ᠲᠤᠭ᠎ᠠ ᠨᠣᠷᠮ᠎ᠠ ᠶᠢ ᠲᠣᠭᠲᠠᠭᠠᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠬᠡᠮ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠲᠠᠪᠤ︶ ᠪᠦᠬᠦ ᠰᠢᠶᠠᠨ ᠤ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ᠂ ᠵᠢᠭᠡᠯᠡᠯᠭᠡ ᠵᠢᠭᠡᠯᠡᠭᠦᠯᠬᠦ ᠲᠡᠭᠡᠭᠡᠪᠦᠷᠢ᠂ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠡᠵᠡᠩᠨᠡᠯᠲᠡ᠂ ᠮᠠᠰᠢᠨᠲᠤ ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠨᠠᠷ ᠴᠢᠳᠠᠮᠵᠢ ᠶᠢ ᠪᠠᠶᠢᠴᠠᠭᠠᠨ ᠬᠡᠮᠵᠢᠬᠦ᠂ ᠮᠠᠰᠢᠨᠲᠤ ᠲᠡᠷᠭᠡᠨ ᠤ ᠵᠢᠯᠣᠭᠤᠴᠢ ᠶᠢᠨ ᠪᠣᠯᠪᠠᠰᠤᠷᠠᠯ᠂ ᠠᠵᠢᠯᠯᠠᠭᠰᠠᠳ ᠢ ᠬᠠᠮᠢᠶᠠᠷᠬᠤ ᠵᠡᠷᠭᠡ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠣᠯᠠᠨ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶ᠎ᠡ ᠪᠠᠷ ᠲᠡᠷᠭᠡ ᠪᠣᠯᠵᠣᠬᠤ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠯᠣᠭᠤᠳᠤᠨ᠎ᠠ᠃ ᠣᠩᠭᠤᠴᠠ ᠰᠠᠯ ᠳᠠᠩᠰᠠᠯᠠᠬᠤ᠂ ᠰᠢᠯᠭᠠᠨ ᠪᠠᠶᠢᠴᠠᠭᠠᠬᠤ ᠪᠠ ᠣᠩᠭᠤᠴᠠᠨ ᠤ ᠬᠠᠮᠢᠶᠠᠷᠤᠯᠲᠠ ᠶᠢ ᠵᠢᠯᠤᠭᠤᠳᠴᠤ᠂ ᠵᠢᠭᠠᠰᠤᠨ ᠣᠩᠭᠤᠴᠠ ᠶᠢ ᠰᠢᠯᠭᠠᠨ ᠪᠠᠶᠢᠴᠠᠭᠠᠬᠤ ᠶᠢᠨ ᠬᠠᠮᠲᠤ ᠡᠷᠬᠡ ᠮᠡᠳᠡᠯ ᠤᠨ ᠬᠡᠪᠴᠢᠶᠡᠨ ᠳᠣᠲᠣᠷ᠎ᠠ ᠬᠢᠨᠠᠨ ᠬᠠᠮᠢᠶᠠᠷᠤᠨ᠎ᠠ᠃    ︵ᠵᠢᠷᠭᠤᠭ᠎ᠠ︶ ᠪᠦᠬᠦ ᠰᠢᠶᠠᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠬᠠᠤᠯᠢ ᠶᠣᠰᠣᠭᠠᠷ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠨ᠎ᠠ᠃ ᠵᠠᠰᠠᠮᠠᠯ ᠵᠠᠮ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠣᠯᠣᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ᠂ ᠪᠠᠴᠢᠮ ᠶᠠᠭᠠᠷᠠᠯᠲᠠᠢ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃    ︵ᠳᠤᠯᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠵᠠᠰᠠᠮᠠᠯ ᠵᠠᠮ ᠤᠰᠤᠨ ᠵᠠᠮ ᠤᠨ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ᠂ ᠵᠠᠰᠠᠭ ᠵᠠᠬᠢᠷᠭᠠᠨ ᠤ ᠠᠯᠪᠠᠳᠠᠨ ᠬᠡᠷᠡᠭᠵᠢᠭᠦᠯᠬᠦ᠂ ᠪᠤᠰᠤᠳ ᠵᠠᠰᠠᠭ ᠵᠠᠬᠢᠷᠭᠠᠨ ᠤ ᠡᠷᠬᠡ ᠵᠡᠷᠭᠡ ᠵᠠᠰᠠᠭ ᠵᠠᠬᠢᠷᠭᠠᠨ ᠤ ᠵᠦᠢᠯᠡᠰ ᠢ ᠡᠭᠦᠷᠭᠡᠯᠡᠨ᠎ᠡ᠃ ᠪᠥᠬᠦ ᠰᠢᠶᠠᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠤᠭᠤᠳᠬᠤ ᠶᠢ ᠡᠭᠦᠷᠭᠡᠯᠡᠵᠦ᠂ ᠬᠦᠨᠳᠦ ᠶᠡᠭᠡ ᠬᠡᠷᠡᠭ ᠢ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠬᠠᠷᠢᠶᠠᠯᠠᠯ ᠢ ᠵᠢᠭᠠᠨ ᠲᠣᠭᠲᠠᠭᠠᠭᠰᠠᠨ ᠬᠡᠷᠡᠭ ᠢ ᠳᠠᠭᠠᠭᠠᠨ ᠰᠢᠢᠳᠪᠦᠷᠢᠯᠡᠨ᠎ᠡ᠃    ︵ᠨᠠᠢᠮᠠ︶ ᠪᠦᠬᠦ ᠰᠢᠶᠠᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠦᠷᠦᠯ ᠤᠨ ᠣᠷᠴᠢᠨ ᠲᠣᠭᠤᠷᠢᠨ ᠤ ᠬᠠᠮᠠᠭᠠᠯᠠᠯᠲᠠ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠵᠢᠯᠣᠭᠤᠳᠤᠨ᠎ᠠ᠃    ︵ᠶᠢᠰᠦ︶ ᠪᠥᠬᠦ ᠰᠢᠶᠠᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠳᠡᠯᠭᠡᠷᠡᠭᠦᠯᠬᠦ ᠶᠢ ᠵᠢᠯᠤᠭᠤᠳᠴᠤ᠂ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ ᠶᠢᠨ ᠠᠵᠢᠯ ᠢ ᠵᠢᠯᠣᠭᠤᠳᠤᠨ᠎ᠠ᠃    ︵ᠠᠷᠪᠠ︶ ᠪᠦᠬᠦ ᠰᠢᠶᠠᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ ᠠᠵᠢᠯ ᠪᠠ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃    ︵ᠠᠷᠪᠠᠨ ᠨᠢᠭᠡ︶ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠬᠤᠶᠠᠷ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃    ︵ᠠᠷᠪᠠᠨ ᠭᠤᠷᠪᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃    1. ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠦᠴᠦᠸᠠᠨ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠵᠤ᠂ ᠪᠠᠷᠢᠯᠭ᠎ᠠ ᠶᠢᠨ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠶᠢᠨ ᠠᠵᠢᠯ ᠲᠥᠷᠥᠯ ᠤᠨ ᠬᠢᠨᠠᠨ ᠪᠠᠶᠢᠴᠠᠭᠠᠭᠰᠠᠨ ᠰᠠᠨᠠᠯ ᠢ ᠳᠤᠷᠠᠳᠤᠨ᠎ᠠ᠃    2. ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠠᠵᠢᠯ ᠶᠠᠪᠤᠳᠠᠯ ᠤᠨ ᠡᠷᠬᠡ ᠪᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ᠃ ᠦᠴᠦᠸᠠᠨ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠬᠠᠮᠢᠶᠠᠷᠤᠯᠲᠠ ᠶᠢ ᠬᠠᠷᠢᠭᠤᠴᠠᠨ ᠵᠢᠯᠤᠭᠤᠳᠴᠤ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶ᠎ᠠ ᠪᠦᠬᠦᠢ ᠪᠡᠯᠡᠳᠬᠡᠮᠵᠢ ᠶᠢᠨ ᠲᠥᠯᠦᠪᠵᠢᠭᠦᠯᠭᠡ ᠪᠠ ᠬᠠᠮᠢᠶᠠᠷᠤᠯᠲᠠ ᠶᠢᠨ ᠠᠵᠢᠯ ᠳᠤ ᠣᠷᠣᠯᠴᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃    3. ᠬᠥᠳᠡᠭᠡ ᠲᠣᠰᠬᠤᠨ ᠤ ᠵᠠᠰᠠᠮᠠᠯ ᠵᠠᠮ ᠢ ᠪᠦᠲᠦᠭᠡᠨ ᠪᠠᠶᠢᠭᠤᠯᠬᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯ ᠲᠤᠰ ᠭᠠᠵᠠᠷ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠪᠠᠶᠢᠵᠤ᠂ ᠲᠤᠰ ᠭᠠᠵᠠᠷ ᠣᠷᠣᠨ ᠤ ᠪᠣᠳᠠᠲᠠᠢ ᠳᠤ ᠨᠡᠶᠢᠴᠡᠬᠦ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠯ ᠢ ᠬᠠᠷᠢᠭᠤᠴᠠᠨ ᠪᠠᠶᠢᠭᠤᠯᠵᠤ᠂ ᠲᠤᠰ ᠭᠠᠵᠠᠷ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢ ᠬᠤᠷᠠᠮᠳᠤᠭᠤᠯᠬᠤ ᠳᠤ ᠭᠤᠣᠯ ᠬᠠᠷᠢᠭᠤᠴᠠᠯᠭ᠎ᠠ ᠶᠢ ᠡᠭᠦᠷᠭᠡᠯᠡᠨ᠎ᠡ᠃ ᠦᠴᠦᠸᠠᠨ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠪᠠ ᠠᠷᠠᠴᠢᠯᠠᠨ ᠬᠠᠮᠠᠭᠠᠯᠠᠬᠤ ᠠᠵᠢᠯ ᠢ ᠬᠠᠷᠢᠭᠤᠴᠠᠨ ᠵᠢᠯᠣᠭᠤᠳᠤᠨ᠎ᠠ᠃    4. ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠵᠢᠭᠠᠰᠤᠨ ᠤ ᠭᠠᠷᠠᠮ ᠤᠨ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠷᠤᠯᠳᠤᠭᠠᠨ ᠳᠤ ᠣᠷᠣᠯᠴᠠᠭᠰᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠩᠭᠤᠴᠠ ᠰᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠪᠤᠰᠤᠳ ᠣᠩᠭᠤᠴᠠ ᠰᠠᠯ ᠵᠢᠴᠢ ᠵᠥᠪᠰᠢᠶᠡᠷᠡᠭᠦᠯᠦᠭᠡᠳ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠡᠷᠬᠢᠯᠡᠵᠦ ᠪᠠᠶᠢᠭ᠎ᠠ ᠵᠢᠭᠠᠰᠤ ᠠᠩᠨᠠᠬᠤ ᠣᠩᠭᠤᠴᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠣᠯᠣᠨ ᠠᠶᠠᠯᠠᠯ ᠨᠡᠪᠲᠡᠷᠡᠬᠦ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠣᠩᠭᠤᠴᠠ ᠰᠠᠯ ᠦᠢᠯᠡᠳᠬᠦ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠰᠢᠶᠠᠩ ᠪᠠᠯᠭᠠᠰᠤᠨ ᠤ ᠲᠡᠭᠡᠭᠡᠪᠦᠷᠢ ᠶᠢᠨ ᠪᠤᠰᠤ ᠣᠩᠭᠤᠴᠠ ᠰᠠᠯ ᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠰᠢᠶᠠᠩ ᠪᠠᠯᠭᠠᠰᠤᠨ ᠤ ᠲᠡᠭᠡᠭᠡᠪᠦᠷᠢ ᠶᠢᠨ ᠣᠩᠭᠤᠴᠠ ᠰᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠬᠤᠲᠠ ᠶᠢᠨ ᠴᠡᠴᠡᠷᠯᠢᠭ ᠤᠨ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠬᠢᠨᠠᠯᠲᠠ ᠲᠠᠯᠪᠢᠨ ᠵᠢᠯᠤᠭᠤᠳᠬᠤ ᠶᠢ ᠬᠠᠷᠢᠭᠤᠴᠠᠨ᠎ᠠ᠃    5. ᠭᠤᠣᠯ ᠤᠨ ᠵᠠᠮ ᠤᠨ ᠡᠯᠡᠰᠦ ᠮᠠᠯᠲᠠᠬᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠭᠤᠣᠯ ᠤᠨ ᠵᠠᠮ ᠤᠨ ᠡᠯᠡᠰᠦ ᠮᠠᠯᠲᠠᠬᠤ ᠠᠮᠤᠷ ᠲᠦᠪᠰᠢᠨ ᠢ ᠨᠥᠯᠥᠭᠡᠯᠡᠬᠦ ᠬᠠᠮᠢᠶᠠᠷᠤᠯᠲᠠ ᠶᠢ ᠬᠠᠷᠢᠭᠤᠴᠠᠵᠤ᠂ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠨᠢ ᠭᠤᠣᠯ ᠤᠨ ᠵᠠᠮ ᠤᠨ ᠡᠯᠡᠰᠦ ᠮᠠᠯᠲᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠭᠤᠣᠯ ᠤᠨ ᠵᠠᠮ ᠤᠨ ᠡᠯᠡᠰᠦ ᠮᠠᠯᠲᠠᠬᠤ ᠲᠥᠯᠦᠪᠵᠢᠭᠦᠯᠭᠡ ᠪᠠ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ ᠵᠢᠯᠣᠭᠤᠳᠤᠨ᠎ᠠ᠃    ᠳᠥᠷᠪᠡᠳᠦᠭᠡᠷ ᠵᠦᠢᠯ ᠦᠴᠦᠸᠠᠨ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠲᠣᠬᠢᠷᠠᠭᠤᠯᠪᠠ᠄    ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠴᠢᠬᠤᠯᠠ ᠶᠡᠭᠡ ᠮᠡᠳᠡᠭᠦᠯᠦᠯᠲᠡ ᠪᠠ ᠶᠡᠷᠦᠩᠬᠡᠶᠢᠯᠡᠭᠰᠡᠨ ᠴᠢᠨᠠᠷᠲᠠᠢ ᠪᠢᠴᠢᠭ ᠮᠠᠲ᠋ᠧᠷᠢᠶᠠᠯ ᠲᠤᠭᠤᠷᠪᠢᠬᠤ᠂ ᠬᠤᠷᠠᠯ ᠤᠨ ᠶᠠᠪᠤᠳᠠᠯ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠲᠠᠩᠰᠠ ᠡᠪᠬᠡᠮᠡᠯ᠂ ᠵᠠᠰᠠᠭ ᠤᠨ ᠶᠠᠪᠤᠳᠠᠯ ᠢ ᠰᠢᠮᠳᠠᠭᠤᠯᠤᠨ ᠭᠦᠢᠴᠡᠳᠬᠡᠬᠦ ᠶᠢ ᠬᠠᠷᠢᠭᠤᠴᠠᠵᠤ᠂ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠠᠵᠢᠯ ᠲᠥᠷᠥᠯ ᠤᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠵᠢᠯᠤᠭᠤᠳᠴᠤ᠂ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃    ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠣᠯᠪᠠᠰᠤᠷᠠᠭᠤᠯᠤᠯ ᠬᠥᠮᠦᠵᠢᠯ᠂ ᠣᠨ ᠤ ᠬᠢᠨᠠᠨ ᠰᠢᠯᠭᠠᠯᠲᠠ᠂ ᠭᠠᠳᠠᠭᠠᠳᠤ ︵ᠬᠢᠯᠢ︶ ᠳᠤ ᠭᠠᠷᠬᠤ ᠶᠢ ᠬᠠᠮᠢᠶᠠᠷᠬᠤ ᠵᠡᠷᠭᠡ ᠠᠵᠢᠯ ᠢ ᠬᠠᠷᠢᠭᠤᠴᠠᠬᠤ ᠶᠢᠨ ᠬᠠᠮᠲᠤ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠬᠠᠮᠢᠶ᠎ᠠ ᠪᠦᠬᠦᠢ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ ᠲᠤᠰᠬᠠᠢ ᠮᠡᠷᠭᠡᠵᠢᠯ ᠤᠨ ᠲᠤᠰᠢᠶᠠᠯ ᠲᠣᠭᠲᠠᠭᠠᠵᠤ ᠤᠷᠢᠬᠤ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠪᠠᠷ ᠭᠤᠶᠤᠴᠢᠯᠠᠨ ᠮᠡᠳᠡᠭᠦᠯᠬᠦ ᠠᠵᠢᠯ ᠢ ᠬᠠᠷᠢᠭᠤᠴᠠᠵᠤ᠂ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠪᠦᠬᠦ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ᠂ ᠥᠭᠡᠷᠡᠴᠢᠯᠡᠯᠲᠡ ᠶᠢ ᠵᠣᠬᠢᠴᠠᠭᠤᠯᠬᠤ ᠠᠵᠢᠯ ᠢ ᠡᠭᠦᠷᠭᠡᠯᠡᠵᠦ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠵᠣᠬᠢᠴᠠᠭᠤᠯᠤᠨ᠎ᠠ᠃    ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠴᠠᠯᠢᠩ ᠨᠡᠶᠢᠭᠡᠮ ᠤᠨ ᠪᠠᠲᠤᠯᠠᠭ᠎ᠠ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ᠂ ᠪᠠᠩᠬᠢ ᠶᠢᠨ ᠢᠲᠡᠭᠡᠮᠵᠢᠲᠦ ᠵᠢᠭᠡᠯᠡᠯᠭᠡ᠂ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ ᠰᠡᠷᠭᠡᠶᠢᠯᠡᠬᠦ ᠪᠠ ᠠᠷᠢᠯᠭᠠᠬᠤ ᠵᠡᠷᠭᠡ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠢ ᠶᠢᠨ ᠡᠳ᠋ ᠤᠨ ᠶᠠᠪᠤᠳᠠᠯ ᠤᠨ ᠠᠵᠢᠯ ᠢ ᠵᠢᠯᠣᠭᠤᠳᠤᠨ᠎ᠠ᠃ ᠲᠤᠰᠬᠠᠢ ᠵᠦᠢᠯ ᠤᠨ ᠪᠡᠯᠡ ᠮᠥᠩᠭᠦ᠂ ᠲᠥᠰᠥᠪ ᠤᠨ ᠲᠣᠬᠢᠷᠠᠭᠤᠯᠤᠯᠲᠠ ᠶᠢᠨ ᠰᠠᠨᠠᠭᠤᠯᠭ᠎ᠠ ᠪᠠ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠠᠵᠢᠯ ᠢ ᠡᠭᠦᠷᠭᠡᠯᠡᠨ᠎ᠡ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠨ᠎ᠡ᠃    ︵ᠬᠤᠶᠠᠷ︶ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ᠃ ᠪᠦᠬᠦ ᠰᠢᠶᠠᠨ ᠤ ᠵᠠᠰᠠᠮᠠᠯ ᠵᠠᠮ ᠤᠰᠤᠨ ᠵᠠᠮ ᠤᠨ ᠬᠠᠮᠢᠶ᠎ᠠ ᠪᠦᠬᠦᠢ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠣᠯᠣᠨ ᠴᠢᠭᠯᠡᠯ ᠢ ᠳᠤᠷᠠᠳᠴᠤ᠂ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠪᠣᠯᠣᠮᠵᠢᠲᠤ ᠰᠤᠳᠤᠯᠭᠠᠨ ᠤ ᠠᠵᠢᠯ ᠢ ᠡᠭᠦᠷᠭᠡᠯᠡᠵᠦ᠂ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠵᠠᠮ ᠬᠠᠷᠢᠯᠴᠠᠭᠠᠨ ᠤ ᠳᠠᠶᠢᠨ ᠤ ᠪᠡᠯᠡᠳᠬᠡᠯ ᠵᠡᠷᠭᠡ ᠠᠵᠢᠯ ᠢ ᠵᠣᠬᠢᠴᠠᠭᠤᠯᠵᠤ᠂ ᠬᠠᠮᠢᠶ᠎ᠠ ᠪᠦᠬᠦᠢ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃    ᠵᠠᠰᠠᠮᠠᠯ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠪᠦᠬᠦ ᠰᠢᠶᠠᠨ ᠤ ᠵᠠᠰᠠᠮᠠᠯ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠬᠢᠨᠠᠯᠲᠠ ᠲᠠᠯᠪᠢᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠬᠠᠷᠢᠭᠤᠴᠠᠵᠤ᠂ ᠪᠠᠷᠢᠯᠭ᠎ᠠ ᠶᠢᠨ ᠪᠠᠶᠢᠭᠤᠯᠤᠭᠰᠠᠨ ᠦᠨ᠎ᠡ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠬᠡᠮ᠂ ᠶᠠᠰᠤ ᠴᠢᠨᠠᠷ ᠲᠤ ᠬᠢᠨᠠᠯᠲᠠ ᠲᠠᠯᠪᠢᠬᠤ ᠬᠠᠮᠢᠶ᠎ᠠ ᠪᠦᠬᠦᠢ ᠠᠵᠢᠯ ᠢ ᠬᠢᠨᠠᠨ ᠵᠢᠯᠤᠭᠤᠳᠴᠤ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠳᠦᠷ ᠲᠤᠲᠤᠮ ᠤᠨ ᠠᠵᠢᠯ ᠢ ᠳᠠᠭᠠᠭᠠᠨ ᠭᠦᠢᠴᠡᠳᠬᠡᠵᠦ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠰᠤᠳᠤᠯᠬᠤ ᠪᠠ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠵᠢᠴᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠡᠵᠡᠩᠨᠡᠬᠦ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠵᠠᠰᠠᠮᠠᠯ ᠵᠠᠮ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠠᠶᠤᠯ ᠭᠠᠮᠰᠢᠭ ᠠᠴᠠ ᠠᠪᠤᠷᠠᠬᠤ ᠠᠵᠢᠯ ᠢ ᠡᠭᠦᠷᠭᠡᠯᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶ᠎ᠠ ᠪᠦᠬᠦᠢ ᠠᠵᠢᠯ ᠢ ᠳᠠᠭᠠᠭᠠᠨ ᠭᠦᠢᠴᠡᠳᠬᠡᠨ᠎ᠡ᠃    ︵ᠭᠤᠷᠪᠠ︶ ᠵᠠᠰᠠᠮᠠᠯ ᠵᠠᠮ ᠤᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠰᠤᠭ ᠵᠠᠰᠠᠮᠠᠯ ᠵᠠᠮ ᠤᠨ ᠲᠡᠭᠡᠭᠡᠪᠦᠷᠢ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ᠂ ᠪᠠᠷᠠᠭ᠎ᠠ ᠶᠢᠨ ᠲᠡᠭᠡᠭᠡᠪᠦᠷᠢ᠂ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠡᠵᠡᠩᠨᠡᠯᠲᠡ᠂ ᠮᠠᠰᠢᠨᠲᠤ ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠳᠠᠮᠵᠢ ᠶᠢ ᠪᠠᠶᠢᠴᠠᠭᠠᠨ ᠬᠡᠮᠵᠢᠬᠦ᠂ ᠮᠠᠰᠢᠨᠲᠤ ᠲᠡᠷᠭᠡᠨ ᠤ ᠵᠢᠯᠣᠭᠤᠴᠢ ᠶᠢᠨ ᠪᠣᠯᠪᠠᠰᠤᠷᠠᠭᠤᠯᠤᠯ᠂ ᠠᠵᠢᠯᠯᠠᠭᠰᠠᠳ ᠤᠨ ᠬᠠᠮᠢᠶᠠᠷᠤᠯᠲᠠ ᠵᠡᠷᠭᠡ ᠠᠵᠢᠯ ᠳᠤ ᠬᠢᠨᠠᠯᠲᠠ ᠲᠠᠯᠪᠢᠨ ᠵᠢᠯᠤᠭᠤᠳᠴᠤ᠂ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶ᠎ᠡ ᠪᠠᠷ ᠪᠣᠯᠵᠣᠬᠤ ᠲᠡᠷᠭᠡ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠯᠤᠭᠤᠳᠴᠤ᠂ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠵᠢᠯᠤᠭᠤᠳᠴᠤ᠂ ᠭᠤᠣᠯᠳᠠᠯᠭ᠎ᠠ ᠲᠠᠢ ᠡᠳ᠋ ᠪᠠᠷᠠᠭ᠎ᠠ᠂ ᠪᠠᠴᠢᠮ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠣᠩᠭᠤᠴᠠ ᠰᠠᠯ ᠳᠠᠩᠰᠠᠯᠠᠬᠤ᠂ ᠰᠢᠯᠭᠠᠨ ᠪᠠᠶᠢᠴᠠᠭᠠᠬᠤ ᠪᠠ ᠣᠩᠭᠤᠴᠠᠨ ᠤ ᠬᠠᠮᠢᠶᠠᠷᠤᠯᠲᠠ ᠶᠢ ᠵᠢᠯᠤᠭᠤᠳᠴᠤ᠂ ᠵᠢᠭᠠᠰᠤ ᠠᠩᠨᠠᠬᠤ ᠣᠩᠭᠤᠴᠠ ᠶᠢ ᠰᠢᠯᠭᠠᠨ ᠪᠠᠶᠢᠴᠠᠭᠠᠬᠤ ᠶᠢᠨ ᠬᠠᠮᠲᠤ ᠡᠷᠬᠡ ᠶᠢᠨ ᠬᠡᠪᠴᠢᠶᠡᠨ ᠳᠣᠲᠣᠷ᠎ᠠ ᠬᠢᠨᠠᠨ ᠬᠠᠮᠢᠶᠠᠷᠴᠤ᠂ ᠡᠷᠬᠡ ᠮᠡᠳᠡᠯ ᠤᠨ ᠶᠣᠰᠣᠭᠠᠷ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠢᠨ᠎ᠡ᠃    ᠵᠠᠰᠠᠮᠠᠯ ᠵᠠᠮ ᠤᠰᠤᠨ ᠵᠠᠮ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠣᠯᠣᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠰᠢᠮᠳᠠᠭᠤᠯᠤᠨ ᠵᠢᠯᠤᠭᠤᠳᠴᠤ᠂ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠠᠵᠢᠯ ᠢ ᠵᠢᠯᠤᠭᠤᠳᠴᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃    ᠵᠠᠮ ᠤᠨ ᠶᠠᠪᠤᠳᠠᠯ᠂ ᠳᠠᠯᠠᠢ ᠶᠢᠨ ᠶᠠᠪᠤᠳᠠᠯ ᠤᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠢ ᠰᠤᠳᠤᠯᠤᠨ ᠲᠣᠭᠲᠠᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠤᠪᠤᠷᠠᠯ ᠢ ᠵᠢᠷᠤᠮᠵᠢᠭᠤᠯᠤᠨ ᠰᠢᠯᠢᠳᠡᠭᠵᠢᠭᠦᠯᠵᠦ᠂ ᠲᠣᠪᠴᠢᠶ᠎ᠠ ᠶᠢᠨ ᠬᠠᠷᠢᠶ᠎ᠠ ᠡᠯ᠎ᠡ ᠲᠠᠰᠤᠭ ᠤᠨ ᠠᠵᠢᠯ ᠢ ᠵᠣᠬᠢᠴᠠᠭᠤᠯᠬᠤ ᠶᠢ ᠬᠠᠷᠢᠭᠤᠴᠠᠨ᠎ᠠ᠃ ᠣᠩᠭᠤᠴᠠ ᠰᠠᠯ ᠳᠠᠩᠰᠠᠯᠠᠬᠤ᠂ ᠰᠢᠯᠭᠠᠨ ᠪᠠᠶᠢᠴᠠᠭᠠᠬᠤ ᠪᠠ ᠣᠩᠭᠤᠴᠠᠨ ᠤ ᠬᠠᠮᠢᠶᠠᠷᠤᠯᠲᠠ ᠶᠢ ᠵᠢᠯᠤᠭᠤᠳᠴᠤ᠂ ᠵᠢᠭᠠᠰᠤ ᠠᠩᠨᠠᠬᠤ ᠣᠩᠭᠤᠴᠠ ᠶᠢ ᠰᠢᠯᠭᠠᠨ ᠪᠠᠶᠢᠴᠠᠭᠠᠬᠤ ᠶᠢᠨ ᠬᠠᠮᠲᠤ ᠡᠷᠬᠡ ᠶᠢᠨ ᠬᠡᠪᠴᠢᠶᠡᠨ ᠳᠣᠲᠣᠷ᠎ᠠ ᠬᠢᠨᠠᠨ ᠬᠠᠮᠢᠶᠠᠷᠴᠤ᠂ ᠡᠷᠬᠡ ᠮᠡᠳᠡᠯ ᠤᠨ ᠶᠣᠰᠣᠭᠠᠷ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠢᠨ᠎ᠡ᠃    ᠲᠣᠪᠴᠢᠶ᠎ᠠ ᠶᠢᠨ ᠨᠠᠮ ᠤᠨ ᠶᠡᠷᠦᠩᠬᠡᠢ ᠡᠭᠦᠷ᠃ ᠪᠠᠶᠢᠭᠤᠯᠭ᠎ᠠ ᠪᠣᠯᠣᠨ ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠵᠤ᠂ ᠨᠠᠮ ᠤᠨ ᠤᠳᠤᠷᠢᠳᠬᠤ ᠳᠤᠭᠤᠶᠢᠯᠠᠩ ᠢ ᠬᠠᠮᠵᠢᠨ ᠡᠳᠦᠷ ᠲᠤᠳᠤᠮ ᠤᠨ ᠨᠠᠮ ᠪᠠ ᠤᠯᠠᠨ ᠲᠦᠮᠡᠨ ᠤ ᠠᠵᠢᠯ ᠢ ᠰᠢᠢᠳᠪᠦᠷᠢᠯᠡᠵᠦ᠂ ᠲᠣᠪᠴᠢᠶ᠎ᠠ ᠠᠴᠠ ᠬᠠᠮᠢᠶᠠᠷᠬᠤ ᠺᠠᠳ᠋ᠷ ᠢ ᠵᠣᠬᠢᠶᠠᠨ ᠪᠠᠶᠢᠭᠤᠯᠤᠨ ᠬᠢᠨᠠᠨ ᠰᠢᠯᠭᠠᠬᠤ᠂ ᠲᠣᠬᠢᠷᠠᠭᠤᠯᠬᠤ᠂ ᠲᠣᠮᠢᠯᠠᠵᠤ ᠪᠠᠭᠤᠯᠭᠠᠬᠤ᠂ ᠬᠢᠨᠠᠯᠲᠠ ᠲᠠᠯᠪᠢᠬᠤ ᠶᠠᠪᠤᠳᠠᠯ ᠢ ᠭᠦᠢᠴᠡᠳᠬᠡᠨ᠎ᠡ᠃ ᠰᠢᠶᠠᠨ ᠤ ᠨᠠᠮ ᠤᠨ ᠬᠤᠷᠢᠶ᠎ᠠ ᠶᠢᠨ ᠪᠠᠭᠤᠯᠭᠠᠭᠰᠠᠨ ᠦᠵᠡᠯ ᠤᠬᠠᠮᠰᠠᠷ ᠤᠨ ᠬᠡᠯᠪᠡᠷᠢ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ᠲᠣᠪᠴᠢᠶ᠎ᠠ ᠶᠢᠨ ᠬᠠᠷᠢᠶ᠎ᠠ ᠨᠢᠭᠡᠴᠢ ᠶᠢᠨ ᠦᠵᠡᠯ ᠤᠬᠠᠮᠰᠠᠷ ᠤᠨ ᠬᠡᠯᠪᠡᠷᠢ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠵᠢᠯᠤᠭᠤᠳᠴᠤ᠂ ᠲᠣᠪᠴᠢᠶ᠎ᠠ ᠶᠢᠨ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠠᠵᠢᠯ ᠢ ᠬᠠᠷᠢᠭᠤᠴᠠᠵᠤ᠂ ᠲᠣᠰ ᠰᠢᠰᠲ᠋ᠧᠮ ᠤᠨ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠢ ᠵᠢᠯᠣᠭᠤᠳᠤᠨ᠎ᠠ᠃    ᠲᠠᠪᠤᠳᠤᠭᠠᠷ ᠵᠦᠢᠯ ᠦᠴᠦᠸᠠᠨ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 7 ᠨᠡᠷᠡᠰ᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 3 ᠲᠣᠬᠢᠷᠠᠭᠤᠯᠪᠠ᠃    ᠵᠢᠷᠭᠤᠳᠤᠭᠠᠷ ᠵᠦᠢᠯ ᠦᠴᠦᠸᠠᠨ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠨᠢᠭᠡᠴᠢ ᠶᠢ ᠪᠠᠶᠢᠭᠤᠯᠬᠤ᠂ ᠡᠭᠦᠷᠭᠡ ᠬᠠᠷᠢᠭᠤᠴᠠᠯᠭ᠎ᠠ ᠪᠠ ᠣᠷᠣᠨ ᠲᠣᠭᠠᠨ ᠤ ᠵᠦᠢᠯᠡᠰ ᠢ ᠠᠰ ᠲᠤᠨᠢ ᠲᠣᠭᠲᠠᠭᠠᠨ᠎ᠠ᠃    ᠳᠣᠯᠣᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠢ ᠰᠢᠶᠠᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠲᠣᠭᠲᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃    ᠨᠠᠢᠮᠠᠳᠤᠭᠠᠷ ᠵᠦᠢᠯ ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠬᠤᠶᠠᠷ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠵᠢᠶᠠᠨ ᠺᠠᠩ ᠵᠡᠭᠡᠯᠢ ᠶᠢᠨ 1 ᠳ᠋ᠦ᠋ᠭᠡᠷ ᠲᠣᠭᠠᠲᠤ    ᠭᠤᠷᠪᠠ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00 14᠄ 30-17᠄ 30    ᠳᠥᠷᠪᠡ᠂ ᠬᠠᠷᠢᠯᠴᠠᠬᠤ ᠠᠷᠭ᠎ᠠ ᠬᠡᠯᠪᠡᠷᠢ᠄ 0471 - 8812429    ᠲᠠᠪᠤ᠂ ᠬᠠᠷᠢᠭᠤᠴᠠᠯᠭᠠᠲᠠᠨ᠄ ᠵᠠᠩ ᠬᠤᠩ ᠸᠧᠢ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号