ᠵᠢᠷᠭᠤᠭᠠᠨ ᠰᠠᠯᠠᠭ᠎ᠠ ᠮᠥᠴᠢᠷ ᠬᠠᠮᠲᠤᠷᠠᠨ ︽ᠳᠤᠮᠳᠠ ᠣᠷᠳᠣ ᠬᠤᠭᠤᠴᠠᠭᠠᠨ ᠤ ᠪᠡᠯᠡ ᠮᠥᠩᠭᠦ ᠶᠢ ᠵᠠᠬ᠎ᠠ ᠳᠡᠯᠭᠡᠭᠦᠷ ᠲᠤ ᠣᠷᠣᠭᠤᠯᠬᠤ ᠠᠵᠢᠯ ᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2025/1/24
     ᠰᠤᠷᠪᠤᠯᠵᠢᠯᠠᠬᠴᠢ 22 ᠤᠨ ᠡᠳᠦᠷ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠲᠥᠪ ᠤᠨ ᠮᠥᠩᠭᠦᠨ ᠭᠦᠢᠯᠭᠡᠭᠡᠨ ᠤ ᠵᠥᠪᠯᠡᠯ ᠢᠶᠠᠷ ᠬᠢᠨᠠᠨ ᠵᠥᠪᠯᠡᠭᠦᠯᠵᠦ ᠵᠥᠪᠰᠢᠶᠡᠷᠡᠭᠦᠯᠦᠭᠡᠳ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠬᠠᠮᠲᠤᠷᠠᠨ ︽ᠳᠤᠮᠳᠠ ᠣᠷᠳᠣ ᠬᠤᠭᠤᠴᠠᠭᠠᠨ ᠤ ᠪᠡᠯᠡ ᠮᠥᠩᠭᠦ ᠶᠢ ᠵᠠᠬ᠎ᠠ ᠳᠡᠯᠭᠡᠭᠦᠷ ᠲᠤ ᠣᠷᠣᠭᠤᠯᠬᠤ ᠠᠵᠢᠯ ᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠃      ᠬᠡᠷᠡᠭᠵᠢᠭᠦᠯᠬᠦ ᠲᠥᠰᠥᠯ ᠳᠤ ᠬᠤᠳᠠᠯᠳᠤᠭᠠᠨ ᠤ ᠳᠠᠭᠠᠳᠬᠠᠯ ᠤᠨ ᠪᠡᠯᠡ ᠮᠥᠩᠭᠦ᠂ ᠪᠦᠭᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠦᠨᠳᠦᠰᠦᠨ ᠨᠠᠰᠤᠵᠢᠯ ᠤᠨ  ᠳᠠᠭᠠᠳᠬᠠᠯ ᠤᠨ ᠰᠠᠭᠤᠷᠢ ᠮᠥᠩᠭᠦ᠂ ᠠᠵᠤ ᠠᠬᠤᠶᠢᠯᠠᠯ ︵ᠠᠵᠢᠯ ᠮᠡᠷᠭᠡᠵᠢᠯ︶ ᠤᠨ ᠣᠨ ᠤ ᠮᠥᠩᠭᠦ ᠶᠢᠨ ᠰᠠᠭᠤᠷᠢ ᠮᠥᠩᠭᠦ᠂  ᠢᠯᠡ ᠪᠠᠷ ᠡᠯᠰᠡᠬᠦ ᠰᠠᠭᠤᠷᠢ ᠮᠥᠩᠭᠦ ᠵᠡᠷᠭᠡ ᠳᠤᠮᠳᠠ ᠣᠷᠳᠣ ᠬᠤᠭᠤᠴᠠᠭᠠᠨ ᠤ ᠪᠡᠯᠡ ᠮᠥᠩᠭᠦ ᠶᠢ ᠭᠤᠣᠯᠳᠠᠯᠭ᠎ᠠ ᠲᠠᠢ ᠬᠥᠲᠥᠯᠥᠨ ᠵᠢᠯᠤᠭᠤᠳᠴᠤ ᠪᠠᠶᠢᠭᠠᠳ ᠵᠠᠬ᠎ᠠ ᠳᠡᠯᠭᠡᠭᠦᠷ ᠲᠤ ᠣᠷᠣᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠂ ᠡᠭᠦᠨ ᠳᠤ ᠭᠤᠣᠯᠳᠠᠭᠤ ᠲᠠᠪᠤᠨ ᠲᠠᠯ᠎ᠠ ᠶᠢᠨ ᠠᠷᠭ᠎ᠠ ᠬᠡᠮᠵᠢᠶ᠎ᠡ ᠪᠠᠭᠲᠠᠨ᠎ᠠ᠃      ᠨᠢᠭᠡ ᠳᠤ᠂ ᠬᠤᠳᠠᠯᠳᠤᠭᠠᠨ ᠤ ᠳᠠᠭᠠᠳᠬᠠᠯ ᠤᠨ ᠪᠡᠯᠡ ᠮᠥᠩᠭᠦ ᠶᠢᠨ A ᠰᠲ᠋ᠣᠺ ᠤᠨ ᠪᠡᠯᠡ ᠣᠷᠣᠭᠤᠯᠤᠯᠲᠠ ᠶᠢᠨ ᠬᠠᠷᠢᠴᠠᠯ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ ᠣᠳᠣ ᠶᠢᠨ ᠪᠠᠶᠢᠭ᠎ᠠ ᠰᠠᠭᠤᠷᠢᠨ ᠳᠡᠭᠡᠷ᠎ᠡ᠂ ᠲᠣᠮᠣ ᠭᠡᠯᠪᠡᠷᠢ ᠶᠢᠨ ᠤᠯᠤᠰ ᠤᠨ ᠦᠮᠴᠢᠯᠡᠯ ᠤᠨ ᠳᠠᠭᠠᠳᠬᠠᠯ ᠤᠨ ᠺᠤᠮᠫᠠᠨᠢ ᠶᠢ ᠬᠥᠲᠥᠯᠥᠨ ᠵᠢᠯᠤᠭᠤᠳᠴᠤ ᠪᠠᠶᠢᠭᠠᠳ A ᠰᠲ᠋ᠣᠺ︵ᠡᠷᠬᠡ ᠠᠰᠢᠭ ᠤᠨ ᠲᠥᠷᠥᠯ ᠤᠨ ᠰᠠᠭᠤᠷᠢ ᠮᠥᠩᠭᠦ ᠪᠠᠭᠲᠠᠨ᠎ᠠ︶ ᠤᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠ ᠪᠣᠳᠠᠲᠠᠢ ᠬᠠᠷᠢᠴᠠᠯ ᠢ ᠨᠡᠮᠡᠭᠳᠡᠭᠦᠯᠦᠨ᠎ᠡ᠃ ᠤᠯᠤᠰ ᠤᠨ ᠥᠮᠴᠢᠯᠡᠯ ᠤᠨ ᠳᠠᠭᠠᠳᠬᠠᠯ ᠤᠨ ᠺᠤᠮᠫᠠᠨᠢ ᠶᠢᠨ ᠡᠵᠡᠩᠨᠡᠯᠲᠡ ᠶᠢᠨ ᠠᠮᠵᠢᠯᠲᠠ ᠪᠦᠲᠦᠮᠵᠢ ᠳᠤ ᠭᠤᠷᠪᠠᠨ ᠵᠢᠯ ᠠᠴᠠ ᠳᠡᠭᠡᠭᠰᠢ ᠣᠷᠳᠣ ᠦᠶᠡᠯᠡᠯ ᠤᠨ ᠬᠤᠭᠤᠴᠠᠭ᠎ᠠ ᠲᠠᠢ ᠰᠢᠯᠭᠠᠨ ᠬᠢᠨᠠᠯᠲᠠ ᠬᠢᠬᠦ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠴᠡᠪᠡᠷ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ᠨᠣᠷᠮ᠎ᠠ ᠶᠢᠨ ᠲᠣᠰ ᠵᠢᠯ ᠤᠨ ᠰᠢᠯᠭᠠᠨ ᠬᠢᠨᠠᠬᠤ ᠡᠷᠬᠡ ᠶᠢᠨ ᠬᠠᠷᠢᠴᠠᠯ ᠢ 30 % ᠠᠴᠠ ᠥᠨᠳᠥᠷ ᠪᠠᠶᠢᠯᠭᠠᠵᠤ ᠪᠤᠯᠬᠤ ᠦᠭᠡᠢ᠂ ᠭᠤᠷᠪᠠᠨ ᠵᠢᠯ ᠠᠴᠠ ᠲᠠᠪᠤᠨ ᠵᠢᠯ ᠤᠨ ᠦᠶᠡᠯᠡᠯ ᠤᠨ ᠬᠤᠭᠤᠴᠠᠭᠠᠨ ᠤ ᠭᠦᠢᠴᠡᠳᠬᠡᠬᠦ ᠲᠤᠭ᠎ᠠ ᠶᠢᠨ ᠡᠷᠬᠡ ᠶᠢᠨ ᠬᠠᠷᠢᠴᠠᠯ ᠢ 60 % ᠠᠴᠠ ᠳᠣᠣᠷ᠎ᠠ ᠪᠠᠶᠢᠯᠭᠠᠵᠤ ᠪᠤᠯᠬᠤ ᠦᠭᠡᠢ᠃ ᠬᠤᠶᠠᠳᠤᠭᠠᠷ ᠪᠦᠯᠦᠭ ᠤᠨ ᠳᠠᠭᠠᠳᠬᠠᠯ ᠤᠨ ᠪᠡᠯᠡ ᠮᠥᠩᠭᠦ ᠶᠢᠨ ᠤᠷᠲᠤ ᠬᠤᠭᠤᠴᠠᠭᠠᠨ ᠤ ᠰᠲ᠋ᠣᠺ ᠤᠨ ᠪᠡᠯᠡ ᠣᠷᠣᠭᠤᠯᠤᠯᠲᠠ ᠶᠢᠨ ᠲᠤᠷᠰᠢᠯᠲᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠨ ᠠᠬᠢᠭᠤᠯᠵᠤ᠂ ᠬᠤᠶᠢᠰᠢᠳᠠ ᠣᠷᠤᠯᠴᠠᠬᠤ ᠪᠠᠶᠢᠭᠤᠯᠤᠮᠵᠢ ᠶᠢᠨ ᠬᠡᠪᠴᠢᠶ᠎ᠡ ᠬᠢᠭᠡᠳ ᠪᠡᠯᠡ ᠮᠥᠩᠭᠦ ᠶᠢᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃      ᠬᠤᠶᠠᠷ ᠲᠤ᠂ ᠪᠦᠭᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠦᠨᠳᠦᠰᠦᠨ  ᠨᠠᠰᠤᠵᠢᠯ ᠤᠨ  ᠳᠠᠭᠠᠳᠬᠠᠯ ᠤᠨ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ᠎ᠡ᠃ ᠪᠦᠭᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠰᠲ᠋ᠣᠺ ᠤᠨ ᠲᠥᠷᠥᠯ ᠤᠨ ᠡᠳ᠋ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠷᠢᠴᠠᠯ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠥᠬᠦᠴᠡᠯ ᠲᠠᠢ ᠭᠠᠵᠠᠷ ᠣᠷᠣᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠨᠠᠶᠢᠳᠠᠯᠭ᠎ᠠ ᠪᠠᠷ ᠪᠡᠯᠡ ᠣᠷᠣᠭᠤᠯᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠶᠢ ᠠᠬᠢᠭᠤᠯᠤᠨ᠎ᠠ᠃ ᠪᠦᠭᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠠᠪᠤᠨ ᠵᠢᠯ ᠠᠴᠠ ᠳᠡᠭᠡᠭᠰᠢ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢ  ᠭᠤᠷᠪᠠᠨ ᠵᠢᠯ ᠠᠴᠠ ᠳᠡᠭᠡᠭᠰᠢ ᠪᠡᠯᠡ ᠣᠷᠣᠭᠤᠯᠤᠨ ᠡᠵᠡᠩᠨᠡᠭᠰᠡᠨ ᠣᠷᠳᠣ ᠦᠶᠡᠯᠡᠯ ᠤᠨ ᠬᠤᠭᠤᠴᠠᠭᠠᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠲᠣᠭᠲᠠᠴᠠ ᠶᠢ ᠨᠠᠷᠢᠯᠢᠭᠵᠢᠭᠤᠯᠤᠨ ᠲᠣᠳᠣᠷᠬᠠᠶᠢᠯᠠᠵᠤ᠂ ᠪᠦᠭᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭ ᠡᠷᠭᠢᠯᠡᠭᠴᠢᠳ ᠤᠨ ᠬᠤᠷᠠᠯ ᠤᠨ ᠲᠤᠰᠬᠠᠢ ᠮᠡᠷᠭᠡᠵᠢᠯ ᠤᠨ ᠪᠡᠯᠡ ᠣᠷᠣᠭᠤᠯᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠬᠤ ᠶᠢ ᠳᠡᠮᠵᠢᠨ᠎ᠡ᠃      ᠭᠤᠷᠪᠠ ᠳᠤ᠂ ᠠᠵᠤ ᠠᠬᠤᠶᠢᠯᠠᠯ︵ᠠᠵᠢᠯ ᠮᠡᠷᠭᠡᠵᠢᠯ︶ ᠤᠨ ᠣᠨ ᠤ ᠮᠥᠩᠭᠦ ᠶᠢᠨ ᠰᠠᠭᠤᠷᠢ ᠮᠥᠩᠭᠦ ᠶᠢᠨ ᠵᠠᠬ᠎ᠠ ᠳᠡᠯᠭᠡᠭᠦᠷᠴᠢᠯᠡᠨ ᠪᠡᠯᠡ ᠣᠷᠣᠭᠤᠯᠵᠤ ᠠᠵᠢᠯᠯᠠᠭᠤᠯᠬᠤ ᠲᠦᠪᠰᠢᠨ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ︵ᠠᠵᠢᠯ ᠮᠡᠷᠭᠡᠵᠢᠯ︶ ᠤᠨ ᠣᠨ ᠤ ᠮᠥᠩᠭᠦ ᠶᠢᠨ ᠰᠠᠭᠤᠷᠢ ᠮᠥᠩᠭᠦ ᠶᠢᠨ ᠭᠤᠷᠪᠠᠨ ᠵᠢᠯ ᠠᠴᠠ ᠳᠡᠭᠡᠭᠰᠢ ᠣᠷᠳᠣ ᠦᠶᠡᠯᠡᠯ ᠤᠨ ᠬᠤᠭᠤᠴᠠᠭᠠᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠢᠯᠤᠭᠤᠳᠬᠤ ᠰᠠᠨᠠᠯ ᠢ ᠲᠦᠷᠭᠡᠳᠬᠡᠨ ᠨᠡᠶᠢᠲᠡᠯᠡᠨ᠎ᠡ᠃ ᠠᠵᠤ ᠠᠬᠤᠶᠢᠯᠠᠯ ᠤᠨ ᠣᠨ ᠤ ᠮᠥᠩᠭᠦ ᠶᠢᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ ᠨᠥᠬᠦᠴᠡᠯ ᠪᠦᠷᠢᠯᠳᠦᠭᠦᠯᠦᠭᠰᠡᠨ ᠬᠥᠮᠥᠨ ᠬᠡᠷᠡᠭᠯᠡᠬᠦ ᠨᠢᠭᠡᠴᠢ ᠶᠢᠨ ᠠᠵᠤ ᠠᠬᠤᠶᠢᠯᠠᠯ ᠤᠨ ᠣᠨ ᠤ ᠮᠥᠩᠭᠦ ᠶᠢᠨ ᠬᠤᠪᠢ ᠬᠥᠮᠥᠨ ᠤ ᠪᠡᠯᠡ ᠣᠷᠣᠭᠤᠯᠬᠤ ᠰᠣᠩᠭᠤᠯᠲᠠ ᠶᠢ ᠴᠢᠯᠦᠭᠡᠲᠡᠢ ᠪᠤᠯᠭᠠᠬᠤ ᠶᠢ ᠰᠦᠪᠡᠭᠴᠢᠯᠡᠨ᠎ᠡ᠃ ᠠᠵᠤ ᠠᠬᠤᠶᠢᠯᠠᠯ ᠤᠨ ᠣᠨ ᠤ ᠮᠥᠩᠭᠦ ᠶᠢᠨ ᠰᠠᠭᠤᠷᠢ ᠮᠥᠩᠭᠦ ᠬᠠᠮᠢᠶᠠᠷᠤᠭᠴᠢ ᠶᠢᠨ ᠵᠦᠷᠢᠶᠡᠴᠢᠯᠡᠭᠰᠡᠨ ᠪᠡᠯᠡ ᠣᠷᠣᠭᠤᠯᠤᠯᠲᠠ ᠥᠷᠨᠢᠭᠦᠯᠬᠦ ᠶᠢ ᠵᠣᠷᠢᠭᠵᠢᠭᠤᠯᠤᠨ᠎ᠠ᠃      ᠳᠥᠷᠪᠡ ᠳᠤ᠂ ᠡᠷᠬᠡ ᠠᠰᠢᠭ ᠤᠨ ᠲᠥᠷᠥᠯ ᠤᠨ ᠰᠠᠭᠤᠷᠢ ᠮᠥᠩᠭᠦ ᠶᠢᠨ ᠬᠡᠪᠴᠢᠶ᠎ᠡ ᠪᠠ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠎ᠡ᠃ ᠲᠥᠷᠥᠯ ᠬᠤᠪᠢᠶᠠᠨ ᠬᠢᠨᠠᠨ ᠬᠠᠮᠢᠶᠠᠷᠴᠤ ᠦᠨᠡᠯᠡᠬᠦ ᠬᠢᠵᠠᠭᠠᠷᠯᠠᠯ ᠢ ᠴᠢᠩᠭᠠᠷᠠᠭᠤᠯᠤᠨ᠂ ᠦᠢᠯᠡᠳᠬᠦᠨ ᠢ ᠳᠠᠩᠰᠠᠯᠠᠬᠤ ᠲᠣᠭᠲᠠᠴᠠ ᠶᠢ ᠰᠢᠯᠢᠳᠡᠭᠵᠢᠭᠦᠯᠵᠦ᠂ ᠢᠯᠡ ᠪᠠᠷ ᠡᠯᠰᠡᠬᠦ ᠰᠠᠭᠤᠷᠢ ᠮᠥᠩᠭᠦ ᠶᠢᠨ ᠬᠠᠮᠢᠶᠠᠷᠤᠭᠴᠢ ᠶᠢ ᠬᠥᠲᠥᠯᠥᠨ ᠵᠢᠯᠤᠭᠤᠳᠴᠤ ᠪᠠᠶᠢᠭᠠᠳ ᠡᠷᠬᠡ ᠠᠰᠢᠭ ᠤᠨ ᠲᠥᠷᠥᠯ ᠤᠨ ᠰᠠᠭᠤᠷᠢ ᠮᠥᠩᠭᠦ ᠶᠢᠨ ᠬᠡᠪᠴᠢᠶ᠎ᠡ ᠪᠠ ᠡᠵᠡᠯᠡᠬᠦ ᠬᠠᠷᠢᠴᠠᠯ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠪᠡᠯᠡ ᠣᠷᠣᠭᠤᠯᠤᠭᠴᠢ ᠪᠠᠷ ᠦᠨᠳᠦᠰᠦ ᠪᠤᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠤᠯᠭᠠᠵᠤ᠂ ᠰᠠᠭᠤᠷᠢ ᠮᠥᠩᠭᠦ ᠶᠢᠨ ᠬᠠᠮᠢᠶᠠᠷᠤᠭᠴᠢ᠂ ᠰᠠᠭᠤᠷᠢ ᠮᠥᠩᠭᠦ ᠶᠢᠨ ᠳᠠᠭᠠᠭᠠᠮᠠᠯ ᠬᠢᠭᠡᠳ ᠪᠡᠯᠡ ᠣᠷᠣᠭᠤᠯᠤᠭᠴᠢ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠤᠨ᠂ ᠪᠡᠯᠡ ᠣᠷᠣᠭᠤᠯᠤᠭᠴᠢ ᠶᠢᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃ ᠢᠯᠡ ᠪᠤᠰᠤ ᠭᠡᠯᠪᠡᠷᠢ ᠪᠠᠷ ᠣᠨᠴᠠ ᠲᠣᠭᠲᠠᠭᠰᠠᠨ ᠪᠡᠯᠡ ᠣᠷᠣᠭᠤᠯᠤᠭᠴᠢᠳ ᠢ ᠡᠯᠰᠡᠬᠦ ᠰᠠᠭᠤᠷᠢ ᠮᠥᠩᠭᠦ ᠶᠢᠨ ᠠᠵᠢᠯᠯᠠᠭᠠᠨ ᠤ ᠳᠦᠷᠢᠮ ᠢ ᠪᠣᠳᠠᠲᠠᠶᠢᠵᠢᠭᠤᠯᠬᠤ ᠶᠢ ᠠᠬᠢᠭᠤᠯᠵᠤ᠂ ᠢᠯᠡ ᠪᠤᠰᠤ ᠭᠡᠯᠪᠡᠷᠢ ᠪᠠᠷ ᠣᠨᠴᠠ ᠲᠣᠭᠲᠠᠭᠰᠠᠨ ᠪᠡᠯᠡ ᠣᠷᠣᠭᠤᠯᠤᠭᠴᠢᠳ ᠢ ᠡᠯᠰᠡᠬᠦ ᠰᠠᠭᠤᠷᠢ ᠮᠥᠩᠭᠦ ᠶᠢᠨ ᠦᠢᠯᠡᠳᠬᠦᠨ ᠤ ᠲᠥᠷᠥᠯ ᠭᠡᠯᠪᠡᠷᠢ ᠪᠠ ᠪᠡᠯᠡ ᠣᠷᠣᠭᠤᠯᠤᠯᠲᠠ ᠶᠢᠨ ᠠᠷᠭ᠎ᠠ ᠪᠣᠳᠣᠯᠭ᠎ᠠ ᠶᠢ ᠬᠠᠤᠯᠢ ᠶᠣᠰᠣᠭᠠᠷ ᠥᠷᠭᠡᠳᠬᠡᠨ᠎ᠡ᠃      ᠲᠠᠪᠤ ᠳᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠣᠷᠣᠭᠤᠯᠤᠯᠲᠠ ᠶᠢᠨ ᠠᠮᠢ ᠠᠬᠤᠢ ᠶᠢ  ᠰᠢᠯᠢᠳᠡᠭᠵᠢᠭᠦᠯᠦᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠤᠮᠫᠠᠨᠢ ᠶᠢ ᠬᠥᠲᠥᠯᠥᠨ ᠵᠢᠯᠤᠭᠤᠳᠴᠤ ᠪᠠᠶᠢᠭᠠᠳ ᠬᠤᠪᠢ ᠣᠷᠣᠭᠤᠯᠤᠯᠲᠠ ᠶᠢ ᠡᠭᠡᠭᠦᠯᠦᠨ ᠬᠤᠳᠠᠯᠳᠤᠨ ᠠᠪᠬᠤ ᠡᠷᠴᠢᠮ ᠢ ᠨᠢ ᠨᠡᠮᠡᠭᠳᠡᠭᠦᠯᠵᠦ᠂ ᠨᠢᠭᠡ ᠵᠢᠯ ᠳᠤ ᠣᠯᠠᠨ ᠤᠳᠠᠭ᠎ᠠ ᠠᠰᠢᠭ ᠬᠤᠪᠢᠶᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠤᠮᠫᠠᠨᠢ ᠶᠢᠨ ᠰᠲ᠋ᠣᠺ ᠢᠶᠠᠨ ᠡᠭᠡᠭᠦᠯᠦᠨ ᠬᠤᠳᠠᠯᠳᠤᠨ ᠠᠪᠴᠤ ᠳᠠᠭᠢᠨ ᠵᠢᠭᠡᠯᠡᠯᠭᠡ ᠪᠠᠨ ᠨᠡᠮᠡᠭᠳᠡᠭᠦᠯᠬᠦ ᠪᠠᠭᠠᠵᠢ ᠶᠢᠨ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ ᠢᠯᠡ ᠪᠠᠷ ᠡᠯᠰᠡᠬᠦ ᠰᠠᠭᠤᠷᠢ ᠮᠥᠩᠭᠦ᠂ ᠬᠤᠳᠠᠯᠳᠤᠭᠠᠨ ᠤ ᠳᠠᠭᠠᠳᠬᠠᠯ ᠤᠨ ᠪᠡᠯᠡ ᠮᠥᠩᠭᠦ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ᠂ ᠠᠵᠤ ᠠᠬᠤᠶᠢᠯᠠᠯ ︵ᠠᠵᠢᠯ ᠮᠡᠷᠭᠡᠵᠢᠯ︶ ᠤᠨ ᠣᠨ ᠤ ᠮᠥᠩᠭᠦ ᠶᠢᠨ ᠰᠠᠭᠤᠷᠢ ᠮᠥᠩᠭᠦ᠂ ᠪᠠᠩᠬᠢ ᠶᠢᠨ ᠡᠳ᠋ ᠤᠨ ᠶᠠᠪᠤᠳᠠᠯ ᠢ ᠬᠠᠮᠢᠶᠠᠷᠬᠤ ᠵᠡᠷᠭᠡ ᠪᠠᠶᠢᠯᠳᠤᠬᠤ ᠪᠣᠳᠣᠯᠭ᠎ᠠ ᠶᠢᠨ ᠪᠡᠯᠡ ᠣᠷᠣᠭᠤᠯᠤᠭᠴᠢ ᠶᠢᠨ ᠬᠤᠪᠢ ᠪᠠᠷ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠤᠮᠫᠠᠨᠢ ᠶᠢᠨ ᠲᠣᠭᠲᠠᠮᠠᠯ ᠨᠡᠮᠡᠭᠳᠡᠯ ᠳᠤ ᠣᠷᠤᠯᠴᠠᠬᠤ ᠶᠢ ᠵᠥᠪᠰᠢᠶᠡᠷᠡᠨ᠎ᠡ᠃ ᠰᠢᠨ᠎ᠡ ᠰᠲ᠋ᠣᠺ ᠭᠤᠶᠤᠴᠢᠯᠠᠨ ᠬᠤᠳᠠᠯᠳᠤᠨ ᠠᠪᠬᠤ᠂ ᠰᠲ᠋ᠣᠺ ᠤᠨ ᠵᠠᠬ᠎ᠠ ᠳᠡᠯᠭᠡᠭᠦᠷ ᠲᠤ  ᠭᠠᠷᠤᠭᠰᠠᠨ ᠺᠤᠮᠫᠠᠨᠢ ᠶᠢᠨ ᠲᠣᠭᠲᠠᠮᠠᠯ ᠨᠡᠮᠡᠭᠳᠡᠯ᠂ ᠫᠠᠶᠢᠰᠠ ᠡᠷᠭᠦᠵᠦ ᠮᠠᠭᠠᠳᠯᠠᠨ ᠲᠣᠭᠲᠠᠭᠠᠬᠤ ᠪᠠᠷᠢᠮᠵᠢᠶ᠎ᠠ ᠳᠤ ᠣᠷᠤᠯᠴᠠᠬᠤ ᠲᠠᠯ᠎ᠠ ᠪᠠᠷ᠂ ᠪᠠᠩᠬᠢ ᠶᠢᠨ ᠡᠳ᠋ ᠤᠨ ᠶᠠᠪᠤᠳᠠᠯ ᠢ ᠬᠠᠮᠢᠶᠠᠷᠬᠤ᠂ ᠳᠠᠭᠠᠳᠬᠠᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠢᠯᠡ  ᠪᠠᠷ ᠡᠯᠰᠡᠬᠦ ᠰᠠᠭᠤᠷᠢ ᠮᠥᠩᠭᠦ ᠳᠤ ᠠᠳᠠᠯᠢ ᠵᠡᠷᠭᠡ ᠶᠢᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠭᠡᠨ᠎ᠡ᠃ ᠦᠨᠡᠲᠦ ᠲᠡᠮᠳᠡᠭᠲᠦ᠂ ᠰᠠᠭᠤᠷᠢ ᠮᠥᠩᠭᠦ᠂ ᠳᠠᠭᠠᠳᠬᠠᠯ ᠤᠨ ᠺᠤᠮᠫᠠᠨᠢ ᠶᠢᠨ ᠬᠠᠷᠢᠯᠴᠠᠨ ᠰᠣᠯᠢᠯᠴᠠᠬᠤ ᠳᠥᠭᠦᠮ ᠠᠵᠢᠯᠯᠠᠭᠠᠨ ᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号