ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
ᠨᠡᠶᠢᠲᠡᠯᠡᠭᠰᠡᠨ ᠴᠠᠭ᠄
2025/1/25
   ᠨᠢᠭᠡ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠣᠯᠣᠨ ᠠᠵᠢᠯᠲᠠᠨ ᠤ ᠣᠷᠣᠨ ᠲᠣᠭᠠᠨ ᠤ ᠲᠤᠬᠠᠢ ᠲᠣᠭᠲᠠᠭᠠᠯ    ᠨᠢᠭᠡᠳᠦᠭᠡᠷ ᠵᠦᠢᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃    ᠬᠤᠶᠠᠳᠤᠭᠠᠷ ᠵᠦᠢᠯ ᠦᠴᠦᠸᠠᠨ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠳᠡᠰ ᠮᠥᠨ᠂ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ ᠨᠢᠭᠡᠳᠦᠯᠲᠡᠢ ᠬᠠᠮᠢᠶᠠᠷᠬᠤ ᠪᠠ ᠵᠣᠬᠢᠴᠠᠭᠤᠯᠤᠨ᠎ᠠ᠃    ᠭᠤᠷᠪᠠᠳᠤᠭᠠᠷ ᠵᠦᠢᠯ ᠦᠴᠦᠸᠠᠨ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠢ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄    ︵ᠨᠢᠭᠡ︶ ᠠᠷᠠᠳ ᠨᠡᠶᠢᠲᠡ ᠶᠢᠨ ᠥᠮᠴᠢᠯᠡᠯᠲᠦ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠣᠶ ᠪᠦᠬᠦᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠵᠢᠴᠢ ᠬᠡᠮᠵᠢᠨ ᠵᠢᠷᠤᠬᠤ ᠵᠡᠷᠭᠡ ᠬᠠᠤᠯᠢ ᠲᠣᠭᠲᠠᠭᠠᠯ ᠳᠦᠷᠢᠮ ᠢ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠨ᠎ᠠ᠃    ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠶᠢ ᠬᠠᠷᠢᠭᠤᠴᠠᠵᠤ᠂ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠪᠠ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠵᠢᠷᠤᠮᠵᠢᠭᠰᠠᠨ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠳᠦᠷᠢᠮ ᠢ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠢ ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠬᠡᠷᠡᠭᠵᠢᠭᠦᠯᠦᠨ᠎ᠡ᠃ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ ᠤᠨ ᠬᠠᠮᠢᠶᠠᠷᠤᠯᠲᠠ ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃    ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠢ ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ ᠬᠠᠷᠢᠭᠤᠴᠠᠨ᠎ᠠ᠃ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠢ ᠨᠤᠲᠠᠯᠠᠨ ᠲᠣᠭᠲᠠᠭᠠᠵᠤ ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠳᠦᠷᠢᠮ᠂ ᠪᠠᠷᠢᠮᠵᠢᠶ᠎ᠠ᠂ ᠵᠢᠷᠤᠮᠵᠢᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠨᠢᠭᠡᠳᠦᠯᠲᠡᠢ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ ᠪᠦᠷᠢᠨᠰᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠪᠣᠯᠣᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠭᠰᠡᠨ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠬᠦ᠂ ᠬᠠᠮᠲᠤ ᠳᠤ ᠪᠠᠨ ᠬᠦᠷᠲᠡᠬᠦ᠂ ᠴᠤᠭᠯᠠᠭᠤᠯᠤᠨ ᠬᠠᠮᠢᠶᠠᠷᠬᠤ ᠵᠡᠷᠭᠡ ᠶᠢ ᠬᠠᠷᠢᠭᠤᠴᠠᠨ᠎ᠠ᠃    ︵ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠪᠠᠷ ᠬᠡᠷᠡᠭᠯᠡᠬᠦ ᠠᠵᠢᠯ ᠢ ᠬᠠᠷᠢᠭᠤᠴᠠᠵᠤ᠂ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠤᠭ᠎ᠠ ᠪᠦᠷᠢᠳᠬᠡᠯ ᠤᠨ ᠳᠦᠷᠢᠮ ᠶᠣᠰᠣᠭᠠᠷ᠂ ᠪᠥᠬᠦ ᠰᠢᠶᠠᠨ ᠤ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ ᠬᠠᠷᠢᠭᠤᠴᠠᠨ᠎ᠠ᠃ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠢ ᠥᠭᠴᠡᠭᠡ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠵᠤ᠂ ᠰᠢᠯᠭᠠᠨ ᠬᠢᠨᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠤᠪᠢᠶᠠᠷᠢᠯᠠᠨ ᠥᠭᠬᠦ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠬᠠᠩᠰᠢᠯᠠᠵᠤ ᠪᠡᠯᠡ ᠭᠠᠷᠭᠠᠬᠤ ᠪᠠ ᠭᠠᠵᠠᠷ ᠰᠢᠷᠣᠢ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠵᠦᠢ ᠵᠣᠬᠢᠰᠲᠠᠢ ᠲᠣᠬᠢᠷᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ ᠶᠣᠰᠣᠭᠠᠷ ᠬᠤᠷᠢᠶᠠᠨ ᠠᠪᠤᠨ᠎ᠠ᠃    ︵ᠲᠠᠪᠤ︶ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠬᠠᠷᠢᠭᠤᠴᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ ᠬᠡᠷᠡᠭᠵᠢᠭᠦᠯᠦᠨ᠂ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷᠢᠮᠵᠢᠶ᠎ᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠠᠴᠠ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢᠨ ᠰᠢᠰᠲ᠋ᠧᠮᠵᠢ ᠶᠢᠨ ᠳᠦᠷᠢᠮ ᠢ ᠬᠡᠷᠡᠭᠵᠢᠭᠦᠯᠦᠨ᠂ ᠪᠠᠶᠢᠭᠠᠯᠢ ᠶᠢᠨ ᠡᠬᠢ ᠪᠠᠶᠠᠯᠢᠭ ᠢ ᠲᠠᠰ ᠬᠤᠪᠢᠶᠠᠨ ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢ ᠦᠨᠡᠯᠡᠬᠦ ᠶᠢ ᠥᠷᠨᠢᠭᠦᠯᠦᠨ᠂ ᠠᠷᠪᠢᠲᠠᠢ ᠡᠷᠴᠢᠮᠯᠢᠭ ᠠᠰᠢᠭᠯᠠᠬᠤ ᠶᠢ ᠵᠢᠯᠣᠭᠤᠳᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠷᠸ᠎ᠠ ᠲᠣᠬᠢᠷᠠᠭᠤᠯᠭ᠎ᠠ ᠡᠵᠡᠮᠳᠡᠯ ᠪᠠ ᠬᠤᠲᠠ ᠪᠠᠯᠭᠠᠰᠤ ᠬᠥᠳᠡᠭᠡ ᠲᠣᠰᠬᠤᠨ ᠢ ᠨᠢᠭᠡᠳᠦᠯᠲᠡᠢ ᠲᠥᠯᠥᠪᠯᠡᠬᠦ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠰᠤᠳᠤᠯᠤᠨ᠎ᠠ᠃    ︵ᠵᠢᠷᠭᠤᠭ᠎ᠠ︶ ᠪᠦᠬᠦ ᠰᠢᠶᠠᠨ ᠤ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠶᠢ ᠬᠠᠷᠢᠭᠤᠴᠠᠨ᠎ᠠ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠦᠪᠵᠢᠭᠦᠯᠭᠡ ᠶᠢ ᠲᠦᠷᠦᠭᠦᠯᠡᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠬᠠᠮᠢᠶ᠎ᠠ ᠪᠦᠬᠦᠢ ᠲᠤᠰᠬᠠᠢ ᠵᠦᠢᠯ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠤᠰᠤᠳ ᠲᠥᠷᠥᠯ ᠵᠦᠢᠯ ᠤᠨ ᠲᠤᠰᠬᠠᠢ ᠵᠦᠢᠯ ᠤᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠨ ᠵᠣᠯᠭᠠᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠠᠰᠢᠭᠯᠠᠬᠤ ᠳᠤ ᠵᠣᠬᠢᠴᠠᠬᠤ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠵᠡᠷᠭᠡ ᠬᠢᠵᠠᠭᠠᠷᠯᠠᠬᠤ ᠱᠤᠭᠤᠮ ᠢ ᠵᠣᠬᠢᠶᠠᠨ ᠪᠠᠶᠢᠭᠤᠯᠤᠨ ᠵᠠᠭᠠᠭᠯᠠᠨ ᠲᠣᠭᠲᠠᠭᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠢ ᠶᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ ᠵᠠᠢ ᠶᠢᠨ ᠪᠠᠶᠢᠷᠢᠰᠢᠯ ᠢ ᠪᠠᠶᠢᠭᠤᠯᠤᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠳᠦᠷᠢᠮ ᠢ ᠬᠡᠷᠡᠭᠵᠢᠭᠦᠯᠵᠦ᠂ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠭᠠᠵᠠᠷ ᠰᠢᠷᠣᠢ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠣᠨ ᠤ ᠠᠰᠢᠭᠯᠠᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠡᠷᠡᠭᠵᠢᠭᠦᠯᠦᠨ᠎ᠡ᠃ ᠭᠠᠵᠠᠷ ᠰᠢᠷᠣᠢ ᠵᠡᠷᠭᠡ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠰᠢᠯᠵᠢᠭᠦᠯᠦᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠭᠠᠵᠠᠷ ᠰᠢᠷᠣᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃    ︵ᠳᠤᠯᠤᠭ᠎ᠠ︶ ᠪᠦᠬᠦ ᠰᠢᠶᠠᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠠᠵᠢᠯ ᠢ ᠨᠢᠭᠡᠳᠦᠯᠲᠡᠢ ᠲᠥᠯᠥᠪᠯᠡᠬᠦ ᠶᠢ ᠬᠠᠷᠢᠭᠤᠴᠠᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠲᠥᠯᠦᠪᠵᠢᠭᠦᠯᠭᠡ ᠶᠢ ᠲᠦᠷᠦᠭᠦᠯᠡᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠤᠯᠪᠣᠭᠳᠠᠯ ᠪᠦᠬᠦᠢ ᠠᠮᠢ ᠠᠬᠤᠢ ᠶᠢ ᠰᠡᠷᠭᠦᠭᠡᠬᠦ ᠭᠤᠣᠯ ᠢᠨᠵᠧᠨᠧᠷᠢᠩ ᠢ ᠬᠡᠷᠡᠭᠵᠢᠭᠦᠯᠦᠨ᠎ᠡ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠶᠡᠷᠦᠩᠬᠡᠶᠢᠯᠡᠨ ᠬᠠᠮᠢᠶᠠᠷᠬᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠠᠮᠢ ᠠᠬᠤᠢ ᠶᠢᠨ ᠨᠥᠬᠦᠪᠦᠷᠢ ᠶᠢᠨ ᠳᠦᠷᠢᠮ ᠢ ᠲᠦᠷᠦᠭᠦᠯᠡᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ ᠵᠦᠢ ᠵᠣᠬᠢᠰᠲᠠᠢ ᠠᠰᠢᠭᠯᠠᠨ ᠠᠮᠢ ᠠᠬᠤᠢ ᠶᠢᠨ ᠰᠡᠷᠭᠦᠭᠡᠯᠲᠡ ᠬᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠮᠵᠢᠯᠴᠠᠨ ᠲᠣᠭᠲᠠᠭᠠᠵᠤ᠂ ᠴᠢᠬᠤᠯᠠ ᠰᠣᠩᠭᠤᠯᠲᠠ ᠶᠢᠨ ᠪᠡᠯᠡᠳᠬᠡᠯ ᠲᠥᠷᠥᠯ ᠵᠦᠢᠯ ᠢ ᠳᠤᠷᠠᠳᠤᠨ ᠭᠠᠷᠭᠠᠨ᠎ᠠ᠃    ︵ᠨᠠᠢᠮᠠ︶ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠬᠠᠮᠵᠢᠯᠴᠠᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢᠨ ᠬᠠᠮᠠᠭᠠᠯᠠᠯᠲᠠ ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠣᠨᠴᠠᠭᠠᠶ ᠬᠠᠮᠠᠭᠠᠯᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠬᠡᠷᠡᠭᠵᠢᠭᠦᠯᠵᠦ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠨᠥᠬᠦᠪᠦᠷᠢ ᠥᠭᠬᠦ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ ᠬᠠᠮᠵᠢᠯᠴᠠᠨ ᠬᠢᠨᠠᠯᠲᠠ ᠲᠠᠯᠪᠢᠨ᠎ᠠ᠃    ︵ᠶᠢᠰᠦ︶ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠭᠠᠵᠠᠷ ᠰᠢᠨᠵᠢᠯᠡᠭᠡᠨ ᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠮᠠᠨ ᠤ ᠰᠢᠶᠠᠨ ᠤ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠬᠦ ᠪᠠ ᠵᠠᠰᠠᠬᠤ ᠮᠡᠷᠭᠡᠵᠢᠯ ᠤᠨ ᠵᠢᠯᠤᠭᠤᠳᠬᠤ ᠠᠵᠢᠯ ᠢ ᠬᠠᠷᠢᠭᠤᠴᠠᠵᠤ᠂ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠬᠤ ᠵᠢᠴᠢ ᠭᠠᠵᠠᠷ ᠳᠡᠭᠡᠷᠡᠬᠢ ᠳᠣᠷᠣᠭᠰᠢ ᠰᠠᠭᠤᠬᠤ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    ︵ᠠᠷᠪᠠ︶ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠬᠠᠮᠠᠭᠠᠯᠠᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠵᠦ᠂ ᠤᠯᠤᠰ ᠤᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠭᠠᠵᠠᠷ ᠤᠨ ᠭᠠᠢ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠬᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠰᠠᠶᠢᠲᠤᠷ ᠬᠢᠨ᠎ᠡ᠃ ᠭᠠᠵᠠᠷ ᠤᠨ ᠭᠠᠢ ᠭᠠᠮᠰᠢᠭ ᠤᠨ ᠢᠨᠵᠧᠨᠧᠷᠢᠩ ᠢ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠭᠠᠵᠠᠷ ᠤᠨ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃    ︵ᠠᠷᠪᠠᠨ ᠨᠢᠭᠡ︶ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠬᠠᠷᠢᠭᠤᠴᠠᠨ᠎ᠠ᠃ ᠰᠠᠭᠤᠷᠢ ᠬᠡᠮᠵᠢᠨ ᠵᠢᠷᠤᠬᠤ ᠪᠠ ᠬᠡᠮᠵᠢᠨ ᠵᠢᠷᠤᠬᠤ ᠠᠵᠢᠯ ᠲᠥᠷᠥᠯ ᠤᠨ ᠬᠠᠮᠢᠶᠠᠷᠤᠯᠲᠠ ᠶᠢ ᠬᠠᠮᠵᠢᠯᠴᠠᠨ ᠬᠠᠷᠢᠭᠤᠴᠠᠨ᠎ᠠ᠃ ᠬᠡᠮᠵᠢᠨ ᠵᠢᠷᠤᠬᠤ ᠬᠢᠷᠢ ᠬᠡᠮ ᠬᠢᠭᠡᠳ ᠢᠲᠡᠭᠡᠮᠵᠢ ᠶᠢᠨ ᠬᠠᠮᠢᠶᠠᠷᠤᠯᠲᠠ ᠶᠢ ᠬᠠᠮᠵᠢᠯᠴᠠᠨ ᠬᠠᠷᠢᠭᠤᠴᠠᠵᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠤᠨ᠎ᠠ᠃ ᠭᠠᠵᠠᠷ ᠵᠦᠢ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠬᠠᠮᠵᠢᠯᠴᠠᠨ ᠬᠠᠷᠢᠭᠤᠴᠠᠵᠤ᠂ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠠᠵᠢᠯ ᠢ ᠬᠠᠮᠵᠢᠯᠴᠠᠨ ᠬᠠᠷᠢᠭᠤᠴᠠᠨ᠎ᠠ᠃    ︵ᠠᠷᠪᠠᠨ ᠬᠤᠶᠠᠷ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠠᠮᠢᠶᠠᠷᠤᠯᠲᠠ ᠵᠢᠴᠢ ᠳᠠᠷᠤᠭᠳᠠᠮᠠᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠢᠨᠠᠨ ᠵᠥᠪᠰᠢᠶᠡᠷᠡᠬᠦ ᠶᠢ ᠬᠠᠮᠵᠢᠯᠴᠠᠨ ᠬᠠᠷᠢᠭᠤᠴᠠᠵᠤ᠂ ᠠᠭᠤᠷᠬᠠᠢ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠮᠠᠯᠲᠠᠬᠤ ᠣᠨᠴᠠ ᠲᠥᠷᠥᠯ ᠤᠨ ᠠᠭᠤᠷᠬᠠᠢ ᠶᠢᠨ ᠲᠥᠷᠥᠯ᠂ ᠳᠠᠪᠠᠭᠤᠯᠢᠭ ᠠᠭᠤᠷᠬᠠᠢ ᠶᠢᠨ ᠭᠠᠷᠤᠯᠲᠠ ᠶᠢᠨ ᠲᠣᠬᠢᠷᠠᠭᠤᠯᠤᠯ ᠡᠵᠡᠮᠳᠡᠯ ᠵᠢᠴᠢ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠪᠠ ᠬᠠᠮᠠᠭᠠᠯᠠᠬᠤ ᠳᠤ ᠬᠢᠨᠠᠯᠲᠠ ᠲᠠᠯᠪᠢᠨ ᠵᠢᠯᠣᠭᠤᠳᠤᠨ᠎ᠠ᠃    ︵ᠠᠷᠪᠠᠨ ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠪᠠ ᠮᠡᠳᠡᠭᠡ ᠵᠠᠩᠭᠢ ᠶᠢᠨ ᠮᠠᠲ᠋ᠧᠷᠢᠶᠠᠯ ᠤᠨ ᠤᠯᠠᠨ ᠨᠡᠶᠢᠲᠡ ᠶᠢᠨ ᠦᠢᠯᠡᠴᠢᠯᠡᠭᠡ ᠶᠢ ᠬᠠᠷᠢᠭᠤᠴᠠᠨ᠎ᠠ᠃ ᠲᠣᠮᠣ ᠳ᠋ᠠᠶᠢᠲ᠋ᠠ ᠶᠢ ᠬᠥᠭᠵᠢᠭᠦᠯᠦᠨ ᠬᠡᠷᠡᠭᠯᠡᠬᠦ ᠪᠠ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠵᠢᠷᠤᠮᠵᠢᠭᠤᠯᠤᠨ ᠬᠠᠮᠢᠶᠠᠷᠬᠤ᠂ ᠬᠠᠮᠲᠤ ᠳᠤ ᠪᠠᠨ ᠬᠦᠷᠲᠡᠬᠦ ᠪᠠ ᠨᠡᠭᠡᠭᠡᠯᠲᠡ ᠬᠢᠬᠦ ᠶᠢ ᠬᠠᠤᠯᠢ ᠶᠣᠰᠣᠭᠠᠷ ᠠᠬᠢᠭᠤᠯᠤᠨ᠎ᠠ᠃    ︵ᠠᠷᠪᠠᠨ ᠳᠥᠷᠪᠡᠳᠦᠭᠡᠷ︶ ᠬᠤᠲᠠ ᠶᠢᠨ ᠲᠥᠯᠦᠪᠵᠢᠭᠦᠯᠭᠡ ᠶᠢᠨ ᠣᠷᠣᠨ ᠤ ᠬᠡᠪᠴᠢᠶᠡᠨ ᠳᠣᠲᠣᠷᠠᠬᠢ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢ ᠬᠢᠨᠠᠨ ᠵᠥᠪᠰᠢᠶᠡᠷᠡᠬᠦ ᠬᠢᠭᠡᠳ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠥᠯᠥᠪᠵᠢᠭᠦᠯᠵᠦ ᠵᠢᠷᠤᠭᠯᠠᠨ ᠲᠥᠯᠥᠪᠯᠡᠬᠦ ᠨᠢᠭᠡᠴᠡ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃    ︵ᠠᠷᠪᠠᠨ ᠲᠠᠪᠤ︶ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠬᠦ ᠶᠢ ᠬᠠᠷᠢᠭᠤᠴᠠᠵᠤ᠂ ᠲᠣᠰ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠡᠭᠦᠷᠭᠡᠯᠡᠨ᠎ᠡ᠃    ︵ᠠᠷᠪᠠᠨ ᠵᠢᠷᠭᠤᠭ᠎ᠠ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠳᠣᠯᠤᠭ᠎ᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠣᠰᠣᠭᠠᠷ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃    ︵ᠠᠷᠪᠠᠨ ᠨᠠᠶᠢᠮᠠ︶ ᠲᠤᠰᠢᠶᠠᠯ ᠬᠠᠷᠢᠭᠤᠴᠠᠯᠭ᠎ᠠ ᠶᠢᠨ ᠲᠣᠬᠢᠷᠠᠭᠤᠯᠤᠯᠲᠠ    1. ᠤᠤᠯ ᠤᠨ ᠰᠢᠶᠠᠨ ᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ ᠵᠢᠴᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠦᠪᠵᠢᠭᠦᠯᠭᠡ ᠶᠢᠨ ᠡᠭᠦᠷᠭᠡ ᠬᠠᠷᠢᠭᠤᠴᠠᠯᠭ᠎ᠠ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠤᠰᠤᠨ ᠤ ᠡᠬᠢ ᠪᠠᠶᠠᠯᠢᠭ ᠢ ᠪᠠᠶᠢᠴᠠᠭᠠᠬᠤ ᠪᠠ ᠡᠷᠬᠡ ᠶᠢ ᠲᠣᠭᠲᠠᠭᠠᠵᠤ ᠳᠠᠩᠰᠠᠯᠠᠬᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠤᠤᠯ ᠤᠨ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠠᠶᠢᠴᠠᠭᠠᠬᠤ ᠪᠠ ᠡᠷᠬᠡ ᠶᠢ ᠲᠣᠭᠲᠠᠭᠠᠵᠤ ᠳᠠᠩᠰᠠᠯᠠᠬᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠤᠤᠯ ᠤᠨ ᠰᠢᠶᠠᠨ ᠤ ᠣᠢ ᠰᠢᠭᠤᠢ ᠶᠢᠨ ᠲᠣᠪᠴᠢᠶ᠎ᠠ ᠶᠢᠨ ᠣᠢ ᠰᠢᠭᠤᠢ᠂ ᠨᠤᠭᠤ ᠭᠠᠵᠠᠷ ᠵᠡᠷᠭᠡ ᠡᠬᠢ ᠪᠠᠶᠠᠯᠢᠭ ᠢ ᠪᠠᠶᠢᠴᠠᠭᠠᠬᠤ ᠪᠠ ᠡᠷᠬᠡ ᠶᠢ ᠲᠣᠭᠲᠠᠭᠠᠵᠤ ᠳᠠᠩᠰᠠᠯᠠᠬᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠬᠤᠪᠢᠶᠠᠷᠢᠯᠠᠵᠤ᠂ ᠡᠯ᠎ᠡ ᠬᠠᠮᠢᠶ᠎ᠠ ᠪᠦᠬᠦᠢ ᠪᠠᠶᠢᠭᠤᠯᠤᠮᠵᠢ ᠶᠢᠨ ᠬᠡᠮᠵᠢᠨ ᠵᠢᠷᠤᠭᠯᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠦᠨ᠎ᠡ᠃    2. ᠰᠢᠶᠠᠨ ᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠶᠢᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠡᠭᠦᠷᠭᠡ ᠬᠠᠷᠢᠭᠤᠴᠠᠯᠭ᠎ᠠ ᠶᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠬᠤᠪᠢᠶᠠᠷᠢᠯᠠᠵᠤ᠂ ᠰᠢᠶᠠᠨ ᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠶᠢᠨ ᠲᠠᠷᠢᠶᠠᠨ ᠭᠠᠵᠠᠷ ᠢ ᠴᠡᠭᠴᠡᠯᠡᠨ ᠵᠠᠰᠠᠬᠤ ᠲᠥᠷᠥᠯ ᠵᠦᠢᠯ ᠢ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠬᠤᠪᠢᠶᠠᠷᠢᠯᠠᠨ ᠣᠷᠣᠭᠤᠯᠤᠨ᠎ᠠ᠃    3. ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠡᠭᠦᠷᠭᠡᠯᠡᠵᠦ ᠪᠠᠶᠢᠭ᠎ᠠ ᠵᠠᠰᠠᠭ ᠵᠠᠬᠢᠷᠭᠠᠨ ᠤ ᠡᠭᠦᠷᠭᠡ ᠬᠠᠷᠢᠭᠤᠴᠠᠯᠭ᠎ᠠ ᠶᠢ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠬᠤᠪᠢᠶᠠᠷᠢᠯᠠᠨ ᠣᠷᠣᠭᠤᠯᠤᠨ᠎ᠠ᠃     ︵ᠠᠷᠪᠠ ᠶᠢᠰᠦ︶ ᠡᠭᠦᠷᠭᠡ ᠴᠢᠳᠠᠪᠤᠷᠢ ᠶᠢᠨ ᠬᠤᠪᠢᠷᠠᠯᠲᠠ᠃ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠬᠦ ᠲᠤᠬᠠᠢ ᠨᠠᠮ ᠤᠨ ᠲᠥᠪ ᠬᠤᠷᠢᠶᠠᠨ ᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠳᠦᠷᠢᠮ ᠤᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠬᠠᠮᠢᠶᠠᠷᠤᠨ ᠡᠵᠡᠮᠳᠡᠬᠦ ᠦᠢᠯᠡᠳᠦᠯ ᠢ ᠪᠠᠳᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠡᠬᠢ ᠡᠭᠦᠰᠦᠯ ᠠᠴᠠ ᠨᠢ ᠬᠠᠮᠠᠭᠠᠯᠠᠬᠤ ᠪᠠ ᠪᠥᠬᠦ ᠶᠠᠪᠤᠴᠠ ᠶᠢ ᠰᠡᠷᠭᠦᠭᠡᠨ ᠵᠠᠰᠠᠬᠤ ᠶᠢ ᠤᠶᠠᠯᠳᠤᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦᠯᠢ ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠲᠠᠢ ᠰᠡᠷᠭᠦᠭᠡᠬᠦ᠂ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠤᠷᠮᠠᠰᠢᠭᠤᠯᠬᠤ ᠪᠠ ᠬᠢᠵᠠᠭᠠᠷᠯᠠᠬᠤ ᠶᠢ ᠬᠤᠣᠰᠯᠠᠭᠤᠯᠤᠭᠰᠠᠨ ᠳᠦᠷᠢᠮ ᠲᠣᠭᠲᠠᠭᠠᠯ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠪᠠᠶᠢᠭᠠᠯᠢ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠶᠢ ᠠᠬᠢᠭᠤᠯᠤᠨ᠎ᠠ᠃    ᠳᠥᠷᠪᠡᠳᠦᠭᠡᠷ ᠵᠦᠢᠯ ᠦᠴᠦᠸᠠᠨ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠳᠣᠣᠷ᠎ᠠ ᠵᠢᠭᠰᠠᠭᠠᠭᠰᠠᠨ ᠳᠣᠲᠣᠭᠠᠳᠤ ᠶᠢᠨ ᠪᠠᠶᠢᠭᠤᠯᠤᠮᠵᠢ ᠪᠠᠶᠢᠭᠤᠯᠤᠨ᠎ᠠ᠄    ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠵᠢᠴᠢ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠴᠠᠯᠢᠩ᠂ ᠬᠥᠮᠦᠵᠢᠯ ᠪᠣᠯᠪᠠᠰᠤᠷᠠᠭᠤᠯᠤᠯ᠂ ᠮᠡᠳᠡᠭᠡ ᠵᠠᠩᠭᠢ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠨᠢᠭᠤᠴᠠ ᠮᠠᠲ᠋ᠧᠷᠢᠶᠠᠯ᠂ ᠨᠠᠷᠢᠨ ᠪᠢᠴᠢᠭ᠂ ᠡᠳ᠋ ᠤᠨ ᠶᠠᠪᠤᠳᠠᠯ᠂ ᠲᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠪᠠᠶᠢᠭᠤᠯᠭ᠎ᠠ ᠪᠠ ᠬᠠᠷᠢᠶ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠪᠠᠶᠢᠭᠤᠯᠭ᠎ᠠ ᠪᠠ ᠬᠠᠷᠢᠶ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ᠂ ᠣᠯᠠᠨ ᠲᠦᠮᠡᠨ ᠤ ᠪᠦᠯᠬᠦᠮ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠵᠤ᠂ ᠲᠣᠪᠴᠢᠶ᠎ᠠ ᠶᠢ ᠬᠠᠮᠵᠢᠨ ᠡᠮᠡᠭᠲᠡᠶᠢᠴᠦᠳ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠠᠵᠢᠯ ᠢ ᠰᠠᠶᠢᠲᠤᠷ ᠬᠢᠨ᠎ᠡ᠃    ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠬᠦ᠂ ᠡᠷᠬᠡ ᠶᠢ ᠨᠤᠲᠠᠯᠠᠨ ᠳᠠᠩᠰᠠᠯᠠᠬᠤ ᠲᠠᠰᠤᠭ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠬᠡᠮᠵᠢᠵᠦ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠪᠠ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠳᠦᠷᠢᠮ ᠢ ᠬᠡᠷᠡᠭᠵᠢᠭᠦᠯᠵᠦ᠂ ᠪᠦᠬᠦ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠦᠨᠳᠦᠰᠦᠨ ᠪᠠᠶᠢᠴᠠᠭᠠᠯᠲᠠ᠂ ᠬᠤᠪᠢᠷᠠᠭᠤᠯᠤᠯᠲᠠ ᠶᠢᠨ ᠪᠠᠶᠢᠴᠠᠭᠠᠯᠲᠠ᠂ ᠬᠥᠳᠡᠯᠦᠩᠭᠦᠢ ᠬᠢᠨᠠᠨ ᠬᠡᠮᠵᠢᠯᠲᠡ ᠪᠠ ᠵᠠᠳᠠᠯᠤᠯᠲᠠ ᠦᠨᠡᠯᠡᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤ᠂ ᠣᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠪᠠ ᠭᠠᠵᠠᠷ ᠵᠦᠢ ᠶᠢᠨ ᠤᠯᠤᠰ ᠤᠨ ᠪᠠᠶᠢᠳᠠᠯ ᠢ ᠲᠤᠰᠬᠠᠢ ᠵᠦᠢᠯ ᠢᠶᠠᠷ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠠᠵᠢᠯ ᠢ ᠥᠷᠨᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ ᠢ ᠴᠤᠭᠯᠠᠭᠤᠯᠬᠤ᠂ ᠬᠠᠮᠢᠶᠠᠷᠬᠤ᠂ ᠬᠠᠮᠠᠭᠠᠯᠠᠬᠤ᠂ ᠬᠠᠮᠲᠤ ᠪᠠᠷ ᠡᠳ᠋ᠯᠡᠬᠦ ᠪᠠ ᠠᠰᠢᠭᠯᠠᠬᠤ ᠳᠤ ᠬᠢᠨᠠᠯᠲᠠ ᠲᠠᠯᠪᠢᠬᠤ ᠶᠢ ᠡᠭᠦᠷᠭᠡᠯᠡᠨ᠎ᠡ᠃ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠢ ᠨᠤᠲᠠᠯᠠᠨ ᠲᠣᠭᠲᠠᠭᠠᠵᠤ ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠳᠦᠷᠢᠮ᠂ ᠪᠠᠷᠢᠮᠵᠢᠶ᠎ᠠ᠂ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠬᠤ ᠶᠢ ᠡᠭᠦᠷᠭᠡᠯᠡᠨ᠎ᠡ᠃ ᠪᠦᠬᠦ ᠰᠢᠶᠠᠨ ᠤ ᠨᠢᠭᠡᠳᠦᠯᠲᠡᠢ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠳᠡᠩᠰᠡᠯᠡᠨ ᠲᠡᠮᠳᠡᠭᠯᠡᠬᠦ ᠮᠠᠲ᠋ᠧᠷᠢᠶᠠᠯ ᠢ ᠬᠠᠮᠢᠶᠠᠷᠤᠨ᠎ᠠ᠃    ︵ᠭᠤᠷᠪᠠ︶ ᠪᠠᠶᠢᠬᠠᠯᠢ ᠶᠢᠨ ᠡᠬᠢ ᠪᠠᠶᠠᠯᠢᠭ ᠤᠨ ᠡᠷᠬᠡ ᠠᠰᠢᠭ ᠪᠠ ᠨᠡᠭᠡᠭᠡᠨ ᠠᠰᠢᠭᠯᠠᠬᠤ ᠲᠠᠰᠤᠭ᠃ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠭ᠎ᠠ ᠪᠦᠷᠢᠳᠬᠡᠯ ᠤᠨ ᠳᠦᠷᠢᠮ ᠢ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠪᠠ ᠡᠳ᠋ ᠬᠥᠷᠥᠩᠭᠡ ᠶᠢ ᠲᠣᠭᠠᠴᠠᠭ᠎ᠠ ᠬᠢᠬᠦ ᠠᠵᠢᠯ ᠢ ᠡᠭᠦᠷᠭᠡᠯᠡᠨ᠎ᠡ᠃ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠢ ᠥᠭᠴᠢᠬᠡ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠰᠢᠯᠭᠠᠨ ᠬᠢᠨᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠤᠪᠢᠶᠠᠷᠢᠯᠠᠨ ᠥᠭᠬᠦ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠦᠨ᠎ᠡ ᠲᠣᠭᠲᠠᠭᠠᠵᠤ ᠪᠡᠯᠡ ᠭᠠᠷᠭᠠᠬᠤ ᠪᠠ ᠭᠠᠵᠠᠷ ᠰᠢᠷᠣᠢ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠦᠨ ᠤᠯᠤᠰ ᠤᠨ ᠥᠮᠴᠢᠯᠡᠯᠲᠦ ᠭᠠᠵᠠᠷ ᠰᠢᠷᠣᠢ ᠶᠢᠨ ᠡᠳ᠋ ᠬᠥᠷᠥᠩᠭᠡ ᠶᠢ ᠰᠢᠢᠳᠪᠦᠷᠢᠯᠡᠬᠦ ᠶᠢ ᠡᠭᠦᠷᠭᠡᠯᠡᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠪᠠᠷ ᠬᠡᠷᠡᠭᠯᠡᠬᠦ ᠠᠵᠢᠯ ᠢ ᠡᠭᠦᠷᠭᠡᠯᠡᠵᠦ᠂ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠥᠯᠦᠪᠵᠢᠭᠦᠯᠭᠡ ᠶᠢ ᠬᠢᠨᠠᠯᠲᠠ ᠲᠠᠯᠪᠢᠨ ᠬᠡᠷᠡᠭᠵᠢᠭᠦᠯᠵᠦ᠂ ᠠᠷᠠᠯᠵᠢᠶᠠᠨ ᠤ ᠲᠠᠪᠴᠠᠩ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠳᠡᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠠᠵᠢᠯ ᠢ ᠡᠭᠦᠷᠭᠡᠯᠡᠵᠦ᠂ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮ ᠢ ᠪᠠᠶᠢᠭᠤᠯᠤᠨ᠎ᠠ᠃ ᠵᠠᠰᠠᠭ ᠤᠨ ᠣᠷᠳᠣᠨ ᠠᠴᠠ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢᠨ ᠰᠢᠰᠲ᠋ᠧᠮ ᠢ ᠢᠯᠡ ᠨᠡᠶᠢᠲᠡᠯᠡᠬᠦ ᠳᠦᠷᠢᠮ ᠢ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠢ ᠳᠡᠰ ᠬᠤᠪᠢᠶᠠᠨ ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠨᠡᠯᠡᠵᠦ ᠰᠢᠯᠭᠠᠨ ᠬᠢᠨᠠᠬᠤ ᠠᠵᠢᠯ ᠢ ᠥᠷᠨᠢᠭᠦᠯᠵᠦ᠂ ᠠᠷᠪᠢᠲᠠᠢ ᠡᠷᠴᠢᠮᠯᠢᠭ ᠠᠰᠢᠭᠯᠠᠬᠤ ᠶᠢ ᠵᠢᠯᠣᠭᠤᠳᠤᠨ᠎ᠠ᠃    ︵ᠳᠥᠷᠪᠡ︶ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠬᠡᠮᠵᠢᠨ ᠵᠢᠷᠤᠬᠤ ᠬᠠᠮᠢᠶᠠᠷᠤᠯᠲᠠ ᠶᠢᠨ ᠲᠠᠰᠤᠭ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠦᠪᠵᠢᠭᠦᠯᠭᠡ᠂ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠠᠵᠢᠯ ᠢ ᠡᠭᠦᠷᠭᠡᠯᠡᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠪᠦᠬᠦ ᠰᠢᠶᠠᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠬᠠᠮᠢᠶ᠎ᠠ ᠪᠦᠬᠦᠢ ᠲᠤᠰᠬᠠᠢ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠳᠡᠭᠡᠳᠦ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠶᠢᠨ ᠬᠢᠨᠠᠬᠤ᠂ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠡᠭᠦᠷᠭᠡᠯᠡᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠠᠰᠢᠭᠯᠠᠬᠤ ᠳᠤ ᠬᠤᠯᠪᠣᠭᠳᠠᠬᠤ ᠭᠤᠣᠯᠳᠠᠯᠭ᠎ᠠ᠂ ᠲᠤᠰᠬᠠᠢ ᠲᠥᠯᠦᠪᠵᠢᠭᠦᠯᠭᠡ ᠶᠢ ᠬᠢᠨᠠᠨ ᠬᠠᠷᠭᠤᠭᠤᠯᠤᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠡᠭᠡᠭᠡᠯᠲᠡ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ ᠪᠥᠬᠦ ᠰᠢᠶᠠᠨ ᠤ ᠣᠶᠢᠷ᠎ᠠ ᠶᠢᠨ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ᠂ ᠬᠤᠲᠠ ᠪᠠᠯᠭᠠᠰᠤ ᠶᠢ ᠰᠢᠨᠡᠳᠬᠡᠬᠦ ᠵᠢᠴᠢ ᠬᠠᠭᠤᠴᠢᠨ ᠬᠤᠲᠠ ᠶᠢ ᠥᠭᠡᠷᠡᠴᠢᠯᠡᠨ ᠪᠠᠶᠢᠭᠤᠯᠬᠤ ᠲᠥᠯᠦᠪᠵᠢᠭᠦᠯᠭᠡ ᠵᠡᠷᠭᠡ ᠬᠡᠷᠡᠭᠵᠢᠭᠦᠯᠬᠦ ᠴᠢᠨᠠᠷᠲᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠨ᠎ᠠ᠃ ᠭᠠᠵᠠᠷ ᠰᠢᠷᠣᠢ ᠶᠢ ᠨᠥᠭᠡᠴᠡᠯᠡᠬᠦ᠂ ᠬᠠᠩᠭᠠᠬᠤ ᠵᠡᠷᠭᠡ ᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠲᠣᠭᠲᠠᠭᠠᠬᠤ ᠳᠤ ᠣᠷᠣᠯᠴᠠᠨ᠎ᠠ᠃ ᠴᠡᠴᠡᠷᠯᠢᠭ ᠤᠨ ᠨᠣᠭᠤᠭᠠᠷᠠᠭᠤᠯᠤᠯᠲᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠨ᠎ᠠ᠃ ᠪᠦᠬᠦ ᠰᠢᠶᠠᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢ ᠵᠥᠪᠰᠢᠶᠡᠷᠡᠬᠦ ᠬᠠᠮᠢᠶᠠᠷᠤᠯᠲᠠ ᠳᠤ ᠣᠷᠣᠯᠴᠠᠨ᠎ᠠ᠃ ᠵᠠᠮ ᠬᠠᠷᠢᠯᠴᠠᠭ᠎ᠠ᠂ ᠬᠤᠲᠠ ᠶᠢᠨ ᠶᠠᠪᠤᠳᠠᠯ ᠤᠨ ᠪᠡᠯᠡᠳᠬᠡᠮᠵᠢ ᠵᠢᠴᠢ ᠭᠠᠵᠠᠷ ᠳᠣᠣᠷᠠᠬᠢ ᠣᠷᠣᠨ ᠵᠠᠢ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ᠂ ᠵᠠᠰᠠᠪᠤᠷᠢ ᠣᠷᠣᠭᠤᠯᠬᠤ ᠠᠵᠢᠯ ᠵᠢᠴᠢ ᠲᠥᠷᠥᠯ ᠵᠦᠢᠯ ᠤᠨ ᠲᠥᠯᠦᠪᠵᠢᠭᠦᠯᠭᠡ ᠶᠢᠨ ᠭᠠᠵᠠᠷ ᠰᠣᠩᠭᠤᠬᠤ᠂ ᠲᠥᠯᠦᠪᠵᠢᠭᠦᠯᠭᠡ ᠶᠢᠨ ᠨᠥᠬᠦᠴᠡᠯ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠪᠠ ᠪᠠᠷᠢᠯᠭ᠎ᠠ ᠳᠠᠭᠤᠰᠤᠭᠰᠠᠨ ᠲᠥᠯᠦᠪᠵᠢᠭᠦᠯᠭᠡ ᠶᠢ ᠬᠢᠨᠠᠨ ᠬᠠᠷᠭᠤᠭᠤᠯᠬᠤ ᠳᠤ ᠣᠷᠣᠯᠴᠠᠨ᠎ᠠ᠃ ᠪᠦᠬᠦ ᠰᠢᠶᠠᠨ ᠤ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃    ︵ᠲᠠᠪᠤ︶ ᠲᠠᠷᠢᠶᠠᠨ ᠭᠠᠵᠠᠷ ᠢ ᠬᠠᠮᠠᠭᠠᠯᠠᠬᠤ ᠪᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠬᠠᠮᠢᠶᠠᠷᠬᠤ ᠲᠠᠰᠤᠭ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠢ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ᠂ ᠡᠵᠡᠯᠡᠨ ᠬᠡᠷᠡᠭᠯᠡᠬᠦ ᠪᠠ ᠨᠥᠬᠦᠵᠦ ᠬᠤᠪᠢᠶᠠᠷᠢᠯᠠᠬᠤ ᠶᠢᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠨ᠎ᠡ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠪᠥᠬᠦ ᠰᠢᠶᠠᠨ ᠤ ᠭᠠᠵᠠᠷ ᠲᠠᠲᠠᠪᠤᠷᠢᠯᠠᠬᠤ ᠳᠤ ᠨᠥᠬᠦᠪᠦᠷᠢ ᠥᠭᠬᠦ ᠪᠠᠷᠢᠮᠵᠢᠶ᠎ᠠ ᠶᠢ ᠲᠣᠭᠲᠠᠭᠠᠬᠤ ᠠᠵᠢᠯ ᠢ ᠵᠢᠯᠣᠭᠤᠳᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠣᠶᠢᠲᠤ ᠭᠠᠵᠠᠷ᠂ ᠡᠪᠡᠰᠦᠲᠦ ᠭᠠᠵᠠᠷ᠂ ᠨᠤᠭᠤ ᠭᠠᠵᠠᠷ ᠵᠡᠷᠭᠡ ᠭᠠᠵᠠᠷ ᠰᠢᠷᠣᠢ ᠶᠢᠨ ᠡᠬᠢ ᠪᠠᠶᠠᠯᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠲᠠᠢ ᠵᠣᠯᠭᠠᠯᠳᠤᠭᠤᠯᠬᠤ ᠶᠢ ᠡᠭᠦᠷᠭᠡᠯᠡᠨ᠎ᠡ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠳᠦᠷᠢᠮ ᠤᠨ ᠵᠢᠷᠤᠮᠵᠢᠯ ᠪᠠ ᠮᠡᠷᠭᠡᠵᠢᠯ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠭᠠᠵᠠᠷ ᠰᠢᠷᠣᠢ ᠶᠢᠨ ᠣᠨ ᠤ ᠠᠰᠢᠭᠯᠠᠬᠤ ᠲᠥᠯᠥᠪᠯᠡᠭᠡ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ᠂ ᠨᠤᠭᠤ ᠭᠠᠵᠠᠷ ᠵᠡᠷᠭᠡ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠰᠢᠯᠵᠢᠭᠦᠯᠦᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠣᠩᠭᠤᠬᠤ᠂ ᠤᠷᠢᠳᠴᠢᠯᠠᠨ ᠬᠢᠨᠠᠬᠤ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠳᠡᠭᠡᠳᠦ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠭᠰᠡᠨ ᠡᠯ᠎ᠡ ᠲᠥᠷᠥᠯ ᠤᠨ ᠭᠠᠵᠠᠷ ᠰᠢᠷᠣᠢ ᠶᠢᠨ ᠬᠡᠷᠡᠭᠯᠡᠯᠲᠡ ᠶᠢ ᠰᠢᠯᠵᠢᠭᠦᠯᠦᠨ ᠬᠡᠷᠡᠭᠯᠡᠬᠦ᠂ ᠭᠠᠵᠠᠷ ᠰᠢᠷᠣᠢ ᠲᠠᠲᠠᠪᠤᠷᠢᠯᠠᠬᠤ ᠶᠢ ᠬᠢᠨᠠᠨ ᠬᠠᠷᠭᠤᠭᠤᠯᠬᠤ᠂ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠡᠭᠦᠷᠭᠡᠯᠡᠨ᠎ᠡ᠃ ᠭᠠᠵᠠᠷ ᠰᠢᠷᠣᠢ ᠲᠠᠲᠠᠪᠤᠷᠢᠯᠠᠨ ᠠᠪᠬᠤ᠂ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠰᠢᠶᠠᠨ ᠤ ᠬᠡᠪᠴᠢᠶᠡᠨ ᠤ ᠳᠣᠲᠣᠷᠠᠬᠢ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠵᠡᠷᠭᠡ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃    ︵ᠵᠢᠷᠭᠤᠭ᠎ᠠ︶ ᠤᠯᠤᠰ ᠤᠨ ᠭᠠᠵᠠᠷ ᠰᠢᠷᠣᠢ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠲᠠᠰᠤᠭ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠰᠡᠷᠭᠦᠭᠡᠨ ᠬᠡᠷᠡᠭᠵᠢᠭᠦᠯᠬᠦ ᠶᠢ ᠬᠡᠷᠡᠭᠵᠢᠭᠦᠯᠬᠦ ᠠᠵᠢᠯ ᠢ ᠡᠭᠦᠷᠭᠡᠯᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠶᠡᠷᠦᠩᠬᠡᠶᠢᠯᠡᠨ ᠵᠠᠰᠠᠬᠤ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠠᠵᠢᠯ ᠢ ᠡᠭᠦᠷᠭᠡᠯᠡᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠠᠵᠢᠯ ᠢ ᠥᠷᠨᠢᠭᠦᠯᠦᠨ᠎ᠡ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠮᠠᠯᠲᠠᠭᠰᠠᠨ ᠵᠢᠴᠢ ᠭᠠᠵᠠᠷ ᠳᠡᠭᠡᠷᠡᠬᠢ ᠳᠣᠷᠣᠭᠰᠢ ᠰᠠᠭᠤᠭᠰᠠᠨ ᠵᠡᠷᠭᠡ ᠭᠠᠵᠠᠷ ᠬᠥᠷᠥᠰᠥ ᠶᠢᠨ ᠠᠰᠠᠭᠤᠳᠠᠯ ᠳᠤ ᠬᠢᠨᠠᠯᠲᠠ ᠲᠠᠯᠪᠢᠨ ᠬᠠᠮᠢᠶᠠᠷᠴᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠭᠠᠵᠠᠷ ᠰᠢᠨᠵᠢᠯᠡᠭᠡᠨ ᠤ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠭᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠰᠠᠶᠢᠲᠤᠷ ᠬᠢᠵᠦ᠂ ᠭᠠᠵᠠᠷ ᠰᠢᠨᠵᠢᠯᠡᠭᠡᠨ ᠤ ᠭᠠᠮᠰᠢᠭ ᠤᠨ ᠪᠠᠷᠢᠯᠭ᠎ᠠ ᠶᠢ ᠵᠠᠰᠠᠬᠤ ᠪᠠ ᠭᠠᠵᠠᠷ ᠰᠢᠨᠵᠢᠯᠡᠭᠡᠨ ᠤ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠤᠨ ᠥᠷᠨᠢᠭᠦᠯᠵᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃    ︵ᠳᠤᠯᠤᠭ᠎ᠠ︶ ᠠᠭᠤᠷᠬᠠᠢ ᠶᠢᠨ ᠡᠷᠬᠡ ᠶᠢᠨ ᠬᠠᠮᠢᠶᠠᠷᠤᠯᠲᠠ ᠶᠢᠨ ᠬᠢᠨᠠᠯᠲᠠ ᠲᠠᠯᠪᠢᠬᠤ ᠲᠠᠰᠤᠭ᠃ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠠᠭᠤᠷᠬᠠᠢ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠵᠢᠴᠢ ᠳᠠᠩᠰᠠᠯᠠᠨ ᠲᠡᠮᠳᠡᠭᠯᠡᠬᠦ ᠠᠵᠢᠯ ᠢ ᠡᠭᠦᠷᠭᠡᠯᠡᠵᠦ᠂ ᠬᠠᠮᠵᠢᠯᠴᠠᠨ ᠠᠵᠢᠯᠯᠠᠵᠤ᠂ ᠠᠭᠤᠷᠬᠠᠢ ᠶᠢᠨ ᠦᠢᠯᠡᠰ ᠤᠨ ᠡᠬᠢ ᠪᠠᠶᠠᠯᠢᠭ ᠤᠨ ᠲᠥᠷᠥ ᠶᠢᠨ ᠪᠣᠳᠣᠯᠭ᠎ᠠ ᠪᠣᠯᠣᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠪᠠ ᠬᠠᠮᠠᠭᠠᠯᠠᠬᠤ ᠳᠤ ᠬᠢᠨᠠᠯᠲᠠ ᠲᠠᠯᠪᠢᠨ ᠵᠢᠯᠤᠭᠤᠳᠴᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠲᠥᠯᠥᠪᠦᠷᠢᠲᠡᠢ ᠬᠡᠷᠡᠭᠯᠡᠬᠦ ᠠᠵᠢᠯ ᠢ ᠡᠭᠦᠷᠭᠡᠯᠡᠨ᠎ᠡ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ᠂ ᠳᠠᠩᠰᠠᠯᠠᠬᠤ᠂ ᠲᠡᠮᠳᠡᠭᠯᠡᠬᠦ᠂ ᠪᠦᠷᠢᠳᠬᠡᠬᠦ ᠪᠠ ᠳᠠᠷᠤᠭᠳᠠᠮᠠᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠢᠨᠠᠨ ᠵᠥᠪᠰᠢᠶᠡᠷᠡᠵᠦ ᠬᠠᠮᠢᠶᠠᠷᠬᠤ᠂ ᠠᠭᠤᠷᠬᠠᠢ ᠶᠢᠨ ᠭᠠᠷᠤᠯᠲᠠ ᠶᠢᠨ ᠭᠠᠵᠠᠷ ᠤᠨ ᠨᠥᠭᠡᠴᠡᠯᠡᠬᠦ ᠠᠵᠢᠯ ᠢ ᠡᠭᠦᠷᠭᠡᠯᠡᠨ᠎ᠡ᠃ ᠠᠭᠤᠷᠬᠠᠢ ᠶᠢᠨ ᠨᠥᠭᠡᠴᠡ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃    ︵ᠨᠠᠢᠮᠠ︶ ᠬᠠᠤᠯᠢ ᠲᠣᠭᠲᠠᠭᠠᠯ᠂ ᠵᠠᠬᠢᠳᠠᠯ ᠰᠣᠷᠪᠤᠯᠵᠢᠯᠠᠭ᠎ᠠ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠠᠰᠤᠭ᠃ ᠬᠠᠤᠯᠢ ᠴᠠᠭᠠᠵᠠ ᠶᠢᠨ ᠤᠬᠠᠭᠤᠯᠭ᠎ᠠ ᠬᠥᠮᠦᠵᠢᠯ ᠤᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠲᠠᠰᠤᠯᠤᠯᠲᠠ ᠵᠢᠴᠢ ᠵᠠᠰᠠᠭ ᠵᠠᠬᠢᠷᠭᠠᠨ ᠤ ᠲᠥᠯᠥᠪᠦᠷᠢ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠬᠠᠤᠯᠢ ᠴᠠᠭᠠᠵᠠ ᠶᠢᠨ ᠵᠥᠪᠯᠡᠭᠴᠢ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠡᠭᠦᠷᠭᠡᠯᠡᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠪᠠᠶᠢᠭᠠᠯᠢ ᠶᠢᠨ ᠡᠬᠢ ᠪᠠᠶᠠᠯᠢᠭ᠂ ᠬᠡᠮᠵᠢᠨ ᠵᠢᠷᠤᠭᠯᠠᠬᠤ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠣᠷᠣᠨ ᠪᠦᠰᠡ ᠠᠯᠤᠰᠯᠠᠭᠰᠠᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠣᠬᠢᠴᠠᠭᠤᠯᠤᠨ ᠰᠢᠢᠳᠪᠦᠷᠢᠯᠡᠨ᠎ᠡ᠃ ᠲᠣᠪᠴᠢᠶ᠎ᠠ ᠶᠢᠨ ᠬᠠᠷᠢᠶ᠎ᠠ ᠬᠠᠤᠯᠢ ᠬᠡᠷᠡᠭᠵᠢᠭᠦᠯᠬᠦ ᠶᠡᠭᠡ ᠠᠩᠭᠢ᠂ ᠦᠨᠳᠦᠰᠦᠨ ᠱᠠᠲᠤᠨ ᠤ ᠭᠠᠵᠠᠷ ᠤᠨ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠲᠠᠯ᠎ᠠ ᠶᠢᠨ ᠲᠤᠬᠠᠶᠢᠯᠠᠭᠰᠠᠨ ᠠᠵᠢᠯ ᠢ ᠵᠢᠯᠤᠭᠤᠳᠴᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠵᠢᠴᠢ ᠬᠠᠮᠢᠶ᠎ᠠ ᠪᠦᠬᠦᠢ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃    ᠲᠠᠪᠤᠳᠤᠭᠠᠷ ᠵᠦᠢᠯ ᠦᠴᠦᠸᠠᠨ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 12 ᠬᠥᠮᠥᠨ᠂ ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ 3 ᠬᠥᠮᠥᠨ᠃    ᠵᠢᠷᠭᠤᠳᠤᠭᠠᠷ ᠵᠦᠢᠯ ᠦᠴᠦᠸᠠᠨ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ᠂ ᠣᠷᠣᠨ ᠲᠣᠭᠠᠨ ᠤ ᠵᠦᠢᠯᠡᠰ ᠢ ᠠᠰ ᠲᠤᠨᠢ ᠲᠣᠭᠲᠠᠭᠠᠨ᠎ᠠ᠃    ᠳᠣᠯᠣᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠤ ᠲᠣᠬᠢᠷᠠᠭᠤᠯᠤᠯᠲᠠ ᠶᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠲᠣᠭᠲᠠᠭᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃    ᠨᠠᠢᠮᠠᠳᠤᠭᠠᠷ ᠵᠦᠢᠯ ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠬᠤᠶᠠᠷ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠴᠢᠩ ᠱᠠᠨ  ᠵᠠᠮ ᠤᠨ ᠯᠠᠯᠤ ᠶᠢᠨ ᠰᠦᠮ᠎ᠡ ᠶᠢᠨ ᠪᠠᠷᠠᠭᠤᠨ 50 ᠮᠧᠲᠷ    ᠭᠤᠷᠪᠠ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00 14᠄ 30-17᠄ 30    ᠳᠥᠷᠪᠡ᠂ ᠬᠠᠷᠢᠯᠴᠠᠬᠤ ᠠᠷᠭ᠎ᠠ ᠬᠡᠯᠪᠡᠷᠢ᠄ 0471 - 8812161    ᠲᠠᠪᠤ᠂ ᠬᠠᠷᠢᠭᠤᠴᠠᠯᠭᠠᠲᠠᠨ᠄ ᠯᠠᠨ ᠱᠠᠩ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号