ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2025/1/26
   ᠨᠢᠭᠡ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠣᠯᠣᠨ ᠠᠵᠢᠯᠲᠠᠨ ᠤ ᠣᠷᠣᠨ ᠲᠣᠭᠠᠨ ᠤ ᠲᠤᠬᠠᠢ ᠲᠣᠭᠲᠠᠭᠠᠯ    ᠨᠢᠭᠡᠳᠦᠭᠡᠷ ᠵᠦᠢᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃    ᠬᠤᠶᠠᠳᠤᠭᠠᠷ ᠵᠦᠢᠯ ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠯ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠣᠯᠣᠨ᠎ᠠ᠃    ᠭᠤᠷᠪᠠᠳᠤᠭᠠᠷ ᠵᠦᠢᠯ ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠨ ᠪᠠᠶᠢᠴᠠᠭᠠᠨ᠎ᠠ᠃    ︵ᠬᠤᠶᠠᠷ︶ ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠬᠦ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠶᠢᠨ ᠴᠢᠳᠠᠪᠤᠷᠢᠲᠠᠨ ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠳᠡᠭᠡᠳᠦ ᠳᠡᠰ ᠳᠠᠪᠬᠤᠷᠭ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠢᠯᠢᠨ ᠰᠣᠩᠭᠤᠬᠤ᠂ ᠬᠥᠮᠥᠵᠢᠭᠦᠯᠬᠦ ᠪᠠ ᠬᠠᠮᠢᠶᠠᠷᠬᠤ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠬᠥᠮᠥᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠦᠢ ᠵᠣᠬᠢᠰᠲᠠᠢ ᠰᠢᠯᠵᠢᠯᠲᠡ᠂ ᠪᠦᠲᠦᠮᠵᠢᠲᠡᠶ ᠲᠣᠬᠢᠷᠠᠭᠤᠯᠤᠯᠲᠠ ᠶᠢ ᠠᠬᠢᠭᠤᠯᠤᠨ᠎ᠠ᠃    ︵ᠭᠤᠷᠪᠠ︶ ᠦᠴᠦᠸᠠᠨ ᠰᠢᠶᠠᠨ ᠤ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ ᠲᠥᠯᠦᠪᠵᠢᠭᠦᠯᠭᠡ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠰᠢᠶᠠᠨ ᠤ ᠬᠤᠲᠠ ᠬᠥᠳᠡᠭᠡ ᠶᠢᠨ ᠬᠥᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠳᠦᠷᠢᠮ ᠢ ᠨᠢᠭᠡᠳᠦᠯᠲᠡᠢ ᠲᠥᠯᠥᠪᠯᠡᠨ ᠪᠠᠶᠢᠭᠤᠯᠵᠤ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃    ︵ᠳᠥᠷᠪᠡ︶ ᠬᠤᠲᠠ ᠬᠥᠳᠡᠭᠡ ᠶᠢ ᠬᠠᠮᠤᠷᠤᠭᠰᠠᠨ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠪᠥᠬᠦ ᠰᠢᠶᠠᠨ ᠤ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠨᠥᠬᠦᠪᠦᠷᠢ ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠳᠠᠭᠠᠳᠬᠠᠯ ᠵᠢᠴᠢ ᠨᠥᠬᠦᠪᠦᠷᠢ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠭᠠᠷᠳᠠᠯᠭ᠎ᠠ ᠶᠣᠰᠣᠭᠠᠷ ᠨᠡᠶᠢᠭᠡᠮ ᠤᠨ ᠳᠠᠭᠠᠳᠬᠠᠯ ᠤᠨ ᠨᠢᠭᠡᠳᠦᠯᠲᠡᠢ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃    ︵ᠲᠠᠪᠤ︶ ᠪᠦᠬᠦ ᠰᠢᠶᠠᠨ ᠤ ᠠᠵᠢᠯ ᠣᠯᠭᠤᠯᠲᠠ᠂ ᠠᠵᠢᠯ ᠠᠯᠳᠠᠯᠲᠠ ᠶᠢ ᠲᠥᠰᠥᠭᠡᠯᠡᠨ ᠰᠡᠷᠡᠮᠵᠢᠯᠡᠭᠦᠯᠬᠦ ᠵᠢᠴᠢ ᠮᠡᠳᠡᠭᠡ ᠵᠠᠩᠭᠢ ᠶᠢ ᠬᠥᠲᠥᠯᠥᠨ ᠵᠢᠯᠤᠭᠤᠳᠬᠤ ᠶᠢ ᠬᠠᠷᠢᠭᠤᠴᠠᠵᠤ᠂ ᠠᠷᠭᠠᠴᠠᠬᠤ ᠪᠡᠯᠡᠳᠬᠡᠯ ᠲᠥᠰᠥᠯ ᠲᠣᠭᠲᠠᠭᠠᠵᠤ᠂ ᠰᠡᠷᠭᠡᠶᠢᠯᠡᠬᠦ᠂ ᠲᠣᠬᠢᠷᠠᠭᠤᠯᠬᠤ ᠪᠠ ᠡᠵᠡᠮᠳᠡᠬᠦ ᠶᠢ ᠬᠡᠷᠡᠭᠵᠢᠭᠦᠯᠵᠦ᠂ ᠠᠵᠢᠯ ᠣᠯᠭᠤᠯᠲᠠ ᠶᠢᠨ ᠪᠠᠶᠢᠳᠠᠯ ᠢ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃    ︵ᠵᠢᠷᠭᠤᠭ᠎ᠠ︶ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠳᠦᠷᠢᠮ ᠪᠠ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠢᠯᠲᠠᠨ ᠠᠵᠢᠯᠴᠢᠨ ᠤ ᠠᠵᠢᠯᠯᠠᠬᠤ ᠴᠠᠭ᠂ ᠠᠮᠠᠷᠠᠬᠤ᠂ ᠠᠮᠠᠷᠠᠯᠲᠠ ᠠᠪᠬᠤ᠂ ᠠᠮᠠᠷᠠᠯᠲᠠ ᠶᠢᠨ ᠬᠤᠭᠤᠴᠠᠭᠠᠨ ᠤ ᠳᠦᠷᠢᠮ ᠢ ᠨᠠᠶᠢᠳᠠᠪᠤᠷᠢᠵᠢᠭᠤᠯᠬᠤ ᠪᠠ ᠬᠡᠦᠬᠡᠳ ᠠᠵᠢᠯᠴᠢᠨ᠂ ᠡᠮᠡᠭᠲᠡᠢ ᠠᠵᠢᠯᠴᠢᠨ ᠵᠢᠴᠢ ᠨᠠᠰᠤᠨ ᠳᠤ ᠬᠦᠷᠦᠭᠡᠳᠦᠢ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠶᠢ ᠠᠷᠢᠯᠭᠠᠬᠤ ᠣᠨᠴᠠᠭᠠᠶ ᠬᠥᠳᠡᠯᠮᠦᠷᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠮᠦᠷᠢᠴᠢᠳ ᠤᠨ ᠡᠷᠬᠡ ᠠᠰᠢᠭ ᠢᠶᠠᠨ ᠬᠠᠮᠠᠭᠠᠯᠠᠬᠤ ᠠᠵᠢᠯ ᠢ ᠵᠣᠬᠢᠴᠠᠭᠤᠯᠤᠨ᠂ ᠬᠦᠨᠳᠦ ᠶᠡᠭᠡ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    ︵ᠳᠤᠯᠤᠭ᠎ᠠ︶ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠲᠦᠯᠬᠢᠨ ᠠᠬᠢᠭᠤᠯᠵᠤ᠂ ᠲᠤᠰᠬᠠᠢ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢᠨ ᠬᠠᠮᠢᠶᠠᠷᠤᠯᠲᠠ᠂ ᠰᠢᠯᠭᠠᠷᠠᠭᠤᠯᠤᠯᠲᠠ᠂ ᠭᠤᠶᠤᠴᠢᠯᠠᠨ ᠮᠡᠳᠡᠭᠦᠯᠬᠦ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠬᠡᠮ ᠢ ᠬᠢᠨᠠᠨ ᠪᠠᠶᠢᠴᠠᠭᠠᠬᠤ᠂ ᠭᠤᠶᠤᠴᠢᠯᠠᠨ ᠮᠡᠳᠡᠭᠦᠯᠬᠦ ᠠᠵᠢᠯ ᠢ ᠬᠠᠷᠢᠭᠤᠴᠠᠨ᠎ᠠ᠃    ︵ᠨᠠᠢᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠰᠢᠶᠠᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠤᠨ᠎ᠠ᠃ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠲᠣᠬᠢᠷᠠᠭᠤᠯᠬᠤ᠂ ᠢᠯᠡ ᠪᠠᠷ ᠤᠷᠢᠬᠤ᠂ ᠤᠷᠢᠵᠤ ᠬᠡᠷᠡᠭᠯᠡᠬᠦ ᠭᠡᠷ᠎ᠡ ᠵᠡᠷᠭᠡ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠳᠠᠭᠠᠭᠠᠨ ᠭᠦᠢᠴᠡᠳᠬᠡᠬᠦ ᠶᠢ ᠬᠠᠷᠢᠭᠤᠴᠠᠨ᠎ᠠ᠃ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠣᠯᠣᠨ ᠪᠠᠶᠢᠭᠤᠯᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃    ︵ᠶᠢᠰᠦ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠦᠴᠦᠸᠠᠨ ᠰᠢᠶᠠᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠴᠠᠯᠢᠩ ᠤᠨ ᠬᠡᠪ ᠤᠨ ᠨᠡᠮᠡᠭᠳᠡᠯ ᠪᠠ ᠲᠣᠭᠠᠴᠠᠭ᠎ᠠ ᠬᠢᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠠᠰᠠᠷᠠᠮᠵᠢ ᠪᠠ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃    ︵ᠠᠷᠪᠠ︶ ᠲᠠᠷᠢᠶᠠᠴᠢᠨ ᠬᠦᠴᠦ ᠶᠠᠪᠤᠭᠰᠠᠳ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃    ︵ᠠᠷᠪᠠᠨ ᠨᠢᠭᠡ︶ ᠪᠦᠬᠦ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠭ᠎ᠠ ᠪᠦᠷᠢᠳᠬᠡᠯ ᠪᠠ ᠮᠡᠳᠡᠭᠡ ᠵᠠᠩᠭᠢ ᠶᠢᠨ ᠠᠵᠢᠯ ᠢ ᠬᠠᠷᠢᠭᠤᠴᠠᠵᠤ᠂ ᠪᠦᠬᠦ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠮᠠᠲ᠋ᠧᠷᠢᠶᠠᠯ ᠵᠢᠴᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠵᠢᠱᠢᠯᠲᠡ ᠶᠢᠨ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠪᠦᠬᠦ ᠰᠢᠶᠠᠨᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ ᠤᠨ ᠲᠣᠪᠴᠢᠶᠠᠨ ᠠᠴᠠ ᠬᠠᠮᠢᠶᠠᠷᠬᠤ ᠶᠣᠰᠣᠲᠠᠢ ᠡᠯ᠎ᠡ ᠲᠥᠷᠥᠯ ᠤᠨ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠬᠠᠷᠢᠭᠤᠴᠠᠵᠤ᠃    ︵ᠠᠷᠪᠠᠨ ᠬᠤᠶᠠᠷ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃    ︵ᠠᠷᠪᠠᠨ ᠭᠤᠷᠪᠠ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠳᠥᠷᠪᠡᠳᠦᠭᠡᠷ ᠵᠦᠢᠯ ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢ ᠳᠣᠣᠷᠠᠬᠢ ᠮᠡᠲᠦ ᠪᠠᠶᠢᠭᠤᠯᠬᠤ ᠬᠡᠷᠡᠭᠲᠡᠢ᠄    ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠠᠯᠪᠠᠨ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯ ᠪᠠ ᠡᠳᠦᠷ ᠲᠤᠲᠤᠮ ᠤᠨ ᠬᠡᠷᠡᠭ ᠶᠠᠪᠤᠳᠠᠯ ᠢ ᠶᠡᠷᠦᠩᠬᠡᠶᠢᠯᠡᠨ ᠵᠣᠬᠢᠴᠠᠭᠤᠯᠤᠨ ᠰᠢᠢᠳᠪᠦᠷᠢᠯᠡᠵᠦ᠂ ᠲᠣᠪᠴᠢᠶ᠎ᠠ ᠶᠢᠨ ᠤᠳᠤᠷᠢᠳᠤᠯᠭ᠎ᠠ ᠶᠢ ᠬᠠᠮᠵᠢᠨ ᠨᠠᠮ ᠤᠨ ᠶᠠᠪᠤᠳᠠᠯ᠂ ᠵᠠᠰᠠᠭ ᠤᠨ ᠶᠠᠪᠤᠳᠠᠯ᠂ ᠬᠡᠷᠡᠭ ᠶᠠᠪᠤᠳᠠᠯ ᠢ ᠰᠢᠮᠳᠠᠭᠤᠯᠤᠨ ᠪᠠᠶᠢᠴᠠᠭᠠᠨ᠎ᠠ᠃ ᠬᠤᠷᠠᠯ ᠤᠨ ᠶᠠᠪᠤᠳᠠᠯ ᠤᠨ ᠵᠣᠬᠢᠶᠠᠨ ᠪᠠᠶᠢᠭᠤᠯᠤᠯᠲᠠ᠂ ᠠᠯᠪᠠᠨ ᠪᠢᠴᠢᠭ ᠬᠢᠨᠠᠨ ᠬᠠᠷᠭᠤᠭᠤᠯᠬᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠰᠢᠢᠳᠪᠦᠷᠢᠯᠡᠬᠦ᠂ ᠨᠢᠭᠤᠴᠠ ᠮᠠᠲ᠋ᠧᠷᠢᠶᠠᠯ ᠢ ᠳᠠᠷᠤᠮᠠᠯᠯᠠᠬᠤ ᠶᠢ ᠬᠠᠮᠢᠶᠠᠷᠬᠤ᠂ ᠠᠮᠤᠷ ᠲᠦᠪᠰᠢᠨ ᠤ ᠬᠠᠮᠠᠭᠠᠯᠠᠯᠲᠠ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠠᠷᠤ ᠲᠠᠯ᠎ᠠ ᠶᠢᠨ ᠪᠠᠲᠤᠯᠠᠭ᠎ᠠ ᠶᠢᠨ ᠪᠠᠲᠤᠯᠠᠭ᠎ᠠ᠂ ᠡᠳ᠋ ᠤᠨ ᠶᠠᠪᠤᠳᠠᠯ᠂ ᠲᠣᠭᠲᠠᠭᠠᠯ ᠳᠦᠷᠢᠮ ᠤᠨ ᠪᠠᠶᠢᠭᠤᠯᠤᠯᠲᠠ ᠵᠡᠷᠭᠡ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠠᠯᠪᠠᠨ ᠠᠵᠢᠯ ᠤᠨ ᠠᠦ᠋ᠲ᠋ᠣᠴᠢᠯᠠᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠬᠥᠮᠦᠵᠢᠯ ᠪᠣᠯᠪᠠᠰᠤᠷᠠᠭᠤᠯᠤᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠭᠦᠢᠴᠡᠳᠬᠡᠨ᠎ᠡ ᠪᠦᠬᠦ ᠰᠢᠶᠠᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ᠂ ᠴᠠᠯᠢᠩ᠂ ᠬᠥᠳᠡᠯᠮᠦᠷᠢ ᠶᠢᠨ ᠳᠠᠩᠰᠠ ᠡᠪᠬᠡᠮᠡᠯ ᠢ ᠬᠠᠳᠠᠭᠠᠯᠠᠬᠤ᠂ ᠨᠢᠭᠤᠴᠠ ᠶᠢ ᠬᠠᠮᠠᠭᠠᠯᠠᠬᠤ᠂ ᠬᠢᠨᠠᠨ ᠲᠣᠭᠲᠠᠭᠠᠬᠤ᠂ ᠤᠰᠠᠳᠬᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶  ᠨᠡᠶᠢᠭᠡᠮ ᠤᠨ ᠪᠠᠲᠤᠯᠠᠭ᠋᠎ᠠ ᠶᠢᠨ ᠶᠡᠷᠦᠩᠬᠡᠶᠢᠯᠡᠭᠰᠡᠨ ᠲᠠᠰᠤᠭ᠃ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠠᠵᠢᠯ ᠣᠯᠭᠤᠬᠤ ᠲᠥᠪ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ᠂ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠶᠡᠭᠡ ᠠᠩᠭᠢ ᠶᠢᠨ ᠲᠤᠬᠠᠶᠢᠯᠠᠭᠰᠠᠨ ᠠᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠶᠢᠨ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠵᠢᠴᠢ ᠲᠣᠭᠤᠷᠢᠭ ᠬᠤᠲᠠ ᠬᠤᠶᠠᠷ ᠱᠠᠲᠤᠨ ᠤ ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠣᠯᠤᠭᠰᠠᠨ ᠭᠡᠮᠲᠦᠯ ᠤᠨ ᠭᠡᠮᠲᠦᠯ ᠢ ᠦᠨᠡᠮᠰᠢᠬᠦ ᠠᠩᠬ᠎ᠠ ᠪᠠᠶᠢᠴᠠᠭᠠᠬᠤ ᠠᠩᠬ᠎ᠠ ᠬᠢᠨᠠᠬᠤ ᠠᠵᠢᠯ ᠵᠢᠴᠢ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠬᠦ ᠪᠠ ᠬᠥᠳᠡᠯᠮᠦᠷᠢᠯᠡᠬᠦ ᠴᠢᠳᠠᠪᠤᠷᠢ ᠶᠢᠨ ᠬᠢᠨᠠᠨ ᠲᠣᠭᠲᠠᠭᠠᠬᠤ ᠶᠢ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠲᠤᠰ ᠠᠵᠢᠯ ᠲᠥᠷᠥᠯ ᠤᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃    ︵ᠭᠤᠷᠪᠠ︶  ᠠᠵᠤ ᠠᠬᠤᠶᠢᠯᠠᠯ ᠠᠵᠢᠯ ᠦᠢᠯᠡᠰ ᠤᠨ ᠠᠵᠢᠯᠲᠠᠨ ᠤ ᠬᠠᠮᠢᠶᠠᠷᠤᠯᠲᠠ ᠶᠢᠨ ᠲᠠᠰᠤᠭ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠰᠢᠶᠠᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠤᠨ᠎ᠠ᠃ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠢ ᠬᠢᠨᠠᠨ ᠰᠢᠯᠭᠠᠬᠤ᠂ ᠰᠢᠯᠵᠢᠭᠦᠯᠦᠨ ᠲᠣᠬᠢᠷᠠᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠪᠦᠬᠦ ᠰᠢᠶᠠᠨ ᠤ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ᠂ ᠢᠯᠡ ᠪᠠᠷ ᠡᠯᠰᠡᠬᠦ᠂ ᠰᠢᠯᠵᠢᠭᠦᠯᠦᠨ ᠲᠣᠬᠢᠷᠠᠭᠤᠯᠬᠤ᠂ ᠬᠢᠨᠠᠨ ᠰᠢᠯᠭᠠᠬᠤ᠂ ᠱᠠᠩᠨᠠᠵᠤ ᠲᠣᠷᠭᠠᠬᠤ ᠵᠡᠷᠭᠡ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠶᠠᠪᠤᠳᠠᠯ ᠢ ᠳᠠᠭᠠᠭᠠᠨ ᠭᠦᠢᠴᠡᠳᠬᠡᠨ᠎ᠡ᠃ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠴᠢᠳᠠᠪᠤᠷᠢᠲᠠᠨ ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ᠂ ᠦᠴᠦᠸᠠᠨ ᠰᠢᠶᠠᠨ ᠤ ᠳᠡᠭᠡᠳᠦ ᠳᠡᠰ ᠳᠠᠪᠬᠤᠷᠭ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠢᠯᠢᠨ ᠰᠣᠩᠭᠤᠬᠤ᠂ ᠬᠥᠮᠥᠵᠢᠭᠦᠯᠬᠦ ᠪᠠ ᠬᠠᠮᠢᠶᠠᠷᠬᠤ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠴᠢᠳᠠᠪᠤᠷᠢᠲᠠᠨ ᠤ ᠲᠥᠷᠥᠯ ᠵᠦᠢᠯ ᠤᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠬᠥᠮᠥᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠲᠥᠷᠥ ᠶᠢᠨ ᠪᠣᠳᠣᠯᠭ᠎ᠠ ᠪᠠ ᠲᠥᠯᠦᠪᠵᠢᠭᠦᠯᠭᠡ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠮᠡᠷᠭᠡᠵᠢᠯ ᠤᠨ ᠴᠣᠯᠠ ᠶᠢᠨ ᠬᠠᠮᠢᠶᠠᠷᠤᠯᠲᠠ ᠶᠢᠨ ᠠᠵᠢᠯ᠂ ᠬᠢᠨᠠᠨ ᠲᠣᠭᠲᠠᠭᠠᠬᠤ᠂ ᠭᠤᠶᠤᠴᠢᠯᠠᠨ ᠮᠡᠳᠡᠭᠦᠯᠬᠦ ᠪᠠ ᠦᠷᠭᠦᠯᠵᠢᠯᠡᠨ ᠰᠤᠷᠭᠠᠨ ᠬᠥᠮᠥᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠬᠢᠷᠢ ᠬᠡᠮ ᠢ ᠬᠢᠨᠠᠨ ᠪᠠᠶᠢᠴᠠᠭᠠᠬᠤ᠂ ᠭᠤᠶᠤᠴᠢᠯᠠᠨ ᠮᠡᠳᠡᠭᠦᠯᠬᠦ ᠠᠵᠢᠯ ᠢ ᠬᠠᠷᠢᠭᠤᠴᠠᠨ᠎ᠠ᠃    ︵ᠳᠥᠷᠪᠡ︶  ᠴᠠᠯᠢᠩ ᠠᠰᠠᠷᠠᠮᠵᠢ ᠶᠢᠨ ᠲᠠᠰᠤᠭ᠃ ᠪᠦᠬᠦ ᠰᠢᠶᠠᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠣᠯᠣᠨ ᠪᠠᠶᠢᠭᠤᠯᠭ᠎ᠠ ᠶᠢᠨ ᠠᠵᠢᠯᠴᠢᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ᠂ ᠠᠰᠠᠷᠠᠮᠵᠢ᠂ ᠠᠵᠢᠯᠯᠠᠭᠰᠠᠨ ᠤᠨ ᠵᠢᠯ ᠢ ᠮᠠᠭᠠᠳᠯᠠᠨ ᠲᠣᠭᠲᠠᠭᠠᠬᠤ᠂ ᠴᠠᠯᠢᠩ ᠢ ᠲᠣᠭᠲᠠᠭᠠᠬᠤ ᠪᠠ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ᠂ ᠨᠡᠮᠡᠭᠦᠷᠢ ᠨᠥᠬᠦᠪᠦᠷᠢ᠂ ᠠᠰᠠᠷᠠᠮᠵᠢ ᠵᠡᠷᠭᠡ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠠᠵᠢᠯ ᠠᠴᠠ ᠪᠠᠨ ᠪᠠᠭᠤᠵᠤ ᠠᠮᠠᠷᠠᠬᠤ ᠶᠢ ᠬᠢᠨᠠᠨ ᠵᠥᠪᠰᠢᠶᠡᠷᠡᠬᠦ ᠪᠠ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠲᠠᠢ ᠠᠳᠠᠯᠢ ᠪᠠᠷ ᠦᠵᠡᠨ᠎ᠡ᠃ ᠪᠦᠬᠦ ᠰᠢᠶᠠᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠬᠤᠳᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠬᠠᠷᠢᠭᠤᠴᠠᠨ᠎ᠠ᠃ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠣᠬᠢᠷᠠᠭᠤᠯᠤᠯᠲᠠ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠰᠠᠷᠠᠮᠵᠢ ᠶᠢᠨ ᠮᠥᠩᠭᠦ᠂ ᠨᠥᠭᠴᠢᠭᠰᠡᠳ ᠤᠨ ᠭᠡᠷ ᠪᠦᠯᠢ ᠶᠢᠨ ᠠᠮᠢᠳᠤᠷᠠᠯ ᠤᠨ ᠵᠠᠷᠤᠳᠠᠯ ᠤᠨ ᠣᠯᠭᠤᠮᠵᠢ ᠥᠭᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠬᠤᠷᠸ᠎ᠠ ᠵᠢᠯᠣᠭᠤᠳᠤᠯᠭ᠎ᠠ ᠲᠣᠬᠢᠷᠠᠭᠤᠯᠭ᠎ᠠ ᠪᠠ ᠥᠭᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠪᠠ ᠴᠠᠯᠢᠩ ᠢ ᠲᠣᠭᠲᠠᠭᠠᠬᠤ ᠲᠣᠭᠲᠠᠴᠠ ᠶᠢᠨ ᠬᠠᠮᠢᠶ᠎ᠠ ᠪᠦᠬᠦᠢ ᠠᠵᠢᠯ ᠳᠤ ᠣᠷᠣᠯᠴᠠᠨ᠎ᠠ᠃    ︵ᠲᠠᠪᠤ︶  ᠬᠢᠨᠠᠨ ᠪᠤᠳᠤᠬᠤ ᠬᠢᠨᠠᠯᠲᠠ ᠬᠠᠮᠢᠶᠠᠷᠤᠯᠲᠠ ᠶᠢᠨ ᠲᠠᠰᠤᠭ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠰᠢᠶᠠᠨ ᠤ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢ ᠬᠢᠨᠠᠨ ᠪᠣᠳᠣᠵᠤ ᠬᠢᠨᠠᠯᠲᠠ ᠲᠠᠯᠪᠢᠬᠤ ᠬᠡᠷᠡᠭᠵᠢᠭᠦᠯᠬᠦ ᠠᠷᠭ᠎ᠠ ᠶᠢ ᠲᠣᠭᠲᠠᠭᠠᠨ᠎ᠠ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ᠂ ᠠᠵᠢᠯ ᠣᠯᠭᠤᠯᠲᠠ ᠶᠢᠨ ᠲᠤᠰᠬᠠᠢ ᠪᠡᠯᠡ ᠮᠥᠩᠭᠦ ᠵᠢᠴᠢ ᠪᠠᠶᠢᠭᠤᠯᠭ᠎ᠠ ᠪᠣᠯᠣᠨ ᠬᠠᠷᠢᠶ᠎ᠠ ᠨᠢᠭᠡᠴᠢ ᠶᠢᠨ ᠲᠥᠰᠥᠪ ᠤᠨ ᠪᠡᠯᠡ ᠮᠥᠩᠭᠦ ᠶᠢ ᠰᠢᠮᠳᠠᠭᠤᠯᠤᠨ ᠪᠠᠶᠢᠴᠠᠭᠠᠵᠤ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠠᠵᠢᠯ ᠮᠡᠷᠭᠡᠵᠢᠯ ᠤᠨ ᠣᠨ ᠤ ᠮᠥᠩᠭᠦ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠨ᠎ᠠ᠃ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠰᠠᠬᠢᠯᠭ᠎ᠠ ᠪᠠᠲᠤ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠢ ᠬᠠᠮᠵᠢᠨ ᠬᠡᠰᠡᠭ ᠨᠢᠭᠡᠴᠢ ᠶᠢᠨ ᠳᠣᠲᠣᠭᠠᠳᠤ ᠶᠢᠨ ᠡᠳ᠋ ᠤᠨ ᠶᠠᠪᠤᠳᠠᠯ ᠳᠤ ᠪᠠᠶᠢᠴᠠᠭᠠᠯᠲᠠ ᠬᠢᠵᠦ ᠬᠢᠨᠠᠨ ᠪᠤᠳᠤᠬᠤ ᠠᠵᠢᠯ ᠢ ᠥᠷᠨᠢᠭᠦᠯᠦᠨ᠎ᠡ᠃    ︵ᠵᠢᠷᠭᠤᠭ᠎ᠠ︶  ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠺᠣᠮᠢᠰ ᠤᠨ ᠠᠯᠪᠠᠨ ᠭᠡᠷ᠃ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠵᠠᠰᠠᠭ ᠵᠠᠬᠢᠷᠭᠠᠨ ᠤ ᠳᠦᠷᠢᠮ ᠲᠣᠭᠲᠠᠭᠠᠯ ᠢ ᠦᠨᠳᠦᠰᠦᠯᠡᠨ᠂ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ᠂ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠵᠢᠴᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠰᠢᠢᠳᠪᠦᠷᠢᠯᠡᠬᠦ ᠶᠣᠰᠣᠲᠠᠢ ᠠᠵᠢᠯᠲᠠᠨ ᠤ ᠶᠠᠪᠤᠳᠠᠯ ᠤᠨ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠢ ᠰᠢᠢᠳᠪᠦᠷᠢᠯᠡᠨ᠎ᠡ᠃ ᠪᠦᠬᠦ ᠰᠢᠶᠠᠨ ᠤ ᠬᠥᠳᠡᠯᠮᠦᠷᠢ ᠶᠢᠨ ᠭᠡᠷ᠎ᠡ ᠲᠣᠭᠲᠠᠬᠤ ᠪᠠ ᠰᠢᠯᠭᠠᠨ ᠭᠡᠷᠡᠴᠢᠯᠡᠬᠦ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ᠂ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠠᠵᠢᠯᠲᠠᠨ ᠤ ᠶᠠᠪᠤᠳᠠᠯ᠂ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠨ᠎ᠡ᠃ ᠠᠵᠢᠯᠲᠠᠨ ᠤ ᠶᠠᠪᠤᠳᠠᠯ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ᠂ ᠬᠠᠮᠢᠶᠠᠷᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃    ᠪᠠᠶᠢᠭᠤᠯᠭ᠋᠎ᠠ ᠶᠢᠨ ᠨᠠᠮ ᠤᠨ ᠶᠡᠷᠦᠩᠬᠡᠢ ᠡᠭᠦᠷ᠃ ᠪᠠᠶᠢᠭᠤᠯᠭ᠎ᠠ ᠪᠣᠯᠣᠨ ᠬᠠᠷᠢᠶ᠎ᠠ ᠨᠢᠭᠡᠴᠢ ᠶᠢᠨ ᠢᠶᠠᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃    ᠲᠠᠪᠤᠳᠤᠭᠠᠷ ᠵᠦᠢᠯ ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠪᠠᠶᠢᠭᠤᠯᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 10 ᠨᠡᠷᠡᠰ᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 3᠃    ᠵᠢᠷᠭᠤᠳᠤᠭᠠᠷ ᠵᠦᠢᠯ ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠣᠭᠠᠨ ᠤ ᠵᠦᠢᠯᠡᠰ ᠢ ᠠᠰ ᠲᠤᠨᠢ ᠲᠣᠭᠲᠠᠭᠠᠨ᠎ᠠ᠃    ᠳᠣᠯᠣᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠢ ᠰᠢᠶᠠᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠲᠣᠭᠲᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃    ᠨᠠᠢᠮᠠᠳᠤᠭᠠᠷ ᠵᠦᠢᠯ ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠬᠤᠶᠠᠷ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠶᠢᠩ ᠪᠢᠨ ᠵᠠᠮ ᠬᠢᠭᠡᠳ ᠺᠢᠨᠣ᠋ ᠲᠧᠯᠸᠢᠰ ᠪᠠᠷᠠᠭᠤᠨ ᠵᠡᠭᠡᠯᠢ ᠶᠢᠨ ᠲᠣᠨᠣᠯᠵᠢᠨ ᠵᠠᠮ ᠤᠨ ᠠᠭᠤᠯᠵᠠᠷ ᠤᠨ ᠪᠠᠷᠠᠭᠤᠨ 150 ᠮᠧᠲᠷ ᠵᠠᠮ ᠤᠨ ᠬᠤᠶᠢᠲᠤ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶      ᠭᠤᠷᠪᠠ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00 14᠄ 30-17᠄ 30    ᠳᠥᠷᠪᠡ᠂ ᠬᠠᠷᠢᠯᠴᠠᠬᠤ ᠠᠷᠭ᠎ᠠ ᠬᠡᠯᠪᠡᠷᠢ᠄ 0471 - 8812305    ᠲᠠᠪᠤ᠂ ᠬᠠᠷᠢᠭᠤᠴᠠᠯᠭᠠᠲᠠᠨ᠄ ᠸᠠᠩ ᠶᠦᠩ ᠴᠢᠩ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号