ᠦᠴᠦᠸᠠᠨ ᠵᠠᠰᠠᠭ ᠵᠠᠷ ﹇2025﹈ 6 ᠳ᠋ᠤᠭᠠᠷ ᠲᠣᠭᠠᠲᠤ | | ᠦᠴᠦᠸᠠᠨ ᠰᠢᠶᠠᠨ ᠤ ᠳᠡᠭᠡᠷ᠎ᠡ ᠲᠣᠬᠤᠢ ᠰᠢᠶᠠᠩ ᠤᠨ ᠮᠠ ᠸᠠᠩ ᠮᠢᠶᠣᠣ ᠲᠣᠰᠬᠤᠨ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ | ᠵᠢᠴᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠪᠡᠯ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | 2025 ᠣᠨ ᠤ ᠬᠤᠶᠠᠳᠤᠭᠠᠷ ᠪᠦᠯᠦᠭ ᠤᠳᠠᠭ᠎ᠠ ᠳᠤ ᠳᠡᠭᠡᠷ᠎ᠡ ᠲᠣᠬᠤᠢ ᠰᠢᠶᠠᠩ ᠤᠨ ᠮᠠ ᠸᠠᠩ ᠮᠢᠶᠣᠣ | ᠲᠣᠰᠬᠤᠨ ᠤ ᠬᠠᠮᠲᠤ ᠶᠢᠨ ᠭᠠᠵᠠᠷ ᠰᠢᠷᠣᠢ ᠶᠢ 1.3349 ᠾᠧᠺᠲ᠋ᠠᠷ ᠰᠢᠯᠵᠢᠭᠦᠯᠦᠨ ᠬᠡᠷᠡᠭᠯᠡᠬᠦ ᠪᠠᠷ ᠲᠥᠯᠥᠪᠯᠡᠵᠦ | ᠪᠣᠶ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠰᠢᠯᠵᠢᠭᠦᠯᠦᠨ ᠬᠡᠷᠡᠭᠯᠡᠬᠦ ᠭᠠᠵᠠᠷ ᠰᠢᠷᠣᠢ ᠶᠢᠨ ᠬᠡᠪᠴᠢᠶ᠎ᠡ᠂ ᠣᠷᠣᠨ ᠪᠠᠶᠢᠷᠢ | ᠳᠡᠭᠡᠷᠡᠬᠢ ᠲᠣᠬᠤᠢ ᠰᠢᠶᠠᠩ ᠤᠨ ᠮᠠ ᠸᠠᠩ ᠮᠢᠶᠣᠣ ᠲᠣᠰᠬᠤᠨ ᠳᠤ ᠭᠠᠵᠠᠷ ᠰᠢᠯᠵᠢᠭᠦᠯᠦᠨ ᠬᠡᠷᠡᠭᠯᠡᠬᠦ ᠪᠠᠷ | ᠲᠥᠯᠥᠪᠯᠡᠵᠦ ᠪᠠᠶᠢᠨ᠎ᠠ᠂ ᠳᠦᠷᠪᠡᠨ ᠲᠠᠯ᠎ᠠ ᠪᠠᠷ ᠢᠶᠠᠨ ᠬᠠᠶᠢᠨ ᠬᠡᠮᠵᠢᠵᠦ ᠵᠠᠭᠠᠭ ᠲᠣᠭᠲᠠᠭᠠᠬᠤ ᠪᠠᠷ ᠪᠠᠶᠢᠨ᠎ᠠ᠃ | ᠬᠤᠶᠠᠷ᠂ ᠭᠠᠵᠠᠷ ᠰᠢᠷᠣᠢ ᠶᠢᠨ ᠣᠳᠣᠬᠢ ᠪᠠᠶᠢᠳᠠᠯ᠂ ᠲᠠᠯᠠᠪᠠᠢ | ᠳᠡᠭᠡᠷ᠎ᠡ ᠲᠣᠬᠤᠢ ᠰᠢᠶᠠᠩ ᠤᠨ ᠮᠠ ᠸᠠᠩ ᠮᠢᠶᠣᠣ ᠲᠣᠰᠬᠤᠨ ᠤ ᠬᠠᠮᠲᠤ ᠶᠢᠨ ᠭᠠᠵᠠᠷ 1.3349 ᠾᠧᠺᠲ᠋ᠠᠷ | ᠰᠢᠯᠵᠢᠭᠦᠯᠦᠨ ᠬᠡᠷᠡᠭᠯᠡᠬᠦ ᠪᠠᠷ ᠲᠥᠯᠥᠪᠯᠡᠵᠦ᠂ ᠡᠭᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ 1.3349 ᠾᠧᠺᠲ᠋ᠠᠷ | ︵ᠪᠤᠰᠤᠳ ᠡᠪᠡᠰᠦᠲᠦ ᠭᠠᠵᠠᠷ 1.3349 ᠾᠧᠺᠲ᠋ᠠᠷ︶᠂ ᠭᠠᠵᠠᠷ ᠳᠡᠭᠡᠷᠡᠬᠢ ᠳᠠᠭᠠᠯᠲᠠ ᠪᠣᠳᠠᠰ ᠪᠠᠶᠢᠬᠤ ᠦᠭᠡᠢ᠂ | ᠬᠥᠬᠡ ᠴᠢᠬᠢ ᠪᠠᠶᠢᠬᠤ ᠦᠭᠡᠢ᠃ | ᠭᠤᠷᠪᠠ᠂ ᠭᠠᠵᠠᠷ ᠰᠢᠷᠣᠢ ᠶᠢ ᠰᠢᠯᠵᠢᠭᠦᠯᠦᠨ ᠬᠡᠷᠡᠭᠯᠡᠬᠦ ᠵᠣᠷᠢᠯᠭ᠎ᠠ | ᠲᠤᠰ ᠤᠳᠠᠭ᠎ᠠ ᠰᠢᠯᠵᠢᠭᠦᠯᠦᠨ ᠬᠡᠷᠡᠭᠯᠡᠬᠦ ᠪᠠᠷ ᠪᠠᠶᠢᠭ᠎ᠠ ᠬᠠᠮᠲᠤ ᠶᠢᠨ ᠭᠠᠵᠠᠷ ᠰᠢᠷᠣᠢ ᠨᠢ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢᠨ ᠵᠢᠷᠠᠳᠤᠭᠠᠷ | ᠵᠦᠢᠯ ᠳᠤ ᠲᠣᠭᠲᠠᠭᠠᠭᠰᠠᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠰᠢᠶᠠᠩ (ᠪᠠᠯᠭᠠᠰᠤ) ᠤᠨ ᠭᠠᠵᠠᠷ ᠰᠢᠷᠣᠢ ᠠᠰᠢᠭᠯᠠᠬᠤ ᠶᠡᠷᠦᠩᠬᠡᠢ ᠲᠥᠯᠦᠪᠵᠢᠭᠦᠯᠭᠡ ᠳᠤ ᠲᠣᠭᠲᠠᠭᠠᠭᠰᠠᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠬᠡᠷᠡᠭᠯᠡᠵᠦ ᠠᠵᠤ ᠠᠬᠤᠶᠢᠯᠠᠯ ᠡᠷᠬᠢᠯᠡᠬᠦ ᠪᠤᠶᠤ ᠪᠤᠰᠤᠳ ᠨᠢᠭᠡᠴᠢ᠂ | ᠬᠤᠪᠢ ᠬᠥᠮᠥᠨ ᠭᠠᠵᠠᠷ ᠰᠢᠷᠣᠢ ᠶᠢᠨ ᠬᠡᠷᠡᠭᠯᠡᠬᠦ ᠡᠷᠬᠡ ᠪᠠᠷ ᠢᠶᠠᠨ ᠬᠤᠪᠢ ᠣᠷᠣᠬᠤ᠂ ᠬᠤᠯᠪᠤᠭᠠᠯᠠᠨ ᠡᠵᠡᠩᠨᠡᠬᠦ ᠵᠡᠷᠭᠡ | ᠬᠡᠯᠪᠡᠷᠢ ᠪᠠᠷ ᠠᠵᠤ ᠠᠬᠤᠶᠢᠯᠠᠯ ᠡᠷᠬᠢᠯᠡᠬᠦ ᠳᠤ᠂ ᠬᠤᠯᠪᠣᠭᠳᠠᠯ ᠲᠠᠢ ᠵᠥᠪᠰᠢᠶᠡᠷᠡᠭᠦᠯᠦᠭᠰᠡᠨ ᠪᠢᠴᠢᠭ ᠮᠠᠲ᠋ᠧᠷᠢᠶᠠᠯ ᠢ | ᠠᠪᠴᠤ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ | ᠵᠥᠪᠰᠢᠶᠡᠷᠡᠭᠦᠯᠬᠦ ᠬᠡᠷᠡᠭᠲᠡᠢ᠃ ᠡᠭᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠬᠦ ᠳᠤ ᠬᠤᠯᠪᠣᠭᠳᠠᠪᠠᠯ᠂ | ᠳᠥᠴᠢᠨ ᠳᠥᠷᠪᠡᠳᠦᠭᠡᠷ ᠵᠦᠢᠯ ᠤᠨ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠳᠬᠡᠬᠦ | ᠬᠡᠷᠡᠭᠲᠡᠢ᠃ ᠲᠣᠰ ᠤᠳᠠᠭ᠎ᠠ ︽ᠳᠡᠭᠡᠷ᠎ᠡ ᠲᠣᠬᠤᠢ ᠰᠢᠶᠠᠩ ᠤᠨ ᠮᠠ ᠸᠠᠩ ᠮᠢᠶᠣᠣ ᠲᠣᠰᠬᠤᠨ ᠤ ᠲᠥᠯᠦᠪᠵᠢᠭᠦᠯᠭᠡ | ︵2021 - 2035 ᠣᠨ︶︾ ᠳᠤ ᠨᠡᠶᠢᠴᠡᠪᠡ᠃ | ᠳᠥᠷᠪᠡ᠂ ᠭᠠᠵᠠᠷ ᠰᠢᠷᠣᠢ ᠶᠢ ᠰᠢᠯᠵᠢᠭᠦᠯᠦᠨ ᠬᠡᠷᠡᠭᠯᠡᠬᠦ ᠨᠥᠬᠦᠪᠦᠷᠢ ᠥᠭᠬᠦ ᠪᠠᠷᠢᠮᠵᠢᠶ᠎ᠠ᠂ ᠲᠣᠬᠢᠷᠠᠭᠤᠯᠬᠤ ᠬᠡᠯᠪᠡᠷᠢ | ᠲᠣᠰ ᠪᠦᠯᠦᠭ ᠤᠳᠠᠭ᠎ᠠ ᠲᠣᠰᠬᠤᠨ ᠤ ᠬᠠᠮᠲᠤ ᠶᠢᠨ ᠭᠠᠵᠠᠷ ᠰᠢᠷᠣᠢ ᠶᠢ ᠡᠵᠡᠯᠡᠨ ᠬᠡᠷᠡᠭᠯᠡᠬᠦ ᠨᠢ ᠵᠥᠪᠬᠡᠨ | ᠰᠢᠯᠵᠢᠭᠦᠯᠦᠨ ᠬᠡᠷᠡᠭᠯᠡᠵᠦ ᠲᠠᠲᠠᠪᠤᠷᠢᠯᠠᠬᠤ ᠦᠭᠡᠢ᠂ ᠨᠥᠬᠦᠪᠦᠷᠢ ᠥᠭᠬᠦ ᠳᠤ ᠬᠤᠯᠪᠣᠭᠳᠠᠬᠤ ᠦᠭᠡᠢ᠃ ᠬᠠᠮᠲᠤ ᠶᠢᠨ | ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠰᠢᠨᠵᠢ ᠴᠢᠨᠠᠷ ᠬᠤᠪᠢᠷᠠᠬᠤ ᠦᠭᠡᠢ ᠪᠠᠶᠢᠵᠤ᠂ ᠡᠵᠡᠯᠡᠨ ᠬᠡᠷᠡᠭᠯᠡᠬᠦ | ᠭᠠᠵᠠᠷ ᠰᠢᠷᠣᠢ ᠶᠢ ᠲᠣᠰᠬᠤᠨ ᠤ ᠬᠠᠮᠲᠤ ᠶᠢᠨ ᠳᠣᠲᠣᠭᠠᠳᠤ ᠳᠠᠭᠠᠨ ᠥᠪᠡᠰᠦᠪᠡᠨ ᠲᠣᠬᠢᠷᠠᠭᠤᠯᠤᠨ᠎ᠠ᠃ | ᠲᠠᠪᠤ᠂ ᠨᠡᠶᠢᠭᠡᠮ ᠤᠨ ᠪᠠᠲᠤᠯᠠᠭ᠎ᠠ | ᠲᠣᠰ ᠤᠳᠠᠭ᠎ᠠ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠦᠭᠡᠢ᠂ ᠨᠡᠶᠢᠭᠡᠮ ᠤᠨ ᠪᠠᠲᠤᠯᠠᠭ᠎ᠠ ᠶᠢᠨ | ᠲᠥᠪᠬᠢᠨᠡᠭᠦᠯᠬᠦ ᠳᠤ ᠬᠤᠯᠪᠣᠭᠳᠠᠬᠤ ᠦᠭᠡᠢ᠃ | ᠵᠢᠷᠭᠤᠭ᠎ᠠ᠂ ᠪᠤᠰᠤᠳ ᠵᠦᠢᠯ | ᠲᠣᠰ ᠤᠳᠠᠭᠠᠨ ᠤ ᠵᠠᠷᠯᠠᠨ ᠨᠡᠶᠢᠲᠡᠯᠡᠬᠦ ᠬᠤᠭᠤᠴᠠᠭ᠎ᠠ ᠪᠣᠯ 2025 ᠣᠨ ᠤ 1 ᠰᠠᠷ᠎ᠠ ᠶᠢᠨ 24 ᠤ ᠡᠳᠦᠷ - | 2025 ᠣᠨ ᠤ 2 ᠰᠠᠷ᠎ᠠ ᠶᠢᠨ 24 ᠤ ᠡᠳᠦᠷ ᠪᠣᠯᠣᠨ᠎ᠠ᠃ ︽ᠪᠠᠶᠢᠭᠠᠯᠢ ᠶᠢᠨ ᠡᠬᠢ ᠪᠠᠶᠠᠯᠢᠭ ᠤᠨ ᠭᠡᠷᠡᠴᠢᠯᠡᠭᠡ | ᠰᠣᠨᠣᠰᠬᠤ ᠲᠣᠭᠲᠠᠭᠠᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠬᠠᠮᠲᠤ ᠶᠢᠨ ᠭᠠᠵᠠᠷ ᠰᠢᠷᠣᠢ ᠶᠢ ᠰᠢᠯᠵᠢᠭᠦᠯᠦᠨ | ᠬᠡᠷᠡᠭᠯᠡᠭᠦᠯᠦᠭᠰᠡᠨ ᠨᠢᠭᠡᠴᠢ ᠵᠢᠴᠢ ᠬᠠᠮᠢᠶ᠎ᠠ ᠪᠦᠬᠦᠢ ᠡᠷᠬᠡᠲᠦ ᠬᠥᠮᠥᠨ ᠨᠢ ᠭᠠᠵᠠᠷ ᠰᠢᠷᠣᠢ ᠶᠢ ᠰᠢᠯᠵᠢᠭᠦᠯᠦᠨ ᠬᠡᠷᠡᠭᠯᠡᠬᠦ | ᠬᠤᠯᠪᠣᠭᠳᠠᠯ ᠪᠦᠬᠦᠢ ᠵᠦᠢᠯᠡᠰ ᠤᠨ ᠲᠤᠬᠠᠢ ᠭᠡᠷᠡᠴᠢᠯᠡᠭᠡ ᠰᠣᠨᠣᠰᠬᠤ ᠡᠷᠬᠡ ᠲᠠᠢ ᠬᠤᠯᠪᠣᠭᠳᠠᠨ᠎ᠠ᠃ 2025 ᠣᠨ ᠤ | 3 ᠰᠠᠷ᠎ᠠ ᠶᠢᠨ 4 ᠤ ᠡᠳᠦᠷ ᠠᠴᠠ ᠡᠮᠦᠨ᠎ᠡ ᠦᠴᠦᠸᠠᠨ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ | ᠭᠡᠷᠡᠴᠢᠯᠡᠯᠲᠡ ᠰᠣᠨᠣᠰᠬᠤ ᠭᠤᠶᠤᠴᠢᠯᠠᠯ ᠪᠢᠴᠢᠭ ᠢᠶᠠᠷ ᠳᠤᠷᠠᠳᠴᠤ᠂ ᠬᠤᠭᠤᠴᠠᠭ᠎ᠠ ᠬᠡᠲᠦᠷᠡᠲᠡᠯ᠎ᠡ ᠳᠤᠷᠠᠳᠤᠭᠰᠠᠨ | ᠦᠭᠡᠢ ᠪᠣᠯ ᠭᠡᠷᠡᠴᠢᠯᠡᠭᠡ ᠰᠣᠨᠣᠰᠬᠤ ᠪᠠᠨ ᠪᠣᠯᠢᠭᠰᠠᠨ ᠢᠶᠠᠷ ᠦᠵᠡᠨ᠎ᠡ᠃ | | ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | 2025 ᠣᠨ ᠤ 1 ᠰᠠᠷ᠎ᠠ ᠶᠢᠨ 24 ᠤ ᠡᠳᠦᠷ | | |