ᠡᠳ᠋ ᠤᠨ ᠵᠠᠰᠠᠭ ᠤᠨ ᠲᠣᠪᠴᠢᠶ᠎ᠠ
ᠨᠡᠶᠢᠲᠡᠯᠡᠭᠰᠡᠨ ᠴᠠᠭ᠄
2025/1/27
   ᠪᠠᠶᠢᠭᠤᠯᠤᠮᠵᠢ ᠶᠢᠨ ᠡᠭᠦᠷᠭᠡ ᠴᠢᠳᠠᠪᠤᠷᠢ    ᠨᠢᠭᠡᠳᠦᠭᠡᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠨᠠᠮ ᠤᠨ ᠬᠤᠷᠢᠶᠠᠨ ᠤ ᠠᠯᠪᠠᠨ ᠲᠢᠩᠬᠢᠮ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠥᠪᠰᠢᠶᠡᠷᠡᠭᠰᠡᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ︵ᠬᠥᠬᠡᠬᠤᠲᠠ ᠨᠠᠮ ᠠᠯᠪᠠᠨ ᠲᠠᠷᠬᠠᠭᠠᠭᠰᠠᠨ ﹇2019﹈ 5 ᠳ᠋ᠤᠭᠠᠷ ᠲᠣᠭᠠᠲᠤ︶ ᠪᠣᠯᠣᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃    ᠬᠤᠶᠠᠳᠤᠭᠠᠷ ᠵᠦᠢᠯ ᠦᠴᠦᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠣᠯ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠲᠠᠰ᠂ ᠰᠢᠶᠠᠨ ᠤ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠵᠢᠨ‌ᠵᠥ᠋ᠪᠯᠡᠯ ᠢ ᠨᠡᠮᠡᠵᠦ ᠡᠯᠭᠦᠪᠡ᠃ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ ︽ᠭᠤᠷᠪᠠ ᠶᠢ ᠲᠣᠭᠲᠠᠭᠠᠬᠤ︾ ᠲᠣᠭᠲᠠᠭᠠᠯ ᠵᠢᠴᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠰᠠᠯᠠᠭ᠎ᠠ ᠮᠥᠴᠢᠷ ᠤᠨ ᠲᠣᠬᠢᠷᠠᠭᠤᠯᠬᠤ ᠵᠦᠢᠯᠡᠰ ᠲᠤ ᠲᠣᠳᠣᠷᠬᠠᠢ ᠲᠣᠭᠲᠠᠭᠠᠭᠰᠠᠨ ᠭᠤᠣᠯ ᠡᠭᠦᠷᠭᠡ ᠬᠠᠷᠢᠭᠤᠴᠠᠯᠭ᠎ᠠ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ ᠣᠷᠣᠨ ᠲᠤᠭ᠎ᠠ ᠵᠡᠷᠭᠡ ᠪᠣᠯ ᠲᠣᠰ ᠰᠠᠯᠠᠭ᠎ᠠ ᠮᠥᠴᠢᠷ ᠤᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ᠂ ᠠᠵᠢᠯᠲᠠᠨ ᠤ ᠲᠣᠬᠢᠷᠠᠭᠤᠯᠤᠯᠲᠠ ᠪᠠ ᠠᠵᠢᠯ ᠤᠨ ᠠᠵᠢᠯᠯᠠᠭᠠᠨ ᠤ ᠦᠨᠳᠦᠰᠦᠨ ᠦᠨᠳᠦᠰᠦᠯᠡᠯ ᠪᠣᠯᠣᠨ᠎ᠠ᠃    ᠭᠤᠷᠪᠠᠳᠤᠭᠠᠷ ᠵᠦᠢᠯ ᠦᠴᠦᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠡᠳ᠋ ᠤᠨ ᠵᠠᠰᠠᠭ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠰᠠᠯᠠᠭ᠎ᠠ ᠮᠥᠴᠢᠷ ᠤᠨ ᠭᠤᠣᠯ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠡᠷᠬᠡ ᠬᠠᠷᠢᠭᠤᠴᠠᠯᠭ᠎ᠠ ᠶᠢᠨ ᠨᠡᠷᠡᠶᠢᠳᠦᠯ᠂ ᠡᠷᠬᠡ ᠬᠠᠷᠢᠭᠤᠴᠠᠯᠭ᠎ᠠ ᠶᠢᠨ ᠲᠦᠷᠦᠯ ᠬᠡᠯᠪᠡᠷᠢ᠂ ᠲᠣᠭᠲᠠᠭᠠᠭᠰᠠᠨ ᠦᠨᠳᠦᠰᠦᠯᠡᠯ᠂ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠬᠡᠯᠪᠡᠷᠢ᠂ ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠡᠷᠭᠡ ᠶᠢ ᠵᠦᠢᠯ ᠳᠠᠷᠠᠭᠠᠯᠠᠨ ᠲᠣᠳᠣᠷᠬᠠᠶᠢᠯᠠᠪᠠ᠃ ᠡᠨᠡᠬᠦ ᠰᠠᠭᠤᠷᠢᠨ ᠳᠡᠭᠡᠷ᠎ᠡ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠠᠵᠢᠯᠯᠠᠭᠠᠨ ᠤ ᠴᠤᠪᠤᠷᠠᠯ ᠤᠨ ᠵᠢᠷᠤᠭ ᠵᠡᠷᠭᠡ ᠶᠢ ᠲᠣᠭᠲᠠᠭᠠᠵᠤ᠂ ᠵᠠᠰᠠᠭ ᠵᠠᠬᠢᠷᠭᠠᠨ ᠤ ᠳᠡᠰ ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠤᠨ᠎ᠠ᠃    ᠭᠤᠣᠯ ᠡᠭᠦᠷᠭᠡ ᠬᠠᠷᠢᠭᠤᠴᠠᠯᠭ᠎ᠠ ᠨᠢ᠄    ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠣᠳᠣᠯᠭ᠎ᠠ ᠲᠣᠭᠲᠠᠭᠠᠬᠤ᠂ ᠲᠥᠰᠥᠪ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ᠂ ᠪᠡᠯᠡ ᠮᠥᠩᠭᠦ ᠡᠳ᠋ ᠬᠥᠷᠥᠩᠭᠡ ᠶᠢᠨ ᠬᠠᠮᠢᠶᠠᠷᠤᠯᠲᠠ ᠵᠢᠴᠢ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠪᠠ᠃    ︵ᠬᠤᠶᠠᠷ︶ ᠪᠦᠬᠦ ᠰᠢᠶᠠᠨ ᠤ ᠡᠳ᠋ ᠤᠨ ᠵᠠᠰᠠᠭ ᠭᠠᠶᠢᠯᠢ ᠶᠢᠨ ᠬᠥᠭᠵᠢᠯᠲᠡ ᠶᠢᠨ ᠲᠥᠯᠦᠪᠵᠢᠭᠦᠯᠭᠡ᠂ ᠲᠦᠷᠦ ᠶᠢᠨ ᠪᠣᠳᠣᠯᠭ᠎ᠠ ᠪᠠ ᠥᠭᠡᠷᠡᠴᠢᠯᠡᠯᠲᠡ ᠶᠢᠨ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠵᠢᠱᠢᠵᠦ᠂ ᠠᠵᠤ ᠠᠬᠤᠢ ᠶᠢᠨ ᠲᠦᠷᠦ ᠶᠢᠨ ᠪᠣᠳᠣᠯᠭ᠎ᠠ ᠲᠣᠭᠲᠠᠭᠠᠬᠤ ᠳᠤ ᠣᠷᠣᠯᠴᠠᠨ᠎ᠠ᠃ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠣᠳᠣᠯᠭ᠎ᠠ ᠶᠢ ᠬᠡᠷᠡᠭᠯᠡᠬᠦ᠂ ᠬᠤᠷᠸ᠎ᠠ ᠲᠣᠬᠢᠷᠠᠭᠤᠯᠤᠯ ᠡᠵᠡᠮᠳᠡᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠨ ᠲᠡᠩᠴᠡᠭᠦᠯᠬᠦ ᠰᠠᠨᠠᠭᠤᠯᠭ᠎ᠠ ᠳᠤᠷᠠᠳᠴᠤ᠂ ᠪᠦᠬᠦ ᠰᠢᠶᠠᠨ ᠤ ᠡᠳ᠋ ᠤᠨ ᠵᠠᠰᠠᠭ ᠤᠨ ᠬᠤᠪᠢᠶᠠᠷᠢᠯᠠᠯᠲᠠ ᠶᠢᠨ ᠲᠦᠷᠦ ᠶᠢᠨ ᠪᠣᠳᠣᠯᠭ᠎ᠠ ᠪᠠ ᠠᠷᠭ᠎ᠠ ᠶᠢ ᠲᠤᠭᠤᠷᠪᠢᠨ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠪᠦᠬᠦ ᠰᠢᠶᠠᠨ ᠤ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠎ᠠ᠃    ︵ᠭᠤᠷᠪᠠ︶ ᠪᠦᠬᠦ ᠰᠢᠶᠠᠨ ᠤ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠣᠳᠣᠬᠤ ᠬᠠᠮᠢᠶᠠᠷᠤᠯᠲᠠ ᠶᠢᠨ ᠳᠦᠷᠢᠮ᠂ ᠠᠷᠭ᠎ᠠ ᠶᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃    ︵ᠳᠥᠷᠪᠡ︶ ᠰᠢᠶᠠᠨ ᠤ ᠲᠤᠰ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ ᠬᠠᠮᠢᠶᠠᠷᠤᠨ᠎ᠠ᠃ ᠣᠨ ᠤ ᠪᠦᠬᠦ ᠰᠢᠶᠠᠨ ᠤ ᠲᠥᠰᠥᠪ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠪᠠ ᠬᠤᠷᠢᠶᠠᠩᠭᠤᠶᠢᠯᠠᠬᠤ ᠶᠢ ᠬᠠᠷᠢᠭᠤᠴᠠᠨ᠎ᠠ᠃ ᠰᠢᠶᠠᠨ ᠤ ᠲᠤᠰ ᠱᠠᠲᠤᠨ ᠤ ᠡᠳ᠋ ᠤᠨ ᠵᠠᠰᠠᠭ ᠤᠨ ᠵᠠᠷᠤᠯᠭ᠎ᠠ ᠶᠢᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠲᠣᠭᠲᠠᠭᠰᠠᠨ ᠨᠣᠷᠮ᠎ᠠ ᠲᠣᠭᠲᠠᠭᠠᠵᠤ᠂ ᠰᠢᠶᠠᠨ ᠤ ᠲᠤᠰ ᠱᠠᠲᠤᠨ ᠤ ᠰᠠᠯᠠᠭ᠎ᠠ ᠮᠥᠴᠢᠷ ︵ᠨᠢᠭᠡᠴᠢ︶ ᠤᠨ ᠣᠨ ᠤ ᠲᠥᠰᠥᠪ ᠪᠠ ᠲᠥᠰᠥᠪ ᠤᠨ ᠭᠦᠢᠴᠡᠳᠬᠡᠯ ᠶᠢ ᠬᠢᠨᠠᠨ ᠬᠠᠷᠭᠤᠭᠤᠯᠵᠤ ᠴᠣᠬᠤᠯᠠᠪᠤᠷᠢᠯᠠᠬᠤ ᠶᠢ ᠬᠠᠷᠢᠭᠤᠴᠠᠨ᠎ᠠ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠪᠦᠬᠦ ᠰᠢᠶᠠᠨ ᠤ ᠣᠨ ᠤ ᠡᠳ᠋ ᠤᠨ ᠵᠠᠰᠠᠭ ᠤᠨ ᠲᠥᠰᠥᠪ ᠵᠢᠴᠢ ᠭᠦᠢᠴᠡᠳᠬᠡᠭᠰᠡᠨ ᠪᠠᠶᠢᠳᠠᠯ ᠢᠶᠠᠨ ᠮᠡᠳᠡᠭᠦᠯᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠮᠡᠳᠡᠭᠦᠯᠦᠨ᠎ᠡ᠃ ᠰᠢᠶᠠᠨ ᠤ ᠲᠤᠰ ᠱᠠᠲᠤᠨ ᠤ ᠲᠥᠰᠥᠪ ᠪᠠ ᠲᠥᠰᠥᠪ ᠤᠨ ᠭᠦᠢᠴᠡᠳᠬᠡᠯ ᠢ ᠢᠯᠡ ᠪᠣᠯᠭᠠᠬᠤ ᠶᠢ ᠬᠠᠷᠢᠭᠤᠴᠠᠨ᠎ᠠ᠃ ᠡᠳ᠋ ᠤᠨ ᠵᠠᠰᠠᠭ ᠤᠨ ᠵᠢᠯ ᠤᠨ ᠡᠴᠦᠰ ᠤᠨ ᠳ᠋ᠦᠩᠨᠡᠨ ᠪᠣᠳᠣᠬᠤ ᠶᠠᠪᠤᠳᠠᠯ ᠢ ᠭᠦᠢᠴᠡᠳᠬᠡᠨ᠎ᠡ᠃    ︵ᠲᠠᠪᠤ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶᠡᠨ ᠳᠣᠲᠣᠷᠠᠬᠢ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠠᠷᠭ᠎ᠠ ᠵᠢᠴᠢ ᠭᠠᠶᠢᠯᠢ ᠲᠠᠲᠠᠪᠤᠷᠢ ᠳᠤ ᠲᠣᠬᠢᠷᠠᠭᠤᠯᠤᠯᠲᠠ ᠬᠢᠬᠦ ᠲᠥᠰᠥᠯ ᠢ ᠰᠤᠳᠤᠯᠤᠨ ᠲᠣᠭᠲᠠᠭᠠᠨ᠎ᠠ᠃    ︵ᠵᠢᠷᠭᠤᠭ᠎ᠠ︶ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ᠂ ᠵᠠᠰᠠᠭ ᠤᠨ ᠣᠷᠳᠣᠨ ᠤ ᠰᠠᠭᠤᠷᠢ ᠮᠥᠩᠭᠦ ᠵᠢᠴᠢ ᠪᠤᠰᠤᠳ ᠭᠠᠶᠢᠯᠢ ᠶᠢᠨ ᠪᠤᠰᠤ ᠣᠷᠣᠯᠭ᠎ᠠ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠪᠦᠬᠦ ᠰᠢᠶᠠᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠨ᠎ᠠ᠃ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ᠃ ᠲᠣᠭᠲᠠᠭᠠᠯ ᠶᠣᠰᠣᠭᠠᠷ ᠱᠠᠩᠨᠠᠯᠲᠤ ᠰᠤᠭᠤᠯᠤᠭ᠎ᠠ ᠶᠢᠨ ᠪᠡᠯᠡ ᠮᠥᠩᠭᠦ ᠶᠢ ᠬᠡᠷᠡᠭᠯᠡᠵᠦ ᠬᠠᠮᠢᠶᠠᠷᠤᠨ᠎ᠠ᠃    ︵ᠳᠤᠯᠤᠭ᠎ᠠ︶ ᠪᠦᠬᠦ ᠰᠢᠶᠠᠨ ᠤ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠵᠤ ᠥᠭᠬᠦ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠠᠵᠢᠯ ᠢ ᠲᠣᠭᠲᠠᠭᠠᠯ ᠶᠣᠰᠣᠭᠠᠷ ᠥᠷᠨᠢᠭᠦᠯᠦᠨ᠎ᠡ᠃ ᠰᠢᠶᠠᠨ ᠤ ᠲᠤᠰ ᠱᠠᠲᠤᠨ ᠤ ᠡᠯ᠎ᠡ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠪᠠᠩᠬᠢ ᠶᠢᠨ ᠳᠠᠩᠰᠠᠨ ᠡᠷᠦᠬᠡ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠷᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠬᠦ ᠶᠢᠨ ᠬᠠᠮᠲᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃    ︵ᠨᠠᠢᠮᠠ︶ ᠵᠠᠰᠠᠭ ᠤᠨ ᠣᠷᠳᠣᠨ ᠤ ᠳᠣᠲᠣᠷ᠎ᠠ ᠭᠠᠳᠠᠨᠠᠬᠢ ᠥᠷᠢ ᠥᠭᠴᠡᠭᠡ ᠶᠢᠨ ᠬᠠᠮᠢᠶᠠᠷᠤᠯᠲᠠ ᠶᠢᠨ ᠲᠤᠬᠠᠢ ᠤᠯᠤᠰ ᠤᠨ ᠳᠦᠷᠢᠮ ᠪᠠ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠰᠢᠶᠠᠨ ᠤ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠬᠠᠤᠯᠢ ᠶᠣᠰᠣᠭᠠᠷ ᠲᠤᠭᠤᠷᠪᠢᠨ ᠲᠣᠭᠲᠠᠭᠠᠨ᠎ᠠ᠃ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠬᠠᠷᠢᠭᠤᠴᠠᠵᠤ᠂ ᠬᠢᠵᠠᠭᠠᠷ ᠲᠤᠭ᠎ᠠ ᠪᠠᠷ ᠬᠠᠮᠢᠶᠠᠷᠤᠨ᠎ᠠ᠃ ᠵᠠᠰᠠᠭ ᠤᠨ ᠣᠷᠳᠣᠨ ᠤ ᠳᠣᠲᠣᠷ᠎ᠠ ᠭᠠᠳᠠᠨᠠᠬᠢ ᠥᠷᠢ ᠥᠭᠴᠡᠭᠡ ᠶᠢ ᠨᠢᠭᠡᠳᠦᠯᠲᠡᠢ ᠬᠠᠮᠢᠶᠠᠷᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃    ︵ᠶᠢᠰᠦ︶ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠶᠠᠨ ᠤ ᠲᠤᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠡᠳ᠋ ᠬᠥᠷᠥᠩᠭᠡ ᠶᠢ ᠲᠣᠭᠲᠠᠭᠠᠯ ᠶᠣᠰᠣᠭᠠᠷ ᠬᠠᠮᠢᠶᠠᠷᠴᠤ᠂ ᠰᠢᠶᠠᠨ ᠤ ᠲᠤᠰ ᠱᠠᠲᠤᠨ ᠤ ᠡᠳ᠋ ᠬᠥᠷᠥᠩᠭᠡ ᠶᠢ ᠲᠣᠬᠢᠷᠠᠭᠤᠯᠬᠤ ᠪᠠᠷᠢᠮᠵᠢᠶ᠎ᠠ ᠪᠣᠯᠣᠨ ᠵᠠᠷᠤᠳᠠᠯ ᠵᠠᠷᠤᠴᠠᠭᠤᠯᠬᠤ ᠨᠣᠷᠮ᠎ᠠ ᠶᠢ ᠲᠣᠭᠲᠠᠭᠠᠨ᠎ᠠ᠃ ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠤ ᠵᠣᠬᠢᠴᠠᠯᠳᠤᠨ ᠬᠠᠮᠵᠢᠯᠴᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠠᠷᠪᠠ︶ ᠪᠦᠬᠦ ᠰᠢᠶᠠᠨ ᠤ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠬᠢᠨᠠᠨ ᠬᠠᠷᠭᠤᠭᠤᠯᠬᠤ ᠪᠠ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠳᠦᠷᠢᠮ ᠪᠠ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠶᠠᠨ ᠤ ᠲᠤᠰ ᠱᠠᠲᠤᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠬᠥᠷᠥᠩᠭᠡ ᠶᠢᠨ ᠠᠰᠢᠭ ᠣᠯᠵᠠᠪᠤᠷᠢ ᠶᠢ ᠬᠤᠷᠢᠶᠠᠨ᠎ᠠ᠃ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠠᠷᠪᠠᠨ ᠨᠢᠭᠡ︶  ᠪᠦᠬᠦ ᠰᠢᠶᠠᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠦᠬᠦᠢ ᠪᠡᠯᠡ ᠮᠥᠩᠭᠦ ︵ᠰᠠᠭᠤᠷᠢ ᠮᠥᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦ᠋ᠷᠢᠮ ᠢ ᠲᠤᠭᠤᠷᠪᠢᠨ ᠲᠣᠭᠲᠠᠭᠠᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃    ︵ᠠᠷᠪᠠᠨ ᠬᠤᠶᠠᠷ︶ ᠪᠦᠬᠦ ᠰᠢᠶᠠᠨ ᠤ ᠡᠳ᠋ ᠤᠨ ᠵᠠᠰᠠᠭ ᠤᠨ ᠠᠵᠤ ᠠᠬᠤᠢ ᠶᠢᠨ ᠬᠥᠭᠵᠢᠯᠲᠡ ᠶᠢᠨ ᠵᠠᠷᠤᠯᠭ᠎ᠠ᠂ ᠲᠥᠪ ᠪᠠ ᠥᠪᠡᠷᠲᠡᠭᠡᠨ ᠵᠠᠰᠠᠬᠤ ᠣᠷᠣᠨ ᠵᠢᠴᠢ ᠬᠥᠬᠡᠬᠤᠲᠠ ᠶᠢᠨ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠶᠢ ᠬᠠᠷᠢᠭᠤᠴᠠᠨ ᠭᠦᠢᠴᠡᠳᠬᠡᠵᠦ᠂ ᠪᠦᠬᠦ ᠰᠢᠶᠠᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠢ ᠲᠣᠭᠲᠠᠭᠠᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠥᠬᠦᠪᠦᠷᠢ ᠪᠠ ᠲᠤᠰᠬᠠᠢ ᠵᠦᠢᠯ ᠤᠨ ᠨᠥᠭᠡᠴᠡᠯᠡᠬᠦ ᠪᠡᠯᠡ ᠮᠥᠩᠭᠦ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠠᠷᠪᠠᠨ ᠭᠤᠷᠪᠠ︶ ᠪᠦᠬᠦ ᠰᠢᠶᠠᠨ ᠤ ᠨᠢᠭᠲᠠᠯᠠᠨ ᠪᠣᠳᠣᠬᠤ ᠠᠵᠢᠯ ᠢ ᠬᠠᠷᠢᠭᠤᠴᠠᠨ ᠬᠠᠮᠢᠶᠠᠷᠴᠤ᠂ ᠨᠢᠭᠲᠠᠯᠠᠨ ᠪᠣᠳᠣᠬᠤ ᠠᠵᠢᠯᠯᠠᠭ᠎ᠠ ᠳᠤ ᠬᠢᠨᠠᠯᠲᠠ ᠲᠠᠯᠪᠢᠨ ᠵᠢᠷᠤᠮᠵᠢᠭᠤᠯᠵᠤ᠂ ᠪᠦᠬᠦ ᠰᠢᠶᠠᠨ ᠤ ᠨᠢᠭᠲᠠᠯᠠᠨ ᠪᠣᠳᠣᠬᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ᠃    ︵ᠠᠷᠪᠠᠨ ᠳᠥᠷᠪᠡ︶ ᠪᠦᠬᠦ ᠰᠢᠶᠠᠨ ᠤ ᠡᠳ᠋ ᠤᠨ ᠵᠠᠰᠠᠭ ᠤᠨ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠲᠠᠷᠢᠶᠠᠯᠠᠩ᠂ ᠠᠵᠢᠯ ᠣᠯᠭᠤᠯᠲᠠ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠵᠠᠷᠤᠯᠭ᠎ᠠ ᠶᠢ ᠬᠠᠮᠢᠶᠠᠷᠤᠨ᠎ᠠ᠃ ᠬᠤᠯᠪᠣᠭᠳᠠᠯ ᠪᠦᠬᠦᠢ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃ ᠡᠯ᠎ᠡ ᠲᠥᠷᠥᠯ ᠤᠨ ᠲᠤᠰᠬᠠᠢ ᠵᠦᠢᠯ ᠤᠨ ᠪᠡᠯᠡ ᠮᠥᠩᠭᠦ ᠶᠢᠨ ᠡᠳ᠋ ᠤᠨ ᠵᠠᠰᠠᠭ ᠤᠨ ᠬᠢᠨᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠠᠷᠪᠠᠨ ᠲᠠᠪᠤ︶ ᠡᠳ᠋ ᠤᠨ ᠵᠠᠰᠠᠭ ᠠᠵᠤ ᠠᠬᠤᠢ ᠶᠢᠨ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠨ᠎ᠠ᠃ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠳᠣᠲᠣᠭᠠᠳᠤ ᠶᠢᠨ ᠡᠵᠡᠮᠳᠡᠯ ᠢᠶᠠᠨ ᠬᠢᠨᠠᠨ ᠵᠢᠯᠤᠭᠤᠳᠬᠤ ᠪᠠ ᠵᠢᠷᠤᠮᠵᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠣᠳᠣᠯᠭ᠎ᠠ ᠪᠠ ᠰᠠᠨᠠᠭᠤᠯᠭ᠎ᠠ ᠳᠤᠷᠠᠳᠤᠨ᠎ᠠ᠃    ︵ᠠᠷᠪᠠᠨ ᠵᠢᠷᠭᠤᠭ᠎ᠠ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃    ︵ᠠᠷᠪᠠᠨ ᠳᠣᠯᠤᠭ᠎ᠠ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠠᠯ ᠢ ᠪᠡᠶᠡᠯᠡᠭᠦᠯᠦᠨ᠎ᠡ᠃    ︵ᠠᠷᠪᠠᠨ ᠨᠠᠶᠢᠮᠠ︶ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠪᠣᠯᠣᠨ ᠨᠡᠶᠢᠲᠡ ᠶᠢᠨ ᠥᠮᠴᠢᠯᠡᠯ ᠤᠨ ᠪᠤᠰᠤ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠰᠢᠶᠠᠨ ᠤ ᠬᠡᠪᠴᠢᠶᠡᠨ ᠳᠣᠲᠣᠷᠠᠬᠢ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠰᠢᠶᠠᠨ ᠤ ᠬᠡᠪᠴᠢᠶᠡᠨ ᠳᠠᠬᠢ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ᠃    ︵ᠠᠷᠪᠠ ᠶᠢᠰᠦ︶ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠳᠥᠷᠪᠡᠳᠦᠭᠡᠷ ᠵᠦᠢᠯ ᠦᠴᠦᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠪᠠᠶᠢᠭᠤᠯᠤᠨ᠎ᠠ᠄      ︵ᠨᠢᠭᠡ︶ ᠠᠯᠪᠠᠨ ᠭᠡᠷ    ᠪᠦᠬᠦ ᠲᠠᠯ᠎ᠠ ᠶᠢᠨ ᠵᠠᠰᠠᠭ ᠤᠨ ᠶᠠᠪᠤᠳᠠᠯ ᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠨᠠᠮ ᠤᠨ ᠪᠠᠶᠢᠭᠤᠯᠤᠯᠲᠠ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ ᠵᠡᠷᠭᠡ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠡᠭᠦᠷᠭᠡᠯᠡᠨ᠎ᠡ᠃    ᠪᠦᠬᠦ ᠰᠢᠶᠠᠨ ᠤ ᠡᠳ᠋ ᠤᠨ ᠵᠠᠰᠠᠭ ᠤᠨ ᠰᠢᠰᠲ᠋ᠧᠮ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠳᠤᠮᠳᠠ ᠪᠠ ᠤᠷᠲᠤ ᠬᠤᠭᠤᠴᠠᠭᠠᠨ ᠤ ᠲᠥᠯᠦᠪᠵᠢᠭᠦᠯᠭᠡ᠂ ᠣᠨ ᠤ ᠠᠵᠢᠯ ᠤᠨ ᠲᠥᠯᠥᠪᠯᠡᠭᠡ ᠵᠢᠴᠢ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠲᠤᠰᠬᠠᠢ ᠵᠦᠢᠯ ᠤᠨ ᠪᠡᠯᠡ ᠮᠥᠩᠭᠦ ᠳᠤ ᠬᠢᠨᠠᠯᠲᠠ ᠲᠠᠯᠪᠢᠨ᠎ᠠ᠃ ᠡᠳ᠋ ᠤᠨ ᠵᠠᠰᠠᠭ ᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ᠂ ᠬᠠᠮᠢᠶᠠᠷᠤᠯᠲᠠ᠂ ᠠᠵᠢᠯᠯᠠᠭᠠᠨ ᠵᠢᠴᠢ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠡᠳ᠋ ᠤᠨ ᠵᠠᠰᠠᠭ ᠤᠨ ᠫᠤᠷᠲ᠋ᠤᠯ ᠰᠦᠯᠵᠢᠶ᠎ᠡ᠂ ᠵᠠᠰᠠᠭ ᠤᠨ ᠶᠠᠪᠤᠳᠠᠯ ᠤᠨ ᠪᠢᠴᠢᠯ ᠪᠦᠷᠭᠡ᠂ ᠸᠢᠴᠠᠲ ᠤᠨ ᠨᠡᠶᠢᠲᠡ ᠶᠢᠨ ᠳ᠋ᠤᠭᠠᠷ ᠤᠨ ᠪᠠᠶᠢᠭᠤᠯᠤᠯᠲᠠ᠂ ᠬᠠᠮᠢᠶᠠᠷᠤᠯᠲᠠ ᠪᠠ ᠠᠵᠢᠯᠯᠠᠭᠠᠨ ᠢ ᠡᠭᠦᠷᠭᠡᠯᠡᠨ᠎ᠡ᠃ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠰᠤᠳᠤᠯᠤᠨ ᠮᠠᠭᠠᠳᠯᠠᠬᠤ ᠪᠠ ᠠᠷᠭᠠᠴᠠᠬᠤ ᠶᠢ ᠬᠠᠷᠢᠭᠤᠴᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃    ︵ᠬᠤᠶᠠᠷ︶ ᠬᠠᠤᠯᠢ ᠴᠠᠭᠠᠵᠠ ᠭᠠᠶᠢᠯᠢ ᠶᠢᠨ ᠶᠠᠪᠤᠳᠠᠯ ᠤᠨ ᠲᠠᠰᠤᠭ    ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠣᠷᠣᠨ ᠨᠤᠲᠤᠭ ᠤᠨ ᠡᠳ᠋ ᠤᠨ ᠵᠠᠰᠠᠭ ᠤᠨ ᠳᠦᠷᠢᠮ ᠢ ᠲᠤᠭᠤᠷᠪᠢᠨ᠎ᠠ᠃ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠪᠠ ᠳᠠᠩᠰᠠᠯᠠᠭᠤᠯᠬᠤ ᠠᠵᠢᠯ ᠢ ᠬᠠᠷᠢᠭᠤᠴᠠᠨ᠎ᠠ᠃ ᠡᠳ᠋ ᠤᠨ ᠵᠠᠰᠠᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠪᠢᠴᠢᠭ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠪᠠ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠬᠠᠷᠭᠤᠭᠤᠯᠬᠤ ᠪᠠ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠬᠠᠷᠭᠤᠭᠤᠯᠬᠤ ᠠᠵᠢᠯ ᠢ ᠡᠭᠦᠷᠭᠡᠯᠡᠨ᠎ᠡ᠃ ᠤᠯᠤᠰ ᠤᠨ ᠲᠥᠯᠥᠪᠦᠷᠢ ᠶᠢᠨ ᠬᠤᠯᠪᠣᠭᠳᠠᠯ ᠪᠦᠬᠦᠢ ᠡᠳ᠋ ᠤᠨ ᠵᠠᠰᠠᠭ ᠤᠨ ᠵᠦᠢᠯᠡᠰ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠦᠬᠦ ᠰᠢᠶᠠᠨ ᠤ ᠬᠤᠯᠪᠣᠭᠳᠠᠯ ᠪᠦᠬᠦᠢ ᠡᠳ᠋ ᠤᠨ ᠵᠠᠰᠠᠭ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠦᠢᠯᠡᠰ ᠢ ᠡᠭᠦᠷᠭᠡᠯᠡᠵᠦ᠂ ᠡᠳ᠋ ᠤᠨ ᠵᠠᠰᠠᠭ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠪᠠᠶᠢᠴᠠᠭᠠᠨ ᠰᠤᠳᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ  ᠯᠤᠭ᠎ᠠ ᠶᠢᠨ ᠬᠤᠯᠪᠣᠭᠳᠠᠯ ᠪᠦᠬᠦᠢ ᠪᠠᠶᠢᠴᠠᠭᠠᠨ ᠰᠤᠳᠤᠯᠤᠯᠲᠠ᠂ ᠤᠬᠠᠭᠤᠯᠭ᠎ᠠ ᠵᠢᠴᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠯᠦᠭᠡ ᠵᠣᠬᠢᠴᠠᠭᠤᠯᠤᠨ ᠨᠡᠪᠲᠡᠷᠡᠯᠴᠡᠬᠦ ᠠᠵᠢᠯ ᠢ ᠪᠦᠬᠦ ᠰᠢᠶᠠᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ᠂ ᠳᠦᠷᠢᠮ ᠢ ᠰᠤᠳᠤᠯᠤᠨ ᠲᠣᠭᠲᠠᠭᠠᠵᠤ᠂ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠰᠢᠶᠠᠨ ᠤ ᠲᠤᠰ ᠱᠠᠲᠤᠨ ᠤ ᠭᠠᠶᠢᠯᠢ ᠶᠢᠨ ᠪᠤᠰᠤ ᠣᠷᠣᠯᠭ᠎ᠠ ᠶᠢᠨ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠰᠢᠶᠠᠨ ᠤ ᠲᠤᠰ ᠱᠠᠲᠤᠨ ᠤ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠪᠠ ᠪᠠᠶᠢᠴᠠᠭᠠᠬᠤ ᠶᠢ ᠬᠠᠷᠢᠭᠤᠴᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠪᠡᠯᠡ ᠴᠤᠭᠯᠠᠭᠤᠯᠬᠤ ᠵᠡᠷᠭᠡ ᠠᠵᠢᠯ ᠳᠤ ᠣᠷᠣᠯᠴᠠᠪᠠ᠃ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠰᠢᠶᠠᠨ ᠤ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃    ᠰᠢᠶᠠᠨ ᠤ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠢᠵᠠᠭᠠᠷ ᠲᠤᠭ᠎ᠠ ᠶᠢᠨ ᠬᠠᠮᠢᠶᠠᠷᠤᠯᠲᠠ ᠪᠠ ᠲᠥᠰᠥᠪ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ᠂ ᠥᠷᠢ ᠲᠥᠯᠥᠬᠦ ᠪᠡᠯᠡ ᠮᠥᠩᠭᠦ ᠲᠣᠬᠢᠷᠠᠭᠤᠯᠬᠤ ᠰᠠᠨᠠᠭᠤᠯᠭ᠎ᠠ ᠶᠢ ᠳᠤᠷᠠᠳᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠲᠤᠭ᠎ᠠ ᠪᠠᠷᠢᠮᠲᠠ ᠶᠢᠨ ᠪᠦᠷᠢᠳᠬᠡᠯ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠡᠬᠡ ᠬᠦᠦ ᠮᠥᠩᠭᠦ ᠶᠢ ᠪᠤᠴᠠᠭᠠᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ︵ᠭᠤᠷᠪᠠ︶ ᠲᠥᠰᠥᠪ ᠤᠨ ᠲᠠᠰᠤᠭ    ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ᠂ ᠡᠳ᠋ ᠤᠨ ᠵᠠᠰᠠᠭ ᠤᠨ ᠪᠠᠶᠢᠭᠤᠯᠤᠯ᠂ ᠲᠥᠰᠥᠪ ᠤᠨ ᠬᠠᠮᠢᠶᠠᠷᠤᠯᠲᠠ ᠶᠢᠨ ᠳᠦᠷᠢᠮ ᠪᠠ ᠤᠷᠲᠤᠪᠲᠤᠷ ᠬᠤᠭᠤᠴᠠᠭᠠᠨ ᠤ ᠡᠳ᠋ ᠤᠨ ᠵᠠᠰᠠᠭ ᠤᠨ ᠲᠥᠯᠦᠪᠵᠢᠭᠦᠯᠭᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠣᠨ ᠤ ᠪᠦᠬᠦ ᠰᠢᠶᠠᠨ ᠤ ᠲᠥᠰᠥᠪ ᠤᠨ ᠡᠬᠡ ᠨᠣᠣᠷᠠᠭ ᠢ ᠨᠠᠶᠢᠷᠠᠭᠤᠯᠤᠨ ᠵᠣᠬᠢᠶᠠᠬᠤ ᠪᠠ ᠲᠥᠰᠥᠪ ᠢ ᠲᠣᠬᠢᠷᠠᠭᠤᠯᠬᠤ ᠵᠦᠢᠯᠡᠰ ᠢ ᠭᠦᠢᠴᠡᠳᠬᠡᠨ᠎ᠡ᠃ ᠰᠢᠶᠠᠨ ᠤ ᠲᠤᠰ ᠱᠠᠲᠤᠨ ᠤ ᠰᠠᠯᠠᠭ᠎ᠠ ᠮᠥᠴᠢᠷ ᠤᠨ ᠲᠥᠰᠥᠪ ᠢ ᠬᠢᠨᠠᠨ ᠬᠠᠷᠭᠤᠭᠤᠯᠬᠤ᠂ ᠴᠣᠬᠤᠯᠠᠪᠤᠷᠢᠯᠠᠬᠤ᠂ ᠲᠣᠬᠢᠷᠠᠭᠤᠯᠤᠯᠲᠠ ᠬᠢᠬᠦ ᠠᠵᠢᠯ ᠢ ᠡᠭᠦᠷᠭᠡᠯᠡᠨ᠎ᠡ᠃ ᠰᠢᠶᠠᠨ ᠤ ᠲᠤᠰ ᠱᠠᠲᠤᠨ ᠤ ᠰᠠᠯᠠᠭ᠎ᠠ ᠮᠥᠴᠢᠷ ᠤᠨ ᠲᠥᠰᠥᠪ ᠤᠨ ᠵᠠᠷᠤᠯᠭ᠎ᠠ ᠶᠢᠨ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠵᠢᠴᠢ ᠲᠦᠷᠦᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠳ᠋ ᠤᠨ ᠵᠠᠰᠠᠭ ᠤᠨ ᠤᠷᠤᠯᠭ᠎ᠠ ᠶᠢ ᠵᠣᠬᠢᠴᠠᠭᠤᠯᠤᠨ ᠵᠣᠬᠢᠶᠠᠨ ᠪᠠᠶᠢᠭᠤᠯᠵᠤ᠂ ᠣᠨ ᠤ ᠪᠦᠬᠦ ᠰᠢᠶᠠᠨ ᠤ ᠡᠳ᠋ ᠤᠨ ᠵᠠᠰᠠᠭ ᠤᠨ ᠲᠥᠰᠥᠪ ᠢ ᠬᠤᠷᠢᠶᠠᠩᠭᠤᠶᠢᠯᠠᠨ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃    ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠥᠪ ᠪᠠ ᠬᠠᠮᠢᠶ᠎ᠠ ᠪᠦᠬᠦᠢ ᠬᠦᠷᠢᠶᠡᠨ ᠤ ᠲᠥᠰᠥᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠡᠬᠢ ᠪᠠᠶᠠᠯᠢᠭ ᠢ ᠠᠷᠪᠢᠯᠠᠬᠤ᠂ ᠭᠠᠵᠠᠷ ᠰᠢᠷᠣᠢ ᠶᠢ ᠴᠡᠭᠴᠡᠯᠡᠨ ᠵᠠᠰᠠᠬᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠠᠮᠢᠶ᠎ᠠ ᠪᠦᠬᠦᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠥᠭᠵᠢᠯᠲᠡ ᠶᠢᠨ ᠲᠥᠯᠦᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃    ︵ᠳᠥᠷᠪᠡ︶ ᠤᠯᠤᠰ ᠤᠨ ᠰᠠᠩ ᠤᠨ ᠲᠠᠰᠤᠭ    ᠤᠯᠤᠰ ᠤᠨ ᠵᠣᠭᠤᠰᠤᠨ ᠤ ᠬᠥᠮᠥᠷᠭᠡ ᠶᠢᠨ ᠳᠦᠷᠢᠮ ᠪᠠ ᠶᠡᠷᠦᠩᠬᠡᠢ ᠲᠥᠰᠥᠪ ᠤᠨ ᠨᠢᠭᠲᠠᠯᠠᠨ ᠪᠣᠳᠣᠬᠤ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠰᠢᠶᠠᠨ ᠤ ᠲᠤᠰ ᠱᠠᠲᠤᠨ ᠤ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ᠂ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠬᠤᠷᠢᠶᠠᠵᠤ ᠥᠭᠬᠦ ᠵᠡᠷᠭᠡ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠥᠰᠥᠪ ᠢ ᠬᠡᠷᠡᠭᠵᠢᠭᠦᠯᠬᠦ ᠵᠢᠴᠢ ᠵᠠᠳᠠᠯᠤᠨ ᠲᠥᠰᠥᠭᠡᠯᠡᠬᠦ ᠶᠢ ᠵᠣᠬᠢᠶᠠᠨ ᠪᠠᠶᠢᠭᠤᠯᠵᠤ᠂ ᠲᠥᠰᠥᠪ ᠤᠨ ᠪᠡᠯᠡ ᠮᠥᠩᠭᠦ᠂ ᠡᠳ᠋ ᠤᠨ ᠵᠠᠰᠠᠭ ᠤᠨ ᠲᠤᠰᠬᠠᠢ ᠵᠦᠢᠯ ᠤᠨ ᠪᠡᠯᠡ ᠮᠥᠩᠭᠦ ᠶᠢᠨ ᠲᠠᠩᠰᠠᠨ ᠡᠷᠦᠬᠡ ᠶᠢᠨ ᠲᠥᠰᠥᠪ ᠢ ᠬᠠᠤᠯᠢ ᠲᠣᠭᠲᠠᠭᠠᠯ ᠶᠣᠰᠣᠭᠠᠷ ᠬᠢᠨᠠᠯᠲᠠ ᠲᠠᠯᠪᠢᠨ ᠲᠣᠭᠠᠴᠠᠭ᠎ᠠ ᠬᠢᠨ᠎ᠡ᠃ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠲᠤᠰᠢᠶᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠣᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠥᠰᠥᠪ ᠤᠨ ᠭᠦᠢᠴᠡᠳᠬᠡᠯ᠂ ᠰᠠᠯᠠᠭ᠎ᠠ ᠮᠥᠴᠢᠷ ᠤᠨ ᠲᠥᠰᠥᠪ ᠤᠨ ᠭᠦᠢᠴᠡᠳᠬᠡᠯ᠂ ᠠᠪᠤᠴᠠᠭ᠎ᠠ ᠥᠭᠴᠢᠬᠡ ᠶᠢᠨ ᠳᠦᠷᠢᠮᠲᠦ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠬᠤᠷᠢᠶᠠᠩᠭᠤᠶᠢᠯᠠᠨ ᠨᠠᠶᠢᠷᠠᠭᠤᠯᠤᠨ᠎ᠠ᠃ ᠡᠳ᠋ ᠤᠨ ᠵᠠᠰᠠᠭ ᠪᠠ ᠵᠠᠰᠠᠭ ᠠᠵᠢᠯ ᠦᠢᠯᠡᠰ ᠤᠨ ᠨᠢᠭᠡᠴᠢ ᠶᠢᠨ ᠳᠠᠩᠰᠠᠨ ᠡᠷᠦᠬᠡ ᠶᠢ ᠨᠢᠭᠡᠳᠦᠯᠲᠡᠢ ᠬᠠᠮᠢᠶᠠᠷᠤᠨ᠎ᠠ᠃ ᠳᠡᠭᠡᠳᠦ ᠱᠠᠲᠤᠨ ᠤ ᠡᠳ᠋ ᠤᠨ ᠵᠠᠰᠠᠭ ᠲᠠᠢ ᠠᠳᠠᠯᠢ ᠤᠯᠤᠰ ᠤᠨ ᠬᠥᠮᠥᠷᠭᠡ ᠶᠢᠨ ᠪᠡᠯᠡ ᠮᠥᠩᠭᠦ ᠶᠢ ᠲᠣᠬᠢᠷᠠᠭᠤᠯᠬᠤ ᠠᠵᠢᠯ ᠢ ᠬᠠᠷᠢᠭᠤᠴᠠᠨ᠎ᠠ᠃    ︵ᠲᠠᠪᠤ︶ ᠵᠠᠰᠠᠭ ᠵᠠᠬᠢᠷᠭᠠᠨ ᠤ ᠡᠳ᠋ ᠬᠥᠷᠥᠩᠭᠡ ᠶᠢᠨ ᠬᠤᠪᠢᠴᠠᠭ᠎ᠠ    ᠵᠠᠰᠠᠭ ᠵᠠᠬᠢᠷᠭᠠᠨ ᠤ ᠲᠠᠯ᠎ᠠ ᠶᠢᠨ ᠲᠤᠰᠬᠠᠢ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ᠂ ᠰᠠᠯᠠᠭ᠎ᠠ ᠮᠥᠴᠢᠷ ᠤᠨ ᠲᠥᠰᠥᠪ ᠤᠨ ᠬᠠᠮᠢᠶᠠᠷᠤᠯᠲᠠ ᠪᠠ ᠪᠤᠰᠤᠳ ᠡᠳ᠋ ᠤᠨ ᠵᠠᠰᠠᠭ ᠡᠳ᠋ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠴᠢᠨᠠᠷᠲᠠᠢ ᠵᠠᠷᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠥᠭᠡᠷᠡᠴᠢᠯᠡᠯᠲᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠵᠠᠮ ᠤᠨ ᠵᠠᠷᠤᠳᠠᠯ᠂ ᠪᠣᠯᠪᠠᠰᠤᠷᠠᠭᠤᠯᠤᠯ ᠤᠨ ᠵᠠᠷᠤᠳᠠᠯ᠂ ᠬᠤᠷᠠᠯ ᠤᠨ ᠵᠠᠷᠤᠳᠠᠯ᠂ ᠭᠠᠳᠠᠭᠠᠳᠤ ᠳᠤ ᠭᠠᠷᠬᠤ ᠵᠠᠷᠤᠳᠠᠯ ᠵᠡᠷᠭᠡ ᠠᠯᠪᠠᠨ ᠶᠠᠪᠤᠳᠠᠯ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ ᠲᠣᠭᠲᠠᠭᠠᠬᠤ ᠶᠢᠨ ᠬᠠᠮᠲᠤ ᠰᠢᠮᠳᠠᠭᠤᠯᠤᠨ ᠪᠠᠶᠢᠴᠠᠭᠠᠵᠤ ᠦᠨᠡᠯᠡᠨ ᠵᠢᠱᠢᠬᠦ ᠠᠵᠢᠯ ᠢ ᠬᠠᠷᠢᠭᠤᠴᠠᠨ᠎ᠠ᠃ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠪᠦᠬᠦ ᠰᠢᠶᠠᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠲᠠᠨ ᠤ ᠨᠡᠮᠡᠭᠦᠷᠢ ᠨᠥᠬᠦᠪᠦᠷᠢ ᠶᠢᠨ ᠲᠥᠷᠥ ᠶᠢᠨ ᠪᠣᠳᠣᠯᠭ᠎ᠠ ᠪᠠ ᠠᠵᠢᠯ ᠦᠢᠯᠡᠰ ᠤᠨ ᠨᠢᠭᠡᠴᠢ ᠲᠠᠢ ᠬᠠᠮᠲᠤᠷᠠᠨ ᠠᠮᠵᠢᠯᠲᠠ ᠪᠦᠲᠦᠮᠵᠢ ᠶᠢᠨ ᠴᠠᠯᠢᠩ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃    ᠰᠤᠷᠭᠠᠨ ᠬᠥᠮᠦᠵᠢᠯ᠂ ᠰᠣᠶᠣᠯ ᠪᠠ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ ᠲᠠᠯ᠎ᠠ ᠶᠢᠨ ᠲᠤᠰᠬᠠᠢ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠥᠰᠥᠪ ᠤᠨ ᠠᠵᠢᠯ ᠢ ᠡᠭᠦᠷᠭᠡᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢᠨ ᠥᠭᠡᠷᠡᠴᠢᠯᠡᠯᠲᠡ ᠶᠢᠨ ᠪᠣᠳᠠᠲᠠᠢ ᠠᠵᠢᠯ ᠢ ᠡᠭᠦᠷᠭᠡᠯᠡᠨ᠎ᠡ᠃    ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠥᠰᠥᠪ ᠤᠨ ᠠᠵᠢᠯ ᠢ ᠡᠭᠦᠷᠭᠡᠯᠡᠨ᠎ᠡ᠃ ᠤᠯᠤᠰ ᠲᠥᠷᠥ ᠬᠠᠤᠯᠢ ᠴᠠᠭᠠᠵᠠ ᠶᠢᠨ ᠰᠢᠯᠵᠢᠭᠦᠯᠦᠨ ᠥᠭᠬᠦ ᠪᠡᠯᠡ ᠮᠥᠩᠭᠦ ᠶᠢ ᠣᠯᠬᠤ᠂ ᠲᠣᠭᠠᠴᠠᠭ᠎ᠠ ᠬᠢᠬᠦ᠂ ᠰᠠᠯᠭᠠᠨ ᠥᠭᠬᠦ᠂ ᠪᠠᠶᠢᠴᠠᠭᠠᠬᠤ ᠵᠡᠷᠭᠡ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠣᠨ ᠤ ᠤᠯᠤᠰ ᠲᠥᠷᠥ ᠬᠠᠤᠯᠢ ᠴᠠᠭᠠᠵᠠ ᠶᠢᠨ ᠮᠡᠳᠡᠭᠦᠯᠬᠦ ᠬᠦᠰᠦᠨᠦᠭᠲᠦ ᠪᠠ ᠲᠤᠰᠬᠠᠢ ᠮᠡᠳᠡᠭᠦᠯᠦᠯᠲᠡ ᠶᠢ ᠮᠡᠳᠡᠭᠦᠯᠦᠨ ᠬᠦᠷᠭᠡᠵᠦ᠂ ᠲᠤᠰᠬᠠᠢ ᠪᠡᠯᠡ ᠮᠥᠩᠭᠦ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠳᠤ ᠬᠡᠷᠡᠭᠯᠡᠬᠦ ᠲᠡᠷᠭᠡ ᠪᠠ ᠣᠨᠴᠠ ᠲᠥᠷᠥᠯ ᠤᠨ ᠲᠤᠰᠬᠠᠢ ᠮᠡᠷᠭᠡᠵᠢᠯ ᠤᠨ ᠬᠡᠷᠡᠭᠯᠡᠬᠦ ᠲᠡᠷᠭᠡ ᠶᠢᠨ ᠣᠷᠣᠨ ᠲᠤᠭ᠎ᠠ ᠶᠢ ᠬᠢᠨᠠᠨ ᠲᠣᠭᠲᠠᠭᠠᠬᠤ ᠵᠢᠴᠢ ᠲᠣᠬᠢᠷᠠᠭᠤᠯᠤᠨ ᠬᠡᠷᠡᠭᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠤᠰᠬᠠᠢ ᠵᠦᠢᠯ ᠤᠨ ᠪᠡᠯᠡ ᠮᠥᠩᠭᠦ ᠶᠢᠨ ᠬᠠᠮᠢᠶ᠎ᠠ ᠪᠦᠬᠦᠢ ᠲᠥᠰᠥᠪ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠵᠢᠷᠭᠤᠭ᠎ᠠ︶ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠢᠨᠠᠨ ᠲᠣᠭᠲᠠᠭᠠᠬᠤ ᠲᠠᠰᠤᠭ    ᠡᠳ᠋ ᠤᠨ ᠵᠠᠰᠠᠭ ᠠᠴᠠ ᠬᠥᠭᠵᠢᠭᠦᠯᠦᠯᠲᠡ ᠥᠭᠡᠷᠡᠴᠢᠯᠡᠯᠲᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠲᠤᠰᠬᠠᠢ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠰᠤᠳᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠡᠯᠡ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠶᠢ ᠬᠠᠷᠢᠭᠤᠴᠠᠨ᠎ᠠ᠃ ᠪᠦᠬᠦ ᠰᠢᠶᠠᠨ ᠤ ᠣᠷᠣᠨ ᠰᠠᠭᠤᠴᠠ ᠶᠢᠨ ᠵᠣᠭᠤᠰᠤᠨ ᠤ ᠨᠥᠬᠦᠪᠦᠷᠢ ᠶᠢᠨ ᠪᠡᠯᠡ ᠮᠥᠩᠭᠦ ᠶᠢ ᠬᠢᠨᠠᠨ ᠬᠠᠷᠭᠤᠭᠤᠯᠵᠤ ᠣᠯᠭᠤᠬᠤ ᠶᠢ ᠬᠠᠷᠢᠭᠤᠴᠠᠨ᠎ᠠ᠃    ᠲᠣᠭᠲᠠᠭᠠᠭᠰᠠᠨ ᠲᠤᠭ᠎ᠠ ᠬᠡᠮᠵᠢᠶ᠎ᠡ ᠠᠴᠠ ᠳᠡᠭᠡᠭᠰᠢᠬᠢ ᠡᠳ᠋ ᠤᠨ ᠵᠠᠰᠠᠭ ᠤᠨ ᠴᠢᠨᠠᠷᠲᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠢᠨᠵᠧᠨᠧᠷᠢᠩ ᠤᠨ ᠳ᠋ᠦᠩᠨᠡᠨ ᠪᠣᠳᠣᠭᠰᠠᠨ ᠪᠠᠶᠢᠳᠠᠯ ᠳᠤ ᠬᠢᠨᠠᠨ ᠲᠣᠭᠲᠠᠭᠠᠯᠲᠠ ᠬᠢᠬᠦ ᠶᠢ ᠬᠠᠷᠢᠭᠤᠴᠠᠨ᠎ᠠ᠃    ︵ᠳᠤᠯᠤᠭ᠎ᠠ︶ ᠲᠠᠷᠢᠶᠠᠯᠠᠩ ᠤᠨ ᠡᠳ᠋ ᠬᠥᠷᠥᠩᠭᠡ ᠶᠢᠨ ᠲᠠᠰᠤᠭ    ᠲᠠᠷᠢᠶᠠᠯᠠᠩ᠂ ᠤᠰᠤᠨ ᠠᠰᠢᠭᠯᠠᠯᠲᠠ᠂ ᠣᠢ ᠰᠢᠭᠤᠢ ᠨᠤᠲᠤᠭ ᠪᠡᠯᠴᠢᠭᠡᠷ᠂ ᠶᠠᠳᠠᠭᠤ ᠶᠢ ᠲᠡᠳᠬᠦᠬᠦ ᠵᠡᠷᠭᠡ ᠲᠠᠯ᠎ᠠ ᠶᠢᠨ ᠲᠤᠰᠬᠠᠢ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠥᠰᠥᠪ ᠤᠨ ᠠᠵᠢᠯ ᠢ ᠡᠭᠦᠷᠭᠡᠯᠡᠵᠦ᠂ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠳᠦᠷᠢᠮ ᠪᠣᠯᠣᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠠᠵᠢᠯ ᠦᠢᠯᠡᠰ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠪᠠᠶᠢᠯᠳᠤᠬᠤ ᠪᠣᠳᠣᠯᠭ᠎ᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠪᠦᠬᠦ ᠰᠢᠶᠠᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠢᠵᠢ ᠪᠦᠷᠢᠳᠦᠭᠰᠡᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ ᠥᠭᠡᠷᠡᠴᠢᠯᠡᠯᠲᠡ ᠶᠢᠨ ᠲᠥᠰᠥᠯ ᠢ ᠰᠤᠳᠤᠯᠤᠨ ᠲᠣᠭᠲᠠᠭᠠᠵᠤ᠂ ︽ᠪᠦᠷᠢᠨ ᠴᠢᠳᠠᠮᠵᠢᠲᠤ ᠺᠠᠷᠲ︾᠂ ︽ᠨᠢᠭᠡ ᠶᠠᠪᠤᠳᠠᠯ ᠢ ᠨᠢᠭᠡ ᠵᠥᠪᠯᠡᠬᠦ︾ ᠵᠡᠷᠭᠡ ᠬᠠᠮᠢᠶ᠎ᠠ ᠪᠦᠬᠦᠢ ᠲᠤᠰᠬᠠᠢ ᠲᠦᠷᠦᠯ ᠤᠨ ᠪᠡᠯᠡ ᠮᠥᠩᠭᠦ ᠶᠢ ᠬᠢᠨᠠᠨ ᠬᠠᠮᠢᠶᠠᠷᠤᠨ᠎ᠠ᠃    ︵ᠨᠠᠢᠮᠠ︶ ᠨᠡᠶᠢᠭᠡᠮ ᠤᠨ ᠪᠠᠲᠤᠯᠠᠭ᠎ᠠ ᠶᠢᠨ ᠲᠠᠰᠤᠭ    ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ᠂ ᠡᠮᠴᠢᠯᠡᠭᠡᠨ ᠤ ᠪᠠᠲᠤᠯᠠᠭ᠎ᠠ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠥᠰᠥᠪ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃    ︵ᠶᠢᠰᠦ︶ ᠠᠵᠤ ᠦᠢᠯᠡᠳᠪᠦᠷᠢ ᠵᠠᠮ ᠬᠠᠷᠢᠯᠴᠠᠭ᠎ᠠ ᠠᠵᠤ ᠠᠬᠤᠢ ᠠᠷᠠᠯᠵᠢᠶ᠎ᠠ ᠶᠢᠨ ᠲᠠᠰᠤᠭ    ᠠᠵᠤ ᠦᠢᠯᠡᠳᠪᠦᠷᠢ ᠠᠵᠤ ᠠᠬᠤᠶᠢᠯᠠᠯ᠂ ᠡᠨᠧᠷᠭᠢ᠂ ᠵᠠᠮ ᠬᠠᠷᠢᠯᠴᠠᠭ᠎ᠠ᠂ ᠠᠶᠤᠯᠭᠦᠢ ᠦᠢᠯᠡᠳᠪᠦᠷᠢᠯᠡᠯ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠭᠠᠳᠠᠭᠠᠳᠤ ᠳᠤ ᠪᠡᠯᠡ ᠣᠷᠣᠭᠤᠯᠬᠤ᠂ ᠠᠵᠤ ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠠᠵᠤ ᠠᠬᠤᠶᠢᠯᠠᠯ ᠤᠨ ᠪᠠᠶᠢᠭᠤᠯᠤᠯ ᠢ ᠬᠤᠪᠢᠷᠠᠭᠤᠯᠤᠨ ᠲᠥᠪᠬᠢᠨᠡᠭᠦᠯᠬᠦ ᠵᠡᠷᠭᠡ ᠲᠤᠰᠬᠠᠢ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠥᠰᠥᠪ ᠤᠨ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠣᠯᠠᠨ ᠤᠯᠤᠰ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠪᠣᠯᠣᠨ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠵᠢᠭᠡᠯᠡᠯᠭᠡ ︵ᠪᠡᠯᠡᠭ︶  ᠠᠪᠬᠤ ᠵᠣᠭᠤᠰ ᠤᠨ ᠲᠥᠷᠥᠯ ᠵᠦᠢᠯ ᠢ ᠬᠢᠨᠠᠨ ᠬᠠᠷᠭᠤᠭᠤᠯᠬᠤ᠂ ᠵᠣᠬᠢᠶᠠᠨ ᠪᠠᠶᠢᠭᠤᠯᠵᠤ ᠦᠨᠡᠯᠡᠨ ᠵᠢᠱᠢᠬᠦ᠂ ᠰᠠᠨᠠᠭᠤᠯᠭ᠎ᠠ ᠳᠤᠷᠠᠳᠬᠤ ᠶᠢᠨ ᠬᠠᠮᠲᠤ ᠳᠡᠭᠡᠳᠦ ᠱᠠᠲᠤᠨ ᠤ ᠡᠳ᠋ ᠤᠨ ᠵᠠᠰᠠᠭ ᠲᠤ ᠭᠤᠶᠤᠴᠢᠯᠠᠨ ᠮᠡᠳᠡᠭᠦᠯᠦᠨ᠎ᠡ᠃ ᠰᠢᠶᠠᠨ ᠤ ᠳᠣᠲᠣᠷᠠᠬᠢ ᠣᠯᠠᠨ ᠤᠯᠤᠰ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠪᠣᠯᠣᠨ ᠭᠠᠳᠠᠭᠠᠳᠤ ᠶᠢᠨ ᠵᠢᠭᠡᠯᠡᠯᠭᠡ ︵ᠪᠡᠯᠡᠭ︶  ᠥᠭᠬᠦ ᠵᠣᠭᠤᠰ ᠤᠨ ᠲᠥᠷᠥᠯ ᠵᠦᠢᠯ ᠳᠤ ᠡᠳ᠋ ᠤᠨ ᠶᠠᠪᠤᠳᠠᠯ ᠤᠨ ᠬᠠᠮᠢᠶᠠᠷᠤᠯᠲᠠ ᠬᠢᠬᠦ ᠶᠢᠨ ᠬᠠᠮᠲᠤ ᠥᠷᠢ ᠲᠥᠯᠥᠬᠦ ᠪᠡᠯᠡ ᠮᠥᠩᠭᠦ ᠶᠢ ᠬᠢᠨᠠᠨ ᠨᠠᠶᠢᠳᠠᠪᠤᠷᠢᠵᠢᠭᠤᠯᠤᠨ᠎ᠠ᠃ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠴᠢᠨᠠᠷᠲᠠᠢ ᠵᠢᠭᠡᠯᠡᠯᠭᠡ ᠶᠢᠨ ᠥᠭᠴᠡᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠤᠰᠬᠠᠢ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃    ᠦᠢᠯᠡᠴᠢᠯᠡᠭᠡᠨ ᠤ ᠦᠢᠯᠡᠰ᠂ ᠬᠤᠲᠠ ᠬᠥᠳᠡᠭᠡ ᠶᠢᠨ ᠪᠣᠳᠠᠰ ᠤᠨ ᠭᠦᠢᠯᠭᠡᠭᠡ᠂ ᠬᠥᠳᠡᠭᠡ ᠲᠣᠰᠭᠤᠨ ᠤ ᠬᠠᠩᠭᠠᠨ ᠪᠣᠷᠣᠯᠠᠭᠤᠯᠬᠤ᠂ ᠠᠮᠤ ᠪᠤᠳᠠᠭ᠎ᠠ ᠪᠣᠯᠣᠨ ᠡᠳ᠋ ᠪᠠᠷᠠᠭ᠎ᠠ ᠨᠥᠭᠡᠴᠡᠯᠡᠬᠦ ᠵᠡᠷᠭᠡ ᠲᠤᠰᠭᠠᠢ ᠵᠦᠢᠯ ᠤᠨ ᠪᠡᠯᠡ ᠥᠩᠭᠦ ᠶᠢᠨ ᠬᠠᠮᠢᠶᠠᠷᠤᠯᠲᠠ ᠵᠢᠴᠢ ᠬᠠᠮᠢᠶ᠎ᠠ ᠪᠦᠬᠦᠢ ᠰᠠᠯᠠᠭ᠎ᠠ ᠥᠴᠢᠷ ᠦᠨ ᠲᠥᠰᠥᠪ ᠤᠨ ᠠᠵᠢᠯ ᠢ ᠬᠠᠷᠢᠭᠤᠴᠠᠨ᠎ᠠ᠃    ︵ᠠᠷᠪᠠ︶ ᠤᠯᠤᠰ ᠤᠨ ᠬᠥᠷᠥᠩᠭᠡ ᠶᠢᠨ ᠲᠠᠰᠤᠭ    ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠡᠳ᠋ ᠬᠥᠷᠥᠩᠭᠡ ᠶᠢᠨ ᠲᠣᠬᠢᠷᠠᠭᠤᠯᠤᠯᠲᠠ᠂ ᠡᠳ᠋ ᠬᠥᠷᠥᠩᠭᠡ ᠶᠢ ᠰᠢᠢᠳᠪᠦᠷᠢᠯᠡᠬᠦ᠂ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠵᠡᠷᠭᠡ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ᠡᠳ᠋ ᠬᠥᠷᠥᠩᠭᠡ ᠶᠢᠨ ᠮᠡᠳᠡᠭᠦᠯᠦᠯᠲᠡ ᠶᠢᠨ ᠬᠦᠰᠦᠨᠦᠭᠲᠦ ᠶᠢ ᠨᠠᠶᠢᠷᠠᠭᠤᠯᠤᠨ ᠮᠡᠳᠡᠭᠦᠯᠬᠦ᠂ ᠡᠳ᠋ ᠬᠥᠷᠥᠩᠭᠡ ᠶᠢᠨ ᠮᠡᠳᠡᠭᠦᠯᠦᠯᠲᠡ᠂ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ ᠵᠡᠷᠭᠡ ᠶᠢ ᠬᠠᠷᠢᠭᠤᠴᠠᠵᠤ᠂ ᠡᠳ᠋ ᠬᠥᠷᠥᠩᠭᠡ ᠶᠢᠨ ᠲᠥᠰᠥᠪ ᠤᠨ ᠲᠣᠬᠢᠷᠠᠭᠤᠯᠬᠤ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠡᠳ᠋ ᠬᠥᠷᠥᠩᠭᠡ ᠶᠢᠨ ᠥᠮᠴᠢᠯᠡᠬᠦ ᠡᠷᠬᠡ ᠶᠢ ᠢᠯᠭᠠᠷᠠᠭᠤᠯᠤᠨ ᠪᠠᠶᠢᠴᠠᠭᠠᠬᠤ ᠳᠠᠩᠰᠠᠯᠠᠯ᠂ ᠡᠳ᠋ ᠬᠥᠷᠥᠩᠭᠡ ᠶᠢ ᠦᠨᠡᠯᠡᠨ ᠵᠢᠱᠢᠬᠦ᠂ ᠡᠳ᠋ ᠬᠥᠷᠥᠩᠭᠡ ᠶᠢ ᠮᠡᠳᠡᠭᠡ ᠵᠠᠩᠭᠢᠵᠢᠭᠤᠯᠤᠨ ᠬᠠᠮᠢᠶᠠᠷᠬᠤ ᠵᠡᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠳᠡᠭᠡᠭᠰᠢ ᠲᠤᠰᠢᠶᠠᠬᠤ ᠶᠢ ᠰᠢᠮᠳᠠᠭᠤᠯᠤᠨ᠎ᠠ᠃    ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠬᠠᠷᠢᠭᠤᠴᠠᠨ ᠨᠠᠶᠢᠷᠠᠭᠤᠯᠤᠨ ᠵᠣᠬᠢᠶᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ ᠰᠢᠶᠠᠨ ᠤ ᠱᠠᠲᠤᠨ ᠤ ᠠᠵᠤ ᠠᠬᠤᠶᠢᠯᠠᠯ ︵ᠮᠥᠩᠭᠦᠨ ᠭᠦᠢᠯᠭᠡᠭᠡᠨ ᠤ ᠲᠥᠷᠥᠯ ᠤᠨ ᠠᠵᠤ ᠠᠬᠤᠶᠢᠯᠠᠯ ᠪᠠᠭᠲᠠᠬᠤ ᠦᠭᠡᠢ︶  ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠤᠨ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠭᠦᠢᠴᠡᠳᠬᠡᠬᠦ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠬᠠᠮᠢᠶᠠᠷᠤᠭᠰᠠᠨ ᠪᠠᠷᠢᠮᠵᠢᠶ᠎ᠠ ᠪᠠ ᠠᠷᠭ᠎ᠠ ᠬᠡᠮᠵᠢᠶ᠎ᠡ ᠠᠷᠭ᠎ᠠ ᠶᠢ ᠲᠣᠭᠲᠠᠭᠠᠵᠤ᠂ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠪᠠᠶᠢᠳᠠᠯ ᠢ ᠬᠢᠨᠠᠨ ᠬᠠᠮᠢᠶᠠᠷᠤᠨ᠎ᠠ᠃    ︵ᠠᠷᠪᠠᠨ ᠨᠢᠭᠡ︶ ᠬᠢᠨᠠᠨ ᠪᠠᠶᠢᠴᠠᠭᠠᠬᠤ ᠨᠢᠭᠲᠠᠯᠠᠨ ᠪᠣᠳᠣᠬᠤ ᠲᠠᠰᠤᠭ    ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠲᠥᠰᠥᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢ ᠵᠣᠬᠢᠶᠠᠨ ᠪᠠᠶᠢᠭᠤᠯᠵᠤ ᠳᠣᠲᠣᠭᠠᠳᠤ ᠶᠢᠨ ᠡᠵᠡᠮᠳᠡᠯ᠂ ᠨᠢᠭᠲᠠᠯᠠᠨ ᠪᠤᠳᠤᠬᠤ ᠮᠡᠳᠡᠭᠡ ᠵᠠᠩᠭᠢ ᠶᠢᠨ ᠶᠠᠰᠤ ᠴᠢᠨᠠᠷ ᠢ ᠬᠢᠨᠠᠨ ᠪᠤᠳᠤᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠥᠷᠨᠢᠭᠦᠯᠬᠦ ᠶᠢ ᠬᠠᠷᠢᠭᠤᠴᠠᠨ᠎ᠠ᠃    ᠪᠦᠬᠦ ᠰᠢᠶᠠᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠵᠤ᠂ ᠰᠢᠶᠠᠨ ᠤ ᠲᠤᠰ ᠱᠠᠲᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠬᠢᠨᠠᠯᠲᠠ ᠬᠠᠮᠢᠶᠠᠷᠤᠯᠲᠠ ᠬᠢᠨ᠎ᠡ᠃ ᠣᠨ ᠤ ᠬᠤᠳᠠᠯᠳᠤᠨ ᠠᠪᠬᠤ ᠲᠥᠰᠥᠪ ᠪᠠ ᠬᠤᠳᠠᠯᠳᠤᠨ ᠠᠪᠬᠤ ᠲᠥᠯᠥᠪᠯᠡᠭᠡ ᠶᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠵᠠᠭᠠᠯᠳᠤᠯᠭ᠎ᠠ ᠶᠢ ᠬᠦᠯᠢᠶᠡᠨ ᠠᠪᠬᠤ ᠵᠢᠴᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃    ᠪᠦᠬᠦ ᠰᠢᠶᠠᠨ ᠤ ᠨᠢᠭᠲᠠᠯᠠᠨ ᠪᠤᠳᠤᠬᠤ ᠠᠵᠢᠯ ᠢ ᠬᠠᠷᠢᠭᠤᠴᠠᠨ ᠬᠠᠮᠢᠶᠠᠷᠴᠤ᠂ ᠤᠯᠤᠰ ᠤᠨ ᠨᠢᠭᠲᠠᠯᠠᠨ ᠪᠤᠳᠤᠬᠤ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠲᠠᠯᠠᠨ ᠪᠤᠳᠤᠬᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠬᠠᠤᠯᠢ ᠶᠣᠰᠣᠭᠠᠷ ᠥᠷᠨᠢᠭᠦᠯᠦᠨ᠎ᠡ᠃    ︵ᠠᠷᠪᠠᠨ ᠬᠤᠶᠠᠷ︶ ᠶᠡᠷᠦᠩᠬᠡᠶᠢᠯᠡᠭᠰᠡᠨ ᠲᠠᠰᠤᠭ    ᠰᠠᠯᠠᠭ᠎ᠠ ᠮᠥᠴᠢᠷ ᠤᠨ ᠲᠥᠰᠥᠪ ᠤᠨ ᠭᠦᠢᠴᠡᠳᠬᠡᠯ ᠤᠨ ᠠᠵᠢᠯ ᠢ ᠡᠭᠦᠷᠭᠡᠯᠡᠵᠦ᠂ ᠰᠠᠯᠠᠭ᠎ᠠ ᠮᠥᠴᠢᠷ ᠤᠨ ᠲᠥᠰᠥᠪ ᠢ ᠨᠠᠶᠢᠷᠠᠭᠤᠯᠤᠨ ᠮᠡᠳᠡᠭᠦᠯᠬᠦ ᠬᠡᠪᠴᠢᠶᠡᠨ ᠳᠤ ᠣᠷᠣᠭᠤᠯᠤᠭᠰᠠᠨ ᠠᠵᠤ ᠠᠬᠤᠶᠢᠯᠠᠯ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠰᠠᠯᠠᠭ᠎ᠠ ᠮᠥᠴᠢᠷ ᠤᠨ ᠲᠥᠰᠥᠪ ᠤᠨ ᠭᠦᠢᠴᠡᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠬᠤᠷᠢᠶᠠᠩᠭᠤᠶᠢᠯᠠᠬᠤ ᠪᠠ ᠵᠠᠳᠠᠯᠤᠨ ᠳᠡᠭᠡᠭᠰᠢ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠶᠠᠨ ᠤ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠥᠰᠥᠪ ᠤᠨ ᠭᠦᠢᠴᠡᠳᠬᠡᠯ᠂ ᠡᠷᠬᠡ ᠬᠠᠷᠢᠭᠤᠴᠠᠯᠭ᠎ᠠ ᠡᠭᠦᠰᠬᠦ ᠳᠦᠷᠢᠮᠲᠦ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃ ᠡᠳ᠋ ᠤᠨ ᠵᠠᠰᠠᠭ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢ ᠦᠨᠡᠯᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠠᠷᠢᠭᠤᠴᠠᠨ ᠲᠤᠭᠤᠷᠪᠢᠨ ᠲᠣᠭᠲᠠᠭᠠᠵᠤ᠂ ᠳᠦᠷᠢᠮ ᠪᠠ ᠠᠷᠭ᠎ᠠ ᠶᠢ ᠲᠤᠭᠤᠷᠪᠢᠨ ᠲᠣᠭᠲᠠᠭᠠᠵᠤ᠂ ᠠᠮᠵᠢᠯᠲᠠ ᠪᠦᠲᠦᠮᠵᠢ ᠶᠢ ᠦᠨᠡᠯᠡᠬᠦ ᠭᠦᠢᠴᠡᠳᠬᠡᠯ ᠲᠤᠭ᠎ᠠ ᠬᠢᠭᠡᠳ ᠪᠠᠷᠢᠮᠵᠢᠶ᠎ᠠ ᠶᠢᠨ ᠰᠢᠰᠲ᠋ᠧᠮ ᠢ ᠲᠤᠭᠤᠷᠪᠢᠨ ᠲᠣᠭᠲᠠᠭᠠᠵᠤ᠂ ᠲᠥᠰᠥᠪ ᠢ ᠨᠠᠶᠢᠷᠠᠭᠤᠯᠤᠨ ᠵᠣᠬᠢᠶᠠᠭᠰᠠᠨ᠂ ᠬᠡᠷᠡᠭᠵᠢᠭᠦᠯᠦᠭᠰᠡᠨ ᠪᠠ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠳᠤ ᠠᠮᠵᠢᠯᠲᠠ ᠪᠦᠲᠦᠮᠵᠢ ᠶᠢᠨ ᠦᠨᠡᠯᠡᠯᠲᠡ ᠪᠠ ᠮᠥᠷᠳᠡᠨ ᠬᠢᠨᠠᠨ ᠡᠵᠡᠮᠳᠡᠬᠦ ᠶᠢ ᠵᠣᠬᠢᠶᠠᠨ ᠪᠠᠶᠢᠭᠤᠯᠤᠨ᠎ᠠ᠃    ︵ᠠᠷᠪᠠᠨ ᠭᠤᠷᠪᠠ︶ ᠮᠥᠩᠭᠦᠨ ᠭᠦᠢᠯᠭᠡᠭᠡᠨ ᠤ ᠠᠵᠢᠯ ᠤᠨ ᠲᠠᠰᠤᠭ    ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠪᠣᠯᠣᠨ ᠨᠡᠶᠢᠲᠡ ᠶᠢᠨ ᠥᠮᠴᠢᠯᠡᠯ ᠤᠨ ᠪᠤᠰᠤ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠰᠢᠶᠠᠨ ᠤ ᠬᠡᠪᠴᠢᠶᠡᠨ ᠳᠣᠲᠣᠷᠠᠬᠢ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠰᠢᠶᠠᠨ ᠤ ᠬᠡᠪᠴᠢᠶᠡᠨ ᠳᠠᠬᠢ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ᠃    ᠲᠠᠪᠤᠳᠤᠭᠠᠷ ᠵᠦᠢᠯ ᠦᠴᠦᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 19 ᠬᠥᠮᠥᠨ᠂ ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ 4 ᠬᠥᠮᠥᠨ ᠲᠣᠬᠢᠷᠠᠭᠤᠯᠪᠠ᠃    ᠵᠢᠷᠭᠤᠳᠤᠭᠠᠷ ᠵᠦᠢᠯ ᠡᠳ᠋ ᠤᠨ ᠵᠠᠰᠠᠭ ᠤᠨ ᠲᠣᠪᠴᠢᠶᠠᠨ ᠤ ᠬᠠᠷᠢᠶ᠎ᠠ ᠠᠵᠢᠯ ᠦᠢᠯᠡᠰ ᠤᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠣᠯᠣᠨ ᠣᠷᠣᠨ ᠲᠣᠭᠠᠨ ᠤ ᠶᠠᠪᠤᠳᠠᠯ ᠢ ᠠᠰ ᠲᠤᠨᠢ ᠲᠣᠭᠲᠠᠭᠠᠨ᠎ᠠ᠃    ᠳᠣᠯᠣᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠤ ᠲᠣᠬᠢᠷᠠᠭᠤᠯᠤᠯᠲᠠ ᠶᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠲᠣᠭᠲᠠᠭᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃    ᠨᠠᠢᠮᠠᠳᠤᠭᠠᠷ ᠵᠦᠢᠯ ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠬᠤᠶᠠᠷ᠂ ᠠᠵᠢᠯᠯᠠᠬᠤ ᠬᠠᠶ᠋ᠢᠭ᠄ ᠬᠥᠬᠡᠬᠤᠲᠠ ᠶᠢᠨ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠵᠢᠶᠠᠨ ᠺᠠᠩ ᠪᠠᠷᠠᠭᠤᠨ ᠵᠡᠭᠡᠯᠢ ᠶᠢᠨ ᠦᠴᠦᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ    ᠭᠤᠷᠪᠠ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00 14᠄ 30-17᠄ 30    ᠳᠥᠷᠪᠡ᠂ ᠬᠠᠷᠢᠯᠴᠠᠬᠤ ᠠᠷᠭ᠎ᠠ ᠬᠡᠯᠪᠡᠷᠢ᠄ 0471 - 8812913    ᠲᠠᠪᠤ᠂ ᠬᠠᠷᠢᠭᠤᠴᠠᠯᠭᠠᠲᠠᠨ᠄ ᠶᠠᠨ ᠭᠦᠸᠧ ᠸᠧᠨ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号