ᠪᠠᠶᠢᠭᠤᠯᠤᠮᠵᠢ ᠶᠢᠨ ᠡᠭᠦᠷᠭᠡ ᠴᠢᠳᠠᠪᠤᠷᠢ | ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠪᠣᠯ ᠦᠴᠦᠸᠠᠨ ᠰᠢᠶᠠᠨ ᠤ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠰᠠᠯᠠᠭ᠎ᠠ ᠮᠥᠴᠢᠷ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠵᠢᠩᠬᠢᠨᠢ ᠰᠠᠯᠠᠭᠠᠨ ᠤ ᠳᠡᠰ | ᠪᠣᠯᠣᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠠᠤᠯᠢ ᠴᠠᠭᠠᠵᠠ ᠬᠠᠤᠯᠢ | ᠲᠣᠭᠲᠠᠭᠠᠯ ᠪᠠ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠰᠢᠶᠠᠨ ᠤ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ | ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠡᠯ᠎ᠡ ᠰᠠᠯᠠᠭ᠎ᠠ ᠮᠥᠴᠢᠷ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠭᠰᠡᠨ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ ᠭᠦᠢᠴᠡᠳᠬᠡᠨ᠎ᠡ᠃ | ︵ᠭᠤᠷᠪᠠ︶ ᠪᠦᠬᠦ ᠰᠢᠶᠠᠨ ᠤ ᠬᠠᠤᠯᠢᠵᠢᠯ ᠤᠨ ᠤᠬᠠᠭᠤᠯᠭ᠎ᠠ ᠬᠥᠮᠦᠵᠢᠯ ᠪᠠ ᠬᠠᠤᠯᠢ ᠪᠠᠷ ᠵᠠᠰᠠᠬᠤ | ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠡᠯ᠎ᠡ | ᠪᠠᠩᠬᠢ᠂ ᠡᠯ᠎ᠡ ᠰᠠᠯᠠᠭ᠎ᠠ ᠮᠥᠴᠢᠷ ᠤᠨ ᠬᠠᠤᠯᠢ ᠲᠦᠭᠡᠮᠡᠯᠵᠢᠭᠦᠯᠬᠦ ᠬᠠᠤᠯᠢ ᠪᠠᠷ ᠵᠠᠰᠠᠬᠤ ᠠᠵᠢᠯ ᠢ ᠵᠢᠯᠣᠭᠤᠳᠤᠨ᠎ᠠ᠃ | ︵ᠳᠥᠷᠪᠡ︶ ᠪᠦᠬᠦ ᠰᠢᠶᠠᠨ ᠤ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠢ ᠵᠢᠯᠣᠭᠤᠳᠤᠨ ᠬᠠᠮᠢᠶᠠᠷᠬᠤ ᠶᠢ | ᠬᠠᠷᠢᠭᠤᠴᠠᠵᠤ᠂ ᠪᠦᠬᠦ ᠰᠢᠶᠠᠨ ᠤ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠥᠰ ᠢ | ᠲᠥᠪᠬᠢᠨᠡᠭᠦᠯᠵᠦ ᠬᠠᠪᠰᠤᠷᠤᠨ ᠰᠤᠷᠭᠠᠬᠤ ᠠᠵᠢᠯ ᠢ ᠵᠢᠯᠣᠭᠤᠳᠤᠨ᠎ᠠ᠃ | ︵ᠲᠠᠪᠤ︶ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ | ᠬᠠᠷᠢᠭᠤᠴᠠᠯᠭ᠎ᠠ ᠶᠢ ᠡᠭᠦᠷᠭᠡᠯᠡᠵᠦ᠂ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ | ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠰᠢᠶᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ | ᠶᠡᠷᠦᠩᠬᠡᠶᠢᠯᠡᠨ ᠵᠣᠬᠢᠴᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ | ᠲᠦᠯᠬᠢᠨ ᠠᠬᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠴᠢᠩᠭ᠎ᠠ ᠵᠢᠷᠤᠮᠵᠢᠭᠤᠨ ᠲᠥᠪ ᠭᠤᠤᠯᠴᠢ | ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠪᠦᠬᠦ ᠰᠢᠶᠠᠨ ᠤ ᠵᠠᠰᠠᠭ ᠵᠠᠬᠢᠷᠭᠠᠨ ᠤ ᠳᠠᠬᠢᠨ | ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠤᠭᠤᠳᠴᠤ᠂ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ | ᠳᠠᠬᠢᠨ ᠵᠥᠪᠯᠡᠬᠦ ᠪᠠ ᠵᠠᠷᠭᠤ ᠬᠦᠯᠢᠶᠡᠬᠦ ᠬᠡᠷᠡᠭ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠰᠢᠶᠠᠨ ᠤ ᠬᠠᠷᠢᠶ᠎ᠠ ᠠᠯᠪᠠᠨ ᠭᠡᠷᠡᠴᠢᠯᠡᠭᠡ᠂ ᠬᠠᠤᠯᠢᠴᠢ ᠪᠠ ᠬᠠᠤᠯᠢ ᠴᠠᠭᠠᠵᠠ ᠶᠢᠨ ᠦᠢᠯᠡᠴᠢᠯᠡᠭᠡᠨ ᠤ | ᠠᠵᠢᠯ ᠳᠤ ᠬᠢᠨᠠᠯᠲᠠ ᠲᠠᠯᠪᠢᠬᠤ ᠪᠠ ᠵᠢᠯᠣᠭᠤᠳᠤᠨ᠎ᠠ᠃ | ︵ᠳᠤᠯᠤᠭ᠎ᠠ︶ ᠪᠦᠬᠦ ᠰᠢᠶᠠᠨ ᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠪᠠ | ᠠᠷᠠᠳ ᠤᠨ ᠡᠶᠡᠳᠡᠭᠦᠯᠭᠡ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠵᠢᠯᠣᠭᠤᠳᠤᠨ | ᠬᠢᠨᠠᠯᠲᠠ ᠲᠠᠯᠪᠢᠵᠤ᠂ ᠪᠦᠬᠦ ᠰᠢᠶᠠᠨ ᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠪᠠ | ᠪᠦᠬᠦ ᠰᠢᠶᠠᠨ ᠤ ᠠᠷᠠᠳ ᠤᠨ ᠡᠶᠡᠳᠡᠭᠦᠯᠦᠭᠴᠢ ᠶᠢᠨ ᠨᠡᠶᠢᠭᠡᠮᠯᠢᠭ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ︵ᠨᠠᠢᠮᠠ︶ ᠪᠦᠬᠦ ᠰᠢᠶᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠬᠠᠮᠢᠶᠠᠷᠬᠤ ᠪᠠ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ | ︵ᠶᠢᠰᠦ︶ ᠪᠦᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ | ᠪᠠᠶᠢᠭᠤᠯᠤᠯᠲᠠ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠪᠠ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ | ᠵᠢᠯᠣᠭᠤᠳᠤᠨ᠎ᠠ᠃ | ︵ᠠᠷᠪᠠ︶ ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ | ᠰᠢᠯᠭᠠᠯᠲᠠ ᠶᠢ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ | ᠬᠠᠮᠢᠶ᠎ᠠ ᠪᠦᠬᠦᠢ ᠬᠠᠷᠢᠭᠤᠴᠠᠯᠭ᠎ᠠ ᠶᠢ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯᠭᠦᠢ | ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠳᠠᠭᠠᠭᠠᠨ ᠭᠦᠢᠴᠡᠳᠬᠡᠨ᠎ᠡ᠃ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠳᠤᠮᠳᠠ ᠬᠠᠤᠯᠢ ᠴᠠᠭᠠᠵᠠ ᠶᠢᠨ | ᠠᠰᠠᠭᠤᠳᠠᠯ ᠳᠤ ᠬᠤᠯᠪᠣᠭᠳᠠᠭᠰᠠᠨ ᠬᠢᠨᠠᠨ ᠲᠣᠭᠲᠠᠭᠠᠯᠲᠠ ᠶᠢ ᠳᠠᠭᠠᠭᠠᠨ ᠭᠦᠢᠴᠡᠳᠬᠡᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠥᠬᠦ ᠰᠢᠶᠠᠨ ᠤ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠮᠡᠳᠡᠭᠡ ᠵᠠᠩᠭᠢ᠂ ᠨᠢᠭᠤᠴᠠ ᠶᠢ ᠬᠠᠮᠠᠭᠠᠯᠠᠬᠤ ᠪᠠ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ | ᠬᠠᠷᠢᠭᠤᠴᠠᠨ᠎ᠠ᠃ | ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠪᠠ ᠲᠠᠩᠰᠠ ᠡᠪᠬᠡᠮᠡᠯ ᠵᠡᠷᠭᠡ | ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠨ᠎ᠠ᠃ ᠲᠣᠪᠴᠢᠶ᠎ᠠ ᠶᠢᠨ ᠪᠠᠶᠢᠭᠤᠯᠭ᠎ᠠ ᠶᠢᠨ | ᠵᠠᠷᠤᠳᠠᠯ ᠤᠨ ᠲᠥᠰᠥᠪ ᠲᠥᠰᠥᠪ ᠤᠨ ᠭᠦᠢᠴᠡᠳᠬᠡᠯ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠵᠢᠴᠢ ᠲᠣᠨᠣᠭᠯᠠᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠲᠣᠪᠴᠢᠶ᠎ᠠ ᠶᠢᠨ | ᠪᠠᠶᠢᠭᠤᠯᠭ᠎ᠠ ᠶᠢᠨ ᠵᠠᠷᠤᠳᠠᠯ ᠪᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠳᠤ ᠬᠢᠨᠠᠯᠲᠠ | ᠲᠠᠯᠪᠢᠨ᠎ᠠ᠃ ᠪᠦᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠴᠢᠮᠡᠭᠡ ᠬᠤᠯᠪᠣᠭᠠᠨ ᠤ ᠮᠡᠷᠭᠡᠵᠢᠯ ᠤᠨ | ᠰᠦᠯᠵᠢᠶᠡᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠬᠦ ᠰᠢᠶᠠᠨ ᠤ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠢᠰᠲ᠋ᠧᠮ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠤᠯᠭ᠎ᠠ᠂ ᠵᠣᠬᠢᠴᠠᠭᠤᠯᠬᠤ ᠪᠠ | ᠰᠢᠢᠳᠪᠦᠷᠢᠯᠡᠬᠦ ᠠᠵᠢᠯ ᠢ ᠡᠭᠦᠷᠭᠡᠯᠡᠨ᠎ᠡ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ | ᠲᠡᠷᠭᠡ ᠵᠡᠷᠭᠡ ᠡᠳ᠋ ᠪᠣᠳᠠᠰ ᠲᠣᠨᠣᠭᠯᠠᠯ ᠢ ᠨᠢᠭᠡᠳᠦᠯᠲᠡᠢ ᠬᠠᠮᠢᠶᠠᠷᠤᠨ᠎ᠠ᠃ | ᠲᠣᠪᠴᠢᠶ᠎ᠠ ᠶᠢᠨ ᠪᠠᠶᠢᠭᠤᠯᠭ᠎ᠠ ᠪᠠ ᠰᠢᠭᠤᠳ ᠬᠠᠷᠢᠶ᠎ᠠ ᠨᠢᠭᠡᠴᠢ ᠶᠢᠨ ᠠᠵᠢᠯᠲᠠᠨ ᠤ ᠶᠠᠪᠤᠳᠠᠯ᠂ ᠴᠠᠯᠢᠩ᠂ | ᠪᠠᠶᠢᠭᠤᠯᠤᠮᠵᠢ ᠶᠢᠨ ᠣᠷᠣᠨ ᠲᠤᠭ᠎ᠠ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠠᠵᠢᠯ ᠠᠴᠠ ᠪᠠᠨ ᠪᠠᠭᠤᠵᠤ | ᠠᠮᠠᠷᠠᠭᠰᠠᠳ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠤᠯᠤᠰ ᠲᠥᠷᠥ ᠶᠢᠨ ᠣᠨᠣᠯ ᠪᠠ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠨ᠎ᠡ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ | ᠴᠠᠭᠳᠠᠭᠠᠨ ᠤ ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠢᠰᠲ᠋ᠧᠮ ᠤᠨ ᠡᠩᠨᠡᠭᠡᠨ ᠤ ᠪᠠᠶᠢᠭᠤᠯᠤᠯᠲᠠ ᠶᠢ ᠵᠢᠯᠤᠭᠤᠳᠴᠤ᠂ ᠡᠷᠬᠡ ᠮᠡᠳᠡᠯ ᠤᠨ ᠬᠡᠪᠴᠢᠶ᠎ᠡ ᠶᠣᠰᠣᠭᠠᠷ | ᠲᠣᠪᠴᠢᠶ᠎ᠠ ᠶᠢᠨ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠺᠠᠳ᠋ᠷ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ | ᠰᠢᠯᠭᠠᠨ ᠬᠢᠨᠠᠵᠤ ᠬᠠᠮᠵᠢᠨ ᠬᠠᠮᠢᠶᠠᠷᠬᠤ ᠺᠠᠳ᠋ᠷ ᠢ ᠬᠢᠨᠠᠨ ᠰᠢᠯᠭᠠᠬᠤ ᠶᠢᠨ ᠬᠠᠮᠲᠤ ᠲᠣᠮᠢᠯᠠᠵᠤ ᠪᠠᠭᠤᠯᠭᠠᠬᠤ᠂ | ᠰᠣᠯᠢᠯᠴᠠᠬᠤ ᠰᠠᠨᠠᠯ ᠳᠤᠷᠠᠳᠤᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠦᠵᠡᠯ ᠰᠠᠨᠠᠭ᠎ᠠ | ᠤᠯᠤᠰ ᠲᠥᠷᠥ ᠶᠢᠨ ᠬᠥᠮᠦᠵᠢᠯ᠂ ᠤᠬᠠᠭᠤᠯᠭ᠎ᠠ ᠶᠢᠨ ᠠᠵᠢᠯ ᠢ ᠵᠢᠯᠣᠭᠤᠳᠤᠨ᠎ᠠ᠃ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ | ᠭᠠᠪᠢᠶ᠎ᠠ ᠪᠠᠶᠢᠭᠤᠯᠤᠭᠰᠠᠨ ᠵᠢᠱᠢᠶᠡᠴᠢ ᠡᠭᠦᠳᠬᠦ᠂ ᠬᠥᠬᠢᠭᠦᠯᠦᠨ ᠰᠠᠶᠢᠰᠢᠶᠠᠵᠤ ᠱᠠᠩᠨᠠᠬᠤ ᠠᠵᠢᠯ ᠢ ᠡᠭᠦᠷᠭᠡᠯᠡᠨ᠎ᠡ᠃ | ︵ᠬᠤᠶᠠᠷ︶ ᠤᠬᠠᠭᠤᠯᠤᠨ ᠰᠤᠷᠭᠠᠬᠤ ᠲᠠᠰᠤᠭ᠃ ᠬᠠᠤᠯᠢ ᠲᠦᠭᠡᠮᠡᠯᠵᠢᠭᠦᠯᠬᠦ ᠪᠠ ᠬᠠᠤᠯᠢ ᠪᠠᠷ ᠵᠠᠰᠠᠬᠤ ᠠᠵᠢᠯ ᠤᠨ | ᠲᠥᠯᠦᠪᠵᠢᠭᠦᠯᠭᠡ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠬᠠᠤᠯᠢᠵᠢᠯ ᠤᠨ ᠤᠬᠠᠭᠤᠯᠭ᠎ᠠ᠂ ᠬᠠᠤᠯᠢ ᠪᠠᠷ ᠰᠢᠶᠠᠨ ᠢ ᠵᠠᠰᠠᠬᠤ ᠠᠵᠢᠯ ᠢ ᠵᠢᠯᠣᠭᠤᠳᠤᠨ ᠪᠠᠶᠢᠴᠠᠭᠠᠨ᠎ᠠ᠃ ᠪᠦᠬᠦ | ᠰᠢᠶᠠᠨ ᠤ ᠬᠠᠤᠯᠢ ᠴᠠᠭᠠᠵᠠ ᠶᠢᠨ ᠤᠬᠠᠭᠤᠯᠭ᠎ᠠ ᠪᠠ ᠰᠢᠨ᠎ᠡ ᠪᠠᠷ ᠨᠡᠶᠢᠲᠡᠯᠡᠭᠰᠡᠨ ᠬᠠᠤᠯᠢ ᠴᠠᠭᠠᠵᠠ᠂ ᠬᠠᠤᠯᠢ | ᠲᠣᠭᠲᠠᠭᠠᠯ ᠵᠢᠴᠢ ᠲᠤᠰᠬᠠᠢ ᠵᠦᠢᠯ ᠤᠨ ᠬᠠᠤᠯᠢᠵᠢᠯ ᠤᠨ ᠤᠬᠠᠭᠤᠯᠭ᠎ᠠ ᠶᠢᠨ ᠠᠵᠢᠯ ᠪᠠ ᠪᠦᠬᠦ ᠰᠢᠶᠠᠨ ᠤ | ᠬᠠᠤᠯᠢᠵᠢᠯ ᠤᠨ ᠤᠬᠠᠭᠤᠯᠭ᠎ᠠ ᠮᠡᠳᠡᠭᠡᠯᠡᠯ ᠤᠨ ᠠᠵᠢᠯ ᠢ ᠵᠢᠯᠣᠭᠤᠳᠤᠨ᠎ᠠ᠃ ᠪᠦᠬᠦ ᠰᠢᠶᠠᠨ ᠤ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠭᠠᠳᠠᠭᠠᠳᠤ ᠤᠬᠠᠭᠤᠯᠭ᠎ᠠ ᠶᠢᠨ ᠠᠵᠢᠯ ᠢ ᠡᠭᠦᠷᠭᠡᠯᠡᠨ᠎ᠡ᠃ | ︵ᠭᠤᠷᠪᠠ︶ ᠦᠨᠳᠦᠰᠦᠨ ᠱᠠᠲᠤᠨ ᠤ ᠲᠠᠰᠤᠭ᠃ ᠪᠦᠬᠦ ᠰᠢᠶᠠᠨ ᠤ ᠠᠷᠠᠳ ᠤᠨ ᠡᠶᠡᠳᠡᠭᠦᠯᠭᠡ᠂ ᠬᠠᠤᠯᠢ | ᠴᠠᠭᠠᠵᠠ ᠶᠢᠨ ᠭᠠᠵᠠᠷ᠂ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠰᠢᠶᠠᠩ ᠪᠠᠯᠭᠠᠰᠤᠨ ᠤ ᠬᠠᠤᠯᠢ | ᠴᠠᠭᠠᠵᠠ ᠶᠢᠨ ᠦᠢᠯᠡᠴᠢᠯᠡᠭᠡᠨ ᠪᠠ ᠨᠡᠶᠢᠭᠡᠮ ᠤᠨ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡᠨ ᠤ | ᠪᠠᠶᠢᠭᠤᠯᠤᠮᠵᠢ ᠶᠢᠨ ᠠᠵᠢᠯ ᠢ ᠬᠠᠮᠢᠶᠠᠷᠴᠤ᠂ ᠵᠢᠯᠣᠭᠤᠳᠤᠨ᠎ᠠ᠃ ᠠᠷᠠᠳ ᠤᠨ ᠡᠶᠡᠳᠡᠭᠦᠯᠦᠭᠴᠢ᠂ ᠬᠠᠤᠯᠢ ᠴᠠᠭᠠᠵᠠ ᠶᠢᠨ | ᠭᠠᠵᠠᠷ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠤ ᠪᠣᠯᠪᠠᠰᠤᠷᠠᠭᠤᠯᠤᠯ ᠢ | ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠬᠦ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ | ᠠᠵᠢᠯᠲᠠᠨ ᠤ ᠠᠵᠢᠯ ᠮᠡᠷᠭᠡᠵᠢᠯ ᠤᠨ ᠶᠣᠰᠣ ᠮᠣᠷᠠᠯ ᠤᠨ ᠬᠥᠮᠦᠵᠢᠯ᠂ ᠠᠵᠢᠯ ᠡᠷᠬᠢᠯᠡᠬᠦ ᠰᠠᠬᠢᠯᠭ᠎ᠠ ᠪᠠᠲᠤ ᠶᠢᠨ | ᠪᠠᠶᠢᠴᠠᠭᠠᠯᠲᠠ ᠶᠢ ᠬᠠᠷᠢᠭᠤᠴᠠᠨ᠎ᠠ᠃ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ | ᠪᠠᠶᠢᠭᠤᠯᠤᠮᠵᠢ ᠶᠢᠨ ᠬᠠᠤᠯᠢ ᠶᠣᠰᠣᠭᠠᠷ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠥᠷᠨᠢᠭᠦᠯᠬᠦ ᠶᠢ | ᠵᠢᠯᠣᠭᠤᠳᠤᠨ ᠬᠢᠨᠠᠯᠲᠠ ᠲᠠᠯᠪᠢᠨ᠎ᠠ᠃ ᠴᠢᠬᠤᠯᠠ ᠶᠡᠭᠡ ᠲᠦᠪᠡᠭᠲᠡᠢ ᠠᠷᠠᠳ ᠤᠨ ᠬᠤᠭᠤᠷᠣᠨᠳᠣᠬᠢ ᠵᠢᠭᠤᠷᠠᠯᠳᠤᠭᠠᠨ ᠢ | ᠵᠣᠬᠢᠴᠠᠭᠤᠯᠤᠨ ᠵᠢᠯᠤᠭᠤᠳᠴᠤ ᠪᠠᠶᠢᠭᠠᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠷᠡᠭᠦᠦ ᠶᠢᠨ ᠬᠤᠭᠤᠴᠠᠭ᠎ᠠ | ᠨᠢ ᠳᠦᠭᠦᠷᠴᠦ ᠰᠤᠯᠠᠯᠠᠭᠳᠠᠭᠰᠠᠨ ᠬᠥᠮᠥᠰ ᠢ ᠲᠥᠪᠬᠢᠨᠡᠭᠦᠯᠵᠦ ᠬᠠᠪᠰᠤᠷᠤᠨ ᠰᠤᠷᠭᠠᠬᠤ ᠠᠵᠢᠯ ᠳᠤ ᠣᠷᠣᠯᠴᠠᠭᠤᠯᠤᠨ | ᠬᠢᠨᠠᠯᠲᠠ ᠲᠠᠯᠪᠢᠨ᠎ᠠ᠃ | ᠰᠢᠶᠠᠨ ᠤ ᠬᠠᠪᠰᠤᠷᠤᠨ ᠰᠤᠷᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ | ᠬᠡᠷᠡᠭ ᠶᠠᠪᠤᠳᠠᠯ ᠢ ᠳᠠᠭᠠᠭᠠᠴᠢᠯᠠᠨ ᠬᠢᠨ᠎ᠡ᠃ | ︵ᠳᠥᠷᠪᠡ︶ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠬᠠᠤᠯᠢ ᠬᠡᠷᠡᠭᠵᠢᠭᠦᠯᠬᠦ ᠲᠠᠰᠤᠭ᠃ ᠤᠯᠤᠰ ᠤᠨ | ᠬᠤᠯᠪᠣᠭᠳᠠᠯ ᠪᠦᠬᠦᠢ ᠬᠤᠷᠢᠭᠤᠯ ᠤᠨ ᠪᠤᠰᠤ ᠡᠷᠡᠭᠦᠦ ᠰᠢᠢᠳᠬᠡᠯ ᠢ ᠬᠡᠷᠡᠭᠵᠢᠭᠦᠯᠬᠦ ᠬᠠᠤᠯᠢ ᠴᠠᠭᠠᠵᠠ᠂ ᠬᠠᠤᠯᠢ | ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ | ᠨᠡᠶᠢᠭᠡᠮ ᠲᠣᠭᠤᠷᠢᠭ ᠤᠨ ᠵᠠᠯᠠᠷᠠᠭᠤᠯᠬᠤ ᠳᠤ ᠲᠣᠬᠢᠷᠠᠬᠤ ᠪᠠᠶᠢᠴᠠᠭᠠᠨ ᠦᠨᠡᠯᠡᠬᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢᠶᠠᠨ ᠨᠡᠷ᠎ᠡ ᠮᠡᠳᠡᠭᠦᠯᠦᠨ ᠳᠠᠩᠰᠠᠯᠠᠭᠤᠯᠵᠤ | ᠬᠦᠯᠢᠶᠡᠨ ᠠᠪᠬᠤ ᠭᠠᠷᠳᠠᠮ ᠢ ᠭᠦᠢᠴᠡᠳᠬᠡᠵᠦ᠂ ᠵᠠᠯᠠᠷᠠᠭᠤᠯᠬᠤ ᠪᠠᠷ ᠲᠣᠭᠲᠠᠬᠤ ᠠᠴᠠ ᠡᠮᠦᠨ᠎ᠡ ᠠᠩᠬ᠎ᠠ ᠤᠳᠠᠭ᠎ᠠ | ᠶᠠᠷᠢᠯᠴᠠᠵᠤ ᠰᠤᠷᠭᠠᠨ ᠬᠥᠮᠦᠵᠢᠯ ᠢ ᠥᠷᠨᠢᠭᠦᠯᠦᠨ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠵᠢᠭᠠᠨ | ᠲᠣᠭᠲᠠᠭᠠᠵᠤ ᠵᠣᠬᠢᠴᠠᠩᠭᠤᠢ ᠬᠠᠤᠯᠢ ᠴᠠᠭᠠᠵᠠ ᠶᠢᠨ ᠭᠠᠵᠠᠷ ᠲᠤ ᠣᠴᠢᠭᠤᠯᠤᠨ ᠨᠡᠶᠢᠭᠡᠮ ᠲᠣᠭᠤᠷᠢᠭ ᠤᠨ ᠡᠷᠡᠭᠦᠦ | ᠰᠢᠢᠳᠬᠡᠯ ᠭᠦᠢᠴᠡᠳᠬᠡᠵᠦ ᠪᠠᠶᠢᠭ᠎ᠠ ᠬᠥᠮᠥᠰ ᠢ ᠲᠥᠪᠯᠡᠷᠡᠭᠦᠯᠦᠨ ᠬᠥᠮᠥᠵᠢᠭᠦᠯᠬᠦ᠂ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠪᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ | ᠵᠣᠬᠢᠶᠠᠨ ᠪᠠᠶᠢᠭᠤᠯᠬᠤ ᠪᠤᠶᠤ ᠵᠢᠯᠣᠭᠤᠳᠤᠨ᠎ᠠ᠃ ᠨᠡᠶᠢᠭᠡᠮ ᠲᠣᠭᠤᠷᠢᠭ ᠤᠨ ᠡᠷᠡᠭᠦᠦ ᠰᠢᠢᠳᠬᠡᠯ ᠭᠦᠢᠴᠡᠳᠬᠡᠵᠦ ᠪᠠᠶᠢᠭ᠎ᠠ | ᠬᠥᠮᠥᠰ ᠤᠨ ᠰᠠᠭᠤᠵᠤ ᠪᠠᠶᠢᠭ᠎ᠠ ᠭᠠᠵᠠᠷ ᠢ ᠬᠤᠪᠢᠷᠠᠭᠤᠯᠤᠨ ᠬᠠᠮᠢᠶᠠᠷᠬᠤ ᠪᠠ ᠭᠠᠳᠠᠭᠰᠢ ᠭᠠᠷᠴᠤ ᠴᠢᠯᠦᠭᠡ | ᠭᠤᠶᠤᠬᠤ ᠶᠢ ᠬᠢᠨᠠᠨ ᠵᠥᠪᠰᠢᠶᠡᠷᠡᠬᠦ ᠠᠵᠢᠯ ᠢ ᠡᠭᠦᠷᠭᠡᠯᠡᠭᠦᠯᠦᠨ᠎ᠡ᠃ ᠬᠠᠤᠯᠢ ᠴᠠᠭᠠᠵᠠ ᠶᠢᠨ ᠭᠠᠵᠠᠷ ᠢ ᠵᠣᠬᠢᠶᠠᠨ | ᠪᠠᠶᠢᠭᠤᠯᠤᠨ ᠵᠢᠯᠤᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠲᠤ ᠰᠢᠯᠵᠢᠮᠡᠯ ᠣᠷᠣᠨ | ᠪᠠᠶᠢᠷᠢ ᠲᠣᠭᠲᠠᠭᠠᠵᠤ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠨᠡᠶᠢᠭᠡᠮ ᠲᠣᠭᠤᠷᠢᠭ ᠤᠨ ᠵᠠᠯᠠᠷᠠᠭᠤᠯᠬᠤ | ᠡᠲᠡᠭᠡᠳ ᠤᠨ ᠵᠠᠰᠠᠭ ᠵᠠᠬᠢᠷᠭᠠᠨ ᠤ ᠱᠠᠩᠨᠠᠵᠤ ᠲᠣᠷᠭᠠᠬᠤ ᠪᠠ ᠬᠠᠤᠯᠢ ᠴᠠᠭᠠᠵᠠ ᠶᠢᠨ ᠱᠠᠩᠨᠠᠵᠤ ᠲᠣᠷᠭᠠᠬᠤ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠮᠢᠶᠠᠷᠤᠯᠲᠠ ᠠᠴᠠ ᠰᠠᠯᠤᠭᠰᠠᠨ᠂ ᠬᠠᠮᠢᠶᠠᠷᠤᠯᠲᠠ ᠠᠴᠠ | ᠭᠤᠭᠤᠵᠢᠭᠳᠠᠭᠰᠠᠨ ᠨᠡᠶᠢᠭᠡᠮ ᠲᠣᠭᠤᠷᠢᠭ ᠤᠨ ᠵᠠᠯᠠᠷᠠᠭᠤᠯᠤᠭᠰᠠᠨ ᠡᠲᠡᠭᠡᠳ ᠢ ᠵᠣᠬᠢᠶᠠᠨ ᠪᠠᠶᠢᠭᠤᠯᠤᠨ ᠡᠷᠢᠨ᠎ᠡ᠃ | ᠨᠡᠶᠢᠭᠡᠮ ᠲᠣᠭᠤᠷᠢᠭ ᠤᠨ ᠵᠠᠯᠠᠷᠠᠭᠤᠯᠤᠭᠰᠠᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ | ︵ᠲᠠᠪᠤ︶ ᠨᠡᠶᠢᠲᠡ ᠶᠢᠨ ᠬᠠᠤᠯᠢ ᠶᠢᠨ ᠲᠠᠰᠤᠭ᠃ ᠪᠦᠬᠦ ᠰᠢᠶᠠᠨ ᠤ ᠬᠠᠤᠯᠢᠴᠢ ᠶᠢᠨ ᠠᠵᠢᠯ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠬᠠᠷᠢᠭᠤᠴᠠᠨ᠎ᠠ᠃ ᠪᠦᠬᠦ ᠰᠢᠶᠠᠨ ᠤ ᠬᠠᠤᠯᠢᠴᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠰᠢᠶᠠᠨ ᠤ ᠬᠠᠤᠯᠢᠴᠢ ᠶᠢᠨ ᠬᠡᠷᠡᠭ | ᠡᠷᠬᠢᠯᠡᠬᠦ ᠭᠠᠵᠠᠷ᠂ ᠬᠠᠤᠯᠢᠴᠢ ᠶᠢᠨ ᠵᠢᠯᠣᠭᠤᠳᠤᠨ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠶᠢᠨ ᠬᠠᠤᠯᠢ ᠴᠠᠭᠠᠵᠠ ᠶᠢᠨ ᠵᠥᠪᠯᠡᠭᠴᠢ ᠶᠢ ᠵᠢᠯᠤᠭᠤᠳᠬᠤ᠂ ᠬᠢᠨᠠᠯᠲᠠ ᠲᠠᠯᠪᠢᠬᠤ | ᠠᠵᠢᠯ ᠢ ᠡᠭᠦᠷᠭᠡᠯᠡᠨ᠎ᠡ᠃ | ︵ᠵᠢᠷᠭᠤᠭ᠎ᠠ︶ ᠬᠠᠤᠯᠢ ᠴᠠᠭᠠᠵᠠ ᠶᠢᠨ ᠲᠤᠰᠠᠯᠠᠮᠵᠢ ᠶᠢᠨ ᠲᠠᠰᠤᠭ᠃ ᠨᠡᠶᠢᠭᠡᠮ ᠤᠨ ᠪᠠᠭᠤᠷᠠᠶᠢᠴᠤᠤᠯ ᠤᠨ ᠬᠠᠤᠯᠢ | ᠶᠣᠰᠣᠨ ᠤ ᠡᠷᠬᠡ ᠠᠰᠢᠭ ᠢ ᠭᠦᠢᠴᠡᠳ ᠴᠠᠭ ᠲᠤᠬᠠᠢ ᠳᠤᠨᠢ ᠪᠦᠲᠦᠮᠵᠢᠲᠡᠶ ᠪᠠᠷ ᠬᠠᠮᠠᠭᠠᠯᠠᠨ᠎ᠠ᠃ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠤᠳᠤᠷᠢᠳᠤᠯᠭ᠎ᠠ ᠳᠣᠣᠷ᠎ᠠ᠂ ᠮᠠᠨ ᠤ ᠰᠢᠶᠠᠨ ᠤ ᠬᠠᠤᠯᠢ ᠴᠠᠭᠠᠵᠠ ᠶᠢᠨ | ᠲᠤᠰᠠᠯᠠᠮᠵᠢ ᠶᠢᠨ ᠠᠵᠢᠯ ᠢ ᠬᠠᠮᠢᠶᠠᠷᠴᠤ᠂ ᠵᠢᠯᠤᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠤᠨ ᠰᠢᠭᠦᠬᠦ ᠬᠤᠷᠢᠶ᠎ᠠ ᠠᠴᠠ ᠥᠮᠥᠭᠯᠡᠬᠦ ᠡᠷᠡᠭᠦᠦ ᠶᠢᠨ ᠬᠡᠷᠡᠭ ᠤᠨ ᠬᠠᠤᠯᠢ | ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠵᠦ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠵᠦ᠂ ᠬᠢᠨᠠᠨ ᠪᠠᠶᠢᠴᠠᠭᠠᠵᠤ᠂ ᠬᠢᠨᠠᠨ ᠵᠥᠪᠰᠢᠶᠡᠷᠡᠨ᠎ᠡ᠃ | ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠨ ᠢ ᠵᠢᠭᠠᠨ ᠲᠣᠭᠲᠠᠭᠠᠵᠤ ︵ᠬᠠᠤᠯᠢ ᠴᠠᠭᠠᠵᠠ ᠶᠢᠨ ᠲᠤᠰᠠᠯᠠᠮᠵᠢ ᠶᠢᠨ | ᠪᠣᠳᠠᠲᠠᠢ ᠳᠠᠭᠠᠭᠠᠨ ᠭᠦᠢᠴᠡᠳᠬᠡᠬᠦ ᠪᠠᠶᠢᠭᠤᠯᠤᠮᠵᠢ︶ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠦᠨ᠎ᠡ᠃ ᠬᠢᠨᠠᠯᠲᠠ | ᠲᠠᠯᠪᠢᠬᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠨ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠢ | ᠳᠠᠭᠠᠭᠠᠨ ᠭᠦᠢᠴᠡᠳᠬᠡᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢ | ᠵᠢᠯᠣᠭᠤᠳᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠥᠷᠨᠢᠭᠦᠯᠦᠨ᠎ᠡ᠃ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠡᠷᠡᠭ ᠢ ᠰᠢᠭᠤᠳ ᠰᠢᠢᠳᠪᠦᠷᠢᠯᠡᠨ᠎ᠡ᠃ | ︵ᠳᠤᠯᠤᠭ᠎ᠠ︶ ᠬᠠᠤᠯᠢ ᠳᠦᠷᠢᠮ ᠤᠨ ᠲᠠᠰᠤᠭ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠠᠰᠠᠭ | ᠵᠠᠬᠢᠷᠭᠠᠨ ᠤ ᠳᠠᠬᠢᠨ ᠵᠥᠪᠯᠡᠬᠦ ᠠᠵᠢᠯ᠂ ᠢᠷᠭᠡᠨ ᠤ ᠬᠡᠷᠡᠭ ᠪᠠ ᠵᠠᠰᠠᠭ ᠵᠠᠬᠢᠷᠭᠠᠨ ᠤ ᠬᠡᠷᠡᠭ ᠤᠨ ᠵᠠᠷᠭᠤ ᠬᠦᠯᠢᠶᠡᠬᠦ | ᠠᠵᠢᠯ ᠢ ᠳᠠᠭᠠᠭᠠᠨ ᠭᠦᠢᠴᠡᠳᠬᠡᠨ᠎ᠡ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ | ᠬᠠᠮᠢᠶᠠᠷᠤᠯᠲᠠ ᠶᠢᠨ ᠠᠵᠢᠯ ᠢ ᠳᠠᠭᠠᠭᠠᠨ ᠭᠦᠢᠴᠡᠳᠬᠡᠵᠦ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠠᠷ ᠤᠨ | ᠦᠰᠦᠭ ᠵᠢᠷᠤᠵᠤ ᠲᠣᠭᠲᠠᠭᠠᠭᠰᠠᠨ ᠭᠡᠷ᠎ᠡ ᠲᠣᠭᠲᠠᠬᠤ ᠬᠠᠤᠯᠢ ᠴᠠᠭᠠᠵᠠ ᠶᠢᠨ ᠰᠠᠨᠠᠯ ᠢ ᠵᠢᠭᠠᠨ ᠵᠢᠯᠤᠭᠤᠳᠬᠤ ᠪᠠ | ᠬᠢᠨᠠᠯᠲᠠ ᠲᠠᠯᠪᠢᠵᠤ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ | ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠢ ᠵᠥᠷᠢᠴᠡᠭᠰᠡᠨ ᠪᠤᠶᠤ ᠵᠣᠬᠢᠰ ᠦᠭᠡᠢ | ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠵᠠᠯᠠᠷᠠᠭᠤᠯᠤᠨ᠎ᠠ᠃ ᠰᠢᠶᠠᠨ ᠤ | ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠭᠡᠷ ᠤᠨ ᠲᠤᠭᠤᠷᠪᠢᠨ ᠪᠢᠴᠢᠭᠰᠡᠨ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠮᠡᠳᠡᠭᠦᠯᠦᠨ ᠳᠠᠩᠰᠠᠯᠠᠭᠤᠯᠬᠤ ᠠᠵᠢᠯ ᠳᠤ ᠨᠢᠭᠡᠨᠲᠡ ᠲᠣᠭᠲᠠᠭᠠᠵᠤ | ᠶᠠᠪᠤᠭᠤᠯᠤᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠭᠠᠭᠠᠨ ᠠᠪᠴᠤ ᠭᠦᠢᠴᠡᠳᠬᠡᠨ᠎ᠡ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ | ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠢ ᠳᠠᠭᠠᠭᠠᠨ ᠭᠦᠢᠴᠡᠳᠬᠡᠨ᠎ᠡ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠤᠮᠵᠢ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠢ ᠮᠠᠭᠠᠳᠯᠠᠨ | ᠲᠣᠭᠲᠠᠭᠠᠬᠤ ᠠᠵᠢᠯ ᠢ ᠳᠠᠭᠠᠭᠠᠨ ᠭᠦᠢᠴᠡᠳᠬᠡᠨ᠎ᠡ᠃ ᠲᠤᠰ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠢᠯᠡᠰ ᠢ ᠭᠦᠢᠴᠡᠳᠬᠡᠬᠦ ᠴᠤᠪᠤᠷᠠᠯ ᠳᠤ ᠲᠣᠬᠢᠷᠠᠭᠤᠯᠤᠯᠲᠠ ᠬᠢᠬᠦ ᠰᠠᠨᠠᠯ ᠢ ᠰᠤᠳᠤᠯᠤᠨ | ᠳᠤᠷᠠᠳᠬᠤ ᠶᠢᠨ ᠬᠠᠮᠲᠤ ᠪᠣᠳᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠰ ᠰᠠᠯᠠᠭ᠎ᠠ ᠮᠥᠴᠢᠷ ᠤᠨ | ᠤᠳᠤᠷᠢᠳᠤᠯᠭ᠎ᠠ ᠣᠷᠣᠯᠴᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ᠂ ᠬᠢᠨᠠᠨ ᠬᠠᠷᠭᠤᠭᠤᠯᠬᠤ᠂ ᠬᠡᠷᠡᠭ ᠶᠠᠪᠤᠳᠠᠯ ᠤᠨ | ᠵᠣᠬᠢᠴᠠᠭᠤᠯᠬᠤ ᠠᠵᠢᠯ ᠢ ᠳᠠᠭᠠᠭᠠᠨ ᠭᠦᠢᠴᠡᠳᠬᠡᠬᠦ ᠪᠠ ᠪᠦᠬᠦ ᠶᠠᠪᠤᠴᠠ ᠳᠤ ᠳᠡᠭᠡᠭᠰᠢ ᠮᠡᠳᠡᠭᠦᠯᠦᠨ᠎ᠡ᠃ ᠰᠠᠯᠠᠭ᠎ᠠ | ᠮᠥᠴᠢᠷ ᠤᠨ ᠤᠳᠤᠷᠢᠳᠤᠯᠭ᠎ᠠ ᠶᠢᠨ ᠲᠤᠰᠢᠶᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠯᠦᠭᠡ ᠬᠤᠯᠪᠣᠭᠳᠠᠬᠤ | ᠪᠤᠰᠤᠳ ᠵᠦᠢᠯᠡᠰ ᠢ ᠭᠦᠢᠴᠡᠳᠬᠡᠨ᠎ᠡ᠃ | ︵ᠨᠠᠢᠮᠠ︶ ᠵᠠᠰᠠᠭ ᠵᠠᠬᠢᠷᠬᠠᠨ ᠤ ᠳᠠᠬᠢᠨ ᠵᠥ᠋ᠪᠯᠡᠬᠦ ᠪᠠ ᠵᠠᠷᠭᠤ ᠬᠦᠯᠢᠶᠡᠬᠦ ᠲᠠᠰᠤᠭ᠃ ᠪᠥᠬᠦ ᠰᠢᠶᠠᠨ ᠤ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠭᠰᠡᠨ | ᠲᠣᠭᠲᠠᠭᠠᠯ ᠢ ᠥᠯᠥ ᠵᠥᠪᠰᠢᠶᠡᠷᠡᠬᠦ ᠠᠴᠠ ᠪᠣᠯᠵᠤ ᠵᠠᠰᠠᠭ ᠵᠠᠬᠢᠷᠭᠠᠨ ᠤ ᠵᠠᠷᠭᠤ ᠬᠢᠬᠦ ᠵᠡᠷᠭᠡ ᠵᠦᠢᠯᠡᠰ ᠢ | ᠰᠢᠢᠳᠪᠦᠷᠢᠯᠡᠵᠦ᠂ ᠬᠡᠷᠡᠭᠰᠡᠬᠦ ᠠᠵᠢᠯᠲᠠᠨ ᠢ ᠬᠠᠤᠯᠢ ᠴᠠᠭᠠᠵᠠ ᠶᠢᠨ ᠲᠣᠪᠴᠢᠶ᠎ᠠ ᠠᠴᠠ ᠳᠣᠲᠣᠭᠠᠳᠤ ᠲᠣᠬᠢᠷᠠᠭᠤᠯᠤᠯᠲᠠ | ᠬᠢᠨ᠎ᠡ᠃ | ︵ᠶᠢᠰᠦ︶ ᠬᠠᠤᠯᠢ ᠪᠠᠷ ᠰᠢᠶᠠᠨ ᠢ ᠵᠠᠰᠠᠬᠤ ᠵᠥᠪᠯᠡᠯ ᠪᠣᠯ ᠰᠢᠶᠠᠨ ᠤ ᠨᠠᠮ ᠤᠨ ᠬᠤᠷᠢᠶᠠᠨ ᠤ ᠬᠡᠷᠡᠭ ᠵᠥᠪᠯᠡᠵᠦ | ᠵᠣᠬᠢᠴᠠᠭᠤᠯᠬᠤ ᠪᠠᠶᠢᠭᠤᠯᠤᠮᠵᠢ ᠮᠥᠨ᠂ ᠠᠯᠪᠠᠨ ᠭᠡᠷ ᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠭᠠᠷᠭᠠᠵᠤ᠂ | ᠵᠥᠪᠯᠡᠯ ᠤᠨ ᠰᠢᠭᠤᠳ ᠤᠳᠤᠷᠢᠳᠤᠯᠭ᠎ᠠ ᠶᠢ ᠬᠦᠯᠢᠶᠡᠵᠦ᠂ ᠵᠥᠪᠯᠡᠯ ᠤᠨ ᠪᠣᠳᠠᠲᠠᠢ ᠠᠵᠢᠯ ᠢ ᠡᠭᠦᠷᠭᠡᠯᠡᠵᠦ᠂ ᠪᠦᠬᠦ | ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ | ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠵᠥᠪᠯᠡᠯ ᠤᠨ | ᠲᠣᠭᠲᠠᠭᠠᠭᠰᠠᠨ ᠤᠴᠢᠷ ᠶᠠᠪᠤᠳᠠᠯ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ | ᠵᠣᠬᠢᠴᠠᠭᠤᠯᠤᠨ ᠰᠢᠮᠳᠠᠭᠤᠯᠤᠨ᠎ᠠ᠃ ᠬᠤᠲᠠ ᠶᠢᠨ ᠨᠠᠮ ᠤᠨ ᠬᠤᠷᠢᠶᠠᠨ ᠤ ᠬᠠᠤᠯᠢ ᠪᠠᠷ ᠬᠤᠲᠠ ᠶᠢ ᠵᠠᠰᠠᠬᠤ ᠠᠯᠪᠠᠨ | ᠭᠡᠷ ᠪᠠᠶᠢᠭᠤᠯᠤᠭᠰᠠᠨ ᠪᠠᠶᠢᠳᠠᠯ ᠢᠶᠠᠷ ᠯᠠᠪᠯᠠᠯᠲᠠ ᠪᠣᠯᠭᠠᠵᠤ᠂ ᠬᠠᠤᠯᠢ ᠴᠠᠭᠠᠵᠠ ᠶᠢᠨ ᠲᠣᠪᠴᠢᠶ᠎ᠠ ᠳᠤ ᠰᠢᠶᠠᠨ ᠤ | ᠨᠠᠮ ᠤᠨ ᠬᠤᠷᠢᠶᠠᠨ ᠤ ᠬᠠᠤᠯᠢ ᠪᠠᠷ ᠰᠢᠶᠠᠨ ᠢ ᠵᠠᠰᠠᠬᠤ ᠠᠯᠪᠠᠨ ᠭᠡᠷ ᠤᠨ ᠨᠠᠷᠢᠨ ᠪᠢᠴᠢᠭ ᠤᠨ ᠲᠠᠰᠤᠭ ᠢ | ᠲᠣᠬᠢᠷᠠᠭᠤᠯᠵᠤ᠂ ᠬᠠᠤᠯᠢ ᠪᠠᠷ ᠰᠢᠶᠠᠨ ᠢ ᠵᠠᠰᠠᠬᠤ ᠠᠯᠪᠠᠨ ᠭᠡᠷ ᠤᠨ ᠡᠳᠦᠷ ᠲᠤᠲᠤᠮ ᠤᠨ ᠬᠡᠷᠡᠭ ᠶᠠᠪᠤᠳᠠᠯ ᠪᠠ ᠳᠡᠭᠡᠳᠦ | ᠱᠠᠲᠤᠨ ᠤ ᠲᠤᠰᠢᠶᠠᠭᠰᠠᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ︵ᠠᠷᠪᠠ︶ ᠬᠠᠤᠯᠢ ᠴᠠᠭᠠᠵᠠ ᠶᠢᠨ ᠭᠠᠵᠠᠷ᠃ ᠡᠯ᠎ᠡ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠨᠢ | ᠴᠥᠮ ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠲᠣᠮᠢᠯᠠᠭᠰᠠᠨ ᠪᠠᠶᠢᠭᠤᠯᠤᠮᠵᠢ ᠪᠠᠶᠢᠵᠤ᠂ | ᠳᠣᠣᠷ᠎ᠠ ᠨᠢ 9 ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠶᠢ ᠬᠠᠷᠢᠶᠠᠯᠠᠪᠠ᠃ | 1. ᠬᠥᠬᠡ ᠡᠷᠭᠢ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ | 2. ᠳᠡᠭᠡᠷ᠎ᠡ ᠲᠣᠬᠤᠢ ᠰᠢᠶᠠᠩ ᠤᠨ ᠬᠠᠤᠯᠢ ᠴᠠᠭᠠᠵᠠ ᠶᠢᠨ ᠭᠠᠵᠠᠷ | 3. ᠳᠠᠯᠠᠨ ᠬᠠᠷ᠎ᠠ ᠠᠭᠤᠯᠠ ᠰᠢᠶᠠᠩ ᠤᠨ ᠬᠠᠤᠯᠢ ᠴᠠᠭᠠᠵᠠ ᠶᠢᠨ ᠭᠠᠵᠠᠷ | 4. ᠬᠠᠷᠠᠭᠤᠯ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ | 5. ᠳ᠋ᠧ ᠱᠧᠩ ᠭᠧᠦ ᠰᠢᠶᠠᠩ ᠤᠨ ᠬᠠᠤᠯᠢ ᠴᠠᠭᠠᠵᠠ ᠶᠢᠨ ᠭᠠᠵᠠᠷ | 6. ᠡᠯ ᠹᠧᠨ ᠽᠢ ᠰᠢᠶᠠᠩ ᠤᠨ ᠬᠠᠤᠯᠢ ᠴᠠᠭᠠᠵᠠ ᠶᠢᠨ ᠭᠠᠵᠠᠷ | 7. ᠬᠤᠭᠤᠯᠠᠢ ᠠᠭᠤᠯᠠ ᠶᠢᠨ ᠬᠠᠤᠯᠢ ᠴᠠᠭᠠᠵᠠ ᠶᠢᠨ ᠭᠠᠵᠠᠷ | 8. ᠬᠠᠷ᠎ᠠ ᠬᠤᠰᠢᠭᠤ ᠰᠢᠶᠠᠩ ᠤᠨ ᠬᠠᠤᠯᠢ ᠴᠠᠭᠠᠵᠠ ᠶᠢᠨ ᠭᠠᠵᠠᠷ | 9. ᠪᠠᠷᠠᠭᠤᠨ ᠤᠯᠠᠭᠠᠨᠪᠤᠯᠠᠭ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ | ᠬᠠᠤᠯᠢ ᠴᠠᠭᠠᠵᠠ ᠶᠢᠨ ᠭᠠᠵᠠᠷ ᠤᠨ ᠭᠤᠣᠯ ᠡᠭᠦᠷᠭᠡ ᠬᠠᠷᠢᠭᠤᠴᠠᠯᠭ᠎ᠠ᠄ | ᠠᠷᠠᠳ ᠤᠨ ᠡᠶᠡᠳᠡᠭᠦᠯᠭᠡ ᠶᠢᠨ ᠠᠵᠢᠯ ᠢ ᠵᠢᠯᠣᠭᠤᠳᠤᠨ ᠬᠠᠮᠢᠶᠠᠷᠴᠤ᠂ ᠴᠢᠬᠤᠯᠠ ᠶᠡᠭᠡ ᠬᠦᠴᠢᠷ ᠲᠦᠪᠡᠭᠲᠡᠢ ᠪᠠ | ᠠᠷᠠᠳ ᠤᠨ ᠬᠤᠭᠤᠷᠣᠨᠳᠣᠬᠢ ᠵᠢᠭᠤᠷᠠᠯᠳᠤᠭᠠᠨ ᠢ ᠡᠶᠡᠳᠡᠭᠦᠯᠬᠦ ᠳᠤ ᠣᠷᠣᠯᠴᠠᠨ᠎ᠠ᠃ ᠨᠡᠶᠢᠭᠡᠮ ᠲᠣᠭᠤᠷᠢᠭ ᠤᠨ | ᠵᠠᠯᠠᠷᠠᠭᠤᠯᠭ᠎ᠠ ᠶᠢᠨ ᠠᠵᠢᠯ ᠢ ᠬᠠᠷᠢᠭᠤᠴᠠᠨ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯ ᠢ ᠵᠢᠯᠣᠭᠤᠳᠤᠨ ᠬᠠᠮᠢᠶᠠᠷᠤᠨ᠎ᠠ᠃ ᠲᠤᠰ ᠰᠢᠶᠠᠩ ︵ᠪᠠᠯᠭᠠᠰᠤ︶ ᠤᠨ ᠨᠡᠭᠡᠭᠡᠯᠲᠡ ᠶᠢᠨ | ᠲᠣᠭᠤᠷᠢᠭ ᠤᠨ ᠦᠨᠳᠦᠰᠦᠨ ᠱᠠᠲᠤᠨ ᠤ ᠬᠠᠤᠯᠢ ᠴᠠᠭᠠᠵᠠ ᠶᠢ ᠲᠥᠯᠥᠪᠵᠢᠭᠦᠯᠬᠦ᠂ ᠵᠢᠯᠤᠭᠤᠳᠬᠤ᠂ ᠬᠢᠨᠠᠯᠲᠠ | ᠲᠠᠯᠪᠢᠬᠤ ᠶᠢ ᠬᠠᠷᠢᠭᠤᠴᠠᠨ᠎ᠠ᠃ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠥᠰ ᠢ | ᠲᠥᠪᠬᠢᠨᠡᠭᠦᠯᠬᠦ ᠪᠠ ᠬᠠᠪᠰᠤᠷᠤᠨ ᠰᠤᠷᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠠᠤᠯᠢᠵᠢᠯ ᠤᠨ | ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠦᠨᠳᠦᠰᠦᠨ ᠱᠠᠲᠤᠨ ᠤ ᠵᠠᠰᠠᠭ ᠤᠨ | ᠣᠷᠳᠣᠨ ᠢ ᠬᠠᠮᠵᠢᠨ ᠬᠠᠤᠯᠢ ᠶᠣᠰᠣᠭᠠᠷ ᠵᠠᠰᠠᠬᠤ ᠠᠵᠢᠯ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ᠂ ᠬᠢᠨᠠᠯᠲᠠ ᠲᠠᠯᠪᠢᠬᠤ ᠠᠵᠢᠯ ᠢ ᠥᠷᠨᠢᠭᠦᠯᠦᠨ᠎ᠡ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ | ᠵᠠᠰᠠᠬᠤ ᠠᠵᠢᠯ ᠳᠤ ᠣᠷᠣᠯᠴᠠᠨ᠎ᠠ᠃ | ᠭᠤᠷᠪᠠ᠂ ᠠᠵᠢᠯᠯᠠᠬᠤ ᠭᠠᠵᠠᠷ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠫᠢᠩ ᠠᠨ ᠪᠠᠷᠠᠭᠤᠨ | ᠵᠡᠭᠡᠯᠢ ᠶᠢᠨ 3 ᠳ᠋ᠤᠭᠠᠷ ᠲᠣᠭᠠᠲᠤ | ᠳᠥᠷᠪᠡ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00 14᠄ 30-17᠄ 30 | ᠲᠠᠪᠤ᠂ ᠬᠠᠷᠢᠯᠴᠠᠬᠤ ᠠᠷᠭ᠎ᠠ ᠬᠡᠯᠪᠡᠷᠢ᠄ 0471 - 8820498 | ᠵᠢᠷᠭᠤᠭ᠎ᠠ᠂ ᠬᠠᠷᠢᠭᠤᠴᠠᠯᠭᠠᠲᠠᠨ᠄ ᠰᠦ᠋ ᠶᠠᠨ ᠷᠦᠩ | | |