〔2025〕-14 | | | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ᠄ | ᠮᠠᠨ ᠤ ᠰᠢᠶᠠᠨ ᠤ 2025 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠣᠶ ᠰᠢᠭᠤᠢ ᠶᠢᠨ ᠭᠠᠯ | ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨᠬᠦ ᠰᠠᠶᠢᠲᠤᠷ ᠬᠢᠵᠦ᠂ ᠭᠠᠯ ᠤᠨ ᠠᠶᠤᠯ ᠡᠭᠦᠰᠬᠦ ᠶᠢ ᠪᠦᠲᠦᠮᠵᠢᠲᠡᠶ | ᠬᠤᠷᠢᠭᠯᠠᠵᠤ᠂ ᠮᠠᠨ ᠤ ᠰᠢᠶᠠᠨ ᠤ ᠣᠶ ᠰᠢᠭᠤᠢ ᠶᠢᠨ ᠡᠬᠢ ᠪᠠᠶᠠᠯᠢᠭ ᠪᠠ ᠠᠷᠠᠳ ᠲᠦᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂ ᠴᠠᠭᠠᠨ ᠰᠠᠷ᠎ᠠ ᠶᠢᠨ ᠬᠤᠭᠤᠴᠠᠭᠠᠨ ᠳᠤ ᠠᠮᠤᠷ ᠠᠮᠤᠭᠤᠯᠠᠩ ᠥᠯᠵᠡᠢ | ᠪᠡᠯᠭᠡ ᠲᠠᠢ ᠪᠠᠶᠢᠬᠤ ᠶᠢ ᠦᠨᠡᠨᠬᠦ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠪᠠᠶᠢᠳᠠᠯ ᠢ ᠲᠣᠳᠣᠷᠬᠠᠢ ᠲᠠᠨᠢᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠭᠠᠳᠠᠷ | ᠣᠷᠣᠨ ᠤ ᠨᠤᠲᠤᠭ ᠲᠠᠭᠠᠨ ᠪᠤᠴᠠᠭᠰᠠᠨ ᠬᠥᠮᠥᠨ ᠠᠮᠠ ᠤᠯᠠᠮ ᠢᠶᠠᠷ ᠣᠯᠠᠰᠢᠷᠠᠵᠤ᠂ ᠬᠤᠸᠠᠷ ᠫᠤᠤᠵᠢᠩ ᠲᠠᠯᠪᠢᠬᠤ᠂ | ᠲᠠᠬᠢᠯᠭ᠎ᠠ ᠲᠠᠯᠪᠢᠵᠤ ᠴᠠᠭᠠᠰᠤ ᠰᠢᠲᠠᠭᠠᠬᠤ᠂ ᠬᠡᠭᠡᠷ᠎ᠡ ᠭᠠᠳᠠᠨ᠎ᠠ ᠵᠤᠭᠠᠴᠠᠨ ᠨᠠᠭᠠᠳᠬᠤ ᠵᠡᠷᠭᠡ ᠠᠵᠢᠯᠯᠠᠭ᠎ᠠ ᠴᠤ | ᠳᠠᠭᠠᠯᠳᠤᠨ ᠨᠡᠮᠡᠭᠳᠡᠪᠡ᠃ ᠬᠡᠳᠦᠶᠢᠪᠡᠷ ᠣᠶᠢᠷ᠎ᠠ ᠶᠢᠨ ᠡᠳᠦᠷ ᠴᠠᠰᠤ ᠣᠷᠣᠵᠤ ᠭᠠᠯ ᠰᠡᠷᠭᠡᠶᠢᠯᠡᠬᠦ ᠳᠠᠷᠤᠯᠲᠠ ᠶᠢ | ᠪᠦᠲᠦᠮᠵᠢᠲᠡᠶ ᠬᠥᠩᠭᠡᠷᠡᠭᠦᠯᠦᠭᠰᠡᠨ ᠪᠣᠯᠪᠠᠴᠤ ᠮᠥᠨ ᠬᠦ ᠦᠵᠡᠯ ᠰᠠᠨᠠᠭ᠎ᠠ ᠲᠠᠨᠢᠯᠲᠠ ᠪᠠᠨ ᠦᠷᠭᠦᠯᠵᠢᠯᠡᠨ | ᠳᠡᠭᠡᠭᠰᠢᠯᠡᠭᠦᠯᠵᠦ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠬᠥᠩᠭᠡᠨ ᠬᠠᠭᠤᠮᠠᠭᠠᠢ ᠪᠠᠷ ᠬᠠᠨᠳᠤᠵᠤ | ᠶᠠᠭᠠᠬᠢᠭᠰᠠᠨ ᠴᠤ ᠪᠣᠯᠬᠤ ᠦᠭᠡᠢ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ | ᠣᠳᠣᠬᠠᠨ ᠤ ᠲᠡᠷᠢᠭᠦᠨ ᠴᠢᠬᠤᠯᠠ ᠡᠭᠦᠷᠭᠡ᠂ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠣᠶ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ | ᠬᠡᠷᠡᠭᠲᠡᠢ᠃ | ᠬᠤᠶᠠᠷ᠂ ᠤᠳᠤᠷᠢᠳᠤᠯᠭ᠎ᠠ ᠪᠠᠨ ᠴᠢᠩᠭᠠᠳᠬᠠᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠬᠡᠷᠡᠭᠲᠡᠢ | ᠱᠠᠲᠤ ᠳᠠᠷᠠᠭᠠᠯᠠᠨ ᠬᠠᠷᠢᠭᠤᠴᠠᠯᠭ᠎ᠠ ᠶᠢ ᠴᠢᠩᠳᠠᠯᠠᠵᠤ᠂ ᠨᠠᠶᠢᠳᠠᠪᠤᠷᠢᠵᠢᠭᠤᠯᠤᠯᠲᠠ ᠶᠢ ᠱᠠᠲᠤ ᠱᠠᠲᠤ ᠪᠠᠷ ᠰᠠᠶᠢᠲᠤᠷ | ᠠᠳᠬᠤᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠣᠤᠷᠵᠢᠭᠤᠯᠤᠭᠰᠠᠨ ᠬᠠᠮᠢᠶᠠᠷᠤᠯᠲᠠ ᠶᠢ | ᠴᠢᠩᠭ᠎ᠠ ᠬᠡᠷᠡᠭᠵᠢᠭᠦᠯᠵᠦ᠂ ᠭᠠᠯ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠥᠯ ᠢ | ᠬᠢᠨᠠᠮᠠᠭᠠᠢ ᠨᠠᠶᠢᠷᠠᠭᠤᠯᠤᠨ ᠵᠣᠬᠢᠶᠠᠵᠤ᠂ ᠣᠶ ᠰᠢᠭᠤᠢ ᠶᠢᠨ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠡᠭᠦᠨ ᠤ ᠬᠠᠮᠲᠤ᠂ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠣᠷᠣᠨ ᠢ ᠱᠠᠲᠤ ᠱᠠᠲᠤ ᠪᠠᠷ ᠰᠠᠶᠢᠲᠤᠷ ᠨᠠᠶᠢᠳᠠᠪᠤᠷᠢᠵᠢᠭᠤᠯᠵᠤ᠂ | ᠭᠠᠯ ᠰᠡᠷᠭᠡᠶᠢᠯᠡᠬᠦ ᠬᠠᠷᠢᠭᠤᠴᠠᠯᠭᠠᠲᠠᠨ ᠢ ᠲᠣᠳᠣᠷᠬᠠᠶᠢᠯᠠᠨ᠂ ᠬᠠᠷᠢᠶᠠᠲᠤ ᠣᠷᠣᠨ ᠤ ᠳᠣᠲᠣᠷᠠᠬᠢ ᠬᠢᠨᠠᠨ ᠬᠡᠮᠵᠢᠵᠦ | ᠬᠠᠮᠢᠶᠠᠷᠤᠨ ᠡᠵᠡᠮᠳᠡᠬᠦ ᠶᠢ ᠰᠠᠶᠢᠲᠤᠷ ᠬᠢᠬᠦ ᠬᠡᠷᠡᠭᠲᠡᠢ᠃ ᠰᠢᠶᠠᠨ ᠤ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ | ᠵᠢᠯᠤᠭᠤᠳᠬᠤ ᠭᠠᠵᠠᠷ ᠤᠨ ᠠᠯᠪᠠᠨ ᠭᠡᠷ ︵ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ︶ ᠨᠢ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠨ᠂ | ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠵᠢᠯᠤᠭᠤᠳᠬᠤ ᠪᠠᠨ ᠴᠢᠩᠭᠠᠷᠠᠭᠤᠯᠵᠤ᠂ ᠭᠠᠯ ᠤᠨ ᠠᠶᠤᠯ ᠤᠨ ᠳᠠᠯᠳᠠ | ᠭᠡᠮ ᠢ ᠵᠢᠭᠰᠠᠭᠠᠨ ᠪᠠᠶᠢᠴᠠᠭᠠᠵᠤ᠂ ᠡᠯ᠎ᠡ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢᠨ ᠬᠦᠴᠦᠲᠡᠢ᠂ | ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠭᠤᠷᠪᠠ᠂ ᠤᠬᠠᠭᠤᠯᠭ᠎ᠠ ᠪᠠᠨ ᠰᠠᠶᠢᠲᠤᠷ ᠬᠢᠵᠦ᠂ ᠭᠠᠯ ᠰᠡᠷᠭᠡᠶᠢᠯᠡᠬᠦ ᠦᠵᠡᠯ ᠤᠬᠠᠮᠰᠠᠷ ᠢᠶᠠᠨ ᠨᠡᠮᠡᠭᠳᠡᠭᠦᠯᠬᠦ | ᠬᠡᠷᠡᠭᠲᠡᠢ | ᠸᠢᠴᠠᠲ᠂ ᠴᠤᠤᠷᠢᠶ᠎ᠠ ᠵᠡᠷᠭᠡ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠵᠤ᠂ ᠤᠢ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠦᠨᠳᠦᠰᠦᠨ ᠮᠡᠳᠡᠯᠭᠡ᠂ ᠬᠠᠤᠯᠢ ᠲᠣᠭᠲᠠᠭᠠᠯ᠂ ᠳᠦᠷᠢᠮ ᠪᠣᠯᠣᠨ ᠳᠡᠭᠡᠳᠦ ᠱᠠᠲᠤᠨ ᠤ | ᠵᠢᠭᠠᠪᠤᠷᠢ ᠶᠢᠨ ᠵᠣᠷᠢᠭ ᠰᠠᠨᠠᠭ᠎ᠠ ᠶᠢ ᠥᠷᠭᠡᠨ ᠭᠦᠨᠵᠡᠭᠡᠢ ᠤᠬᠠᠭᠤᠯᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠰᠢᠶᠠᠩ | ᠪᠠᠯᠭᠠᠰᠤ ᠪᠣᠯᠪᠠᠰᠤᠨ᠂ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ ᠤ ᠲᠠᠬᠢᠯᠭ᠎ᠠ ᠶᠢᠨ ᠠᠷᠭ᠎ᠠ ᠮᠠᠶ᠋ᠢᠭ ᠢ | ᠢᠳᠡᠪᠬᠢᠲᠡᠢ ᠰᠠᠨᠠᠭᠠᠴᠢᠯᠠᠵᠤ᠂ ᠵᠠᠷᠢᠮ ᠨᠡᠶᠢᠲᠡᠯᠢᠭ ᠭᠠᠯ ᠤᠨ ᠭᠠᠮᠰᠢᠭ ᠤᠨ ᠬᠡᠷᠡᠭ ᠤᠨ ᠵᠢᠱᠢᠶ᠎ᠡ ᠶᠢᠨ ᠤᠬᠠᠭᠤᠯᠭ᠎ᠠ ᠪᠠᠷ | ᠳᠠᠮᠵᠢᠭᠤᠯᠤᠨ᠂ ᠥᠷᠭᠡᠨ ᠣᠯᠠᠨ ᠲᠦᠮᠡᠨ ᠳᠤ ᠰᠡᠷᠡᠮᠵᠢᠯᠡᠭᠦᠯᠬᠦ ᠬᠥᠮᠦᠵᠢᠯ ᠬᠦᠷᠲᠡᠭᠡᠵᠦ᠂ ᠠᠮᠤᠷ ᠲᠦᠪᠰᠢᠨ ᠢᠶᠠᠷ ᠭᠠᠯ | ᠬᠡᠷᠡᠭᠯᠡᠬᠦ᠂ ᠠᠮᠤᠷ ᠲᠦᠪᠰᠢᠨ ᠢᠶᠠᠷ ᠠᠶᠤᠯ ᠠᠴᠠ ᠵᠠᠶᠢᠯᠠᠬᠤ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ | ᠨᠡᠮᠡᠭᠳᠡᠭᠦᠯᠬᠦ ᠬᠡᠷᠡᠭᠲᠡᠢ᠃ | ᠳᠥᠷᠪᠡ᠂ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠵᠦ᠂ ᠭᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠶᠢ | ᠰᠠᠶᠢᠲᠤᠷ ᠬᠢᠬᠦ ᠬᠡᠷᠡᠭᠲᠡᠢ | ᠲᠠᠬᠢᠯᠭ᠎ᠠ ᠬᠢᠵᠦ ᠣᠩᠭᠤᠨ ᠱᠦᠭᠦᠷᠳᠡᠬᠦ᠂ ᠬᠤᠸᠠᠷ ᠫᠤᠤᠵᠢᠩ ᠲᠠᠯᠪᠢᠬᠤ᠂ ᠬᠡᠭᠡᠷ᠎ᠡ ᠭᠠᠳᠠᠨ᠎ᠠ ᠵᠤᠭᠠᠴᠠᠨ ᠨᠠᠭᠠᠳᠬᠤ | ᠵᠡᠷᠭᠡ ᠭᠠᠯ ᠬᠡᠷᠡᠭᠯᠡᠬᠦ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠠᠭᠤᠯᠠ ᠶᠢᠨ ᠣᠷᠣᠢ᠂ ᠲᠠᠷᠢᠶᠠᠨ ᠭᠠᠵᠠᠷ᠂ | ᠪᠤᠯᠠᠰᠢ ᠶᠢ ᠴᠢᠩᠭ᠎ᠠ ᠠᠩᠬᠠᠷᠴᠤ᠂ ᠵᠠᠮ ᠤᠨ ᠠᠭᠤᠯᠵᠠᠷ᠂ ᠣᠷᠣᠬᠤ ᠡᠭᠦᠳᠡ ᠶᠢ ᠴᠢᠩᠭ᠎ᠠ ᠰᠡᠷᠭᠡᠶᠢᠯᠡᠵᠦ᠂ ᠲᠣᠭᠤᠷᠢᠨ | ᠪᠠᠶᠢᠴᠠᠭᠠᠵᠤ ᠬᠠᠮᠠᠭᠠᠯᠠᠬᠤ ᠬᠦᠴᠦᠨ ᠢ ᠴᠢᠩᠭᠠᠳᠬᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ | ᠮᠥᠴᠢᠷ ᠤᠳ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠰᠡᠷᠡᠮᠵᠢ᠂ ᠭᠠᠯ ᠤᠨ ᠠᠶᠤᠯ ᠵᠢᠴᠢ | ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠬᠡᠷᠡᠭ ᠢ ᠴᠢᠩᠭ᠎ᠠ ᠲᠦᠷᠭᠡᠨ ᠪᠠᠶᠢᠴᠠᠭᠠᠨ ᠰᠢᠢᠳᠪᠦᠷᠢᠯᠡᠵᠦ᠂ | ᠬᠠᠤᠯᠢ ᠶᠢ ᠵᠠᠪᠠᠯ ᠴᠢᠩᠭ᠎ᠠ ᠬᠡᠷᠡᠭᠵᠢᠭᠦᠯᠵᠦ᠂ ᠬᠠᠤᠯᠢ ᠠᠴᠠ ᠵᠥᠷᠢᠴᠡᠪᠡᠯ ᠵᠠᠪᠠᠯ ᠨᠡᠬᠡᠮᠵᠢᠯᠡᠵᠦ᠂ ᠵᠥᠪ ᠲᠠᠯ᠎ᠠ ᠠᠴᠠ | ᠬᠥᠲᠥᠯᠥᠨ ᠵᠢᠯᠤᠭᠤᠳᠬᠤ ᠪᠠ ᠰᠦᠷᠳᠡᠭᠦᠯᠬᠦ ᠦᠢᠯᠡᠳᠦᠯ ᠢ ᠪᠣᠶ ᠪᠣᠯᠭᠠᠬᠤ ᠬᠡᠷᠡᠭᠲᠡᠢ᠃ ᠵᠠᠮ ᠬᠠᠷᠢᠯᠴᠠᠭᠠᠨ ᠤ | ᠴᠠᠭᠳᠠᠭ᠎ᠠ ᠶᠢᠨ ᠰᠠᠯᠠᠭ᠎ᠠ ᠮᠥᠴᠢᠷ ᠤᠳ ᠭᠤᠣᠯᠳᠠᠯᠭ᠎ᠠ ᠲᠠᠢ ᠵᠠᠮ ᠤᠨ ᠬᠡᠰᠡᠭ ᠤᠨ ᠬᠠᠮᠢᠶᠠᠷᠤᠯᠲᠠ ᠡᠵᠡᠮᠳᠡᠯ ᠢ | ᠴᠢᠩᠭᠠᠳᠬᠠᠵᠤ᠂ ᠵᠠᠮ ᠬᠠᠷᠢᠯᠴᠠᠭ᠎ᠠ ᠶᠢ ᠬᠥᠲᠥᠯᠥᠨ ᠵᠢᠯᠤᠭᠤᠳᠬᠤ ᠪᠠ ᠤᠬᠠᠭᠤᠯᠵᠤ ᠬᠥᠲᠥᠯᠥᠨ ᠵᠢᠯᠤᠭᠤᠳᠬᠤ ᠶᠢ | ᠴᠢᠩᠭᠠᠳᠬᠠᠵᠤ᠂ ᠢᠯᠠᠩᠭᠤᠶ᠎ᠠ ᠪᠤᠯᠠᠰᠢᠨ ᠭᠠᠵᠠᠷ ᠪᠠ ᠣᠶ ᠰᠢᠭᠤᠢ ᠨᠤᠲᠤᠭ ᠪᠡᠯᠴᠢᠭᠡᠷ ᠤᠨ ᠲᠡᠷᠭᠡ ᠬᠥᠰᠬᠡ ᠶᠢᠨ | ᠨᠣᠴᠣᠮᠠᠲᠠᠭᠠᠢ ᠲᠡᠰᠦᠷᠡᠮᠡᠲᠡᠭᠡᠢ᠂ ᠴᠠᠭᠠᠰᠤᠨ ᠭᠠᠯ ᠤᠨ ᠪᠣᠳᠠᠰ ᠣᠷᠣᠰᠢᠵᠤ ᠪᠠᠶᠢᠬᠤ ᠶᠢ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠰᠢᠶᠠᠩ ᠪᠠᠯᠭᠠᠰᠤ ᠲᠠᠢ | ᠬᠠᠮᠵᠢᠯᠴᠠᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠭᠠᠵᠠᠷ᠂ ᠣᠩᠭᠤᠨ ᠤ ᠭᠠᠵᠠᠷ ᠤᠨ ᠲᠣᠭᠤᠷᠢᠨ | ᠪᠠᠶᠢᠴᠠᠭᠠᠯᠲᠠ ᠶᠢ ᠴᠢᠩᠭᠠᠳᠬᠠᠵᠤ᠂ ᠪᠤᠯᠠᠰᠢᠨ ᠳᠡᠭᠡᠷ᠎ᠡ ᠴᠠᠭᠠᠰᠤ ᠰᠢᠲᠠᠭᠠᠬᠤ᠂ ᠫᠤᠤᠵᠢᠩ ᠲᠠᠯᠪᠢᠬᠤ᠂ ᠬᠦᠵᠢ ᠵᠤᠯᠠ | ᠠᠰᠠᠭᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠬᠤᠷᠢᠭᠯᠠᠨ ᠵᠣᠭᠰᠣᠭᠠᠵᠤ᠂ ᠳᠠᠯᠳᠠ ᠭᠡᠮ ᠢ ᠦᠨᠳᠦᠰᠦᠨ ᠠᠴᠠ | ᠨᠢ ᠠᠷᠢᠯᠭᠠᠬᠤ ᠬᠡᠷᠡᠭᠲᠡᠢ᠃ | ᠲᠠᠪᠤ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨᠬᠦ | ᠪᠠᠲᠤᠯᠠᠬᠤ ᠬᠡᠷᠡᠭᠲᠡᠢ | ᠤᠳᠤᠷᠢᠳᠤᠯᠭ᠎ᠠ ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ | ᠭᠠᠯ ᠲᠦᠢᠮᠡᠷ ᠭᠠᠷᠤᠮᠠᠭᠴᠠ ᠪᠡᠯᠡᠳᠬᠡᠯ ᠲᠥᠰᠥᠯ ᠢᠶᠠᠨ ᠦᠳᠲᠡᠷ ᠲᠦᠷᠭᠡᠨ ᠡᠬᠢᠯᠡᠭᠦᠯᠵᠦ᠂ ᠭᠠᠯ ᠲᠦᠢᠮᠡᠷ ᠤᠨ | ᠪᠠᠶᠢᠳᠠᠯ ᠢ ᠡᠷᠲᠡ ᠣᠯᠵᠤ ᠮᠡᠳᠡᠬᠦ᠂ ᠡᠷᠲᠡ ᠮᠡᠳᠡᠭᠦᠯᠬᠦ᠂ ᠡᠷᠲᠡ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ | ᠨᠡᠩ ᠴᠤ ︽ᠭᠠᠯ ᠪᠠᠶᠢᠪᠠᠯ ᠵᠠᠪᠠᠯ ᠮᠡᠳᠡᠭᠦᠯᠬᠦ︾᠂ ︽ᠮᠡᠳᠡᠭᠦᠯᠬᠦ ᠭᠠᠯ ᠤᠨᠲᠠᠷᠠᠭᠠᠬᠤ ᠶᠢ ᠵᠡᠷᠭᠡᠪᠡᠷ ᠶᠠᠪᠤᠭᠤᠯᠬᠤ︾ ᠪᠠ | ᠭᠤᠣᠯᠳᠠᠯᠭ᠎ᠠ ᠲᠠᠢ ᠴᠠᠭ ᠬᠤᠭᠤᠴᠠᠭ᠎ᠠ ᠶᠢᠨ ︽ᠡᠳᠦᠷ ᠤᠨ ᠮᠡᠳᠡᠭᠦᠯᠦᠯᠲᠡ︾᠂ ︽ᠲᠡᠭ ᠢ ᠮᠡᠳᠡᠭᠦᠯᠬᠦ︾ ᠵᠡᠷᠭᠡ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠤᠢ ᠰᠢᠭᠤᠢ ᠨᠤᠲᠤᠭ | ᠪᠡᠯᠴᠢᠭᠡᠷ ᠤᠨ ᠭᠠᠯ ᠤᠨ ᠠᠶᠤᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ | | ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | 2025 ᠣᠨ ᠤ 1 ᠰᠠᠷ᠎ᠠ ᠶᠢᠨ 26 ᠤ ᠡᠳᠦᠷ | | |