ᠪᠠᠶᠢᠭᠤᠯᠤᠮᠵᠢ ᠶᠢᠨ ᠡᠭᠦᠷᠭᠡ ᠴᠢᠳᠠᠪᠤᠷᠢ | ᠨᠢᠭᠡᠳᠦᠭᠡᠷ ᠵᠦᠢᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠭᠰᠡᠨ | ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠰᠢᠶᠠᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠦᠴᠦᠸᠠᠨ ᠰᠢᠶᠠᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠯ ᠦᠴᠦᠸᠠᠨ ᠰᠢᠶᠠᠨ ᠤ | ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠣᠨ᠎ᠠ᠂ ᠵᠢᠩᠬᠢᠨᠢ ᠰᠠᠯᠠᠭᠠᠨ ᠤ ᠳᠡᠰ᠃ | ᠭᠤᠷᠪᠠᠳᠤᠭᠠᠷ ᠵᠦᠢᠯ ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠤᠨ ᠶᠠᠪᠤᠳᠠᠯ ᠤᠨ | ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ︵ᠠᠷᠪᠠ︶ ᠶᠢᠨ ᠬᠡᠦᠬᠡᠳ ᠤᠨ ᠠᠰᠠᠷᠠᠮᠵᠢ᠂ | ᠥᠨᠥᠴᠢᠨ ᠬᠠᠶᠠᠭᠳᠠᠭᠰᠠᠨ ᠬᠡᠦᠬᠡᠳ ᠤᠨ ᠪᠠᠲᠤᠯᠠᠭ᠎ᠠ᠂ ᠬᠡᠦᠬᠡᠳᠢ ᠡᠷᠭᠦᠨ ᠲᠡᠵᠢᠭᠡᠬᠦ᠂ ᠬᠡᠦᠬᠡᠳ ᠢ ᠠᠪᠤᠷᠠᠨ | ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ | ᠰᠢᠰᠲ᠋ᠧᠮ ᠪᠣᠯᠣᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃ | ︵ᠨᠢᠭᠡ︶ ᠣᠷᠤᠭ ᠳᠠᠩᠰᠠᠯᠠᠬᠤ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠣᠷᠤᠭ ᠤᠨ ᠵᠠᠩ ᠳᠠᠳᠬᠠᠯ ᠪᠠ ᠣᠷᠣᠰᠢᠭᠤᠯᠭ᠎ᠠ ᠶᠢᠨ | ᠥᠭᠡᠷᠡᠴᠢᠯᠡᠯᠲᠡ ᠶᠢ ᠬᠠᠷᠢᠭᠤᠴᠠᠨ ᠠᠬᠢᠭᠤᠯᠵᠤ᠂ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠪᠠ ᠨᠠᠰᠤᠨ ᠳᠤ | ᠦᠯᠦ ᠬᠦᠷᠦᠭᠰᠡᠳ ᠢ ᠬᠠᠮᠠᠭᠠᠯᠠᠬᠤ ᠶᠢ ᠬᠠᠷᠢᠭᠤᠴᠠᠨ᠎ᠠ᠃ ᠣᠷᠤᠭ ᠬᠤᠷᠢᠮ᠂ ᠣᠷᠣᠰᠢᠭᠤᠯᠭ᠎ᠠ᠂ ᠡᠷᠭᠦᠨ ᠲᠡᠵᠢᠭᠡᠬᠦ᠂ | ᠦᠢᠯᠡᠴᠢᠯᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠠᠵᠢᠯ ᠢᠶᠠᠨ ᠥᠷᠨᠢᠭᠦᠯᠬᠦ ᠶᠢ ᠵᠢᠯᠣᠭᠤᠳᠤᠨ᠎ᠠ᠃ | ︵ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ | ᠡᠩᠨᠡᠭᠡᠨ ᠤ ᠪᠠᠶᠢᠭᠤᠯᠤᠯᠲᠠ ᠪᠠ ᠬᠠᠮᠢᠶ᠎ᠠ ᠪᠦᠬᠦᠢ ᠰᠠᠶᠢᠨ ᠳᠤᠷ᠎ᠠ ᠶᠢᠨ ᠠᠵᠢᠯᠯᠠᠭᠰᠠᠳ ᠤᠨ ᠡᠩᠨᠡᠭᠡᠨ ᠤ | ᠪᠠᠶᠢᠭᠤᠯᠤᠯᠲᠠ ᠶᠢ ᠬᠠᠮᠲᠤᠪᠠᠷ ᠲᠦᠯᠬᠢᠨ ᠠᠬᠢᠭᠤᠯᠤᠨ᠎ᠠ᠃ | ︵ᠭᠤᠷᠪᠠ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ | ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ | ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠳᠥᠷᠪᠡ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠤᠴᠢᠷ ᠶᠠᠪᠤᠳᠠᠯ ᠢ | ᠳᠠᠭᠠᠭᠠᠨ ᠭᠦᠢᠴᠡᠳᠬᠡᠨ᠎ᠡ᠃ | ︵ᠲᠠᠪᠤ︶ ᠡᠭᠦᠷᠭᠡ ᠴᠢᠳᠠᠪᠤᠷᠢ ᠶᠢᠨ ᠬᠤᠪᠢᠷᠠᠯᠲᠠ᠃ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠠᠭᠠᠢ | ᠬᠥᠮᠥᠰ ᠲᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ᠂ ᠦᠨᠳᠦᠰᠦᠨ ᠨᠡᠶᠢᠭᠡᠮ ᠤᠨ ᠦᠢᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ ᠪᠠᠨ ᠨᠡᠩ | ᠰᠠᠶᠢᠲᠤᠷ ᠭᠦᠢᠴᠡᠳᠬᠡᠵᠦ᠂ ᠬᠦᠴᠢᠷᠳᠡᠯᠲᠡᠢ ᠤᠯᠠᠨ ᠲᠦᠮᠡᠨ᠂ ᠥᠨᠥᠴᠢᠨ ᠨᠠᠰᠤᠲᠠᠨ᠂ ᠥᠨᠥᠴᠢᠨ ᠵᠡᠮᠳᠡᠭ᠂ ᠥᠨᠥᠴᠢᠨ | ᠬᠡᠦᠬᠡᠳ ᠵᠡᠷᠭᠡ ᠣᠨᠴᠠᠭᠠᠢ ᠨᠡᠶᠢᠭᠡᠮ ᠤᠨ ᠬᠥᠮᠥᠰ ᠲᠤ ᠦᠨᠳᠦᠰᠦᠨ ᠠᠮᠢᠳᠤᠷᠠᠯ ᠤᠨ ᠦᠢᠯᠡᠴᠢᠯᠡᠭᠡ ᠬᠠᠩᠭᠠᠵᠤ᠂ ᠡᠬᠢ | ᠪᠠᠶᠠᠯᠢᠭ ᠢ ᠪᠠᠭᠤᠷᠠᠢ ᠭᠠᠵᠠᠷ ᠣᠷᠣᠨ᠂ ᠬᠦᠷᠢᠶ᠎ᠡ ᠴᠠᠷᠠᠭ᠎ᠠ ᠪᠠ ᠭᠤᠭᠴᠤᠭ᠎ᠠ ᠲᠡᠰᠢ ᠬᠡᠯᠪᠡᠶᠢᠯᠭᠡᠬᠦ ᠶᠢ ᠠᠬᠢᠭᠤᠯᠤᠨ᠎ᠠ᠃ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠵᠡᠷᠭᠡ ᠣᠯᠠᠨ ᠡᠰᠢᠲᠦ ᠣᠷᠣᠯᠴᠠᠬᠤ ᠭᠤᠣᠯ | ᠴᠣᠭᠴᠠ ᠶᠢ ᠢᠳᠡᠪᠬᠢᠲᠡᠢ ᠪᠠᠷ ᠪᠣᠶᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠠᠬᠢᠭᠤᠯᠤᠨ᠎ᠠ᠃ | ︵ᠵᠷᠭᠤᠭ᠎ᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | 1. ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠤᠯᠪᠣᠭᠳᠠᠬᠤ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ᠂ ᠰᠢᠪᠠᠳᠠᠨ ᠵᠢᠯᠤᠭᠤᠳᠬᠤ᠂ ᠬᠢᠨᠠᠨ | ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠᠭᠠᠶ ᠬᠦᠴᠢᠷᠳᠡᠯᠲᠡᠢ | ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ᠬᠥᠮᠥᠨ ᠠᠮᠠ ᠶᠢᠨ ᠨᠠᠰᠤᠵᠢᠯ ᠢ ᠠᠷᠭᠠᠴᠠᠬᠤ᠂ ᠡᠮᠨᠡᠬᠦ ᠪᠠ ᠠᠰᠠᠷᠠᠬᠤ ᠶᠢ ᠤᠶᠠᠯᠳᠤᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠷᠢᠭᠤᠴᠠᠨ ᠲᠣᠭᠲᠠᠭᠠᠵᠤ᠂ ᠨᠠᠰᠤᠲᠠᠶᠢᠴᠤᠳ ᠤᠨ ᠦᠢᠯᠡᠰ ᠤᠨ | ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠵᠤ᠂ ᠰᠢᠮᠳᠠᠭᠤᠯᠤᠨ ᠵᠢᠯᠤᠭᠤᠳᠴᠤ᠂ ᠵᠣᠬᠢᠶᠠᠨ ᠪᠠᠶᠢᠭᠤᠯᠤᠨ ᠠᠬᠢᠭᠤᠯᠵᠤ᠂ | ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ ᠡᠮᠴᠢᠯᠡᠭᠡᠨ ᠤ ᠬᠠᠷᠠᠭᠠᠯᠵᠠᠨ | ᠠᠰᠠᠷᠠᠬᠤ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠶᠢᠷ᠎ᠠ ᠬᠠᠯᠠᠮᠵᠢ ᠶᠢᠨ ᠦᠢᠯᠡᠴᠢᠯᠡᠭᠡ | ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃ | 2. ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠤᠯᠪᠣᠭᠳᠠᠯ ᠪᠦᠬᠦᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠰᠢᠶᠠᠨ ᠤ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠲᠠᠢ ᠬᠠᠮᠲᠤᠷᠠᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠮᠡᠳᠡᠭᠡ | ᠵᠠᠩᠭᠢ ᠶᠢ ᠨᠠᠶᠢᠷᠠᠭᠤᠯᠤᠨ ᠵᠣᠬᠢᠶᠠᠵᠤ ᠨᠡᠶᠢᠲᠡᠯᠡᠭᠰᠡᠨ ᠦᠴᠦᠸᠠᠨ ᠰᠢᠶᠠᠨ ᠤ ᠵᠠᠰᠠᠭ ᠵᠠᠬᠢᠷᠭᠠᠨ ᠤ ᠣᠷᠣᠨ ᠤ | ᠬᠤᠪᠢᠶᠠᠷᠢᠯᠠᠯ ᠤᠨ ᠵᠢᠷᠤᠭ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠃ | 3. ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠤᠨ ᠶᠠᠪᠤᠳᠠᠯ ᠤᠨ ᠬᠠᠮᠢᠶ᠎ᠠ ᠪᠦᠬᠦᠢ ᠬᠢᠨᠠᠨ | ᠵᠥᠪᠰᠢᠶᠡᠷᠡᠬᠦ ᠵᠦᠢᠯᠡᠰ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ | ᠬᠠᠮᠢᠶᠠᠷᠬᠤ ᠠᠵᠢᠯ ᠢ ᠡᠭᠦᠷᠭᠡᠯᠡᠵᠦ᠂ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠷᠠᠳ ᠤᠨ ᠶᠠᠪᠤᠳᠠᠯ ᠤᠨ ᠬᠠᠮᠢᠶ᠎ᠠ ᠪᠦᠬᠦᠢ ᠵᠦᠢᠯᠡᠰ ᠢ ᠬᠢᠨᠠᠨ | ᠵᠥᠪᠰᠢᠶᠡᠷᠡᠬᠦ ᠠᠵᠢᠯ ᠢ ᠬᠠᠷᠢᠭᠤᠴᠠᠨ᠎ᠠ᠃ | ᠳᠥᠷᠪᠡᠳᠦᠭᠡᠷ ᠵᠤᠷᠪᠤᠰ ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠣᠣᠷᠠᠬᠢ ᠮᠡᠲᠦ | ᠳᠣᠲᠣᠭᠠᠳᠤ ᠪᠠᠶᠢᠭᠤᠯᠤᠮᠵᠢ ᠪᠠᠶᠢᠭᠤᠯᠪᠠ᠄ | ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠲᠣᠪᠴᠢᠶᠠᠨ ᠤᠳᠤᠷᠢᠳᠤᠯᠭ᠎ᠠ ᠶᠢ ᠬᠠᠪᠰᠤᠷᠤᠨ ᠪᠠᠶᠢᠭᠤᠯᠭ᠎ᠠ ᠶᠢᠨ | ᠡᠳᠦᠷ ᠳᠣᠳᠣᠮ ᠤᠨ ᠬᠡᠷᠡᠭ ᠶᠠᠪᠤᠳᠠᠯ ᠢ ᠰᠢᠢᠳᠪᠦᠷᠢᠯᠡᠨ᠎ᠡ᠃ | ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠂ ᠲᠥᠯᠥᠪᠯᠡᠭᠡ ᠶᠢ ᠰᠤᠳᠤᠯᠤᠨ | ᠲᠣᠭᠲᠠᠭᠠᠵᠤ᠂ ᠠᠷᠠᠳ ᠤᠨ ᠶᠠᠪᠤᠳᠠᠯ ᠤᠨ ᠦᠢᠯᠡᠰ ᠤᠨ ᠵᠠᠷᠤᠳᠠᠯ ᠤᠨ ᠬᠠᠮᠢᠶᠠᠷᠤᠯᠲᠠ ᠬᠡᠷᠡᠭᠯᠡᠯᠲᠡ ᠶᠢ ᠬᠠᠷᠢᠭᠤᠴᠠᠨ᠎ᠠ᠃ | ︵ᠬᠤᠶᠠᠷ︶ ᠨᠡᠶᠢᠭᠡᠮ ᠤᠨ ᠬᠡᠷᠡᠭ ᠶᠠᠪᠤᠳᠠᠯ ᠤᠨ ᠲᠠᠰᠤᠭ᠃ ᠨᠡᠶᠢᠭᠡᠮ ᠤᠨ ᠪᠦᠯᠬᠦᠮ ᠤᠨ ᠠᠷᠠᠳ ᠠᠴᠠ ᠡᠷᠬᠢᠯᠡᠭᠰᠡᠨ | ᠠᠵᠤ ᠠᠬᠤᠶᠢᠯᠠᠯ ᠤᠨ ᠪᠤᠰᠤ ᠨᠢᠭᠡᠴᠢ ᠶᠢᠨ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ᠂ ᠬᠠᠤᠯᠢ ᠲᠣᠭᠲᠠᠭᠠᠯ ᠢ | ᠲᠤᠭᠤᠰᠢᠯᠠᠭᠤᠯᠤᠨ ᠬᠡᠷᠡᠭᠵᠢᠭᠦᠯᠦᠨ᠎ᠡ᠃ | ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ᠂ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠦᠷᠦ ᠶᠢᠨ | ᠪᠣᠳᠣᠯᠭ᠎ᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠨ ᠬᠡᠷᠡᠭᠵᠢᠭᠦᠯᠦᠨ᠎ᠡ᠃ | ᠨᠠᠰᠤᠲᠠᠶᠢᠴᠤᠳ ᠤᠨ ᠠᠰᠠᠷᠠᠮᠵᠢ ᠶᠢᠨ ᠠᠵᠢᠯ ᠤᠨ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ | ᠲᠤᠭᠤᠰᠢᠯᠠᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠶᠢᠨ ᠠᠵᠢᠯ ᠢ ᠡᠭᠦᠷᠭᠡᠯᠡᠨ᠎ᠡ᠃ | ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠦᠷᠢ ᠶᠢᠨ ᠳᠦᠷᠢᠮ ᠪᠣᠯᠣᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ | ᠲᠤᠭᠤᠷᠪᠢᠨ ᠲᠣᠭᠲᠠᠭᠠᠵᠤ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ | ᠬᠠᠶᠢᠷᠠᠯᠠᠬᠤ ᠦᠢᠯᠡᠴᠢᠯᠡᠭᠡᠨ ᠤ ᠠᠵᠢᠯ ᠢ ᠵᠣᠬᠢᠴᠠᠭᠤᠯᠤᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ | ᠨᠠᠰᠤᠲᠠᠶᠢᠴᠤᠳ ᠤᠨ ᠠᠰᠠᠷᠠᠮᠵᠢ᠂ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ | ᠲᠡᠵᠢᠭᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠥᠨᠳᠥᠷ ᠨᠠᠰᠤᠨ ᠤ ᠨᠥᠬᠦᠪᠦᠷᠢ ᠵᠡᠷᠭᠡ | ᠨᠥᠬᠦᠪᠦᠷᠢ ᠣᠯᠭᠤᠬᠤ ᠠᠵᠢᠯ ᠢ ᠬᠠᠷᠢᠭᠤᠴᠠᠨ᠎ᠠ᠃ | ᠨᠡᠶᠢᠭᠡᠮ ᠤᠨ ᠠᠰᠠᠷᠠᠮᠵᠢ ᠪᠠᠨ ᠨᠢᠭᠦᠯᠡᠰᠦᠩᠭᠦᠢ ᠶᠢᠨ ᠦᠢᠯᠡᠰ ᠤᠨ ᠲᠦᠷᠦ ᠶᠢᠨ ᠪᠣᠳᠣᠯᠭ᠎ᠠ᠂ ᠬᠠᠤᠯᠢ | ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ | ᠣᠷᠤᠭ᠂ ᠬᠡᠦᠬᠡᠳ ᠢ ᠡᠷᠭᠦᠨ ᠲᠡᠵᠢᠭᠡᠬᠦ ᠪᠠ ᠣᠷᠣᠰᠢᠭᠤᠯᠬᠤ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ | ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ | ᠪᠦᠬᠦ ᠰᠢᠶᠠᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ | ᠵᠢᠯᠣᠭᠤᠳᠤᠨ᠎ᠠ᠃ ᠰᠢᠶᠠᠨ ᠤ ᠲᠤᠰ ᠱᠠᠲᠤᠨ ᠤ ᠰᠢᠭᠤᠳ ᠳᠠᠩᠰᠠᠯᠠᠨ ᠬᠠᠮᠢᠶᠠᠷᠬᠤ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵ᠭᠤᠷᠪᠠ︶ ᠨᠡᠶᠢᠭᠡᠮ ᠤᠨ ᠠᠪᠤᠷᠠᠨ ᠲᠤᠰᠠᠯᠠᠬᠤ ᠲᠠᠰᠤᠭ᠃ ᠲᠥᠪ ᠪᠠ ᠣᠷᠣᠨ ᠨᠤᠲᠤᠭ ᠤᠨ ᠬᠤᠯᠪᠣᠭᠳᠠᠯ | ᠪᠦᠬᠦᠢ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ | ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ | ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ | ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ ᠵᠡᠷᠭᠡ ᠨᠡᠶᠢᠭᠡᠮ ᠤᠨ | ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠣᠯᠣᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠤᠲᠠ | ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠦᠨ᠎ᠡ᠃ ᠰᠢᠶᠠᠨ ᠤ ᠡᠳ᠋ ᠤᠨ ᠵᠠᠰᠠᠭ ᠤᠨ | ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠬᠤᠪᠢᠶᠠᠷᠢᠯᠠᠬᠤ | ᠪᠠ ᠬᠢᠨᠠᠨ ᠬᠠᠮᠢᠶᠠᠷᠬᠤ ᠠᠵᠢᠯ ᠢ ᠳᠠᠭᠠᠭᠠᠨ ᠭᠦᠢᠴᠡᠳᠬᠡᠨ᠎ᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠡᠲᠡᠭᠡᠳ ᠤᠨ ᠮᠠᠲ᠋ᠧᠷᠢᠶᠠᠯ ᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠵᠤ᠂ | ᠡᠷᠦᠬᠡ ᠪᠠᠷ ᠬᠦᠷᠴᠦ ᠪᠠᠶᠢᠴᠠᠭᠠᠯᠲᠠ ᠬᠢᠨ᠎ᠡ᠃ | ︵ᠳᠥᠷᠪᠡ︶ ᠦᠨᠳᠦᠰᠦᠨ ᠱᠠᠲᠤᠨ ᠤ ᠵᠠᠰᠠᠭ ᠤᠨ ᠡᠷᠬᠡ ᠪᠠ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ | ᠶᠢᠨ ᠲᠠᠰᠤᠭ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ | ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ | ᠵᠢᠯᠣᠭᠤᠳᠤᠨ ᠬᠡᠷᠡᠭᠵᠢᠭᠦᠯᠦᠨ᠎ᠡ᠃ | ᠲᠠᠪᠤᠳᠤᠭᠠᠷ ᠵᠦᠢᠯ ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠪᠠᠶᠢᠭᠤᠯᠭ᠎ᠠ ᠶᠢᠨ ᠵᠠᠰᠠᠭ | ᠵᠠᠬᠢᠷᠭᠠᠨ ᠤ ᠣᠷᠣᠨ ᠲᠤᠭ᠎ᠠ 8 ᠪᠠᠶᠢᠵᠤ᠂ ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ 3 | ᠬᠥᠮᠥᠨ ᠲᠣᠬᠢᠷᠠᠭᠤᠯᠪᠠ᠃ | ᠵᠢᠷᠭᠤᠳᠤᠭᠠᠷ ᠵᠦᠢᠯ ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠬᠠᠷᠢᠶ᠎ᠠ ᠠᠵᠢᠯ | ᠦᠢᠯᠡᠰ ᠤᠨ ᠨᠢᠭᠡᠴᠡ ᠶᠢ ᠪᠠᠶᠢᠭᠤᠯᠬᠤ᠂ ᠡᠭᠦᠷᠭᠡ ᠬᠠᠷᠢᠭᠤᠴᠠᠯᠭ᠎ᠠ ᠪᠠ ᠣᠷᠣᠨ ᠲᠣᠭᠠᠨ ᠤ ᠵᠦᠢᠯᠡᠰ ᠢ ᠠᠰ ᠲᠤᠨᠢ | ᠲᠣᠭᠲᠠᠭᠠᠨ᠎ᠠ᠃ | ᠳᠣᠯᠣᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ | ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠬᠠᠷᠢᠭᠤᠴᠠᠨ | ᠲᠠᠶᠢᠯᠪᠤᠷᠢᠯᠠᠵᠤ᠂ ᠲᠡᠭᠦᠨ ᠤ ᠲᠣᠬᠢᠷᠠᠭᠤᠯᠤᠯᠲᠠ ᠶᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ | ᠭᠡᠷ ᠠᠴᠠ ᠲᠣᠭᠲᠠᠭᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃ | ᠨᠠᠢᠮᠠᠳᠤᠭᠠᠷ ᠵᠦᠢᠯ ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ ᠰᠢᠶᠠᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠠᠷᠠᠳ ᠤᠨ ᠶᠠᠪᠤᠳᠠᠯ ᠤᠨ | ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ | ᠬᠤᠶᠠᠷ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠬᠥᠬᠡ | ᠠᠭᠤᠯᠠ ᠬᠦᠷᠢᠶᠡᠯᠡᠩ ᠤᠨ ᠬᠦᠷᠢᠶᠡᠨ ᠳᠤ | ᠭᠤᠷᠪᠠ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00 14᠄ 30-17᠄ 30 | ᠳᠥᠷᠪᠡ᠂ ᠬᠠᠷᠢᠯᠴᠠᠬᠤ ᠠᠷᠭ᠎ᠠ ᠬᠡᠯᠪᠡᠷᠢ᠄ 0471 - 8812403 | ᠲᠠᠪᠤ᠂ ᠬᠠᠷᠢᠭᠤᠴᠠᠯᠭᠠᠲᠠᠨ᠄ ᠹᠠᠨ ᠸᠧᠢ ᠬᠤᠩ᠂ ᠸᠠᠩ ᠰᠢᠤ ᠲᠢᠩ | | |