ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2025/1/3
     ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠳᠤᠭᠠᠷ ᠪᠦᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ 2025 ᠣᠨ ᠤ 1 ᠰᠠᠷ᠎ᠠ ᠶᠢᠨ 2 ᠤᠨ ᠡᠳᠦᠷ ᠬᠤᠷᠠᠯᠳᠤᠪᠠ᠃      ᠬᠤᠷᠠᠯ ᠳᠤ ᠣᠷᠣᠯᠴᠠᠭᠰᠠᠨ ᠰᠢᠶᠠᠨ ᠤ ᠨᠠᠮ ᠤᠨ ᠬᠤᠷᠢᠶᠠᠨ ᠤ ᠭᠡᠰᠢᠭᠦᠨ 29 ᠬᠥᠮᠥᠨ᠂ ᠣᠷᠣᠯᠠᠭᠴᠢ ᠭᠡᠰᠢᠭᠦᠨ 7 ᠬᠥᠮᠥᠨ᠃ ᠰᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠪᠣᠯᠣᠨ ᠬᠡᠰᠡᠭ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃
     ᠪᠥᠬᠦᠳᠡ ᠬᠤᠷᠠᠯ ᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠦᠬᠦᠳᠡ ᠬᠤᠷᠠᠯ ᠳᠤ ᠠᠵᠢᠯ ᠢᠶᠠᠨ ᠮᠡᠳᠡᠭᠦᠯᠵᠦ᠂ 2025 ᠣᠨ ᠤ ᠠᠵᠤ ᠠᠬᠤᠢ ᠶᠢᠨ ᠠᠵᠢᠯ ᠳᠤ ᠪᠠᠶᠢᠷᠢᠯᠠᠭᠤᠯᠤᠯᠲᠠ ᠬᠢᠪᠡ᠃
     ᠪᠥᠬᠦᠳᠡ ᠬᠤᠷᠠᠯ ᠠᠴᠠ ᠨᠢᠭᠡ ᠵᠢᠯ ᠤᠨ ᠲᠤᠷᠰᠢᠬᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠢ ᠭᠦᠢᠴᠡᠳ ᠨᠤᠲᠠᠯᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠦᠴᠦᠸᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠲᠦᠷᠦ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠵᠤ ᠠᠬᠤᠢ ᠶᠢᠨ ᠠᠵᠢᠯᠯᠠᠭᠠᠨ ᠢ ᠲᠣᠭᠲᠠᠭᠤᠨ ᠤ ᠳᠤᠮᠳᠠ ᠰᠢᠯᠢᠳᠡᠭᠵᠢᠭᠦᠯᠵᠦ᠂ ︽ᠲᠦᠷᠪᠡᠨ ᠶᠡᠭᠡ ᠠᠵᠤ ᠦᠢᠯᠡᠰ︾ ᠢ ᠦᠷᠭᠦᠯᠵᠢᠯᠡᠨ ᠪᠤᠵᠠᠭᠠᠶᠢᠷᠠᠭᠤᠯᠵᠤ᠂ ︽ᠠᠮᠢ ᠠᠬᠤᠢ ᠶᠢᠨ ᠰᠠᠭᠤᠷᠢ ᠥᠩᠭᠡ︾ ᠶᠢ ᠲᠠᠰᠤᠷᠠᠯᠲᠠ ᠦᠭᠡᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠠᠲᠤᠲᠠᠢ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ᠂ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠪᠦᠬᠦ ᠰᠢᠶᠠᠨ ᠤ ᠳᠡᠭᠡᠳᠦ ᠳᠣᠣᠷᠠᠳᠤ ᠱᠠᠲᠤᠨ ᠤ ᠠᠵᠢᠯ ᠬᠢᠵᠦ ᠦᠢᠯᠡᠰ ᠪᠣᠰᠬᠠᠬᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠠᠭᠤᠷ ᠠᠮᠢᠰᠬᠤᠯ ᠢ ᠨᠡᠩ ᠭᠦᠨ ᠵᠤᠵᠠᠭᠠᠨ ᠪᠣᠯᠭᠠᠪᠠ ᠭᠡᠵᠦ ᠰᠠᠨᠠᠯ ᠨᠢᠭᠡᠲᠡᠢ ᠦᠵᠡᠪᠡ᠃      ᠪᠦᠬᠦᠳᠡ ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ︽ᠵᠢᠷᠭᠤᠭᠠᠨ ᠶᠡᠭᠡ ᠰᠢᠨ᠎ᠡ ᠦᠴᠦᠸᠠᠨ︾ ᠢ ᠦᠷᠭᠦᠯᠵᠢᠯᠡᠨ ᠭᠦᠨᠵᠡᠭᠡᠶᠢᠷᠡᠭᠦᠯᠬᠦ ᠪᠠᠷ ᠬᠠᠷᠠᠯᠲᠠ ᠪᠣᠯᠭᠠᠵᠤ᠂ ︽ᠨᠠᠢᠮᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠤᠶᠠᠷ ᠢ ᠠᠬᠢᠭᠤᠯᠬᠤ︾ ᠶᠢ ᠦᠷᠭᠦᠯᠵᠢᠯᠡᠨ ᠰᠠᠶᠢᠲᠤᠷ ᠠᠳᠬᠤᠵᠤ᠂ ︽ᠨᠢᠭᠡ ᠵᠦᠢᠯ ᠤᠨ ᠠᠷᠭ᠎ᠠ ᠬᠡᠮᠵᠢᠶ᠎ᠡ︾ ᠶᠢ ᠯᠠᠪᠳᠠᠭᠤᠨ ᠪᠠᠲᠤᠲᠠᠢ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠴᠦᠸᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠪᠥᠬᠦᠳᠡ ᠬᠤᠷᠠᠯ ᠠᠴᠠ᠂ ︽ᠨᠠᠢᠮᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠨᠢᠭᠡ ᠳᠤ᠂ ᠴᠡᠪᠡᠷ ᠡᠨᠧᠷᠭᠢ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠴᠠᠬᠢᠯᠭᠠᠨ ᠡᠭᠦᠰᠬᠡᠭᠴᠢ ᠴᠠᠬᠢᠯᠭᠠᠨ ᠲᠣᠣᠷ ᠴᠠᠬᠢᠯᠭᠠᠨ ᠳᠠᠭᠠᠭᠠᠴᠠ ᠪᠠ ᠰᠠᠯᠬᠢ ᠭᠡᠷᠡᠯ ᠤᠰᠤᠲᠥ᠋ᠷᠥᠭᠴᠢ ᠶᠢ ᠨᠢᠭᠡ ᠴᠣᠭᠴᠠᠵᠢᠭᠤᠯᠬᠤ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠰᠠᠯᠬᠢ ᠭᠡᠷᠡᠯ ᠤᠰᠤ ᠬᠠᠷᠢᠯᠴᠠᠨ ᠨᠥᠬᠦᠪᠦᠷᠢᠯᠡᠬᠦ ᠴᠡᠪᠡᠷ ᠡᠨᠧᠷᠭᠢ ᠶᠢᠨ ᠠᠵᠤ ᠦᠢᠯᠡᠰ ᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠰᠢᠨ᠎ᠡ ᠬᠡᠯᠪᠡᠷᠢ ᠶᠢᠨ ᠡᠨᠧᠷᠭᠢ ᠶᠢᠨ ᠬᠥᠭᠵᠢᠯᠲᠡ ᠶᠢᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠮᠢᠩᠭᠠᠨ ᠲᠦᠮᠡᠨ ᠲᠠᠰ ᠤᠨ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ᠃ ᠬᠤᠶᠠᠷ ᠲᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠢᠭᠡ ᠴᠣᠭᠴᠠᠵᠢᠭᠤᠯᠤᠨ ᠶᠡᠷᠦᠩᠬᠡᠶᠢᠯᠡᠨ ᠨᠡᠭᠡᠭᠡᠨ ᠠᠰᠢᠭᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠃ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠠᠮᠢ ᠠᠬᠤᠢ ᠶᠢ ᠬᠠᠮᠠᠭᠠᠯᠠᠬᠤ ᠬᠢᠭᠡᠳ ᠠᠶᠤᠯᠭᠦᠢ ᠦᠢᠯᠡᠳᠪᠦᠷᠢᠯᠡᠯ ᠶᠢ ᠨᠢᠭᠡᠳᠦᠯᠲᠡᠢ ᠲᠥᠯᠥᠪᠯᠡᠨ᠂ ᠪᠣᠳᠠᠲᠤ ᠬᠦᠴᠦᠨ ᠲᠠᠢ ᠲᠣᠮᠣ ᠳᠤᠮᠳᠠ ᠬᠡᠯᠪᠡᠷᠢ ᠶᠢᠨ ᠠᠭᠤᠷᠬᠠᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠠᠶᠢᠭᠠᠳ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠶᠠᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠭᠤᠷᠬᠠᠢ ᠶᠢᠨ ᠠᠵᠤ ᠠᠬᠤᠶᠢᠯᠠᠯ ᠢ ᠨᠡᠶᠢᠯᠡᠭᠦᠯᠬᠦ᠂ ᠳᠠᠬᠢᠨ ᠵᠣᠬᠢᠶᠠᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠳᠤ ᠣᠷᠣᠯᠴᠠᠬᠤ ᠶᠢ ᠳᠡᠮᠵᠢᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠲᠦᠯᠬᠢᠨ ᠠᠬᠢᠭᠤᠯᠬᠤ ᠶᠠᠪᠤᠳᠠᠯ ᠢ ᠲᠦᠷᠭᠡᠬᠡᠨ ᠪᠣᠳᠠᠲᠤ ᠴᠢᠨᠠᠷᠲᠠᠢ ᠠᠬᠢᠴᠠ ᠲᠠᠢ ᠪᠣᠯᠭᠠᠬᠤ ᠬᠡᠷᠡᠭᠲᠡᠢ᠃ ᠭᠤᠷᠪᠠ ᠳᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠃ ᠥᠪᠡᠷ ᠤᠨ ᠪᠡᠶ᠎ᠡ ᠪᠠᠷ ᠢᠶᠠᠨ ᠠᠵᠤ ᠠᠬᠤᠶᠢᠯᠠᠯ ᠤᠨ ᠲᠥᠯᠥᠭᠡ ᠪᠣᠳᠣᠯᠬᠢᠯᠠᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠭᠡᠷ᠎ᠡ ᠭᠦᠢᠴᠡᠳᠬᠡᠬᠦ ᠨᠣᠷᠮ᠎ᠠ ᠪᠠ ᠪᠡᠯᠡ ᠮᠥᠩᠭᠦ ᠶᠢᠨ ᠪᠣᠳᠠᠲᠠᠶᠢᠵᠢᠭᠤᠯᠬᠤ ᠨᠣᠷᠮ᠎ᠠ ᠶᠢ ᠳᠡᠭᠡᠭᠰᠢᠯᠡᠭᠦᠯᠵᠦ᠂ ᠬᠤᠳᠠᠯᠳᠤᠭᠠᠴᠢᠨ ᠤᠷᠢᠬᠤ ᠦᠷ᠎ᠡ ᠪᠦᠲᠦᠭᠡᠯ ᠢ ᠬᠥᠭᠵᠢᠯᠲᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠢ᠃ ᠳᠥᠷᠪᠡ ᠳᠤ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠃ ︽ᠨᠢᠭᠡ ᠲᠣᠭᠤᠷᠢᠭ ᠬᠤᠶᠠᠷ ᠬᠦᠷᠢᠶᠡᠯᠡᠩ︾ ᠤᠨ ᠪᠦᠬᠦᠯᠢ ᠴᠣᠭᠴᠠ ᠶᠢᠨ ᠲᠥᠯᠦᠪᠵᠢᠭᠦᠯᠭᠡ ᠶᠢ ᠰᠠᠶᠢᠲᠤᠷ ᠬᠢᠵᠦ᠂ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠥᠨᠳᠥᠷ ᠬᠢᠷᠢ ᠲᠦᠪᠰᠢᠨ ᠪᠦᠬᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠬᠤ ᠬᠡᠷᠡᠭᠲᠡᠢ᠃ ᠠᠷᠪᠢᠲᠠᠢ ᠡᠷᠴᠢᠮᠯᠢᠭ ᠤᠳᠤᠷᠢᠳᠤᠮᠵᠢ ᠶᠢ ᠪᠠᠷᠢᠮᠲᠠᠯᠠᠵᠤ᠂ ︽ᠮᠦ ᠪᠦᠷᠢ ᠶᠢᠨ ᠳᠤᠮᠳᠠᠴᠢ ᠦᠷ᠎ᠡ ᠠᠰᠢᠭ︾ ᠢ ᠴᠢᠩᠭᠠᠳᠬᠠᠵᠤ᠂ ︽ᠦᠬᠦᠰᠢᠷᠡᠮᠡᠯ ᠠᠵᠤ ᠠᠬᠤᠶᠢᠯᠠᠯ︾ ᠢ ᠦᠷᠭᠦᠯᠵᠢᠯᠡᠨ ᠠᠮᠢᠳᠤᠯᠢᠭ ᠪᠣᠯᠭᠠᠵᠤ᠂ ᠭᠠᠵᠠᠷ ᠰᠢᠷᠣᠢ ᠶᠢᠨ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠲᠣᠭᠤᠷᠢᠭ ᠪᠠ ᠪᠣᠬᠢᠷᠲᠤᠯ ᠦᠭᠡᠢ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠦᠨ ᠨᠥᠬᠦᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠷᠢᠶᠡᠯᠡᠩ ᠲᠣᠭᠤᠷᠢᠭ ᠤᠨ ᠬᠡᠪᠴᠢᠶᠡᠵᠢᠯ᠂ ᠦᠢᠯᠡᠳᠬᠦᠨ ᠤ ᠥᠷᠲᠡᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠲᠠᠪᠤ ᠳᠤ᠂ ᠭᠤᠣᠯᠳᠠᠯᠭ᠎ᠠ ᠲᠠᠢ ᠣᠷᠣᠨ ᠪᠦᠰᠡ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠃ ︽ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠰᠢᠯᠢᠳᠡᠭ ᠡᠭᠦᠯᠳᠡᠷ ᠢ ᠳᠡᠯᠭᠡᠷᠡᠭᠦᠯᠬᠦ᠂ ᠲᠡᠵᠢᠭᠡᠯ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ︾ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠦᠳᠦᠯᠦᠨ ᠵᠢᠯᠤᠭᠤᠳᠬᠤ ᠪᠠ ᠬᠤᠷᠢᠭᠯᠠᠬᠤ ᠶᠢ ᠤᠶᠠᠯᠳᠤᠭᠤᠯᠤᠨ᠂ ︽ᠪᠡᠯᠴᠢᠭᠡᠷᠯᠡᠭᠦᠯᠬᠦ ᠶᠢ ᠴᠠᠭᠠᠵᠠᠯᠠᠬᠤ ᠠᠴᠠ ᠪᠢᠰᠢ ᠲᠡᠵᠢᠭᠡᠬᠦ ᠶᠢ ᠥᠯᠥ ᠴᠠᠭᠠᠵᠠᠯᠠᠬᠤ᠂ ᠣᠷᠣᠯᠭ᠎ᠠ ᠶᠢ ᠬᠠᠰᠤᠭᠳᠠᠭᠤᠯᠬᠤ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠮᠢ ᠠᠬᠤᠢ ᠶᠢᠨ ᠨᠡᠭᠦᠳᠡᠯ ᠠᠷᠠᠳ ᠢ ᠨᠡᠭᠦᠯᠭᠡᠬᠦ ᠠᠵᠢᠯ ᠢ ᠵᠡᠷᠭᠡᠪᠡᠷ ᠡᠬᠢᠯᠡᠭᠦᠯᠦᠨ ᠬᠡᠷᠡᠭᠵᠢᠭᠦᠯᠬᠦ ᠬᠡᠷᠡᠭᠲᠡᠢ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠵᠤ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠶᠢ ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ᠃ ᠬᠥᠬᠡ ᠣᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠵᠢᠷᠭᠤᠭ᠎ᠠ ᠳᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠶᠠᠨ ᠤ ᠬᠡᠪᠴᠢᠶᠡᠨ ᠤ ᠠᠯᠳᠠᠷᠰᠢᠯ ᠢ ᠳᠡᠭᠡᠭᠰᠢᠯᠡᠭᠦᠯᠬᠦ ᠢᠷᠠᠭᠤ ᠠᠯᠳᠠᠷ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠃ ᠪᠣᠬᠢᠷᠲᠤᠯ ᠦᠭᠡᠢ ᠠᠮᠢ ᠠᠬᠤᠢ᠂ ᠲᠡᠦᠬᠡ ᠰᠣᠶᠣᠯ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ︽ᠨᠢᠭᠡ ᠪᠦᠰᠡ ᠬᠤᠶᠠᠷ ᠣᠷᠣᠨ ᠭᠤᠷᠪᠠᠨ ᠣᠨᠴᠠᠯᠢᠭ︾ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ︽ᠦᠴᠦᠸᠠᠨ ᠦᠨᠡᠬᠡᠷ ᠭᠤᠶᠤ ᠬᠥᠬᠡᠬᠤᠲᠠ ᠶᠢᠨ ᠠᠷᠤ ᠳᠤ ᠪᠠᠶᠢᠨ᠎ᠠ︾ ᠭᠡᠬᠦ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭ ᠢ ᠪᠥᠬᠦ ᠲᠠᠯ᠎ᠠ ᠪᠠᠷ ᠡᠭᠦᠳᠴᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠲᠥᠯᠥᠨ ᠳᠠᠭᠠᠭᠤᠯᠬᠤ ᠪᠠᠷ ᠳᠠᠮᠵᠢᠭᠤᠯᠤᠨ᠂ ᠰᠢᠶᠠᠨ ᠤ ᠬᠡᠪᠴᠢᠶᠡᠨ ᠤ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠲᠦᠷᠭᠡᠨ ᠳᠡᠭᠡᠭᠰᠢᠯᠡᠭᠦᠯᠬᠦ ᠬᠡᠷᠡᠭᠲᠡᠢ᠃ ᠡᠷᠭᠢᠨ ᠲᠣᠭᠤᠷᠢᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠬᠤᠯᠪᠤᠭᠠᠯᠠᠨ ᠬᠥᠭᠵᠢᠬᠦ ᠶᠢ ᠴᠢᠩᠭᠠᠳᠬᠠᠵᠤ᠂ ᠨᠢᠭᠡ ᠡᠳᠦᠷ ᠤᠨ ᠵᠢᠭᠤᠯᠴᠢᠯᠠᠯ᠂ ᠬᠤᠶᠠᠷ ᠡᠳᠦᠷ ᠤᠨ ᠵᠢᠭᠤᠯᠴᠢᠯᠠᠯ ᠤᠨ ᠰᠣᠳᠣᠨ ᠵᠠᠮ ᠱᠤᠭᠤᠮ ᠢ ᠪᠣᠢ ᠪᠣᠯᠭᠠᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠲᠤᠯᠤᠭ᠎ᠠ ᠳᠤ᠂ ᠬᠤᠳᠠ ᠪᠠᠯᠭᠠᠰᠤᠨ ᠤ ᠪᠠᠶᠢᠰᠢᠩ ᠭᠡᠷ ᠤᠨ ᠲᠣᠭᠤᠷᠢᠭ ᠢ ᠳᠡᠭᠡᠭᠰᠢᠯᠡᠭᠦᠯᠦᠨ ᠥᠭᠡᠷᠡᠴᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠃ ᠬᠥᠬᠡ ᠡᠷᠭᠢ ᠪᠠᠯᠭᠠᠰᠤᠨ ᠤ ᠪᠠᠶᠢᠰᠢᠩ ᠭᠡᠷ ᠤᠨ ᠲᠣᠭᠤᠷᠢᠭ ᠢ ᠳᠡᠭᠡᠭᠰᠢᠯᠡᠭᠦᠯᠦᠨ ᠥᠭᠡᠷᠡᠴᠢᠯᠡᠬᠦ ᠶᠢ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠰᠠᠭᠤᠷᠢ ᠲᠥᠬᠦᠭᠡᠷᠦᠮᠵᠢ᠂ ᠬᠤᠲᠠ ᠶᠢᠨ ᠬᠡᠯᠪᠡᠷᠢ ᠪᠠᠶᠢᠳᠠᠯ ᠪᠠ ᠣᠯᠠᠨ ᠨᠡᠶᠢᠲᠡ ᠶᠢᠨ ᠣᠷᠣᠨ ᠵᠠᠢ ᠵᠡᠷᠭᠡ ᠲᠠᠯ᠎ᠠ ᠪᠠᠷ ᠪᠦᠬᠦᠯᠢ ᠴᠣᠭᠴᠠ ᠪᠠᠷ ᠰᠡᠳᠬᠢᠵᠦ ᠳᠡᠭᠡᠭᠰᠢᠯᠡᠭᠦᠯᠦᠨ ᠥᠭᠡᠷᠡᠴᠢᠯᠡᠵᠦ᠂ ᠰᠠᠭᠤᠭᠠᠯᠢ ᠠᠷᠠᠳ ᠤᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠨᠠᠢᠮᠠ ᠳᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠃ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠮᠠᠯ ᠤᠨ ᠡᠭᠦᠯᠳᠡᠷ ᠢ ᠰᠤᠳᠤᠯᠤᠨ ᠨᠡᠭᠡᠭᠡᠬᠦ᠂ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ᠂ ᠳᠠᠷᠢᠵᠤ ᠲᠡᠵᠢᠭᠡᠬᠦ ᠮᠡᠷᠭᠡᠵᠢᠯ ᠢ ᠳᠡᠭᠡᠭᠰᠢᠯᠡᠭᠦᠯᠬᠦ᠂ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠬᠦ᠂ ᠬᠢᠵᠢᠭ ᠡᠪᠡᠳᠴᠢᠨ ᠢ ᠬᠢᠨᠠᠨ ᠬᠡᠮᠵᠢᠵᠦ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠬᠦᠴᠦᠯᠡᠵᠦ᠂ ᠲᠥᠷᠥᠯ ᠵᠦᠢᠯ ᠴᠢᠨᠠᠷᠵᠢᠭᠰᠠᠨ᠂ ᠳᠠᠷᠢᠵᠤ ᠲᠡᠵᠢᠭᠡᠬᠦ ᠬᠡᠪᠴᠢᠶᠡᠵᠢᠭᠰᠡᠨ᠂ ᠲᠠᠷᠢᠶᠠᠴᠢᠳ ᠵᠣᠬᠢᠶᠠᠨ ᠪᠠᠶᠢᠭᠤᠯᠤᠭᠳᠠᠭᠰᠠᠨ᠂ ᠦᠢᠯᠡᠳᠪᠦᠷᠢᠯᠡᠯ ᠪᠠᠷᠢᠮᠵᠢᠶᠠᠵᠢᠭᠰᠠᠨ᠂ ᠦᠢᠯᠡᠳᠬᠦᠨ ᠨᠠᠷᠠᠲᠤ ᠲᠡᠮᠳᠡᠭᠵᠢᠭᠰᠡᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠪᠥᠬᠦᠳᠡ ᠬᠤᠷᠠᠯ ᠠᠴᠠ᠂ ︽ᠬᠤᠶᠠᠷ ᠢ ᠠᠬᠢᠭᠤᠯᠬᠤ︾ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ ᠰᠢᠶᠠᠨ ᠤ ᠬᠡᠪᠴᠢᠶᠡᠨ ᠤ ᠠᠵᠤ ᠠᠬᠤᠢ ᠶᠢᠨ ᠲᠠᠰᠤᠷᠠᠯᠲᠠ ᠤᠶᠢᠭᠡᠢ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ᠃ ᠠᠵᠤ ᠦᠢᠯᠡᠳᠪᠦᠷᠢ ᠪᠠᠷ ᠰᠢᠶᠠᠨ ᠢ ᠬᠦᠴᠦᠷᠬᠡᠭᠵᠢᠭᠦᠯᠬᠦ ᠶᠢ ᠶᠡᠬᠡᠪᠡᠷ ᠠᠬᠢᠭᠤᠯᠵᠤ᠂ ᠴᠡᠪᠡᠷ ᠡᠨᠧᠷᠭᠢ ᠪᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠤᠶᠠᠷ ᠶᠡᠭᠡ ᠬᠦᠴᠦᠷᠬᠡᠭ ᠰᠢᠶᠠᠨ ᠤ ᠠᠵᠤ ᠦᠢᠯᠡᠰ ᠭᠡᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢ ᠪᠦᠬᠦ ᠬᠦᠴᠦᠨ ᠢᠶᠠᠷ ᠢᠶᠠᠨ ᠪᠤᠵᠠᠭᠠᠶᠢᠷᠠᠭᠤᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢᠨ ᠨᠡᠷᠡᠰ ᠤᠨ ᠵᠢᠭᠰᠠᠭᠠᠯᠲᠠ ᠶᠢ ᠥᠪᠡᠷᠲᠡᠭᠡᠨ ᠵᠠᠰᠠᠬᠤ ᠣᠷᠣᠨ ᠤ 103 ᠬᠤᠰᠢᠭᠤ ᠰᠢᠶᠠᠨ ᠲᠣᠭᠤᠷᠢᠭ ᠲᠤ ᠦᠷᠭᠦᠯᠵᠢᠯᠡᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠵᠤ᠂ ︽ᠲᠤᠯᠤᠭᠠᠨ ᠨᠢᠭᠡ︾ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠭᠡᠬᠦ ᠬᠡᠷᠡᠭᠲᠡᠢ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠨᠠᠷᠢᠯᠢᠭ ᠭᠦᠨᠵᠡᠭᠡᠢ ᠡᠳ᠋ᠰᠢᠭᠦᠯᠬᠦ ᠲᠥᠷᠥᠯ ᠵᠦᠢᠯ ᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ᠂ ᠨᠠᠩ ᠣᠯᠠᠨ ᠠᠵᠢᠯ ᠤᠨ ᠪᠠᠶᠢᠷᠢ ᠬᠠᠩᠭᠠᠬᠤ ᠬᠡᠷᠡᠭᠲᠡᠢ᠃ ᠰᠢᠨ᠎ᠡ ᠪᠠᠷ ᠬᠥᠭᠵᠢᠭᠰᠡᠨ ᠵᠢᠭᠤᠯᠴᠢᠯᠠᠯ ᠤᠨ ᠠᠴᠢᠶᠠᠯᠠᠪᠤᠷᠢ ᠪᠠ ᠵᠢᠭᠤᠯᠴᠢᠯᠠᠯ ᠤᠨ ᠦᠢᠯᠡᠳᠬᠦᠨ ᠢ ᠪᠣᠶ ᠪᠣᠯᠭᠠᠵᠤ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ ᠳᠤ ᠰᠢᠭᠤᠳ ᠣᠷᠣᠯᠴᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠷᠣᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠦᠷᠭᠦᠯᠵᠢᠯᠡᠨ ᠰᠠᠶᠢᠲᠤᠷ ᠬᠢᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠣᠯᠠᠨ ᠲᠦᠮᠡᠨ ᠤ ︽ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ᠂ ᠪᠡᠶ᠎ᠡ ᠪᠠᠷ ᠢᠶᠠᠨ ᠲᠥᠷᠥᠭᠳᠡᠭᠰᠡᠨ︾ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨᠬᠦ ᠰᠠᠶᠢᠲᠤᠷ ᠬᠢᠵᠦ᠂ ᠪᠥᠬᠦ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠥᠬᠦ ᠤᠯᠤᠰ᠂ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠯᠭᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠪᠥᠬᠦᠳᠡ ᠬᠤᠷᠠᠯ ᠠᠴᠠ᠂ ︽ᠨᠢᠭᠡ ᠵᠦᠢᠯ ᠤᠨ ᠠᠷᠭ᠎ᠠ ᠬᠡᠮᠵᠢᠶ᠎ᠡ︾ ᠶᠢ ᠯᠠᠪᠳᠠᠭᠤᠨ ᠪᠠᠲᠤᠲᠠᠢ ᠴᠢᠩᠭᠠᠳᠬᠠᠬᠤ ᠬᠡᠷᠡᠭᠲᠡᠢ᠃ ᠡᠨᠡ ᠵᠢᠯ ᠤᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠶᠢᠨ ᠵᠠᠩᠭᠢᠯᠠᠭ᠎ᠠ ᠨᠢ ᠺᠠᠳ᠋ᠷ ᠲᠤ ᠪᠤᠢ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠺᠠᠳ᠋ᠷ ᠤᠨ ᠰᠤᠷᠲᠠᠯ ᠤᠨ ᠬᠤᠪᠢᠷᠠᠭᠤᠯᠤᠯᠲᠠ ᠶᠢ ᠦᠷᠭᠦᠯᠵᠢᠯᠡᠨ ᠠᠬᠢᠭᠤᠯᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠬᠥᠭᠵᠢᠯᠲᠡ ᠶᠢ ᠶᠡᠬᠡᠪᠡᠷ ᠠᠳᠬᠤᠬᠤ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠰᠥᠷᠦᠨ ᠤᠷᠤᠭᠰᠢᠯᠠᠬᠤ ᠡᠷᠴᠢ ᠵᠣᠷᠢᠭ ᠢᠶᠠᠨ ᠬᠥᠪᠴᠢᠯᠡᠵᠦ᠂ ︽ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ︾ ᠴᠢᠳᠠᠪᠤᠷᠢ ᠪᠠᠨ ᠳᠡᠭᠡᠭᠰᠢᠯᠡᠭᠦᠯᠵᠦ᠂ ᠲᠠᠩᠰᠠ ᠮᠡᠳᠡᠭᠦᠯᠵᠦ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠪᠠᠶᠢᠷᠢᠯᠠᠭᠤᠯᠤᠭᠰᠠᠨ ᠶᠢᠰᠦᠨ ᠲᠠᠯ᠎ᠠ ᠶᠢᠨ ᠭᠤᠣᠯᠳᠠᠯᠭ᠎ᠠ ᠲᠠᠢ ᠠᠵᠢᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠥᠬᠦᠳᠡ ᠬᠤᠷᠠᠯ ᠠᠴᠠ ᠪᠠᠶᠢᠷᠢᠯᠠᠭᠤᠯᠤᠭᠰᠠᠨ ︽ᠵᠢᠷᠭᠤᠭᠠᠨ ᠠᠵᠢᠯᠯᠠᠭ᠎ᠠ︾᠂ ᠬᠤᠲᠠ ᠶᠢᠨ ᠨᠠᠮ ᠤᠨ ᠬᠤᠷᠢᠶᠠᠨ ᠤ ᠪᠥᠬᠦᠳᠡ ᠬᠤᠷᠠᠯ ᠠᠴᠠ ᠪᠠᠶᠢᠷᠢᠯᠠᠭᠤᠯᠤᠭᠰᠠᠨ ᠭᠤᠣᠯᠳᠠᠯᠭ᠎ᠠ ᠲᠠᠢ ᠡᠭᠦᠷᠭᠡ ᠵᠢᠴᠢ ᠰᠢᠶᠠᠨ ᠤ ᠨᠠᠮ ᠤᠨ ᠬᠤᠷᠢᠶᠠᠨ ᠤ ᠪᠥᠬᠦᠳᠡ ᠬᠤᠷᠠᠯ ᠠᠴᠠ ᠪᠠᠶᠢᠷᠢᠯᠠᠭᠤᠯᠤᠭᠰᠠᠨ ︽ᠨᠠᠢᠮᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠴᠢᠩᠭ᠎ᠠ ᠠᠩᠬᠠᠷᠴᠤ᠂ ᠳᠠᠷᠤᠯᠲᠠ ᠥᠭᠴᠦ ᠬᠦᠴᠦᠯᠡᠨ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠨᠢᠭᠡ ᠨᠢᠭᠡ ᠪᠠᠷ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃    ᠪᠦᠬᠦᠳᠡ ᠬᠤᠷᠠᠯ ᠠᠴᠠ᠂ ᠵᠢᠯ ᠤᠨ ᠡᠴᠦᠰ ᠵᠢᠯ ᠤᠨ ᠡᠬᠢ ᠪᠠᠷ᠂ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠬᠥᠯᠥᠰᠦᠨ ᠠᠵᠢᠯᠴᠢᠨ ᠤ ᠴᠠᠯᠢᠩ ᠢ ᠲᠠᠷᠬᠠᠭᠠᠬᠤ᠂ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠵᠤ᠂ ᠪᠦᠬᠦ ᠰᠢᠶᠠᠨ ᠤ ᠠᠷᠠᠳ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠣᠯᠣᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠷᠧᠨ ᡁᠢ ᠰᠢᠶᠠᠨ᠂ ᠦ᠋ ᠵᠢᠶᠠᠨ ᠸᠧᠢ᠂ ᠭᠦᠸᠧ ᠵᠢᠶᠠ᠂ ᠭᠦᠸᠧ ᠪᠦᠦ ᠶᠢᠨ 4 ᠨᠥᠬᠦᠷ ᠢ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠡᠰᠢᠭᠦᠨ ᠢᠶᠠᠷ ᠳᠠᠷᠠᠭᠠᠯᠠᠨ ᠨᠥᠬᠦᠪᠦᠷᠢᠯᠡᠬᠦ ᠪᠠᠷ ᠲᠣᠭᠲᠠᠪᠠ᠃    ᠪᠦᠬᠦᠳᠡ ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠷᠠᠯᠲᠠ ᠪᠠᠨ ᠪᠠᠲᠤ ᠡᠵᠡᠮᠳᠡᠵᠦ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠴᠦᠸᠠᠨ ᠤ ᠪᠦᠲᠦᠭᠡᠨ ᠪᠠᠶᠢᠭᠤᠯᠤᠯᠲᠠ ᠶᠢᠨ ᠨᠡᠩ ᠶᠡᠭᠡ ᠰᠢᠨ᠎ᠡ ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠤᠷᠢᠶᠠᠯᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号