ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠨᠠᠮ ᠪᠠ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠭᠯᠡᠯᠲᠡ᠂ ᠲᠥᠷᠥ ᠶᠢᠨ | ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠰᠢᠶᠠᠨ ᠤ | ᠳᠣᠲᠣᠭᠠᠳᠤ ᠶᠢ ᠬᠠᠮᠠᠭᠠᠯᠠᠬᠤ ᠠᠵᠢᠯ ᠢ ᠰᠤᠳᠤᠯᠵᠤ᠂ ᠪᠠᠶᠢᠷᠢᠯᠠᠭᠤᠯᠵᠤ᠂ ᠵᠢᠯᠤᠭᠤᠳᠴᠤ᠂ ᠬᠢᠨᠠᠯᠲᠠ ᠲᠠᠯᠪᠢᠨ᠎ᠠ᠃ | ︵ᠬᠤᠶᠠᠷ︶ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠢ | ᠰᠢᠮᠳᠠᠭᠤᠯᠤᠨ ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ ᠬᠠᠤᠯᠢ ᠳᠦᠷᠢᠮ᠂ ᠬᠢᠨᠠᠨ ᠪᠤᠳᠤᠵᠤ ᠬᠢᠨᠠᠯᠲᠠ ᠲᠠᠯᠪᠢᠬᠤ᠂ | ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠠ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ | ᠬᠠᠷᠢᠭᠤᠴᠠᠨ᠎ᠠ᠃ | ︵ᠭᠤᠷᠪᠠ︶ ᠦᠨᠳᠦᠰᠦᠲᠡᠨ᠂ ᠱᠠᠰᠢᠨ ᠰᠤᠷᠲᠠᠬᠤᠨ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶ᠎ᠡ ᠵᠡᠷᠭᠡ | ᠲᠠᠯ᠎ᠠ ᠶᠢᠨ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠤ ᠠᠵᠢᠯ ᠢ ᠬᠠᠷᠢᠭᠤᠴᠠᠨ ᠡᠵᠡᠮᠰᠢᠵᠦ᠂ ᠤᠯᠤᠰ | ᠲᠦᠷᠦ ᠶᠢᠨ ᠠᠮᠤᠷ ᠲᠦᠪᠰᠢᠨ ᠤ ᠬᠠᠮᠠᠭᠠᠯᠠᠯᠲᠠ᠂ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠡᠷᠬᠡ ᠪᠠᠨ ᠬᠠᠮᠠᠭᠠᠯᠠᠬᠤ ᠠᠵᠢᠯᠯᠠᠭ᠎ᠠ᠂ ᠬᠠᠤᠯᠢ ᠪᠤᠰᠤ ᠪᠦᠯᠬᠦᠮ᠂ ᠬᠢᠯᠢ ᠶᠢᠨ ᠳᠣᠲᠣᠷ᠎ᠠ | ᠭᠠᠳᠠᠨᠠᠬᠢ ᠵᠠᠰᠠᠭ ᠤᠨ ᠣᠷᠳᠣᠨ ᠤ ᠪᠤᠰᠤ ᠵᠣᠬᠢᠶᠠᠨ ᠪᠠᠶᠢᠭᠤᠯᠤᠯᠲᠠ ᠳᠤ ᠪᠠᠶᠢᠴᠠᠭᠠᠯᠲᠠ ᠬᠢᠬᠦ ᠠᠵᠢᠯ ᠢ | ᠬᠠᠷᠢᠭᠤᠴᠠᠨ᠎ᠠ᠃ | ︵ᠳᠥᠷᠪᠡ︶ ᠠᠮᠤᠷ ᠢ ᠬᠠᠮᠠᠭᠠᠯᠠᠬᠤ ᠬᠠᠮᠢᠶᠠᠷᠤᠯᠲᠠ᠂ ᠡᠷᠦᠬᠡ ᠠᠮᠠ ᠶᠢᠨ ᠶᠠᠪᠤᠳᠠᠯ ᠤᠨ ᠬᠠᠮᠢᠶᠠᠷᠤᠯᠲᠠ᠂ ᠬᠢᠯᠢ ᠪᠠᠷ | ᠣᠷᠣᠵᠤ ᠭᠠᠷᠬᠤ ᠬᠠᠮᠢᠶᠠᠷᠤᠯᠲᠠ᠂ ᠣᠯᠠᠨ ᠤᠯᠤᠰ ᠤᠨ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭ᠎ᠠ ᠵᠡᠷᠭᠡ ᠠᠵᠢᠯ ᠢ | ᠬᠠᠷᠢᠭᠤᠴᠠᠬᠤ ᠶᠢᠨ ᠬᠠᠮᠲᠤ ᠵᠣᠬᠢᠴᠠᠩᠭᠤᠢ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠰᠢᠶᠠᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠳᠤ ᠬᠤᠣᠷ ᠬᠥᠨᠥᠭᠡᠯ | ᠤᠴᠠᠷᠠᠭᠤᠯᠤᠭᠰᠠᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠠᠮᠤᠷ ᠢ ᠬᠠᠮᠠᠭᠠᠯᠠᠬᠤ | ᠵᠠᠰᠠᠭ ᠵᠠᠬᠢᠷᠭᠠᠨ ᠤ ᠬᠠᠮᠢᠶᠠᠷᠤᠯᠲᠠ ᠪᠠ ᠠᠮᠤᠷ ᠢ ᠬᠠᠮᠠᠭᠠᠯᠠᠬᠤ ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ | ︵ᠲᠠᠪᠤ︶ ᠡᠷᠡᠭᠦᠦ ᠶᠢᠨ ᠬᠡᠷᠡᠭ ᠤᠨ ᠶᠠᠯᠠᠲᠤ ᠬᠡᠷᠡᠭ ᠢ ᠰᠡᠷᠭᠡᠶᠢᠯᠡᠨ ᠮᠥᠷᠳᠡᠨ ᠪᠠᠶᠢᠴᠠᠭᠠᠵᠤ ᠴᠣᠬᠢᠯᠲᠠ ᠥᠭᠬᠦ | ᠠᠵᠢᠯ ᠢ ᠬᠠᠷᠢᠭᠤᠴᠠᠵᠤ᠂ ᠡᠷᠡᠭᠦᠦ ᠶᠢᠨ ᠬᠡᠷᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠬᠠᠷᠢᠭᠤᠴᠠᠵᠤ᠂ | ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠢ ᠲᠠᠩᠨᠠᠨ ᠰᠢᠢᠳᠪᠦᠷᠢᠯᠡᠬᠦ ᠠᠵᠢᠯ ᠢ | ᠬᠠᠷᠢᠭᠤᠴᠠᠨ᠎ᠠ᠃ | ︵ᠵᠢᠷᠭᠤᠭ᠎ᠠ︶ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ᠂ ᠮᠡᠷᠭᠡᠵᠢᠯ ᠤᠨ | ᠠᠮᠤᠷ ᠲᠦᠪᠰᠢᠨ ᠤ ᠰᠡᠷᠭᠡᠶᠢᠯᠡᠯᠲᠡ᠂ ᠴᠢᠮᠡᠭᠡ ᠬᠤᠯᠪᠣᠭᠠᠨ ᠤ ᠪᠠᠲᠤᠯᠠᠭ᠎ᠠ᠂ ︽ᠣᠶᠤᠨᠲᠤ ᠳᠣᠲᠣᠭᠠᠳᠤ ᠶᠢ ᠬᠠᠮᠠᠭᠠᠯᠠᠬᠤ︾ | ᠪᠠ ᠳᠣᠲᠣᠭᠠᠳᠤ ᠶᠢ ᠬᠠᠮᠠᠭᠠᠯᠠᠬᠤ ᠲᠣᠮᠣ ᠳ᠋ᠠᠶᠢᠲ᠋ᠠ ᠶᠢᠨ ᠪᠠᠶᠢᠭᠤᠯᠤᠯᠲᠠ ᠶᠢ ᠬᠠᠷᠢᠭᠤᠴᠠᠵᠤ᠂ ᠣᠯᠠᠨ ᠨᠡᠶᠢᠲᠡ ᠶᠢᠨ | ᠮᠡᠳᠡᠭᠡ ᠵᠠᠩᠭᠢ ᠶᠢᠨ ᠰᠦᠯᠵᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠰᠦᠯᠵᠢᠶᠡᠨ ᠤ ᠠᠮᠤᠷ | ᠲᠦᠪᠰᠢᠨ ᠤ ᠬᠠᠮᠠᠭᠠᠯᠠᠯᠲᠠ ᠪᠠ ᠲᠤᠷᠰᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠳᠤᠯᠤᠭ᠎ᠠ︶ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠪᠣᠯᠣᠨ ᠰᠦᠷᠳᠡᠭᠦᠯᠦᠯ ᠳᠤ ᠬᠤᠯᠪᠣᠭᠳᠠᠭᠰᠠᠨ | ᠬᠡᠷᠡᠭ ᠢ ᠰᠡᠷᠭᠡᠶᠢᠯᠡᠬᠦ ᠲᠤᠷᠰᠢᠨ ᠪᠠᠶᠢᠴᠠᠭᠠᠯᠲᠠ ᠳᠤ ᠴᠣᠬᠢᠯᠲᠠ ᠥᠭᠬᠦ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠵᠤ᠂ | ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠡᠭᠦᠷᠭᠡ ᠭᠦᠢᠴᠡᠳᠬᠡᠬᠦ ᠴᠠᠭᠳᠠᠨ | ᠲᠣᠭᠤᠷᠢᠬᠤ ᠪᠠ ᠳᠣᠲᠣᠭᠠᠳᠤ ᠶᠢ ᠬᠠᠮᠠᠭᠠᠯᠠᠬᠤ ᠰᠡᠷᠭᠡᠶᠢᠯᠡᠨ ᠬᠠᠮᠠᠭᠠᠯᠠᠬᠤ᠂ ᠠᠮᠤᠷ ᠲᠦᠪᠰᠢᠨ ᠢ ᠬᠠᠮᠠᠭᠠᠯᠠᠬᠤ ᠵᠡᠷᠭᠡ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠨᠠᠢᠮᠠ︶ ᠠᠵᠤ ᠠᠬᠤᠢ ᠶᠢᠨ ᠶᠠᠯᠠᠲᠤ ᠬᠡᠷᠡᠭ ᠢ ᠤᠷᠢᠳᠴᠢᠯᠠᠨ ᠰᠡᠷᠭᠡᠶᠢᠯᠡᠵᠦ ᠮᠥᠷᠳᠡᠨ ᠪᠠᠶᠢᠴᠠᠭᠠᠵᠤ ᠴᠣᠬᠢᠯᠲᠠ | ᠥᠭᠬᠦ ᠠᠵᠢᠯ ᠪᠣᠯᠣᠨ ᠲᠡᠮᠳᠡᠭᠲᠦ᠂ ᠬᠤᠭᠤᠴᠠᠭᠠᠲᠤ ᠪᠠᠷᠠᠭ᠎ᠠ ᠵᠡᠷᠭᠡ ᠮᠥᠩᠭᠦᠨ ᠭᠦᠢᠯᠭᠡᠭᠡᠨ ᠤ ᠶᠠᠯᠠᠲᠤ ᠬᠡᠷᠡᠭ ᠢ | ᠲᠠᠩᠨᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ | ︵ᠶᠢᠰᠦ︶ ᠠᠮᠢ ᠠᠬᠤᠢ ᠶᠢᠨ ᠠᠮᠤᠷ ᠲᠦᠪᠰᠢᠨ᠂ ᠢᠳᠡᠭᠡᠨ ᠪᠠ ᠡᠮ ᠤᠨ ᠵᠦᠢᠯ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠵᠡᠷᠭᠡ ᠬᠦᠷᠢᠶᠡᠨ ᠳᠠᠬᠢ ᠶᠠᠯᠠᠲᠤ ᠬᠡᠷᠡᠭ ᠪᠣᠯᠣᠨ ᠬᠠᠭᠤᠷᠮᠠᠭ ᠮᠠᠭᠤ ᠲᠠᠸᠠᠷ ᠦᠢᠯᠡᠳᠴᠦ | ᠪᠣᠷᠣᠯᠠᠭᠤᠯᠬᠤ ᠶᠠᠯᠠᠲᠤ ᠬᠡᠷᠡᠭ ᠢ ᠲᠠᠩᠨᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ | ︵ᠠᠷᠪᠠ︶ ᠬᠤᠣᠷᠲᠤ ᠡᠳ᠋ ᠤᠨ ᠶᠠᠯᠠᠲᠤ ᠬᠡᠷᠡᠭ ᠢ ᠤᠷᠢᠳᠴᠢᠯᠠᠨ ᠰᠡᠷᠭᠡᠶᠢᠯᠡᠵᠦ ᠮᠥᠷᠳᠡᠨ ᠪᠠᠶᠢᠴᠠᠭᠠᠵᠤ ᠴᠣᠬᠢᠯᠲᠠ | ᠥᠭᠬᠦ ᠠᠵᠢᠯ ᠢ ᠬᠠᠷᠢᠭᠤᠴᠠᠵᠤ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠪᠠ ᠬᠤᠣᠷ | ᠲᠠᠲᠠᠭᠰᠠᠳ ᠤᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠵᠤ᠂ ᠵᠢᠯᠤᠭᠤᠳᠴᠤ᠂ ᠵᠣᠬᠢᠴᠠᠭᠤᠯᠤᠨ ᠥᠷᠨᠢᠭᠦᠯᠵᠦ᠂ | ᠬᠤᠣᠷᠲᠤ ᠡᠳ᠋ ᠢ ᠴᠠᠭᠠᠵᠠᠯᠠᠬᠤ ᠺᠣᠮᠢᠰ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠠᠷᠪᠠᠨ ᠨᠢᠭᠡ︶ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠬᠠᠮᠢᠶᠠᠷᠬᠤ | ᠲᠠᠯᠠᠪᠤᠷ ᠤᠨ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠤᠭᠤᠳᠬᠤ᠂ ᠬᠢᠨᠠᠯᠲᠠ ᠲᠠᠯᠪᠢᠬᠤ ᠶᠢ | ᠬᠠᠷᠢᠭᠤᠴᠠᠨ᠎ᠠ᠃ | ︵ᠠᠷᠪᠠᠨ ᠬᠤᠶᠠᠷ︶ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠷᠤᠳᠠᠯ᠂ ᠲᠣᠨᠤᠭ | ᠲᠥᠬᠦᠭᠡᠷᠦᠮᠵᠢ᠂ ᠤᠭᠰᠠᠷᠠᠯᠲᠠ ᠶᠢᠨ ᠲᠥᠯᠦᠪᠵᠢᠭᠦᠯᠭᠡ ᠶᠢ ᠬᠠᠷᠢᠭᠤᠴᠠᠨ ᠲᠤᠭᠤᠷᠪᠢᠨ ᠲᠣᠭᠲᠠᠭᠠᠵᠤ᠂ ᠴᠠᠭᠳᠠᠭᠠᠨ ᠤ | ᠶᠠᠪᠤᠳᠠᠯ ᠤᠨ ᠪᠠᠲᠤᠯᠠᠭ᠎ᠠ ᠪᠠ ᠬᠠᠮᠢᠶᠠᠷᠤᠯᠲᠠ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | | ︵ᠠᠷᠪᠠᠨ ᠭᠤᠷᠪᠠ︶ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠪᠠ | ᠳᠣᠲᠣᠭᠠᠳᠤ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠬᠠᠷᠢᠭᠤᠴᠠᠵᠤ᠂ ᠲᠣᠭᠲᠠᠭᠠᠭᠰᠠᠨ ᠡᠷᠬᠡ ᠮᠡᠳᠡᠯ ᠤᠨ | ᠶᠣᠰᠣᠭᠠᠷ ᠺᠠᠳ᠋ᠷ ᠢ ᠬᠠᠮᠢᠶᠠᠷᠴᠤ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠳᠣᠲᠣᠭᠠᠳᠤ ᠶᠢ ᠬᠠᠮᠠᠭᠠᠯᠠᠬᠤ ᠡᠩᠨᠡᠭᠡᠨ ᠤ | ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ | ︵ᠠᠷᠪᠠᠨᠲ᠋ᠥ᠋ᠷᠪᠡ︶ ᠪᠥᠬᠦ ᠰᠢᠶᠠᠨ ᠤ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠵᠢᠯᠣᠭᠤᠳᠤᠨ | ᠪᠠᠶᠢᠷᠢᠯᠠᠭᠤᠯᠬᠤ ᠶᠢ ᠬᠠᠷᠢᠭᠤᠴᠠᠨ᠎ᠠ᠃ | ︵ᠠᠷᠪᠠᠨ ᠲᠠᠪᠤ︶ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠢᠶᠠᠭᠰᠠᠨ ᠪᠤᠰᠤᠳ ᠤᠴᠢᠷ ᠶᠠᠪᠤᠳᠠᠯ ᠢ ᠳᠠᠭᠠᠭᠠᠨ | ᠭᠦᠢᠴᠡᠳᠬᠡᠨ᠎ᠡ᠃ | ︵ᠠᠷᠪᠠᠨ ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ | ᠬᠠᠷᠢᠭᠤᠴᠠᠯᠭ᠎ᠠ᠃ | ᠬᠤᠶᠠᠷ᠂ ᠳᠣᠲᠣᠭᠠᠳᠤ ᠶᠢᠨ ᠪᠠᠶᠢᠭᠤᠯᠤᠮᠵᠢ | ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠡᠶᠢᠲᠡ 25 ᠳᠣᠲᠣᠭᠠᠳᠤ | ᠪᠠᠶᠢᠭᠤᠯᠤᠮᠵᠢ ᠲᠠᠢ᠂ ᠡᠭᠦᠨ ᠳᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ 3 ᠪᠠᠶᠢᠵᠤ᠂ ᠲᠣᠰ ᠲᠣᠰ | ᠤᠯᠤᠰ ᠲᠥᠷᠥ ᠶᠢᠨ ᠠᠵᠢᠯ ᠤᠨ ᠠᠯᠪᠠᠨ ᠭᠡᠷ ︵ᠳᠣᠲᠣᠭᠠᠳᠤ ᠳᠠᠭᠠᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ | ᠤᠬᠠᠭᠤᠯᠭ᠎ᠠ ᠬᠥᠮᠦᠵᠢᠯ ᠤᠨ ᠠᠯᠪᠠᠨ ᠭᠡᠷ︶᠂ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠲᠠᠰᠤᠭ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ ᠪᠣᠯᠣᠨ᠎ᠠ᠃ ᠬᠠᠤᠯᠢ ᠬᠡᠷᠡᠭᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ | 10 ᠪᠠᠶᠢᠵᠤ᠂ ᠲᠣᠰ ᠲᠣᠰ ᠨᠢᠭᠤᠴᠠ ᠮᠡᠳᠡᠭᠡᠨ ᠤ ᠵᠢᠯᠤᠭᠤᠳᠬᠤ ᠲᠥᠪ ︵︽ᠬᠠᠤᠯᠢ ᠬᠡᠷᠡᠭᠵᠢᠭᠦᠯᠵᠦ ᠬᠡᠷᠡᠭ | ᠰᠢᠢᠳᠪᠦᠷᠢᠯᠡᠬᠦ ᠬᠠᠮᠢᠶᠠᠷᠤᠯᠲᠠ ᠶᠢᠨ ᠲᠥᠪ︾ ᠤᠨ ᠫᠠᠶᠢᠰᠠ︶᠂ ᠰᠢᠮᠳᠠᠭᠤᠯᠤᠨ ᠪᠠᠶᠢᠴᠠᠭᠠᠬᠤ ᠬᠠᠤᠯᠢ ᠳᠦᠷᠢᠮ ᠤᠨ | ᠶᠡᠭᠡ ᠠᠩᠭᠢ ︵ᠡᠷᠡᠭᠦᠦ ᠶᠢᠨ ᠬᠡᠷᠡᠭ ᠶᠢ ᠲᠤᠷᠰᠢᠨ ᠪᠠᠶᠢᠴᠠᠭᠠᠬᠤ ᠶᠡᠭᠡ ᠠᠩᠭᠢ᠂ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠶᠡᠭᠡ ᠠᠩᠭᠢ᠂ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ᠂ ᠠᠮᠤᠷ ᠢ | ᠬᠠᠮᠠᠭᠠᠯᠠᠬᠤ ᠶᠡᠭᠡ ᠠᠩᠭᠢ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠣᠭᠤᠷᠢᠨ ᠪᠠᠶᠢᠴᠠᠭᠠᠬᠤ ᠴᠠᠭᠳᠠᠭ᠎ᠠ ᠶᠢᠨ | ᠶᠡᠭᠡ ᠠᠩᠭᠢ᠂ ᠬᠤᠣᠷ ᠴᠠᠭᠠᠵᠠᠯᠠᠬᠤ ᠶᠡᠭᠡ ᠠᠩᠭᠢ ᠪᠣᠯᠣᠨ᠎ᠠ᠃ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ | ︽ᠨᠢᠭᠡ ᠰᠢᠶᠠᠩ ︵ᠪᠠᠯᠭᠠᠰᠤ︶ ᠨᠢᠭᠡ ᠰᠠᠭᠤᠷᠢ︾ ᠵᠠᠷᠴᠢᠮ ᠶᠣᠰᠣᠭᠠᠷ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ | ᠰᠠᠯᠪᠤᠷᠢ 9 ᠪᠠᠶᠢᠵᠤ᠂ ᠲᠣᠰ ᠲᠣᠰ ᠬᠥᠬᠡ ᠡᠷᠭᠢ ᠪᠠᠯᠭᠠᠰᠤ ᠶᠢᠨ ᠲᠣᠮᠢᠯᠠᠭᠰᠠᠨ ᠰᠠᠯᠪᠤᠷᠢ᠂ ᠪᠠᠷᠠᠭᠤᠨ ᠤᠯᠠᠭᠠᠨᠪᠤᠯᠠᠭ | ᠰᠢᠶᠠᠩ ᠤᠨ ᠲᠣᠮᠢᠯᠠᠭᠰᠠᠨ ᠰᠠᠯᠪᠤᠷᠢ᠂ ᠳᠡᠭᠡᠷ᠎ᠡ ᠲᠣᠬᠤᠢ ᠰᠢᠶᠠᠩ ᠤᠨ ᠲᠣᠮᠢᠯᠠᠭᠰᠠᠨ ᠰᠠᠯᠪᠤᠷᠢ᠂ ᠳᠠᠯᠠᠨ ᠬᠠᠷ᠎ᠠ | ᠠᠭᠤᠯᠠ ᠰᠢᠶᠠᠩ ᠤᠨ ᠲᠣᠮᠢᠯᠠᠭᠰᠠᠨ ᠰᠠᠯᠪᠤᠷᠢ᠂ ᠬᠠᠷ᠎ᠠ ᠬᠤᠰᠢᠭᠤ ᠰᠢᠶᠠᠩ ᠤᠨ ᠲᠣᠮᠢᠯᠠᠭᠰᠠᠨ ᠰᠠᠯᠪᠤᠷᠢ᠂ ᠡᠯ ᠹᠧᠨ | ᠽᠢ ᠰᠢᠶᠠᠩ ᠤᠨ ᠲᠣᠮᠢᠯᠠᠭᠰᠠᠨ ᠰᠠᠯᠪᠤᠷᠢ ᠪᠠ ᠬᠤᠭᠤᠯᠠᠢ ᠠᠭᠤᠯᠠ ᠰᠢᠶᠠᠩ ᠤᠨ ᠲᠣᠮᠢᠯᠠᠭᠰᠠᠨ ᠰᠠᠯᠪᠤᠷᠢ ᠪᠣᠯᠣᠨ᠎ᠠ᠃ | ᠬᠢᠨᠠᠨ ᠬᠠᠮᠢᠶᠠᠷᠬᠤ ᠪᠠᠶᠢᠭᠤᠯᠤᠮᠵᠢ 2 ᠪᠠᠶᠢᠵᠤ᠂ ᠲᠤᠰ ᠲᠤᠰ ᠰᠠᠬᠢᠨ ᠬᠠᠷᠠᠬᠤ ᠭᠠᠵᠠᠷ᠂ ᠲᠦᠷ ᠬᠤᠷᠢᠬᠤ ᠭᠠᠵᠠᠷ | ᠪᠣᠯᠣᠨ᠎ᠠ᠃ ᠠᠵᠢᠯ ᠦᠢᠯᠡᠰ ᠤᠨ ᠨᠢᠭᠡᠴᠢ 1 ᠪᠠᠶᠢᠵᠤ᠂ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠴᠠᠭᠳᠠᠭᠠᠨ ᠤ ᠶᠠᠪᠤᠳᠠᠯ ᠤᠨ ᠲᠥᠪ ᠪᠣᠯᠣᠨ᠎ᠠ᠃ ᠡᠯ᠎ᠡ ᠪᠠᠶᠢᠭᠤᠯᠤᠮᠵᠢ ᠶᠢᠨ ᠡᠭᠦᠷᠭᠡᠯᠡᠬᠦ ᠡᠭᠦᠷᠭᠡ | ᠴᠢᠳᠠᠪᠤᠷᠢ ᠡᠭᠦᠷᠭᠡ ᠬᠠᠷᠢᠭᠤᠴᠠᠯᠭ᠎ᠠ ᠨᠢ ᠳᠣᠣᠷᠠᠬᠢ ᠮᠡᠲᠦ᠃ | 1. ᠤᠯᠤᠰ ᠲᠥᠷᠥ ᠶᠢᠨ ᠠᠵᠢᠯ ᠤᠨ ᠠᠯᠪᠠᠨ ᠭᠡᠷ ︵ᠳᠣᠲᠣᠭᠠᠳᠤ ᠳᠤ ᠪᠠᠨ ᠨᠠᠮ ᠤᠨ ᠪᠠᠶᠢᠭᠤᠯᠤᠯᠲᠠ ᠶᠢᠨ | ᠠᠯᠪᠠᠨ ᠭᠡᠷ᠂ ᠤᠬᠠᠭᠤᠯᠭ᠎ᠠ ᠬᠥᠮᠦᠵᠢᠯ ᠤᠨ ᠠᠯᠪᠠᠨ ᠭᠡᠷ︶᠃ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠡᠩᠨᠡᠭᠡᠨ ᠤ ᠪᠠᠶᠢᠭᠤᠯᠤᠯᠲᠠ ᠪᠠ ᠤᠬᠠᠭᠤᠯᠭ᠎ᠠ ᠬᠥᠮᠦᠵᠢᠯ ᠤᠨ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠢ ᠬᠠᠷᠢᠭᠤᠴᠠᠨ᠎ᠠ᠃ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠪᠠᠶᠢᠭᠤᠯᠭ᠎ᠠ ᠶᠢᠨ ᠰᠠᠯᠠᠭ᠎ᠠ ᠮᠥᠴᠢᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠠᠵᠢᠯᠴᠢᠨ ᠤ | ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠪᠠ ᠡᠮᠡᠭᠲᠡᠶᠢᠴᠦᠳ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠢᠯ ᠠᠴᠠ ᠪᠠᠨ ᠰᠠᠯᠵᠤ ᠠᠮᠠᠷᠠᠭᠰᠠᠨ ᠪᠠ | ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠠᠵᠢᠯ ᠢ ᠬᠠᠷᠢᠭᠤᠴᠠᠨ᠎ᠠ᠃ | 2. ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠭᠡᠷ᠃ ᠡᠳ᠋ ᠤᠨ ᠶᠠᠪᠤᠳᠠᠯ᠂ ᠪᠠᠭᠠᠵᠢ ᠬᠡᠷᠡᠭᠰᠡᠯ ᠲᠣᠨᠤᠭ | ᠲᠥᠬᠦᠭᠡᠷᠦᠮᠵᠢ᠂ ᠭᠡᠷ ᠬᠥᠷᠥᠩᠭᠡ᠂ ᠦᠨᠳᠦᠰᠦᠨ ᠪᠦᠲᠦᠭᠡᠨ ᠪᠠᠶᠢᠭᠤᠯᠤᠯᠲᠠ᠂ ᠠᠮᠤᠷ ᠲᠦᠪᠰᠢᠨ ᠤ ᠬᠠᠮᠠᠭᠠᠯᠠᠯᠲᠠ ᠵᠢᠴᠢ | ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ | 3. ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ᠃ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠰᠠᠯᠠᠭ᠎ᠠ ᠮᠥᠴᠢᠷ ᠤᠨ ᠰᠠᠬᠢᠯᠭ᠎ᠠ ᠪᠠᠲᠤ ᠶᠢᠨ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | 4. ᠨᠢᠭᠤᠴᠠ ᠮᠡᠳᠡᠭᠡᠨ ᠤ ᠵᠢᠯᠤᠭᠤᠳᠬᠤ ᠲᠥᠪ ︵︽ᠠᠯᠪᠠᠨ ᠭᠡᠷ︾ ᠤᠨ ᠫᠠᠶᠢᠰᠠ ᠶᠢ ᠨᠡᠮᠡᠵᠦ ᠡᠯᠭᠦᠪᠡ︶᠃ | ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠢ ᠬᠠᠷᠢᠭᠤᠴᠠᠨ᠎ᠠ᠃ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠵᠡᠷᠭᠡ ᠠᠵᠢᠯ ᠢ ᠬᠠᠷᠢᠭᠤᠴᠠᠨ᠎ᠠ᠃ ︽110︾ ᠲᠦᠭᠰᠢᠭᠦᠷᠢ ᠮᠡᠳᠡᠭᠦᠯᠬᠦ ᠶᠢ ᠭᠥᠯᠢᠶᠡᠨ | ᠠᠪᠬᠤ ᠠᠵᠢᠯ ᠵᠡᠷᠭᠡ ᠶᠢ ᠬᠠᠷᠢᠭᠤᠴᠠᠨ ᠰᠢᠢᠳᠪᠦᠷᠢᠯᠡᠨ᠎ᠡ᠃ | 5. ᠬᠠᠤᠯᠢ ᠳᠦᠷᠢᠮ ᠤᠨ ᠶᠡᠭᠡ ᠠᠩᠭᠢ ︵︽ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ | ᠲᠥᠪ︾ ᠭᠡᠬᠦ ᠫᠠᠶᠢᠰᠠ ᠶᠢ ᠨᠡᠮᠡᠵᠦ ᠡᠯᠭᠦᠪᠡ︶᠃ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ | ᠠᠷᠠᠳ ᠤᠨ ᠴᠠᠭᠳᠠᠭ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠡᠷᠬᠡ | ᠲᠤᠰᠢᠶᠠᠯ ᠢᠶᠠᠨ ᠬᠡᠷᠡᠭᠵᠢᠭᠦᠯᠬᠦ ᠪᠠ ᠬᠠᠤᠯᠢ ᠰᠠᠬᠢᠯᠭ᠎ᠠ ᠶᠢ ᠵᠢᠷᠤᠮᠯᠠᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢ | ᠬᠠᠷᠢᠭᠤᠴᠠᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ᠂ | ᠲᠣᠭᠲᠠᠭᠠᠯ ᠵᠢᠴᠢ ᠪᠠᠶᠢᠭᠤᠯᠭ᠎ᠠ ᠶᠢᠨ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ ᠵᠡᠷᠭᠡ | ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠬᠠᠤᠯᠢ ᠳᠦᠷᠢᠮ ᠤᠨ ᠪᠠᠶᠢᠭᠤᠯᠤᠯᠲᠠ ᠪᠠ | ᠬᠠᠤᠯᠢ ᠬᠡᠷᠡᠭᠵᠢᠭᠦᠯᠬᠦ ᠠᠵᠢᠯ ᠢ ᠵᠢᠯᠤᠭᠤᠳᠬᠤ᠂ ᠬᠢᠨᠠᠯᠲᠠ ᠲᠠᠯᠪᠢᠬᠤ᠂ ᠪᠠᠶᠢᠴᠠᠭᠠᠬᠤ ᠶᠢ ᠬᠠᠷᠢᠭᠤᠴᠠᠨ᠎ᠠ᠃ | 6. ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠶᠡᠭᠡ ᠠᠩᠭᠢ᠃ ᠪᠦᠬᠦ ᠰᠢᠶᠠᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ | ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠵᠤ᠂ ᠵᠢᠯᠤᠭᠤᠳᠴᠤ᠂ ᠬᠡᠷᠡᠭᠵᠢᠭᠦᠯᠦᠨ᠎ᠡ᠃ | 7. ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ᠃ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠡᠪᠳᠡᠭᠰᠡᠨ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠵᠢᠯᠤᠭᠤᠳᠴᠤ᠂ ᠬᠡᠷᠡᠭᠵᠢᠭᠦᠯᠦᠨ᠎ᠡ᠃ ᠪᠦᠬᠦ | ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠦᠬᠡ ᠠᠮᠠ᠂ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ᠂ ᠪᠣᠳᠠᠲᠠᠢ ᠬᠥᠮᠥᠨ ᠠᠮᠠ᠂ ᠨᠡᠭᠦᠳᠡᠯ ᠬᠥᠮᠥᠨ ᠠᠮᠠ᠂ ᠫᠤᠤ ᠵᠡᠪᠰᠡᠭ ᠰᠤᠮᠤ ᠳᠠᠷᠢ᠂ ᠵᠠᠬᠢᠷᠤᠨ ᠬᠠᠮᠢᠶᠠᠷᠬᠤ | ᠪᠠᠭᠠᠵᠢ ᠬᠡᠷᠡᠭᠰᠡᠯ᠂ ᠰᠢᠷᠦᠭᠦᠨ ᠬᠤᠣᠷᠲᠤ ᠬᠢᠮᠢ ᠶᠢᠨ ᠪᠣᠳᠠᠰ᠂ ᠣᠨᠴᠠ ᠲᠥᠷᠥᠯ ᠤᠨ ᠠᠵᠢᠯ ᠲᠥᠷᠥᠯ᠂ ᠪᠠᠷᠠᠭᠠᠨ ᠤ | ᠭᠦᠢᠯᠭᠡᠭᠡᠨ ᠤ ᠢᠯᠡᠭᠡᠵᠦ ᠬᠦᠷᠭᠡᠬᠦ ᠦᠢᠯᠡᠰ ᠪᠠ ᠭᠠᠯ ᠢ ᠰᠡᠷᠭᠡᠶᠢᠯᠡᠬᠦ ᠵᠡᠷᠭᠡ ᠠᠵᠢᠯ ᠢ ᠵᠢᠯᠣᠭᠤᠳᠤᠨ ᠬᠡᠷᠡᠭᠵᠢᠭᠦᠯᠦᠨ᠎ᠡ᠃ | ᠳᠣᠲᠣᠭᠠᠳᠤ ᠶᠢ ᠬᠠᠮᠠᠭᠠᠯᠠᠬᠤ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠤᠯᠤᠰ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠷᠥ ᠶᠢᠨ ᠪᠣᠳᠣᠯᠭ᠎ᠠ ᠪᠣᠯᠣᠨ ᠳᠣᠲᠣᠭᠠᠳᠤ ᠶᠢ ᠬᠠᠮᠠᠭᠠᠯᠠᠬᠤ | ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠠᠵᠢᠯ ᠢ ᠬᠠᠷᠢᠭᠤᠴᠠᠨ ᠬᠡᠷᠡᠭᠵᠢᠭᠦᠯᠦᠨ᠎ᠡ᠃ | 8.ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ᠃ ᠪᠦᠬᠦ ᠰᠢᠶᠠᠨ ᠤ ᠡᠷᠡᠭᠦᠦ ᠶᠢᠨ ᠶᠠᠯᠠᠲᠤ | ᠬᠡᠷᠡᠭ ᠢ ᠲᠠᠩᠨᠠᠨ ᠢᠯᠡᠷᠡᠭᠦᠯᠬᠦ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠬᠠᠷᠢᠭᠤᠴᠠᠨ᠎ᠠ᠃ | 9. ᠴᠠᠭᠳᠠᠭᠠᠨ ᠤ ᠰᠠᠯᠪᠤᠷᠢ ᠠᠩᠭᠢ᠃ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠪᠠ ᠮᠡᠷᠭᠡᠵᠢᠯ ᠤᠨ | ᠮᠥᠷᠳᠡᠨ ᠪᠠᠶᠢᠴᠠᠭᠠᠬᠤ ᠠᠵᠢᠯ ᠵᠡᠷᠭᠡ ᠠᠵᠢᠯ ᠢ ᠬᠠᠷᠢᠭᠤᠴᠠᠨ᠎ᠠ᠃ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ᠂ ᠴᠢᠮᠡᠭᠡ | ᠬᠤᠯᠪᠣᠭᠠᠨ ᠤ ᠪᠠᠲᠤᠯᠠᠭ᠎ᠠ᠂ ︽ᠣᠶᠤᠨᠲᠤ ᠳᠣᠲᠣᠭᠠᠳᠤ ᠶᠢ ᠬᠠᠮᠠᠭᠠᠯᠠᠬᠤ︾ ᠪᠠ ᠳᠣᠲᠣᠭᠠᠳᠤ ᠶᠢ ᠬᠠᠮᠠᠭᠠᠯᠠᠬᠤ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢᠨ ᠬᠡᠷᠡᠭᠯᠡᠯᠲᠡ ᠵᠡᠷᠭᠡ ᠠᠵᠢᠯ ᠢ ᠬᠠᠷᠢᠭᠤᠴᠠᠨ᠎ᠠ᠃ ᠠᠮᠤᠷ ᠲᠦᠪᠰᠢᠨ ᠤ | ᠮᠡᠷᠭᠡᠵᠢᠯ ᠤᠨ ᠰᠡᠷᠭᠡᠶᠢᠯᠡᠯᠲᠡ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠵᠡᠷᠭᠡ ᠠᠵᠢᠯ ᠢ ᠵᠢᠯᠣᠭᠤᠳᠤᠨ᠎ᠠ᠃ | 10. ᠰᠦᠷᠳᠡᠭᠦᠯᠦᠯ ᠢ ᠡᠰᠡᠷᠭᠦᠴᠡᠬᠦ ᠪᠣᠯᠣᠨ ᠣᠨᠴᠠ ᠴᠠᠭᠳᠠᠨ ᠤ ᠶᠡᠭᠡ ᠠᠩᠭᠢ᠃ ᠰᠦᠷᠳᠡᠭᠦᠯᠦᠯ ᠤᠨ ᠵᠣᠬᠢᠶᠠᠨ | ᠪᠠᠶᠢᠭᠤᠯᠤᠯᠲᠠ᠂ ᠬᠡᠷᠡᠭ ᠢ ᠲᠤᠷᠰᠢᠨ ᠪᠠᠶᠢᠴᠠᠭᠠᠬᠤ᠂ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠵᠢᠯᠤᠭᠤᠳᠴᠤ᠂ | ᠬᠡᠷᠡᠭᠵᠢᠭᠦᠯᠵᠦ᠂ ᠡᠯ᠎ᠡ ᠵᠦᠢᠯ ᠤᠨ ᠰᠦᠷᠳᠡᠭᠦᠯᠦᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ | ᠴᠣᠬᠢᠯᠲᠠ ᠥᠭᠭᠦᠨ᠎ᠡ᠃ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠴᠠᠭᠳᠠᠨ ᠲᠣᠭᠤᠷᠢᠵᠤ | ᠵᠢᠵᠢᠭᠦᠷᠯᠡᠬᠦ ᠵᠡᠷᠭᠡ ᠠᠵᠢᠯ ᠢ ᠬᠠᠷᠢᠭᠤᠴᠠᠨ᠎ᠠ᠃ | 11. ᠠᠵᠤ ᠠᠬᠤᠢ ᠶᠢᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ᠃ ᠪᠦᠬᠦ ᠰᠢᠶᠠᠨ ᠤ ᠴᠢᠬᠤᠯᠠ | ᠶᠡᠭᠡ ᠠᠵᠤ ᠠᠬᠤᠢ ᠶᠢᠨ ᠮᠡᠬᠡᠯᠡᠯ᠂ ᠨᠢᠭᠤᠴᠠ ᠪᠠᠷ ᠠᠷᠠᠯᠵᠢᠶᠠᠯᠠᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠳᠤ ᠬᠠᠯᠳᠠᠭᠰᠠᠨ᠂ ᠭᠠᠶᠢᠯᠢ ᠠᠴᠠ ᠵᠠᠶᠢᠯᠠᠭᠰᠠᠨ᠂ ᠭᠠᠶᠢᠯᠢ ᠮᠡᠬᠡᠯᠡᠭᠰᠡᠨ ᠵᠡᠷᠭᠡ ᠠᠵᠤ ᠠᠬᠤᠢ ᠶᠢᠨ ᠶᠠᠯᠠᠲᠤ | ᠬᠡᠷᠡᠭ ᠢ ᠲᠤᠷᠰᠢᠨ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ | 12. ᠢᠳᠡᠭᠡᠨ ᠡᠮ ᠤᠨ ᠵᠦᠢᠯ ᠶᠠᠯᠠᠲᠤ ᠠᠮᠢ ᠠᠬᠤᠢ ᠣᠷᠴᠢᠨ ᠲᠣᠭᠤᠷᠢᠨ ᠤ ᠠᠵᠢᠯᠯᠠᠭ᠎ᠠ ᠶᠢ ᠲᠤᠷᠰᠢᠨ | ᠪᠠᠶᠢᠴᠠᠭᠠᠬᠤ ᠶᠡᠭᠡ ᠠᠩᠭᠢ᠃ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠢ ᠠᠬᠤᠢ ᠣᠷᠴᠢᠨ | ᠲᠣᠭᠤᠷᠢᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠢᠳᠡᠭᠡᠨ ᠪᠠ ᠡᠮ ᠤᠨ ᠵᠦᠢᠯ᠂ ᠮᠡᠳᠡᠯᠭᠡ ᠶᠢᠨ ᠠᠮᠤᠷ | ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ᠂ ᠣᠶ ᠰᠢᠭᠤᠢ ᠨᠤᠲᠤᠭ ᠪᠡᠯᠴᠢᠭᠡᠷ ᠵᠡᠷᠭᠡ ᠬᠦᠷᠢᠶᠡᠨ ᠳᠠᠬᠢ | ᠶᠠᠯᠠᠲᠤ ᠬᠡᠷᠡᠭ ᠵᠡᠷᠭᠡ ᠠᠵᠢᠯ ᠢ ᠵᠣᠬᠢᠶᠠᠨ ᠪᠠᠶᠢᠭᠤᠯᠬᠤ᠂ ᠵᠢᠯᠤᠭᠤᠳᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | 13. ᠬᠤᠣᠷ ᠴᠠᠭᠠᠵᠠᠯᠠᠬᠤ ᠶᠡᠭᠡ ᠠᠩᠭᠢ᠃ ᠬᠤᠣᠷᠲᠤ ᠡᠳ᠋ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠬᠦ ᠵᠡᠷᠭᠡ ᠠᠵᠢᠯ ᠢ ᠬᠠᠷᠢᠭᠤᠴᠠᠨ᠎ᠠ᠃ | 14. ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠃ ᠬᠠᠷᠢᠶ᠎ᠠ ᠣᠷᠣᠨ ᠤ ᠪᠣᠳᠠᠲᠠᠢ ᠪᠠᠶᠢᠭ᠎ᠠ ᠬᠥᠮᠥᠨ | ᠠᠮᠠ ︵ᠪᠠᠶᠢᠩᠭᠤ ᠰᠠᠭᠤᠭ᠎ᠠ ᠬᠥᠮᠥᠨ ᠠᠮᠠ᠂ ᠲᠦᠷ ᠰᠠᠭᠤᠭ᠎ᠠ ᠬᠥᠮᠥᠨ ᠠᠮᠠ ᠪᠠ ᠬᠢᠯᠢ ᠶᠢᠨ ᠭᠠᠳᠠᠨ᠎ᠠ ᠲᠣᠰ ᠬᠠᠷᠢᠶ᠎ᠠ | ᠣᠷᠣᠨ ᠳᠤ ᠰᠠᠭᠤᠭ᠎ᠠ ᠬᠥᠮᠥᠰ ᠪᠠᠭᠲᠠᠨ᠎ᠠ︶ ᠶᠢ ᠬᠠᠷᠢᠭᠤᠴᠠᠨ ᠬᠠᠮᠢᠶᠠᠷᠤᠨ᠎ᠠ᠃ ᠬᠠᠷᠢᠶ᠎ᠠ ᠣᠷᠣᠨ ᠤ ᠠᠮᠤᠷ ᠢ | ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠵᠣᠬᠢᠴᠠᠩᠭᠤᠢ ᠬᠠᠷᠢᠭᠤᠴᠠᠯᠭ᠎ᠠ ᠶᠢ | ᠡᠭᠦᠷᠭᠡᠯᠡᠵᠦ᠂ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠳᠤ ᠬᠤᠣᠷ ᠬᠥᠨᠥᠭᠡᠯ ᠤᠴᠠᠷᠠᠭᠤᠯᠤᠭᠰᠠᠨ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠠᠮᠤᠷ ᠢ ᠬᠠᠮᠠᠭᠠᠯᠠᠬᠤ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ ᠬᠠᠷᠢᠶ᠎ᠠ ᠣᠷᠣᠨ ᠤ ᠳᠣᠲᠣᠷᠠᠬᠢ ᠣᠨᠴᠠ | ᠲᠥᠷᠥᠯ ᠤᠨ ᠠᠵᠢᠯ ᠲᠥᠷᠥᠯ᠂ ᠣᠯᠠᠨ ᠨᠡᠶᠢᠲᠡ ᠶᠢᠨ ᠵᠤᠭ᠎ᠠ ᠴᠡᠩᠭᠡᠯ ᠤᠨ ᠲᠠᠯᠠᠪᠤᠷ ᠪᠠ ᠫᠤᠤ ᠵᠡᠪᠰᠡᠭ᠂ ᠰᠤᠮᠤ ᠳᠠᠷᠢ᠂ | ᠳᠡᠯᠪᠡᠷᠡᠯᠲᠡ᠂ ᠰᠢᠷᠦᠭᠦᠨ ᠬᠤᠣᠷᠲᠤ ᠡᠳ᠋ ᠵᠡᠷᠭᠡ ᠠᠶᠤᠯᠲᠠᠢ ᠪᠣᠳᠠᠰ ᠢ ᠬᠠᠮᠢᠶᠠᠷᠤᠨ᠎ᠠ᠃ ᠨᠡᠶᠢᠭᠡᠮ ᠲᠣᠭᠤᠷᠢᠭ ᠤᠨ | ᠰᠡᠷᠭᠡᠶᠢᠯᠡᠬᠦ ᠠᠵᠢᠯ ᠢ ᠥᠷᠨᠢᠭᠦᠯᠦᠨ᠎ᠡ᠃ ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠠᠮᠤᠷ ᠢ | ᠬᠠᠮᠠᠭᠠᠯᠠᠬᠤ ᠵᠢᠭᠤᠷᠠᠯᠳᠤᠭᠠᠨ ᠢ ᠡᠶᠡᠳᠡᠭᠦᠯᠦᠨ᠎ᠡ᠃ ᠲᠤᠰ ᠬᠠᠷᠢᠶ᠎ᠠ ᠣᠷᠣᠨ ᠤ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ | ᠰᠡᠷᠭᠡᠶᠢᠯᠡᠵᠦ᠂ ᠴᠣᠬᠢᠯᠲᠠ ᠥᠭᠬᠦ ᠶᠢ ᠬᠠᠷᠢᠭᠤᠴᠠᠨ᠎ᠠ᠃ | 15᠂ ᠰᠠᠬᠢᠨ ᠬᠠᠷᠠᠬᠤ ᠭᠠᠵᠠᠷ᠃ ᠰᠠᠬᠢᠨ ᠬᠠᠷᠠᠬᠤ ᠭᠠᠵᠠᠷ ᠤᠨ ᠬᠥᠮᠥᠰ ᠢ ᠬᠢᠨᠠᠨ ᠬᠠᠮᠢᠶᠠᠷᠬᠤ᠂ ᠰᠤᠷᠭᠠᠨ | ᠬᠥᠮᠦᠵᠢᠯ ᠬᠢᠬᠦ ᠵᠡᠷᠭᠡ ᠠᠵᠢᠯ ᠢ ᠬᠠᠷᠢᠭᠤᠴᠠᠨ᠎ᠠ᠃ | 16. ᠬᠤᠷᠢᠬᠤ ᠭᠠᠵᠠᠷ᠃ ᠲᠦᠷ ᠬᠤᠷᠢᠬᠤ ᠭᠠᠵᠠᠷ ᠤᠨ ᠠᠵᠢᠯᠲᠠᠨ ᠢ ᠬᠢᠨᠠᠨ ᠬᠠᠮᠢᠶᠠᠷᠬᠤ᠂ ᠰᠤᠷᠭᠠᠨ | ᠬᠥᠮᠥᠵᠢᠭᠦᠯᠬᠦ ᠵᠡᠷᠭᠡ ᠠᠵᠢᠯ ᠢ ᠬᠠᠷᠢᠭᠤᠴᠠᠨ᠎ᠠ᠃ | 17᠂ ᠴᠠᠭᠳᠠᠭᠠᠨ ᠤ ᠶᠠᠪᠤᠳᠠᠯ ᠤᠨ ᠲᠥᠪ᠃ ᠬᠠᠮᠢᠶ᠎ᠠ ᠪᠦᠬᠦᠢ ᠴᠠᠭᠳᠠᠭᠠᠨ ᠤ ᠶᠠᠪᠤᠳᠠᠯ ᠤᠨ ᠠᠵᠢᠯ ᠢ ᠬᠠᠮᠵᠢᠨ | ᠥᠷᠨᠢᠭᠦᠯᠦᠨ᠎ᠡ᠃ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠤᠰᠢᠶᠠᠭᠰᠠᠨ ᠪᠤᠰᠤᠳ ᠠᠵᠢᠯ ᠢ | ᠬᠠᠷᠢᠭᠤᠴᠠᠨ᠎ᠠ᠃ | ᠭᠤᠷᠪᠠ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠶᠢᠩ ᠪᠢᠨ ᠵᠠᠮ | ᠳᠥᠷᠪᠡ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 00 14᠄ 30 - 17᠄ 30 ︵ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶ | ᠲᠠᠪᠤ᠂ ᠬᠠᠷᠢᠯᠴᠠᠬᠤ ᠠᠷᠭ᠎ᠠ ᠬᠡᠯᠪᠡᠷᠢ᠄ 0471 - 8895800 | ᠵᠢᠷᠭᠤᠭ᠎ᠠ᠂ ᠬᠠᠷᠢᠭᠤᠴᠠᠯᠭᠠᠲᠠᠨ᠄ ᠽᠦᠸᠧ ᠭᠠᠩ | | |