ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
ᠨᠡᠶᠢᠲᠡᠯᠡᠭᠰᠡᠨ ᠴᠠᠭ᠄
2025/1/31
   ᠨᠢᠭᠡ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠤᠣᠯ ᠡᠭᠦᠷᠭᠡ ᠬᠠᠷᠢᠭᠤᠴᠠᠯᠭ᠎ᠠ᠄    ︵ᠨᠢᠭᠡ︶ ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ ᠲᠦᠷᠦ ᠶᠢᠨ ᠪᠣᠳᠣᠯᠭ᠎ᠠ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠲᠡᠨ ᠤ ᠤᠨᠤᠯ ᠪᠣᠯᠣᠨ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠰᠢᠶᠠᠨ ᠤ ᠬᠤᠯᠪᠣᠭᠳᠠᠯ ᠪᠦᠬᠦᠢ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠵᠢᠯᠣᠭᠤᠳᠤᠨ᠎ᠠ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠤᠨ ᠤᠴᠢᠷ ᠶᠠᠪᠤᠳᠠᠯ ᠢ ᠬᠢᠨᠠᠯᠲᠠ ᠲᠠᠯᠪᠢᠨ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠤ ᠳᠤᠮᠳᠠᠬᠢ ᠴᠢᠬᠤᠯᠠ ᠶᠡᠭᠡ ᠤᠴᠢᠷ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠵᠣᠬᠢᠴᠠᠭᠤᠯᠬᠤ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃    ︵ᠭᠤᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠬᠢᠴᠠᠭᠤᠯᠤᠨ ᠰᠢᠮᠳᠠᠭᠤᠯᠤᠨ᠂ ᠠᠵᠤ ᠠᠬᠤᠢ ᠶᠢᠨ ᠬᠥᠭᠵᠢᠯᠲᠡ ᠪᠣᠯᠣᠨ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠪᠠ ᠵᠣᠯᠭᠠᠯᠳᠤᠭᠤᠯᠬᠤ ᠶᠢ ᠠᠬᠢᠭᠤᠯᠬᠤ ᠶᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠵᠠᠳᠠᠯᠬᠤ ᠶᠢᠨ ᠬᠠᠮᠲᠤ ᠣᠨᠴᠠᠭᠠᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠬᠤ ᠪᠤᠶᠤ ᠬᠠᠮᠵᠢᠯᠴᠠᠨ ᠬᠠᠮᠢᠶ᠎ᠠ ᠪᠦᠬᠦᠢ ᠤᠴᠢᠷ ᠶᠠᠪᠤᠳᠠᠯ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠦᠷᠦᠯ ᠢᠶᠠᠷ ᠢᠶᠠᠨ ᠳᠡᠮᠵᠢᠬᠦ ᠪᠠ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠲᠦ ᠬᠡᠷᠡᠭᠰᠡᠯ ᠦᠢᠯᠡᠳᠪᠦᠷᠢᠯᠡᠬᠦ ᠵᠡᠷᠭᠡ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠬᠤ ᠳᠤ ᠣᠷᠣᠯᠴᠠᠨ᠎ᠠ᠃    ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠢ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠠᠮᠢᠶ᠎ᠠ ᠪᠦᠬᠦᠢ ᠬᠦᠷᠢᠶᠡᠨ ᠤ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠡᠷᠬᠢᠯᠡᠬᠦ ᠦᠢᠯᠡᠴᠢᠯᠡᠭᠡᠨ ᠤ ᠰᠢᠰᠲ᠋ᠧᠮ ᠪᠣᠯᠣᠨ ᠦᠨᠳᠦᠰᠦᠲᠡᠨ ᠤ ᠬᠡᠷᠡᠭ ᠡᠷᠬᠢᠯᠡᠬᠦ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃    ︵ᠲᠠᠪᠤ︶ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠨ ᠡᠷᠬᠢᠯᠡᠵᠦ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠠ ᠣᠷᠣᠨ ᠪᠦᠰᠡ ᠲᠠᠢ ᠬᠠᠷᠢᠯᠴᠠᠨ᠎ᠠ᠃    ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠵᠠᠪᠳᠤᠨ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠠᠵᠢᠯ ᠢ ᠬᠠᠮᠢᠶᠠᠷᠤᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠪᠠ ᠦᠨᠳᠦᠰᠦᠲᠡᠨ ᠤ ᠡᠷᠲᠡᠨ ᠤ ᠨᠣᠮ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ ᠢ ᠵᠢᠯᠣᠭᠤᠳᠤᠨ᠎ᠠ᠃    ︵ᠳᠤᠯᠤᠭ᠎ᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ᠂ ᠬᠥᠮᠥᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃    ︵ᠨᠠᠢᠮᠠ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠬᠤᠶᠠᠷ᠂ ᠳᠣᠲᠣᠭᠠᠳᠤ ᠪᠠᠶᠢᠭᠤᠯᠤᠮᠵᠢ᠄ ᠦᠴᠦᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠣᠲᠣᠭᠠᠳᠤ ᠪᠠᠶᠢᠭᠤᠯᠤᠮᠵᠢ ᠳᠤ ᠠᠯᠪᠠᠨ ᠭᠡᠷ᠂ ᠦᠨᠳᠦᠰᠦᠲᠡᠨ ᠤ ᠬᠡᠷᠡᠭ ᠡᠷᠬᠢᠯᠡᠬᠦ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠠᠭᠲᠠᠨ᠎ᠠ᠃ ᠣᠷᠣᠨ ᠲᠤᠭ᠎ᠠ ᠨᠢ 11 ᠪᠠᠶᠢᠵᠤ᠂ ᠡᠭᠦᠨ ᠳᠤ ᠵᠠᠰᠠᠭ ᠵᠠᠬᠢᠷᠭᠠᠨ ᠤ ᠣᠷᠣᠨ ᠲᠤᠭ᠎ᠠ ᠨᠢ 5᠂ ᠪᠠᠶᠢᠭᠤᠯᠭ᠎ᠠ ᠶᠢᠨ ᠦᠢᠯᠡᠴᠢᠯᠡᠭᠡᠨ ᠤ ᠣᠷᠣᠨ ᠲᠤᠭ᠎ᠠ ᠨᠢ 1᠂ ᠠᠵᠢᠯ ᠦᠢᠯᠡᠰ ᠤᠨ ᠣᠷᠣᠨ ᠲᠤᠭ᠎ᠠ ᠨᠢ 5᠃    ︵ᠨᠢᠭᠡ︶ ᠠᠯᠪᠠᠨ ᠭᠡᠷ    ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠴᠢᠬᠤᠯᠠ ᠶᠡᠭᠡ ᠵᠦᠢᠯᠡᠰ ᠤᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ᠎ᠠ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠲᠠᠩᠰᠠ ᠡᠪᠬᠡᠮᠡᠯ᠂ ᠵᠠᠬᠢᠳᠠᠯ ᠰᠤᠷᠪᠤᠯᠵᠢᠯᠠᠯ᠂ ᠡᠳ᠋ ᠤᠨ ᠶᠠᠪᠤᠳᠠᠯ᠂ ᠡᠳ᠋ ᠬᠥᠷᠥᠩᠭᠡ᠂ ᠬᠢᠨᠠᠨ ᠪᠣᠳᠣᠯᠲᠠ ᠵᠡᠷᠭᠡ ᠠᠵᠢᠯ ᠢ ᠬᠠᠷᠢᠭᠤᠴᠠᠨ᠎ᠠ᠃ ᠦᠨᠳᠦᠰᠦᠲᠡᠨ ᠤ ᠬᠡᠷᠡᠭ ᠶᠠᠪᠤᠳᠠᠯ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠣᠯᠠᠨ ᠤᠯᠤᠰ ᠤᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ᠂ ᠭᠠᠳᠠᠭᠠᠳᠤ ᠳᠤ ᠬᠤᠯᠪᠣᠭᠳᠠᠬᠤ ᠪᠠ ᠰᠢᠶᠠᠩᠭᠠᠩ ᠣᠣᠮᠧᠨ ᠲᠠᠶᠢᠸᠠᠨ ᠳᠤ ᠬᠤᠯᠪᠣᠭᠳᠠᠬᠤ ᠬᠡᠷᠡᠭ ᠶᠠᠪᠤᠳᠠᠯ ᠵᠡᠷᠭᠡ ᠭᠠᠳᠠᠭᠠᠳᠤ ᠶᠠᠪᠤᠳᠠᠯ ᠤᠨ ᠡᠭᠦᠷᠭᠡ ᠴᠢᠳᠠᠪᠤᠷᠢ ᠶᠢ ᠡᠭᠦᠷᠭᠡᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠪᠠ ᠬᠡᠷᠡᠭᠵᠢᠭᠦᠯᠬᠦ ᠠᠵᠢᠯ ᠳᠤ ᠣᠷᠣᠯᠴᠠᠵᠤ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠪᠠᠶᠢᠭᠤᠯᠤᠮᠵᠢ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠥᠮᠥᠵᠢᠭᠦᠯᠬᠦ᠂ ᠰᠤᠷᠭᠠᠨ ᠬᠥᠮᠥᠵᠢᠭᠦᠯᠬᠦ᠂ ᠬᠡᠷᠡᠭᠯᠡᠬᠦ ᠠᠵᠢᠯ ᠢ ᠥᠷᠨᠢᠭᠦᠯᠦᠨ᠎ᠡ᠃ ᠦᠨᠳᠦᠰᠦᠲᠡᠨ ᠤ ᠠᠵᠢᠯ ᠤᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠢ ᠬᠠᠷᠢᠭᠤᠴᠠᠨ᠎ᠠ᠃    ︵ᠬᠤᠶᠠᠷ︶ ᠦᠨᠳᠦᠰᠦᠲᠡᠨ ᠤ ᠬᠡᠷᠡᠭ ᠡᠷᠬᠢᠯᠡᠬᠦ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ    ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠠ ᠬᠥᠬᠢᠭᠦᠯᠦᠨ ᠰᠠᠶᠢᠰᠢᠶᠠᠬᠤ ᠠᠵᠢᠯ ᠢ ᠳᠠᠭᠠᠭᠠᠨ ᠡᠷᠬᠢᠯᠡᠵᠦ᠂ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠬᠦ ᠳᠤ ᠬᠤᠯᠪᠣᠭᠳᠠᠬᠤ ᠬᠤᠯᠪᠣᠭᠳᠠᠯ ᠪᠦᠬᠦᠢ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠯᠠᠯᠤ ᠶᠢᠨ ᠢᠳᠡᠭᠡᠨ ᠤ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠦᠨᠳᠦᠰᠦᠲᠡᠨ ᠤ ᠰᠤᠷᠭᠠᠨ ᠬᠥᠮᠦᠵᠢᠯ ᠤᠨ ᠲᠤᠰᠠᠯᠠᠮᠵᠢ ᠦᠵᠡᠭᠦᠯᠬᠦ ᠪᠠ ᠦᠨᠳᠦᠰᠦᠲᠡᠨ ᠤ ᠰᠤᠷᠭᠠᠨ ᠬᠥᠮᠦᠵᠢᠯ  ᠢ ᠲᠡᠳᠬᠦᠬᠦ ᠬᠤᠯᠪᠣᠭᠳᠠᠯ ᠪᠦᠬᠦᠢ ᠤᠴᠢᠷ  ᠢ ᠥᠷᠨᠢᠭᠦᠯᠦᠨ᠎ᠡ᠃    ᠭᠤᠷᠪᠠ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠡᠮᠦᠨ᠎ᠡ ᠶᠡᠭᠡ ᠵᠡᠭᠡᠯᠢ ᠶᠢᠨ ᠬᠥᠬᠡ 17 ᠳ᠋ᠤᠭᠠᠷ ᠲᠣᠭᠠᠲᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ    ᠳᠥᠷᠪᠡ᠂ ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30-12᠄ 00 14᠄ 30-17᠄ 30    ᠲᠠᠪᠤ᠂ ᠬᠠᠷᠢᠯᠴᠠᠬᠤ ᠠᠷᠭ᠎ᠠ ᠬᠡᠯᠪᠡᠷᠢ᠄ 0471 - 8821015    ᠵᠢᠷᠭᠤᠭ᠎ᠠ᠂ ᠬᠠᠷᠢᠭᠤᠴᠠᠯᠭᠠᠲᠠᠨ᠄ ᠶᠠᠩ ᠳ᠋ᠦᠩ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号