ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ | 2024 ᠣᠨ ᠤ 11 ᠰᠠᠷ᠎ᠠ ᠶᠢᠨ ᠰᠡᠭᠦᠯᠴᠢ ᠪᠤᠯᠲᠠᠯ᠎ᠠ ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠳᠤ | ᠨᠡᠶᠢᠲᠡ 2.3 ᠲᠦᠮᠡᠨ ᠴᠠᠭᠢᠯᠭᠠᠨ ᠴᠡᠨᠡᠭᠯᠡᠭᠦᠷ ᠤᠭᠰᠠᠷᠠᠵᠤ᠂ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ | ᠲᠣᠭᠤᠷᠢᠭ ᠤᠨ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢ 100% ᠪᠠᠷ ᠬᠡᠷᠡᠭᠯᠡᠵᠦ ᠲᠠᠶᠢᠯᠭᠦ ᠪᠣᠯᠭᠠᠨ᠂ ᠨᠥᠬᠦᠴᠡᠯ | ᠪᠦᠷᠢᠯᠳᠦᠭᠦᠯᠦᠭᠰᠡᠨ ᠡᠩ ᠤᠨ ᠤᠯᠤᠰ ᠤᠨ ᠵᠠᠰᠠᠮᠠᠯ ᠵᠠᠮ ᠪᠠ ᠮᠤᠵᠢ ᠶᠢᠨ ᠭᠤᠣᠯ ᠱᠤᠭᠤᠮ ᠤᠨ ᠦᠢᠯᠡᠴᠢᠯᠡᠭᠡᠨ ᠤ | ᠲᠣᠭᠤᠷᠢᠭ ᠲᠤ ᠴᠠᠭᠢᠯᠭᠠᠨ ᠴᠡᠨᠡᠭᠯᠡᠬᠦ ᠱᠣᠩ ᠢ ᠨᠡᠶᠢᠳᠡᠮ ᠪᠦᠷᠬᠦᠭᠦᠯᠪᠡ᠃ | ᠣᠶᠢᠯᠠᠭᠠᠭᠰᠠᠨ ᠢᠶᠠᠷ᠂ ᠮᠠᠨ ᠤ ᠣᠷᠣᠨ ᠵᠣᠬᠢᠰᠲᠠᠢ ᠤᠷᠢᠳᠴᠢᠯᠠᠭᠤᠯᠬᠤ ᠵᠠᠷᠴᠢᠮ ᠶᠣᠰᠣᠭᠠᠷ ᠡᠯ᠎ᠡ ᠠᠶᠢᠮᠠᠭ | ᠬᠤᠲᠠ ᠶᠢᠨ ᠭᠠᠵᠠᠷ ᠣᠷᠣᠨ ᠤ ᠬᠥᠮᠥᠨ ᠠᠮᠠ᠂ ᠦᠢᠯᠡᠳᠪᠦᠷᠢᠯᠡᠯ ᠤᠨ ᠶᠡᠷᠦᠩᠬᠡᠢ ᠥᠷᠲᠡᠭ᠂ ᠪᠠᠶᠢᠭᠠᠯᠢ ᠶᠢᠨ | ᠣᠷᠴᠢᠨ ᠲᠣᠭᠤᠷᠢᠨ᠂ ᠠᠭᠤᠷ ᠠᠮᠢᠰᠬᠤᠯ ᠤᠨ ᠨᠥᠬᠦᠴᠡᠯ ᠵᠡᠷᠭᠡ ᠬᠦᠴᠦᠨ ᠵᠦᠢᠯ ᠢ ᠪᠣᠳᠣᠯᠬᠢᠯᠠᠵᠤ᠂ ᠵᠠᠰᠠᠮᠠᠯ ᠵᠠᠮ | ᠳᠠᠭᠠᠤ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠤᠰᠢᠭᠤ ᠰᠢᠶᠠᠨ ᠤ ᠭᠤᠣᠯ ᠬᠤᠲᠠ ᠶᠢᠨ ᠲᠣᠭᠤᠷᠢᠭ᠂ ᠰᠢᠶᠠᠩ | ᠰᠤᠮᠤ ᠪᠠᠯᠭᠠᠰᠤ ᠪᠠᠶᠢᠭᠤᠯᠤᠮᠵᠢᠳᠤ ᠭᠠᠴᠠᠭ᠎ᠠ ᠲᠣᠰᠬᠤᠨ ᠵᠡᠷᠭᠡ ᠳᠥᠷᠪᠡᠨ ᠶᠡᠭᠡ ᠠᠬᠤᠢ ᠪᠠᠶᠢᠳᠠᠯ ᠳᠤ ᠰᠠᠭᠤᠷᠢᠯᠠᠨ᠂ | ︽ᠮᠠᠯᠵᠢᠬᠤ ᠲᠠᠷᠢᠶᠠᠯᠠᠬᠤ ᠣᠷᠣᠨ ᠤ ᠴᠠᠭᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠭᠤᠷᠪᠠᠨ ᠵᠢᠯ︵2023 - | 2025 ᠣᠨ︶ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠲᠥᠰᠥᠯ︾ ᠢ ᠲᠣᠭᠲᠠᠭᠠᠵᠤ᠂ 2025 | ᠣᠨ ᠪᠤᠯᠲᠠᠯ᠎ᠠ ᠪᠦᠭᠦ ᠣᠷᠣᠨ ᠤ ᠬᠤᠰᠢᠭᠤ ᠰᠢᠶᠠᠨ ᠤ ᠭᠤᠣᠯ ᠬᠤᠲᠠ ᠶᠢᠨ ᠲᠣᠭᠤᠷᠢᠭ᠂ ᠰᠢᠶᠠᠩ ᠰᠤᠮᠤ ᠪᠠᠯᠭᠠᠰᠤ᠂ | ᠪᠠᠶᠢᠭᠤᠯᠤᠮᠵᠢᠲᠤ ᠭᠠᠴᠠᠭ᠎ᠠ ᠲᠣᠰᠬᠤᠨ ᠳᠤ ᠴᠠᠭᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠨᠡᠶᠢᠳᠡᠮ | ᠪᠦᠷᠬᠦᠭᠦᠯᠦᠨ᠎ᠡ ᠭᠡᠵᠦ ᠳᠤᠷᠠᠳᠤᠭᠰᠠᠨ ᠪᠠᠶᠢᠨ᠎ᠠ᠃ | | |