ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠲᠦᠷᠦᠭᠦᠬᠡᠨ ︽ᠡᠮ ᠤᠨ ᠵᠦᠢᠯ ᠡᠮᠴᠢᠯᠡᠭᠡᠨ ᠤ | ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠡᠮ | ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ︵ᠳᠣᠷᠣᠭᠰᠢ | ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ︽ᠰᠠᠨᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨᠵᠢᠯᠡᠬᠦ ᠤᠬᠠᠭᠠᠨᠴᠢᠯᠠᠯᠲᠠ᠂ ᠬᠠᠤᠯᠢᠵᠢᠯᠲᠠ᠂ ᠳᠡᠯᠡᠬᠡᠶᠢᠵᠢᠯᠲᠡ᠂ | ᠣᠳᠣᠬᠢᠴᠢᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠴᠢᠨᠠᠷ ᠰᠠᠶᠢᠲᠠᠢ | ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠮ ᠤᠨ | ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠪᠦᠭᠦ ᠶᠠᠪᠤᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠦᠷᠢᠶᠡᠨ ᠤ ᠪᠦᠭᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠨ ᠪᠠᠶᠢᠭᠤᠯᠵᠤ᠂ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ | ᠪᠦᠬᠦᠢ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠤᠯᠭᠠᠵᠤ᠂ ᠮᠠᠨ ᠤ ᠤᠯᠤᠰ ᠤᠨ ᠡᠮ ᠦᠢᠯᠡᠳᠬᠦ ᠲᠣᠮᠣ | ᠤᠯᠤᠰ ᠠᠴᠠ ᠡᠮ ᠦᠢᠯᠡᠳᠬᠦ ᠬᠦᠴᠦᠷᠬᠡᠭ ᠤᠯᠤᠰ ᠲᠡᠶᠢᠰᠢ ᠬᠥᠭᠵᠢᠬᠦ ᠶᠢ ᠠᠬᠢᠭᠤᠯᠵᠤ᠂ ᠠᠷᠠᠳ ᠤᠯᠠᠨ ᠤ ᠴᠢᠨᠠᠷ | ᠰᠠᠶᠢᠲᠠᠢ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠪᠣᠯᠣᠨ᠎ᠠ᠃ | | ︽ᠰᠠᠨᠠᠯ︾ ᠳᠤ᠂ 2027 ᠣᠨ ᠪᠤᠯᠬᠤ ᠳᠤ᠂ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ | ᠬᠠᠮᠢᠶᠠᠷᠬᠤ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠢ ᠨᠡᠩ ᠲᠡᠭᠦᠯᠳᠡᠷᠵᠢᠭᠦᠯᠵᠦ᠂ ᠬᠢᠨᠠᠨ | ᠬᠠᠮᠢᠶᠠᠷᠬᠤ ᠰᠢᠰᠲ᠋ᠧᠮ᠂ ᠬᠢᠨᠠᠨ ᠬᠠᠮᠢᠶᠠᠷᠬᠤ ᠲᠣᠭᠲᠠᠴᠠ᠂ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠡᠮ ᠡᠮᠨᠡᠯᠭᠡ ᠶᠢᠨ | ᠰᠢᠨ᠎ᠡ ᠶᠢ ᠡᠭᠦᠳᠬᠦ ᠪᠠ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠨᠠᠩ | ᠰᠠᠶᠢᠲᠤᠷ ᠵᠣᠬᠢᠴᠠᠭᠤᠯᠵᠤ᠂ ᠰᠢᠨ᠎ᠡ ᠶᠢ ᠡᠭᠦᠳᠬᠦ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ | ᠵᠥᠪᠰᠢᠶᠡᠷᠡᠬᠦ ᠶᠠᠰᠤ ᠴᠢᠨᠠᠷ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠪᠦᠭᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠤ ᠬᠢᠨᠠᠨ ᠬᠠᠮᠢᠶᠠᠷᠤᠯᠲᠠ ᠶᠢ ᠢᠯᠡᠳᠲᠡ ᠴᠢᠩᠭᠠᠳᠬᠠᠨ᠂ ᠶᠠᠰᠤ ᠴᠢᠨᠠᠷ ᠤᠨ ᠠᠮᠤᠷ | ᠲᠦᠪᠰᠢᠨ ᠤ ᠬᠢᠷᠢ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠡᠮ ᠡᠮᠨᠡᠯᠭᠡ ᠶᠢᠨ ᠰᠢᠨ᠎ᠡ ᠶᠢ ᠡᠭᠦᠳᠬᠦ ᠪᠠ | ᠠᠵᠤ ᠦᠢᠯᠡᠰ ᠤᠨ ᠬᠥᠭᠵᠢᠯᠲᠡ ᠯᠦᠭᠡ ᠵᠣᠬᠢᠴᠠᠯᠳᠤᠭᠰᠠᠨ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠤᠨ᠎ᠠ᠃ | 2035 ᠣᠨ ᠪᠤᠯᠬᠤ ᠳᠤ᠂ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠠᠮᠤᠷ ᠲᠦᠪᠰᠢᠨ᠂ | ᠪᠦᠲᠦᠮᠵᠢᠲᠡᠶ᠂ ᠭᠦᠢᠴᠡᠳ ᠪᠠᠲᠤᠯᠠᠭ᠎ᠠ ᠲᠠᠢ ᠪᠣᠯᠵᠤ᠂ ᠡᠮ ᠡᠮᠨᠡᠯᠭᠡ ᠶᠢᠨ ᠠᠵᠤ ᠦᠢᠯᠡᠰ ᠢ ᠨᠠᠩ ᠴᠢᠩᠭ᠎ᠠ ᠰᠢᠨ᠎ᠡ ᠶᠢ | ᠡᠭᠦᠳᠬᠦ ᠪᠦᠲᠦᠭᠡᠯᠴᠢ ᠬᠦᠴᠦᠨ ᠪᠠ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠲᠠᠢ ᠪᠤᠯᠭᠠᠵᠤ᠂ ᠬᠢᠨᠠᠯᠲᠠ | ᠬᠠᠮᠢᠶᠠᠷᠤᠯᠲᠠ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ ᠭᠡᠵᠦ ᠳᠤᠷᠠᠳᠪᠠ᠃ | ︽ᠰᠠᠨᠠᠯ︾ ᠳᠤ 5 ᠲᠠᠯ᠎ᠠ ᠶᠢᠨ 24 ᠵᠤᠷᠪᠤᠰ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠳᠣᠷᠬᠠᠢ | ᠲᠣᠭᠲᠠᠭᠠᠪᠠ᠃ ᠨᠢᠭᠡ ᠳᠤ᠂ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠢ ᠰᠤᠳᠤᠯᠤᠨ ᠨᠡᠭᠡᠭᠡᠵᠦ ᠰᠢᠨ᠎ᠡ ᠶᠢ | ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠲᠣᠭᠲᠠᠴᠠ ᠶᠢ | ᠲᠡᠭᠦᠯᠳᠡᠷᠵᠢᠭᠦᠯᠵᠦ ᠴᠢᠬᠤᠯᠠ ᠶᠡᠭᠡ ᠰᠢᠨ᠎ᠡ ᠶᠢ ᠡᠭᠦᠳᠬᠦ ᠶᠢ ᠪᠦᠭᠦ ᠬᠦᠴᠦᠨ ᠢᠶᠠᠷ ᠢᠶᠠᠨ ᠳᠡᠮᠵᠢᠵᠦ᠂ ᠬᠢᠲᠠᠳ ᠡᠮ ᠤᠨ | ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠡᠮ ᠤᠨ ᠵᠦᠢᠯ | ᠡᠮᠴᠢᠯᠡᠭᠡᠨ ᠤ ᠪᠠᠭᠠᠵᠢ ᠬᠡᠷᠡᠭᠰᠡᠯ ᠤᠨ ᠰᠢᠨ᠎ᠡ ᠶᠢ ᠡᠭᠦᠳᠬᠦ ᠳᠤ ᠪᠠᠷᠢᠮᠵᠢᠶ᠎ᠠ ᠶᠢᠨ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠵᠤ᠂ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠠᠮᠢᠶ᠎ᠠ ᠪᠦᠬᠦᠢ ᠳᠦᠷᠢᠮ ᠢ ᠲᠡᠭᠦᠯᠳᠡᠷᠵᠢᠭᠦᠯᠵᠦ᠂ ᠰᠢᠨ᠎ᠡ ᠶᠢ | ᠡᠭᠦᠳᠦᠭᠰᠡᠨ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠳᠡᠯᠭᠡᠷᠡᠭᠦᠯᠦᠨ ᠬᠡᠷᠡᠭᠯᠡᠬᠦ ᠶᠢ ᠢᠳᠡᠪᠬᠢᠲᠡᠢ ᠳᠡᠮᠵᠢᠨ᠎ᠡ᠃ | ᠬᠤᠶᠠᠷ ᠲᠤ᠂ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠶᠠᠰᠤ ᠴᠢᠨᠠᠷ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠢ ᠳᠠᠩᠰᠠᠯᠠᠭᠤᠯᠵᠤ | ᠮᠡᠳᠡᠭᠦᠯᠬᠦ ᠤᠷᠢᠳᠠᠴᠢ ᠵᠢᠯᠣᠭᠤᠳᠤᠯᠭ᠎ᠠ ᠶᠢ ᠴᠢᠩᠭᠠᠳᠬᠠᠵᠤ᠂ ᠡᠮᠴᠢᠯᠡᠭᠡᠨ ᠳᠤ ᠪᠠᠴᠢᠮ ᠬᠡᠷᠡᠭᠰᠡᠬᠦ ᠡᠮ ᠤᠨ ᠵᠦᠢᠯ | ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠨ ᠵᠥᠪᠰᠢᠶᠡᠷᠡᠯ ᠢ ᠵᠠᠬ᠎ᠠ ᠳᠡᠯᠭᠡᠭᠦᠷ ᠲᠤ ᠭᠠᠷᠭᠠᠬᠤ ᠶᠢ ᠲᠦᠷᠭᠡᠳᠬᠡᠨ᠂ | ᠡᠮᠴᠢᠯᠡᠭᠡᠨ ᠤ ᠲᠤᠷᠰᠢᠯᠲᠠ ᠶᠢᠨ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠲᠣᠭᠲᠠᠴᠠ᠂ ᠡᠮ ᠤᠨ ᠵᠦᠢᠯ ᠤᠨ ᠨᠥᠬᠦᠪᠦᠷᠢ | ᠭᠤᠶᠤᠴᠢᠯᠠᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠪᠠ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠢ | ᠳᠡᠩᠰᠡᠯᠡᠵᠦ ᠰᠢᠯᠭᠠᠨ ᠪᠠᠶᠢᠴᠠᠭᠠᠬᠤ ᠶᠢ ᠰᠢᠯᠢᠳᠡᠭᠵᠢᠭᠦᠯᠵᠦ᠂ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ | ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠶᠢ ᠲᠦᠷᠭᠡᠳᠬᠡᠨ᠎ᠡ᠃ | ᠭᠤᠷᠪᠠ ᠳᠤ᠂ ᠥᠨᠳᠥᠷ ᠪᠦᠲᠦᠮᠵᠢᠲᠡᠶ ᠴᠢᠩᠭ᠎ᠠ ᠬᠢᠨᠠᠯᠲᠠ ᠬᠠᠮᠢᠶᠠᠷᠤᠯᠲᠠ ᠪᠠᠷ ᠡᠮ ᠡᠮᠨᠡᠯᠭᠡ ᠶᠢᠨ ᠠᠵᠤ ᠦᠢᠯᠡᠰ ᠤᠨ | ᠲᠣᠭᠲᠠᠭᠠᠯ ᠳᠤ ᠨᠡᠶᠢᠴᠡᠬᠦ ᠲᠦᠪᠰᠢᠨ ᠢ ᠳᠡᠭᠡᠭᠰᠢᠯᠡᠭᠦᠯᠦᠨ᠎ᠡ᠃ ᠠᠮᠢᠳᠤ ᠪᠣᠳᠠᠰ ᠤᠨ ᠦᠢᠯᠡᠳᠬᠦᠨ ︵ᠸᠠᠺᠼᠢᠨ︶ ᠢ | ᠵᠥᠪᠰᠢᠶᠡᠷᠡᠨ ᠭᠠᠷ ᠤᠨ ᠥᠰᠥᠭ ᠵᠢᠷᠤᠵᠤ ᠡᠷᠬᠡ ᠣᠯᠭᠤᠬᠤ ᠶᠢ ᠠᠬᠢᠭᠤᠯᠵᠤ᠂ ᠳᠠᠭᠤᠷᠢᠶᠠᠮᠠᠯ ᠡᠮ ᠤᠨ ᠶᠠᠰᠤ | ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠂ ᠡᠮ ᠡᠮᠨᠡᠯᠭᠡ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠰᠢᠯᠭᠠᠨ | ᠪᠠᠶᠢᠴᠠᠭᠠᠬᠤ ᠶᠠᠪᠤᠴᠠ ᠶᠢᠨ ᠮᠡᠳᠡᠭᠡ ᠵᠠᠩᠭᠢᠵᠢᠯᠲᠠ ᠶᠢ ᠠᠬᠢᠭᠤᠯᠵᠤ᠂ ᠡᠮ ᠤᠨ ᠵᠦᠢᠯ ᠡᠮᠴᠢᠯᠡᠭᠡᠨ ᠤ ᠪᠠᠭᠠᠵᠢ | ᠬᠡᠷᠡᠭᠰᠡᠯ ᠳᠤ ᠬᠢᠨᠠᠯᠲᠠ ᠲᠠᠯᠪᠢᠵᠤ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠰᠢᠨ᠎ᠡ ᠶᠢ ᠡᠭᠦᠳᠦᠭᠰᠡᠨ | ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠰᠡᠷᠡᠮᠵᠢᠯᠡᠭᠦᠯᠭᠦ ᠠᠵᠢᠯ ᠢ ᠴᠢᠩᠭᠠᠳᠬᠠᠵᠤ᠂ ᠡᠮ ᠡᠮᠨᠡᠯᠭᠡ ᠶᠢᠨ | ᠭᠦᠢᠯᠭᠡᠭᠡᠨ ᠤ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠳᠥᠷᠪᠡ ᠳᠤ᠂ ᠡᠮ ᠡᠮᠨᠡᠯᠭᠡ ᠶᠢᠨ ᠠᠵᠤ ᠦᠢᠯᠡᠰ ᠤᠨ ᠭᠠᠳᠠᠭᠰᠢ ᠨᠡᠭᠡᠭᠡᠯᠲᠡ | ᠬᠢᠬᠦ ᠬᠠᠮᠲᠤᠷᠠᠯᠴᠠᠭ᠎ᠠ ᠪᠠᠨ ᠥᠷᠭᠡᠳᠬᠡᠬᠦ ᠶᠢ ᠳᠡᠮᠵᠢᠨ᠎ᠡ᠃ ᠤᠯᠠᠨ ᠤᠯᠤᠰ ᠤᠨ ᠨᠡᠶᠢᠳᠡᠮ ᠬᠡᠷᠡᠭᠯᠡᠬᠦ ᠬᠢᠨᠠᠯᠲᠠ | ᠬᠠᠮᠢᠶᠠᠷᠤᠯᠲᠠ ᠶᠢᠨ ᠳᠦᠷᠢᠮ ᠢ ᠬᠤᠪᠢᠷᠠᠭᠤᠯᠤᠨ ᠬᠡᠷᠡᠭᠵᠢᠭᠦᠯᠬᠦ ᠶᠢ ᠭᠦᠨᠵᠡᠭᠡᠢ ᠲᠦᠯᠬᠢᠨ ᠠᠬᠢᠭᠤᠯᠵᠤ᠂ ᠠᠮᠢᠳᠤ | ᠪᠣᠳᠠᠰ ᠤᠨ ᠦᠢᠯᠡᠳᠬᠦᠨ ᠢ ᠬᠡᠰᠡᠭ ᠬᠤᠪᠢᠶᠠᠨ ᠦᠢᠯᠡᠳᠪᠦᠷᠢᠯᠡᠬᠦ ᠵᠠᠭᠪᠤᠷ ᠢ ᠬᠠᠶᠢᠨ ᠰᠦᠪᠡᠭᠴᠢᠯᠡᠵᠦ᠂ ᠡᠮ ᠤᠨ | ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠢ ᠭᠠᠳᠠᠭᠠᠳᠤ ᠠᠴᠠ ᠣᠷᠣᠭᠤᠯᠬᠤ ᠶᠢ ᠬᠢᠨᠠᠨ ᠵᠥᠪᠰᠢᠶᠡᠷᠡᠬᠦ ᠶᠢ | ᠰᠢᠯᠢᠳᠡᠭᠵᠢᠭᠦᠯᠵᠦ᠂ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠢ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ | ᠳᠡᠮᠵᠢᠨ᠎ᠡ᠃ ᠲᠠᠪᠤ ᠳᠤ᠂ ᠠᠵᠤ ᠦᠢᠯᠡᠰ ᠤᠨ ᠬᠥᠭᠵᠢᠯᠲᠡ ᠪᠠ ᠠᠮᠤᠷ ᠲᠦᠪᠰᠢᠨ ᠤ ᠬᠡᠷᠡᠭᠴᠡᠭᠡ ᠳᠤ ᠵᠣᠬᠢᠴᠠᠭᠰᠠᠨ | ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠢ ᠶᠡᠭᠡ | ᠪᠠᠷ ᠬᠥᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | | |