ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠨᠡᠶᠢᠭᠡᠮ ᠤᠨ ᠠᠵᠢᠯ ᠪᠠ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ | ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ | ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢᠨ ᠲᠥᠯᠥᠭᠡ᠂ 1 ᠰᠠᠷ᠎ᠠ ᠶᠢᠨ 6 ᠤ ᠡᠳᠦᠷ᠂ ᠦᠴᠦᠸᠠᠨ | ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠦᠴᠦᠸᠠᠨ ᠰᠢᠶᠠᠨ ᠤ ᠠᠵᠢᠯᠴᠢᠨ ᠤ ᠶᠡᠷᠦᠩᠬᠡᠢ | ᠡᠪᠯᠡᠯ᠂ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ ᠠᠴᠠ ᠨᠡᠶᠢᠭᠡᠮ ᠲᠣᠭᠤᠷᠢᠭ ᠤᠨ ᠠᠵᠢᠯᠲᠠᠳ ᠤᠨ | ᠮᠡᠳᠡᠯᠭᠡ ᠶᠢᠨ ᠤᠷᠤᠯᠳᠤᠭᠠᠨ ᠢ ᠬᠠᠮᠲᠤᠷᠠᠨ ᠡᠷᠬᠢᠯᠡᠪᠡ᠃ ᠬᠥᠬᠡ ᠡᠷᠭᠢ ᠪᠠᠯᠭᠠᠰᠤᠨ ᠤ ᠡᠯ᠎ᠡ ᠨᠡᠶᠢᠭᠡᠮ ᠲᠣᠭᠤᠷᠢᠭ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠨᠡᠶᠢᠲᠡ ᠠᠷᠪᠠᠨ ᠬᠤᠶᠠᠷ ᠡᠩᠨᠡᠭᠡ ᠤᠷᠤᠯᠳᠤᠭᠠᠨ ᠳᠤ ᠣᠷᠣᠯᠴᠠᠪᠠ᠃ | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠤ ᠵᠣᠷᠢᠯᠭ᠎ᠠ ᠨᠢ ᠨᠡᠶᠢᠭᠡᠮ ᠲᠣᠭᠤᠷᠢᠭ ᠤᠨ | ᠠᠵᠢᠯᠲᠠᠨ ᠳᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠠ ᠬᠠᠮᠢᠶ᠎ᠠ ᠪᠦᠬᠦᠢ ᠣᠨᠣᠯ ᠤᠨ ᠮᠡᠳᠡᠯᠭᠡ ᠶᠢ ᠨᠠᠩ | ᠰᠠᠶᠢᠲᠤᠷ ᠣᠶᠢᠯᠠᠭᠠᠭᠤᠯᠵᠤ᠂ ᠨᠡᠶᠢᠭᠡᠮ ᠤᠨ ᠠᠵᠢᠯᠲᠠᠨ ᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ | ᠳᠡᠭᠡᠭᠰᠢᠯᠡᠭᠦᠯᠦᠨ᠂ ᠨᠡᠶᠢᠭᠡᠮ ᠤᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ | ᠶᠤᠮ᠃ | | | | | | ᠤᠷᠤᠯᠳᠤᠭᠠᠨ ᠳᠤ ᠬᠤᠪᠢ ᠬᠥᠮᠥᠨ ᠤ ᠵᠠᠪᠠᠯ ᠬᠠᠷᠢᠭᠤᠯᠬᠤ ᠰᠡᠳᠦᠪ᠂ ᠳᠤᠭᠤᠶᠢᠯᠠᠩ ᠤᠨ ᠵᠠᠪᠠᠯ ᠬᠠᠷᠢᠭᠤᠯᠬᠤ | ᠰᠡᠳᠦᠪ᠂ ᠵᠠᠪᠳᠤᠨ ᠬᠠᠷᠢᠭᠤᠯᠬᠤ ᠰᠡᠳᠦᠪ᠂ ᠦᠵᠡᠭᠳᠡᠯ ᠤᠨ ᠰᠡᠳᠦᠪ ᠵᠡᠷᠭᠡ ᠣᠯᠠᠨ ᠵᠦᠢᠯ ᠤᠨ ᠰᠡᠳᠦᠪ ᠤᠨ | ᠬᠡᠯᠪᠡᠷᠢ ᠶᠢ ᠲᠣᠬᠢᠷᠠᠭᠤᠯᠵᠤ᠂ ᠲᠠᠮᠢᠷᠴᠢᠳ ᠤᠯᠤᠰ ᠲᠥᠷᠥ ᠶᠢᠨ ᠣᠨᠣᠯ᠂ ᠲᠤᠬᠠᠶᠢᠯᠠᠭᠰᠠᠨ ᠠᠵᠢᠯ ᠤᠨ ᠮᠡᠳᠡᠯᠭᠡ᠂ | ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠭᠤᠣᠯᠳᠠᠯᠭ᠎ᠠ ᠲᠠᠢ | ᠡᠭᠦᠷᠭᠡ᠂ ᠨᠡᠶᠢᠭᠡᠮ ᠲᠣᠭᠤᠷᠢᠭ ᠤᠨ ᠠᠵᠢᠯ ᠤᠨ ᠪᠠᠶᠢᠳᠠᠯ ᠢ ᠰᠢᠢᠳᠪᠦᠷᠢᠯᠡᠬᠦ ᠵᠡᠷᠭᠡ ᠶᠢᠨ ᠲᠣᠭᠤᠷᠢᠨ ᠳᠤ ᠤᠷᠤᠯᠳᠤᠭᠠᠨ | ᠶᠠᠪᠤᠭᠤᠯᠪᠠ᠃ ᠤᠯᠠᠨ ᠢᠶᠠᠷ ᠢᠶᠠᠨ ᠢᠳᠡᠪᠬᠢᠲᠡᠢ ᠰᠡᠳᠬᠢᠨ ᠪᠣᠳᠣᠯᠬᠢᠯᠠᠵᠤ᠂ ᠢᠳᠡᠪᠬᠢᠲᠡᠢ ᠪᠠᠷ ᠶᠠᠷᠢᠶ᠎ᠠ ᠲᠠᠯᠪᠢᠵᠤ᠂ | ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠤᠷᠴᠠ ᠰᠢᠷᠦᠭᠦᠨ ᠪᠠᠶᠢᠵᠤ᠂ ᠨᠡᠶᠢᠭᠡᠮ ᠲᠣᠭᠤᠷᠢᠭ ᠤᠨ | ᠠᠵᠢᠯᠲᠠᠳ ᠤᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠣᠯᠣᠨ ᠢᠳᠡᠪᠬᠢᠲᠡᠢ ᠥᠭᠡᠳᠡᠯᠡᠨ ᠲᠠᠪᠰᠢᠬᠤ ᠤᠶᠤᠨ | ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ | ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠰᠢᠨ ᠳ᠋ᠦᠩ ᠵᠢᠶᠧ ᠨᠡᠶᠢᠭᠡᠮ ᠲᠣᠭᠤᠷᠢᠭ ᠤᠨ ᠬᠢᠨ | ᠭᠠᠷᠮᠠᠭᠠᠢ ᠪᠠᠳᠠᠷᠠᠭᠤᠯᠤᠯᠲᠠ ᠪᠠᠷ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠲᠣᠰ ᠤᠳᠠᠭᠠᠨ ᠤ ᠤᠷᠤᠯᠳᠤᠭᠠᠨ ᠳᠤ | ︽ᠠᠳᠠᠯᠢᠳᠬᠠᠬᠤ᠂ ᠰᠤᠷᠤᠯᠴᠠᠬᠤ᠂ ᠭᠦᠢᠴᠡᠬᠦ᠂ ᠬᠠᠪᠰᠤᠷᠬᠤ᠂ ᠳᠠᠪᠠᠭ᠋ᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠭᠰᠠᠨ ᠪᠥᠭᠡᠳ ᠨᠡᠶᠢᠭᠡᠮ ᠲᠣᠭᠤᠷᠢᠭ ᠤᠨ ᠠᠵᠢᠯᠲᠠᠨ ᠤ ᠶᠡᠷᠦᠩᠬᠡᠶᠢᠯᠡᠭᠰᠡᠨ ᠴᠢᠳᠠᠪᠤᠷᠢ ᠶᠢ ᠴᠤ ᠮᠠᠰᠢ ᠶᠡᠭᠡ | ᠳᠡᠭᠡᠭᠰᠢᠯᠡᠭᠦᠯᠪᠡ᠃ | ᠥᠷᠭᠡᠨ ᠤᠯᠠᠨ ᠨᠡᠶᠢᠭᠡᠮ ᠲᠣᠭᠤᠷᠢᠭ ᠤᠨ ᠠᠵᠢᠯᠲᠠᠳ᠂ ᠲᠤᠰ ᠤᠳᠠᠭ᠎ᠠ ᠶᠢᠨ ᠤᠷᠤᠯᠳᠤᠭᠠᠨ ᠢᠶᠠᠷ ᠠᠵᠠ | ᠲᠣᠬᠢᠶᠠᠯ ᠪᠣᠯᠭᠠᠵᠤ᠂ ᠴᠥᠬᠦᠷᠡᠰᠢ ᠦᠭᠡᠢ ᠲᠡᠮᠡᠴᠡᠵᠦ᠂ ᠪᠦᠬᠦ ᠰᠢᠶᠠᠨ ᠤ ᠨᠡᠶᠢᠭᠡᠮ ᠲᠣᠭᠤᠷᠢᠭ ᠤᠨ ᠠᠵᠢᠯᠲᠠᠳ ᠢ | ᠬᠥᠲᠥᠯᠥᠨ ᠳᠠᠭᠠᠭᠤᠯᠵᠤ ᠲᠤᠬᠠᠶᠢᠯᠠᠭᠰᠠᠨ ᠠᠵᠢᠯ ᠤᠨ ᠰᠠᠭᠤᠷᠢ ᠶᠢ ᠪᠠᠬᠢᠵᠢᠭᠦᠯᠵᠦ᠂ ᠶᠡᠷᠦᠩᠬᠡᠶᠢᠯᠡᠭᠰᠡᠨ ᠬᠡᠪ | ᠪᠣᠯᠪᠠᠰᠤᠷᠠᠯ ᠢ ᠳᠡᠭᠡᠭᠰᠢᠯᠡᠭᠦᠯᠵᠦ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ | ᠵᠠᠰᠠᠯᠲᠠ ᠶᠢᠨ ᠰᠢᠨ᠎ᠡ ᠪᠠᠶᠢᠷᠢᠰᠢᠯ ᠢ ᠴᠢᠷᠮᠠᠶᠢᠨ ᠪᠠᠶᠢᠭᠤᠯᠵᠤ᠂ ᠪᠦᠬᠦ ᠰᠢᠶᠠᠨ ᠤ ᠨᠡᠶᠢᠭᠡᠮ ᠤᠨ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |