ᠮᠠᠨ ᠤ ᠣᠷᠣᠨ ᠤ ᠢᠳᠡᠭᠡᠨ ᠤ ᠦᠢᠯᠡᠳᠪᠦᠷᠢᠯᠡᠯ ᠤᠨ ︽ᠮᠢᠩᠭᠠᠨ ᠠᠵᠤ ᠠᠬᠤᠶᠢᠯᠠᠯ ᠲᠦᠮᠡᠨ ᠦᠢᠯᠡᠳᠬᠡᠯ ᠤᠨ ᠭᠠᠵᠠᠷ︾ ᠢ ᠬᠠᠪᠰᠤᠷᠤᠨ ᠲᠡᠳᠬᠦᠬᠦ ᠠᠵᠢᠯᠯᠠᠭ᠎ᠠ ᠲᠣᠪᠣᠶᠢᠮ᠎ᠠ ᠦᠷ᠎ᠡ ᠪᠦᠲᠦᠮᠵᠢ ᠣᠯᠵᠠᠢ
ᠨᠡᠶᠢᠲᠡᠯᠡᠭᠰᠡᠨ ᠴᠠᠭ᠄
2025/1/7
     2024 ᠣᠨ ᠤ 5 ᠰᠠᠷ᠎ᠠ ᠠᠴᠠ ᠡᠬᠢᠯᠡᠵᠦ᠂ ᠢᠳᠡᠭᠡᠨ ᠤ ᠦᠢᠯᠡᠳᠪᠦᠷᠢᠯᠡᠯ ᠤᠨ ︽ᠮᠢᠩᠭᠠᠨ ᠠᠵᠤ ᠠᠬᠤᠶᠢᠯᠠᠯ ᠲᠦᠮᠡᠨ ᠦᠢᠯᠡᠳᠬᠡᠯ ᠤᠨ ᠭᠠᠵᠠᠷ︾ ᠢ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ ᠮᠠᠨ ᠤ ᠣᠷᠣᠨ ᠡᠩᠨᠡᠭᠡ ᠶᠢᠨ ᠪᠠᠶᠢᠭᠤᠯᠤᠯᠲᠠ ᠶᠢ ᠲᠥᠪᠯᠡᠷᠡᠭᠦᠯᠬᠦ᠂ ᠭᠤᠣᠯ ᠴᠣᠭᠴᠠ ᠶᠢᠨ ᠬᠠᠷᠢᠭᠤᠴᠠᠯᠭ᠎ᠠ  ᠶᠢ ᠴᠢᠩᠭᠠᠳᠬᠠᠬᠤ᠂ ᠶᠠᠰᠤ ᠴᠢᠨᠠᠷ ᠢ ᠳᠡᠭᠡᠭᠰᠢᠯᠡᠭᠦᠯᠭᠦ ᠪᠠᠷ ᠳᠠᠮᠵᠢᠭᠤᠯᠤᠨ᠂ ᠢᠳᠡᠭᠡᠨ ᠦᠢᠯᠡᠳᠪᠦᠷᠢᠯᠡᠬᠦ ᠭᠤᠣᠯ ᠴᠣᠭᠴᠠ ᠶᠢᠨ ᠲᠦᠷᠭᠡᠨ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠪᠠ᠃      2024 ᠣᠨ ᠤ 12 ᠰᠠᠷ᠎ᠠ ᠶᠢᠨ 24 ᠤ ᠡᠳᠦᠷ ᠪᠤᠯᠲᠠᠯ᠎ᠠ ᠮᠠᠨ ᠤ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠢ ᠨᠡᠶᠢᠲᠡ 571 ᠡᠷᠦᠭᠡ᠂ ᠢᠳᠡᠭᠡᠨ ᠡᠳ᠋ᠰᠢᠭᠦᠯᠦᠨ ᠪᠤᠯᠪᠠᠰᠤᠷᠠᠭᠤᠯᠬᠤ ᠵᠢᠵᠢᠭ ᠦᠢᠯᠡᠳᠬᠡᠯ ᠤᠨ ᠭᠠᠵᠠᠷ  ᠢ 1637 ᠡᠷᠦᠭᠡ ᠬᠠᠪᠰᠤᠷᠤᠨ ᠲᠡᠳᠬᠦᠵᠦ᠂ ᠠᠵᠤ ᠠᠬᠤᠶᠢᠯᠠᠯ ᠤᠨ ᠠᠰᠠᠭᠤᠳᠠᠯ ᠢ 521 ᠵᠦᠢᠯ ᠰᠢᠢᠳᠪᠦᠷᠢᠯᠡᠵᠦ᠂ ᠵᠢᠵᠢᠭ ᠦᠢᠯᠡᠳᠬᠡᠯ ᠤᠨ ᠭᠠᠵᠠᠷ ᠤᠨ ᠠᠰᠠᠭᠤᠳᠠᠯ ᠢ 1613 ᠵᠦᠢᠯ ᠰᠢᠢᠳᠪᠦᠷᠢᠯᠡᠪᠡ᠃ 946 ᠵᠢᠵᠢᠭ ᠦᠢᠯᠡᠳᠬᠡᠯ  ᠤᠨ ᠭᠠᠵᠠᠷ ᠢ ᠲᠠᠰ ᠳᠡᠪᠰᠢᠭᠦᠯᠵᠦ᠂ ︽ᠰᠣᠳᠣᠨ᠂ ᠥᠪᠡᠷᠮᠢᠴᠡ᠂ ᠭᠤᠶᠤ︾ ᠴᠢᠨᠠᠷ ᠰᠠᠶᠢᠲᠠᠢ ᠣᠷᠣᠨ ᠨᠤᠲᠤᠭ ᠤᠨ ᠣᠨᠴᠠᠯᠢᠭᠲᠤ ᠢᠳᠡᠭᠡᠨ ᠤ ᠲᠦᠷᠦᠯ ᠲᠡᠮᠳᠡᠭ ᠢ 196 ᠪᠣᠶᠢᠵᠢᠭᠤᠯᠪᠠ᠃      ᠪᠦᠭᠦᠶᠢᠯᠡ ᠬᠠᠪᠰᠤᠷᠤᠨ ᠲᠡᠳᠬᠦᠬᠦ ᠠᠵᠢᠯᠯᠠᠭ᠎ᠠ ᠳᠤᠮᠳᠠ ᠮᠠᠨ ᠤ ᠣᠷᠣᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠡᠷᠭᠡᠵᠢᠯ ᠤᠨ ᠪᠠᠶᠢᠭᠤᠯᠤᠮᠵᠢ ᠠᠴᠠ ᠨᠢᠭᠡ ᠪᠦᠯᠦᠭ ᠨᠡᠷ᠎ᠡ ᠲᠦᠷᠦ ᠲᠠᠢ ᠢᠳᠡᠭᠡᠨ ᠤ ᠠᠮᠤᠷ ᠲᠦᠪᠰᠢᠨ ᠤ ᠪᠠᠶᠢᠴᠠᠭᠠᠭᠴᠢ᠂ ᠬᠢᠨᠠᠨ ᠪᠠᠶᠢᠴᠠᠭᠠᠭᠴᠢ᠂ ᠢᠳᠡᠭᠡᠨ ᠢ ᠰᠢᠯᠭᠠᠨ ᠪᠠᠶᠢᠴᠠᠭᠠᠬᠤ ᠲᠤᠰᠬᠠᠢ ᠮᠡᠷᠭᠡᠵᠢᠯ ᠤᠨ ᠠᠵᠢᠯᠲᠠᠨ ᠪᠠ ᠢᠳᠡᠭᠡᠨ ᠤ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ  ᠢ ᠰᠣᠩᠭᠤᠨ ᠭᠠᠷᠭᠠᠵᠤ᠂ ︽ᠮᠢᠩᠭᠠᠨ ᠠᠵᠤ ᠠᠬᠤᠶᠢᠯᠠᠯ ᠲᠦᠮᠡᠨ ᠦᠢᠯᠡᠳᠬᠡᠯ ᠤᠨ ᠭᠠᠵᠠᠷ︾ ᠢ ᠬᠠᠪᠰᠤᠷᠤᠨ ᠲᠡᠳᠬᠦᠬᠦ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠦᠷᠢᠯᠳᠦᠭᠦᠯᠵᠦ᠂ ᠰᠠᠨᠠᠭᠠᠴᠢᠯᠠᠭ᠎ᠠ ᠠᠴᠠ ᠪᠠᠨ ᠲᠤᠬᠠᠢ ᠶᠢᠨ ᠭᠠᠵᠠᠷ ᠲᠤᠨᠢ ᠬᠦᠷᠴᠦ ᠢᠳᠡᠭᠡᠨ ᠤ ᠦᠢᠯᠡᠳᠪᠦᠷᠢᠯᠡᠭᠴᠢᠳ ᠲᠤ ᠮᠡᠷᠭᠡᠵᠢᠯ ᠤᠨ ᠵᠢᠯᠣᠭᠤᠳᠤᠯᠭ᠎ᠠ ᠬᠠᠩᠭᠠᠵᠤ᠂ ᠢᠳᠡᠭᠡᠨ ᠤ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠬᠥᠭᠵᠢᠯᠲᠡ ᠶᠢᠨ ᠲᠦᠭᠵᠢᠷᠡᠯ᠂ ᠬᠦᠴᠢᠷ ᠠᠰᠠᠭᠤᠳᠠᠯ ᠢ ᠰᠢᠯᠤᠭᠤᠳᠬᠠᠵᠤ᠂ ᠪᠣᠳᠠᠲᠠᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠪᠠ᠃ ᠡᠭᠦᠨ ᠤ ᠬᠠᠮᠲᠤ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠬᠢᠬᠦ ᠵᠡᠷᠭᠡ ᠠᠷᠭ᠎ᠠ ᠪᠠᠷᠢᠯ ᠢ ᠭᠦᠢᠴᠡᠳ ᠠᠰᠢᠭᠯᠠᠨ᠂ ᠢᠳᠡᠭᠡᠨ ᠤ ᠦᠢᠯᠡᠳᠪᠦᠷᠢᠯᠡᠭᠴᠢᠳ ᠢ ᠪᠦᠭᠦ ᠲᠠᠯ᠎ᠠ ᠪᠠᠷ ᠬᠢᠨᠠᠨ ᠪᠠᠶᠢᠴᠠᠭᠠᠵᠤ᠂ ᠠᠵᠤ ᠠᠬᠤᠶᠢᠯᠠᠯ ᠤᠨ ᠪᠦᠷᠢᠨ ᠲᠡᠭᠦᠯᠳᠡᠷ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠶᠣᠰᠣᠭᠠᠷ᠂ ︽ᠡᠳᠦᠷ ᠪᠦᠷᠢ ᠬᠠᠮᠢᠶᠠᠷᠤᠨ ᠡᠵᠡᠮᠳᠡᠵᠦ᠂ ᠭᠠᠷᠠᠭ ᠪᠦᠷᠢ ᠵᠢᠭᠰᠠᠭᠠᠨ ᠪᠠᠶᠢᠴᠠᠭᠠᠵᠤ᠂ ᠰᠠᠷ᠎ᠠ ᠪᠦᠷᠢ ᠲᠣᠬᠢᠷᠠᠭᠤᠯᠬᠤ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠠᠬᠢᠭᠤᠯᠵᠤ᠂ ᠦᠢᠯᠡᠳᠪᠦᠷᠢᠯᠡᠯ ᠤᠨ ᠶᠠᠪᠤᠴᠠ ᠪᠠ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠢ ᠤᠯᠠᠮ ᠵᠢᠷᠤᠮᠵᠢᠭᠤᠯᠤᠨ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠬᠢᠭᠡᠳ ᠢᠳᠡᠭᠡᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠭᠦᠨᠵᠡᠭᠡᠢ ᠠᠭᠤᠰᠤᠯᠴᠠᠯ ᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠠᠵᠤ ᠦᠢᠯᠡᠰ ᠤᠨ ᠲᠥᠪᠯᠡᠷᠡᠭᠰᠡᠨ ᠬᠡᠮᠵᠢᠶ᠎ᠡ ᠪᠠᠷ ᠥᠨᠳᠥᠷ᠂ ᠳᠠᠶᠢᠴᠢᠯᠠᠬᠤ ᠴᠢᠨᠠᠷ ᠢᠶᠠᠷ ᠴᠢᠩᠭ᠎ᠠ ᠢᠳᠡᠭᠡᠨ ᠤ ᠦᠢᠯᠡᠳᠪᠦᠷᠢᠯᠡᠭᠴᠢᠳ ᠲᠤ ᠴᠢᠭᠯᠡᠭᠦᠯᠦᠨ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾᠂ ︽ᠨᠢᠭᠡ ᠦᠢᠯᠡᠳᠬᠡᠯ ᠤᠨ ᠭᠠᠵᠠᠷ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠪᠠᠷ ᠳᠠᠮᠵᠢᠭᠤᠯᠤᠨ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠢᠳᠡᠭᠡᠨ ᠤ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠥᠭᠵᠢᠯᠲᠡ ᠳᠤ ᠮᠡᠷᠭᠡᠵᠢᠯ ᠤᠨ ᠳᠡᠮᠵᠢᠯᠭᠡ ᠪᠠ ᠦᠢᠯᠡᠴᠢᠯᠡᠭᠡ ᠬᠠᠩᠭᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号